2024 ᠣᠨ ᠠᠴᠠ ᠨᠠᠭᠠᠰᠢ᠂ ᠪᠥᠬᠦ ᠣᠷᠣᠨ ᠤ ᠡᠨᠧᠷᠭᠢ ᠶᠢᠨ ᠬᠠᠩᠭᠠᠯᠭ᠎ᠠ ᠶᠢᠨ ᠪᠠᠲᠤᠯᠠᠭ᠎ᠠ ᠲᠣᠭᠲᠠᠭᠤᠨ ᠪᠥᠭᠡᠳ ᠬᠦᠴᠦᠲᠡᠶ ᠪᠠᠶᠢᠵᠤ᠂ ᠲᠦᠭᠦᠬᠡᠶ | ᠨᠡᠭᠦᠷᠡᠰᠦᠨ ᠤ ᠭᠠᠷᠤᠯᠲᠠ᠂ ᠴᠠᠬᠢᠯᠭᠠᠨ ᠭᠠᠷᠭᠠᠬᠤ ᠬᠡᠮᠵᠢᠶ᠎ᠡ ᠪᠥᠬᠦ ᠤᠯᠤᠰ ᠲᠤ ᠲᠡᠷᠢᠭᠦᠯᠡᠵᠦ᠂ ᠲᠦᠭᠦᠬᠡᠶ ᠨᠡᠭᠦᠷᠡᠰᠦᠨ ᠤ ᠭᠠᠷᠤᠯᠲᠠ ᠶᠢᠨ ᠨᠡᠮᠡᠭᠳᠡᠯ ᠲᠦᠷᠭᠡᠳᠴᠦ᠂ | ᠴᠠᠬᠢᠯᠭᠠᠨ ᠬᠦᠴᠦᠨ ᠤ ᠪᠦᠲᠦᠴᠡ ᠦᠷᠭᠦᠯᠵᠢᠯᠡᠨ ᠰᠢᠯᠢᠳᠡᠭᠵᠢᠪᠡ᠃ | ᠨᠢᠭᠡ᠂ ᠨᠡᠭᠦᠷᠡᠰᠦᠨ ᠤ ᠭᠠᠷᠤᠯᠲᠠ ᠲᠦᠷᠭᠡᠨ ᠨᠡᠮᠡᠭᠳᠡᠵᠦ ᠪᠠᠶᠢᠨ᠎ᠠ᠃ | 1-11 ᠳ᠋ᠤᠭᠡᠷ ᠰᠠᠷ᠎ᠠ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠲᠦᠭᠦᠬᠡᠶ ᠨᠡᠭᠦᠷᠡᠰᠦᠨ ᠤ ᠭᠠᠷᠤᠯᠲᠠ 11.78 | ᠳ᠋ᠦᠩᠰᠢᠭᠤᠷ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.2% ᠢᠶᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ 1-10 ᠳ᠋ᠤᠭᠠᠷ | ᠰᠠᠷ᠎ᠠ ᠶᠢᠨ ᠬᠢ ᠠᠴᠠ 0.3 ᠵᠠᠭᠤᠨ ᠤ ᠬᠤᠪᠢ ᠶᠢᠨ ᠴᠡᠭ ᠲᠦᠷᠭᠡᠳᠪᠡ᠃ ᠡᠭᠦᠨ ᠳᠤ᠂ 11 ᠰᠠᠷ᠎ᠠ ᠳᠤ ᠲᠦᠭᠦᠬᠡᠶ ᠨᠡᠭᠦᠷᠡᠰᠦᠨ ᠤ ᠭᠠᠷᠤᠯᠲᠠ 1.17 | ᠳ᠋ᠦᠩᠰᠢᠭᠤᠷ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 8.4% ᠪᠠᠷ ᠨᠡᠮᠡᠭᠳᠡᠵᠦ᠂ ᠲᠦᠷᠦᠭᠦᠦ ᠰᠠᠷ᠎ᠠ ᠶᠢᠨ ᠬᠢ ᠠᠴᠠ 0.9 ᠵᠠᠭᠤᠨ ᠤ | ᠬᠤᠪᠢ ᠶᠢᠨ ᠴᠡᠭ ᠲᠦᠷᠭᠡᠳᠪᠡ᠃ ᠲᠦᠭᠦᠬᠡᠶ ᠨᠡᠭᠦᠷᠡᠰᠦᠨ ᠤ ᠭᠤᠤᠯ ᠭᠠᠷᠤᠯᠲᠠ ᠶᠢᠨ ᠣᠷᠣᠨ ᠤ ᠬᠤᠪᠢ ᠨᠡᠮᠡᠷᠢ ᠳᠤᠪᠤᠶᠢᠮ᠎ᠠ᠃ 1 - 11 ᠰᠠᠷ᠎ᠠ ᠳᠤ᠂ ᠣᠷᠳᠣᠰ | ᠬᠤᠲᠠ ᠶᠢᠨ ᠲᠦᠭᠦᠬᠡᠶ ᠨᠡᠭᠦᠷᠡᠰᠦᠨ ᠤ ᠭᠠᠷᠤᠯᠲᠠ 8.12 ᠳ᠋ᠦᠩᠰᠢᠭᠤᠷ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.3% ᠪᠠᠷ ᠨᠡᠮᠡᠭᠳᠡᠪᠡ︔ | ᠰᠢᠯᠢ ᠶᠢᠨ ᠭᠤᠤᠯ ᠠᠶᠢᠮᠠᠭ ᠤᠨ ᠲᠦᠭᠦᠬᠡᠶ ᠨᠡᠭᠦᠷᠡᠰᠦᠨ ᠤ ᠭᠠᠷᠤᠯᠲᠠ 1.32 ᠳ᠋ᠦᠩᠰᠢᠭᠤᠷ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6. | 1% ᠪᠠᠷ ᠨᠡᠮᠡᠭᠳᠡᠪᠡ᠂ ᠬᠤᠶᠠᠷ ᠠᠶᠢᠮᠠᠭ ᠬᠤᠲᠠ ᠶᠢᠨ ᠲᠦᠭᠦᠬᠡᠶ ᠨᠡᠭᠦᠷᠡᠰᠦᠨ ᠤ ᠭᠠᠷᠤᠯᠲᠠ ᠨᠢ ᠪᠥᠬᠦ ᠣᠷᠣᠨ ᠤ 80.1% ᠶᠢ ᠡᠵᠡᠯᠡᠵᠦ᠂ ᠪᠥᠬᠦ ᠣᠷᠣᠨ ᠤ | ᠲᠦᠭᠦᠬᠡᠶ ᠨᠡᠭᠦᠷᠡᠰᠦᠨ ᠤ ᠭᠠᠷᠤᠯᠲᠠ ᠶᠢᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ ᠨᠢ 95.7% ᠳᠤ ᠬᠦᠷᠴᠡᠶ᠃ | ᠬᠤᠶᠠᠷ᠂ ᠴᠠᠬᠢᠯᠭᠠᠨ ᠭᠠᠷᠭᠠᠬᠤ ᠬᠡᠮᠵᠢᠶ᠎ᠡ ᠲᠣᠭᠲᠠᠭᠤᠨ ᠪᠠᠶᠢᠨ᠎ᠠ᠃ | 1-11 ᠳ᠋ᠤᠭᠡᠷ ᠰᠠᠷ᠎ᠠ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠴᠠᠬᠢᠯᠭᠠᠨ ᠭᠠᠷᠭᠠᠭᠰᠠᠨ ᠬᠡᠮᠵᠢᠶ᠎ᠡ 7373.9 | ᠳ᠋ᠦᠩᠰᠢᠭᠤᠷ ᠺᠢᠯᠤᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 9.0% ᠨᠡᠮᠡᠭᠳᠡᠪᠡ᠃ ᠡᠭᠦᠨ ᠳᠤ᠂ 11 ᠰᠠᠷ᠎ᠠ ᠳᠤ ᠴᠠᠬᠢᠯᠭᠠᠨ ᠭᠠᠷᠭᠠᠭᠰᠠᠨ | ᠬᠡᠮᠵᠢᠶ᠎ᠡ 700.1 ᠳ᠋ᠦᠩᠰᠢᠭᠤᠷ ᠺᠢᠯᠤᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.5% ᠪᠠᠷ ᠨᠡᠮᠡᠭᠳᠡᠪᠡ᠃ ᠰᠢᠨ᠎ᠡ ᠡᠨᠧᠷᠭᠢ ᠶᠢᠨ | ᠴᠠᠬᠢᠯᠭᠠᠨ ᠭᠠᠷᠭᠠᠯᠲᠠ ᠲᠦᠷᠭᠡᠨ ᠨᠡᠮᠡᠭᠳᠡᠪᠡ᠃ 1-11 ᠳ᠋ᠤᠭᠡᠷ ᠰᠠᠷ᠎ᠠ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠰᠢᠨ᠎ᠡ | ᠡᠨᠧᠷᠭᠢ ᠶᠢᠨ ᠴᠠᠬᠢᠯᠭᠠᠨ ᠭᠠᠷᠭᠠᠯᠲᠠ ᠶᠢᠨ ᠬᠡᠮᠵᠢᠶ᠎ᠡ 1735.5 ᠳ᠋ᠦᠩᠰᠢᠭᠤᠷ ᠺᠢᠯᠤᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 25.4% | ᠨᠡᠮᠡᠭᠳᠡᠵᠦ᠂ ᠪᠥᠬᠦ ᠴᠠᠬᠢᠯᠭᠠᠨ ᠭᠠᠷᠭᠠᠯᠲᠠ ᠶᠢᠨ ᠨᠡᠮᠡᠭᠳᠡᠯ ᠤᠨ ᠬᠤᠷᠳᠤᠴᠠ ᠠᠴᠠ 16.4 ᠵᠠᠭᠤᠨ ᠤ ᠬᠤᠪᠢ ᠶᠢᠨ ᠴᠡᠭ ᠥᠨᠳᠥᠷ ᠪᠣᠯᠪᠠ᠃ ᠡᠭᠦᠨ ᠳᠤ᠂ ᠰᠠᠯᠬᠢᠨ | ᠬᠦᠴᠦᠨ ᠢᠶᠠᠷ ᠴᠠᠬᠢᠯᠭᠠᠨ ᠭᠠᠷᠭᠠᠭᠰᠠᠨ ᠬᠡᠮᠵᠢᠶ᠎ᠡ 1434.0 ᠳ᠋ᠦᠩᠰᠢᠭᠤᠷ ᠺᠢᠯᠤᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 23.1% | ᠨᠡᠮᠡᠭᠳᠡᠪᠡ᠂ ᠨᠡᠷᠡᠨ ᠡᠨᠧᠷᠭᠢ ᠶᠢᠨ ᠴᠠᠬᠢᠯᠭᠠᠨ ᠭᠠᠷᠭᠠᠭᠰᠠᠨ ᠬᠡᠮᠵᠢᠶ᠎ᠡ 287.4 ᠳ᠋ᠦᠩᠰᠢᠭᠤᠷ ᠺᠢᠯᠤᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ | 42.8% ᠨᠡᠮᠡᠭᠳᠡᠪᠡ᠃ |