ᠣᠨᠴᠠᠯᠢᠭᠲᠤ ᠮᠦᠰᠥᠨ ᠳᠡᠭᠡᠷᠡᠬᠢ ︽ᠪᠠᠷᠭᠠᠢ ᠲᠣᠭᠯᠠᠭᠠᠮ︾ ᠠᠷᠠᠳ ᠣᠯᠠᠨ ᠤ ᠪᠠᠨ ᠪᠠᠭ᠋ᠠᠷᠬᠠᠯ ᠢ ᠶᠡᠬᠡᠳᠡ ᠲᠠᠲᠠᠵᠠᠢ
ᠨᠡᠶᠢᠲᠡᠯᠡᠭᠰᠡᠨ ᠴᠠᠭ᠄
2024/12/20
      ᠠᠷᠪᠠᠨ ᠨᠢᠭᠡᠳᠦᠭᠡᠷ ᠬᠤᠭᠤᠴᠠᠭᠠᠨ ᠤ ᠪᠥᠬᠦ ᠤᠯᠤᠰ ᠤᠨ ᠤᠯᠠᠨ ᠲᠦᠮᠡᠨ ᠤ ᠮᠥᠰᠥ ᠴᠠᠰᠤᠨ ᠤ ᠣᠯᠠᠷᠢᠯ ᠤᠨ ᠡᠬᠢᠯᠡᠯᠲᠠ ᠶᠢᠨ ᠶᠣᠰᠣᠯᠠᠯ ᠬᠦᠯᠤᠨ ᠪᠦᠶᠢᠷ ᠬᠤᠲᠠ ᠳᠤ ᠤᠳᠠᠯ ᠦᠭᠡᠢ ᠶᠠᠪᠤᠠᠭᠳᠠᠬᠤ ᠪᠠᠷ ᠪᠣᠯᠵᠤ᠂ ᠣᠯᠠᠨ ᠵᠦᠢᠯ ᠤᠨ ᠮᠥᠰᠣ ᠴᠠᠰᠤᠨ ᠤ ᠣᠷᠤᠯᠳᠤᠭᠠᠨ ᠤ ᠠᠵᠢᠯᠯᠠᠭ᠎ᠠ ᠨᠢ ᠠᠷᠠᠳ ᠤᠯᠠᠨ ᠤ ᠮᠥᠰᠥ ᠴᠠᠰᠤᠨ ᠤ ᠲᠠᠮᠢᠷ ᠤᠨ ᠬᠦᠳᠡᠯᠭᠡᠭᠡᠨ ᠳᠤ ᠣᠷᠣᠯᠴᠠᠬᠤ ᠣᠷᠮ᠎ᠠ ᠰᠡᠳᠭᠢᠯᠭᠡ ᠶᠢ ᠬᠦᠭᠵᠢᠭᠡᠵᠦ ᠪᠠᠶᠢᠨ᠎ᠠ᠃ 12 ᠰᠠᠷ᠎ᠠ ᠶᠢᠨ 16 ᠤ ᠡᠳᠤᠷ᠂ ᠬᠦᠯᠥᠨ ᠪᠣᠶᠢᠷ ᠬᠤᠲᠠ ᠶᠢᠨ ᠮᠠᠯᠵᠢᠬᠤ ᠳᠥᠷᠪᠡᠨ ᠬᠤᠰᠢᠭᠤᠨ ᠤ ︽ᠪᠠᠷᠭᠠᠢ ᠲᠣᠭᠯᠠᠭᠠᠮ︾ ᠤᠨ ᠤᠷᠤᠯᠳᠤᠭᠠᠨ ᠰᠢᠨ᠎ᠠ ᠪᠠᠷᠭᠤ ᠪᠠᠷᠭᠤᠨ ᠬᠤᠰᠢᠭᠤᠨ ᠳᠤ ᠶᠠᠪᠤᠭᠳᠠᠵᠤ᠂ ᠮᠠᠯᠵᠢᠬᠤ ᠳᠥᠷᠪᠡᠨ ᠬᠤᠰᠢᠭᠤᠨ ᠤ ᠵᠠᠭᠤ ᠰᠢᠬᠠᠮ ᠳᠠᠮᠢᠷᠴᠢᠨ ᠣᠷᠣᠯᠳᠤᠭᠠᠨ ᠳᠤ ᠣᠷᠣᠯᠴᠠᠵᠠᠢ᠃
12.19巴日盖1.jpg
      ᠬᠠᠬᠢᠷ ᠬᠦᠢᠲᠡᠨ ᠡᠪᠦᠯ ᠤᠨ ᠤᠯᠠᠷᠢᠯ ᠳᠤ᠂ ᠲᠣᠰ ᠤᠷᠤᠯᠳᠤᠭᠠᠨ ᠨᠢ ᠰᠢᠨ᠋᠎ᠠ ᠪᠠᠷᠭᠠᠤ ᠪᠠᠷᠠᠭᠠᠳ ᠬᠤᠰᠢᠬᠳ ᠤ ᠬᠥᠭᠡᠲᠠᠨᠠᠭᠤᠷ ᠴᠡᠴᠡᠷᠯᠢᠭ ᠤᠨ ᠮᠥᠰᠤᠨ ᠲᠡᠭᠡᠷ᠎ᠡ ᠶᠠᠪᠤᠠᠭᠳᠠᠵᠤ᠂ ᠮᠠᠯᠴᠢᠳ ᠣᠯᠠᠮᠵᠢᠯᠠᠯᠲᠤ ᠬᠤᠪᠴᠠᠰᠤ ᠵᠠᠰᠠᠯ ᠢᠶᠠᠷ ᠢᠶᠠᠨ ᠭᠤᠶᠣᠯᠠᠨ᠂ ᠮᠥᠰᠤᠨ ᠲᠡᠭᠡᠷᠠᠬᠢ ︽ᠪᠠᠷᠭᠠᠢ ᠲᠤᠠᠯᠭᠠᠮ︾ ᠤᠨ ᠣᠷᠣᠯᠳᠤᠭᠠᠨ ᠳᠤ ᠢᠳᠡᠪᠬᠢᠲᠡᠢ ᠣᠷᠣᠯᠴᠠᠵᠤ᠂ ᠲᠠᠮᠢᠷᠴᠢᠳ ᠠᠮᠢᠰᠬᠤᠭ᠎ᠠ ᠪᠠᠨ ᠳᠠᠷᠤᠨ ᠠᠩᠬᠠᠷᠤᠯ ᠢᠶᠠᠨ ᠲᠥᠪᠯᠡᠷᠡᠭᠦᠯᠵᠤ᠂ ᠬᠤᠯᠠ ᠪᠠᠶᠢᠭ᠎ᠠ ᠫᠡᠢ ᠶᠢᠨ ᠲᠥᠪ ᠢ ᠣᠨᠢᠯᠠᠨ᠂ ᠣᠷᠣᠨ ᠪᠠᠶᠢᠷᠢ ᠪᠠᠨ ᠲᠠᠰᠤᠷᠠᠯᠲᠠ ᠦᠭᠡᠢ ᠲᠣᠬᠢᠷᠠᠭᠤᠯᠵᠤ᠂ ︽ᠪᠠᠷᠭᠠᠢ︾ ᠶᠢ ᠮᠥᠰᠥᠨ ᠳᠡᠭᠡᠷ᠎ᠡ ᠣᠨᠣᠪᠴᠢᠲᠠᠢ ᠬᠦᠷᠭᠡᠵᠦ᠂ ᠮᠥᠷᠭᠦᠯᠲᠡ ᠶᠢᠨ ᠲᠡᠭᠦᠰᠭᠡᠯ ᠤᠨ ᠴᠡᠭ ᠲᠤ ᠠᠳᠠᠯᠢ ᠪᠤᠰᠤ ᠬᠤᠪᠢ ᠶᠢᠨ ᠬᠡᠮᠵᠢᠭᠳᠡᠯ ᠢ ᠡᠭᠦᠳᠣᠨ᠂ ᠭᠤᠶᠢᠳᠠ ᠰᠠᠶᠢᠬᠠᠨ ᠤᠷᠤᠯᠳᠤᠭᠠᠨ ᠢᠶᠠᠷ ᠢᠶᠠᠨ ︽ᠪᠠᠷᠭᠠᠢ ᠲᠣᠭᠯᠠᠭᠠᠮ︾ ᠤᠨ ᠪᠠᠨᠭᠲᠠᠳ ᠢ ᠪᠠᠶᠠᠷᠯᠠᠭᠤᠯᠤᠨ ᠤᠳᠬᠠᠶᠢᠯᠠᠭᠤᠯᠵᠤ᠂ ᠣᠷᠤᠯᠳᠤᠭᠠᠨ ᠤ ᠲᠠᠯᠠᠪᠠᠢ ᠳᠤ ᠠᠯᠠᠭ᠎ᠠ ᠲᠠᠰᠢᠯᠲᠡ ᠶᠢᠨ ᠳᠠᠭᠤᠨ ᠨᠢᠵᠢᠬᠢᠨᠡᠨ᠂ ᠤᠯᠠᠨ ᠢᠶᠠᠷ ᠢᠶᠠᠨ ᠬᠡᠷᠡᠯ ᠵᠢᠷᠤᠭ ᠤᠨ ᠮᠠᠰᠢᠨ᠂ ᠭᠠᠷ ᠤᠳᠠᠰᠤ ᠪᠠᠷ ᠢᠶᠠᠨ ᠡᠨᠡ ᠬᠦ ᠥᠪᠡᠷᠮᠢᠴᠡ ᠣᠨᠴᠠᠯᠢᠭ ᠲᠠᠢ ᠠᠷᠠᠳ ᠤᠨ ᠵᠠᠩ ᠣᠶᠢᠯᠠ ᠶᠢᠨ ᠣᠷᠣᠯᠳᠤᠭᠠᠨ ᠢ ᠲᠡᠮᠳᠡᠭᠯᠡᠨ ᠦᠯᠡᠳᠡᠭᠡᠭᠰᠡᠨ ᠪᠠᠶᠢᠨ᠎ᠠ᠃
12.20巴日盖2.jpg
12.20巴日盖3.jpg
      ᠰᠢᠨ᠎ᠠ ᠪᠠᠷᠭᠤ ᠪᠠᠷᠠᠭᠤᠨ ᠬᠤᠰᠢᠭᠤᠨ ᠤ ᠪᠠᠷᠭᠠᠢ ᠨᠡᠶᠢᠭᠡᠮᠯᠢᠭ ᠤᠨ ᠳᠠᠷᠤᠭ᠎ᠠ ᠠᠷᠪᠢᠮᠢᠳᠡ᠄ ︽ᠮᠠᠨ ᠤ ᠲᠣᠰ ᠤᠳᠠᠭ᠎ᠠ ᠶᠢᠨ ᠤᠷᠣᠯᠳᠤᠭᠠᠨ ᠢ ᠡᠷᠬᠢᠯᠡᠭᠰᠡᠨ ᠵᠣᠷᠢᠯᠭ᠎ᠠ ᠪᠣᠯ ᠤᠯᠠᠮᠵᠢᠯᠠᠯᠲᠤ ᠰᠣᠶᠣᠯ ᠢ ᠰᠠᠶᠢᠲᠤᠷ ᠤᠯᠠᠮᠵᠢᠯᠠᠬᠤ ᠶᠢᠨ ᠬᠠᠮᠲᠤ ᠮᠠᠨ ᠤ ᠮᠠᠯᠴᠢᠳ ᠤᠨ ᠡᠪᠦᠯ ᠤᠨ ᠤᠯᠠᠷᠢᠯ ᠤᠨ ᠮᠥᠰᠥ ᠴᠠᠰᠤᠨ ᠤ ᠠᠵᠢᠯᠯᠠᠭ᠎ᠠ ᠶᠢ ᠤᠯᠠᠮ ᠨᠢᠭᠡ ᠠᠯᠬᠤᠮ ᠪᠠᠶᠠᠯᠢᠭᠵᠢᠭᠤᠯᠵᠤ᠂ ᠤᠯᠠᠨ ᠲᠦᠮᠡᠨ  ᠳᠤ ᠮᠦᠰᠥ ᠴᠠᠰᠤᠨ ᠤ ᠲᠠᠮᠢᠷ ᠤᠨ ᠬᠦᠳᠡᠯᠡᠬᠡᠭᠡᠨ ᠤ ᠷᠢᠳᠢ ᠰᠢᠳᠢ ᠶᠢ ᠮᠡᠳᠡᠷᠡᠭᠦᠯᠭᠦ ᠶᠢᠨ ᠲᠦᠯᠥᠭᠡ ᠶᠤᠮ︾ ᠭᠡᠵᠦ ᠰᠤᠷᠪᠤᠯᠵᠢᠯᠠᠭᠴᠢ ᠳᠤ ᠶᠠᠷᠢᠵᠤ ᠪᠠᠶᠢᠯ᠎ᠠ᠃
12.20巴日盖4.jpg
12.20巴日盖5.jpg
      ᠣᠶᠢᠯᠠᠭᠠᠭᠰᠠᠨ  ᠢᠶᠠᠷ᠂ ᠮᠦᠰᠦᠨ ᠳᠡᠭᠡᠷᠡᠬᠢ ︽ᠪᠠᠷᠭᠠᠢ ᠲᠤᠭᠯᠠᠭᠠᠮ︾ ᠤᠨ ᠤᠷᠤᠯᠳᠤᠭᠠᠨ ᠪᠣᠯ ᠮᠣᠩᠭᠤᠯ ᠦᠨᠳᠣᠰᠣᠳᠡᠨ ᠤ ᠡᠷᠳᠡᠨ ᠤ ᠮᠥᠰᠥ ᠴᠠᠰᠤᠨ ᠤ ᠲᠣᠭᠯᠠᠭᠠᠮ ᠤᠨ ᠨᠢᠭᠡ ᠵᠦᠢᠯ ᠪᠠᠶᠢᠵᠤ᠂ ᠮᠠᠯᠴᠢᠨ ᠲᠦᠮᠡᠨ ᠤ ᠪᠠᠭ᠋ᠠᠷᠬᠠᠯ ᠬᠦᠷᠢᠶᠡᠯᠡᠯ ᠢ ᠣᠯᠣᠭᠰᠠᠭᠠᠷ ᠢᠷᠡᠭᠰᠡᠨ ᠲᠣᠭᠯᠠᠭᠠᠮ ᠶᠤᠮ᠃ ᠲᠡᠤᠬᠡ ᠶᠢᠨ ᠬᠦᠭᠵᠢᠯᠲᠠ ᠶᠢ ᠲᠠᠭᠠᠯᠳᠤᠨ᠂ ︽ᠪᠠᠷᠭᠠᠢ ᠲᠣᠭᠯᠠᠭᠠᠮ︾ ᠤᠨ ᠠᠭᠤᠯᠭ᠎ᠠ ᠤᠯᠠᠮ ᠪᠠᠶᠠᠯᠢᠭᠵᠢᠵᠤ᠂ ᠮᠣᠩᠭ᠋ᠯ ᠦᠨᠲᠣᠰᠣᠲᠠᠨ ᠤ ᠠᠷᠠᠳ ᠣᠯᠠᠨ ᠤ ᠲᠦᠯᠤᠭᠡᠯᠡᠬᠦ ᠴᠢᠨᠠᠷᠲᠠᠢ ᠨᠠᠭᠠᠳᠤᠮ ᠳᠤᠭᠯᠠᠭᠠᠮ ᠤᠨ ᠲᠦᠷᠤᠯ ᠵᠦᠢᠯ ᠪᠣᠯᠣᠭᠰᠠᠨ ᠢᠶᠠᠷ ᠪᠠᠷᠠᠬᠤ ᠦᠭᠡᠢ ᠪᠠᠰᠠ ᠣᠯᠠᠨ ᠲᠦᠮᠡᠨ ᠤ ᠣᠨᠴᠠᠯᠢᠭᠲᠤ ᠮᠥᠰᠥ ᠴᠠᠰᠤᠨ ᠤ ᠪᠡᠶ᠎ᠡ ᠶᠢᠨ ᠲᠠᠮᠢᠷ ᠤᠨ ᠲᠦᠷᠤᠯ ᠵᠦᠢᠯ ᠪᠣᠯᠣᠨ ᠣᠨᠴᠠᠯᠢᠭᠲᠤ ᠵᠠᠩ ᠦᠢᠯᠡ ᠶᠢᠨ ᠮᠥᠰᠣ ᠴᠠᠰᠤᠨ ᠤ ᠲᠦᠷᠦᠯ ᠵᠦᠢᠯ ᠪᠣᠯᠣᠨ ᠬᠦᠭᠵᠢᠵᠡᠢ᠃
12.20巴日盖6.jpg
      ᠣᠶᠢᠷ᠎ᠠ ᠶᠢᠨ ᠵᠢᠯ ᠠᠴᠠ ᠨᠠᠭᠠᠰᠢ᠂ ᠰᠢᠨ᠎ᠡ ᠪᠠᠷᠭᠤ ᠪᠠᠷᠠᠭᠤᠨ ᠬᠤᠰᠢᠨᠠᠳ ᠤ ᠬᠢᠨ ᠣᠨᠴᠠᠭᠠᠢ ᠣᠷᠣᠨ ᠪᠦᠰᠠ ᠶᠢᠨ ᠳᠠᠪᠠᠭᠤᠯᠢᠭ ᠪᠣᠯᠣᠨ ᠠᠮᠢ ᠠᠬᠤᠢ ᠶᠢᠨ ᠡᠬᠢ ᠪᠠᠶᠠᠯᠢᠭ ᠤᠨ ᠳᠠᠪᠠᠭᠤᠯᠢᠭ ᠲᠠᠭᠠᠨ ᠲᠦᠰᠢᠭᠯᠡᠵᠦ᠂ ᠤᠨᠢᠨ ᠳᠡᠭᠡᠷ᠎ᠡ ᠨᠢ ᠤᠬᠠᠭᠠᠯᠠᠨ ᠲᠦᠰᠣᠪᠯᠡᠵᠦ᠂ ᠡᠪᠦᠯ ᠤᠨ ᠤᠯᠠᠷᠢᠯ ᠤᠨ ᠵᠢᠭᠤᠯᠴᠢᠯᠡᠯ ᠤᠨ ᠡᠬᠢ ᠪᠠᠶᠡᠯᠢᠭ᠋ ᠢ ᠭᠦᠢᠴᠡᠳ ᠠᠭᠤᠳᠠᠯᠵᠤ᠂ ᠣᠯᠠᠨ ᠲᠦᠷᠤᠯ ᠤᠨ ᠡᠵᠡᠩᠨᠡᠯᠲᠠ ᠶᠢᠨ ᠬᠡᠯᠪᠡᠷᠢ ᠪᠠᠶᠢᠳᠠᠯ ᠢ ᠬᠥᠭᠵᠢᠭᠡᠬᠦ᠂ ᠰᠣᠶᠣᠯ ᠵᠢᠭᠤᠯᠴᠢᠯᠡᠯ ᠤᠨ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠠᠬᠢᠭᠤᠯᠬᠤ ᠵᠡᠷᠭᠡ ᠣᠯᠠᠨ ᠲᠠᠯ᠎ᠠ ᠠᠴᠠ ᠬᠦᠴᠤᠯᠠᠵᠤ᠂ ᠮᠥᠰᠤ ᠴᠠᠰᠤᠨ ᠤ ᠰᠣᠶᠣᠯ ᠤᠨ ᠠᠭᠤᠯᠤᠭᠳᠠᠬᠤᠨ ᠪᠣᠯᠣᠨ ᠦᠨ᠎ᠡ ᠥᠷᠳᠡᠭ ᠢ ᠬᠦᠨᠵᠡᠭᠡᠢ ᠠᠭᠤᠳᠠᠯᠤᠨ᠂ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠪᠣᠯᠣᠨ ᠣᠷᠣᠨ ᠨᠤᠳᠤᠭ ᠤᠨ ᠣᠨᠴᠠᠯᠢᠭ᠂ ᠦᠨᠳᠦᠰᠦᠲᠡᠨ ᠤ ᠵᠠᠩ ᠦᠢᠯᠡ ᠶᠢ ᠤᠷᠭᠠᠨᠢᠭ ᠢᠶᠠᠷ ᠤᠶᠠᠯᠳᠤᠭᠤᠯᠵᠤ᠂ ᠠᠷᠠᠳ ᠣᠯᠠᠨ ᠤ ᠮᠦᠰᠦ ᠴᠠᠰᠤᠨ ᠤ ᠲᠠᠮᠢᠷ ᠤᠨ ᠬᠦᠳᠡᠯᠭᠡᠭᠡᠨ ᠳᠤ ᠣᠷᠣᠯᠴᠠᠬᠤ ᠭᠦᠨ ᠵᠤᠵᠠᠭᠠᠨ ᠠᠭᠤᠷ ᠠᠮᠢᠰᠬᠤᠯ ᠢ ᠤᠯᠠᠮ ᠨᠢᠭᠡ ᠠᠯᠬᠤᠮ ᠪᠣᠢ ᠪᠣᠯᠭᠠᠵᠤ ᠪᠠᠶᠢᠨ᠎ᠠ᠃                              ᠡᠾᠧ ᠵᠢᠩ   ᠢᠤᠢ ᠭᠤᠸᠠᠩ   ᠤᠶᠠᠬᠠᠨ   ᠴᠢᠭᠢᠷᠠᠭ
ᠢᠷᠡᠯᠲᠡ᠄ ᠬᠦᠯᠦᠨ ᠪᠣᠶᠢᠷ ᠬᠠᠮ ᠵᠠᠭᠤᠴᠢᠯᠠᠭᠤᠷ