ᠬᠤᠷᠸ᠎ᠠ ᠲᠥᠷᠥ ᠶᠢᠨ ᠪᠣᠳᠣᠯᠭ᠎ᠠ ᠶᠢᠨ ᠬᠦᠴᠦᠯᠡᠬᠦ ᠪᠠ ᠦᠷ᠎ᠡ ᠪᠦᠲᠦᠮᠵᠢ ᠭᠠᠷᠭᠠᠬᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠲᠦᠷᠭᠡᠳᠬᠡᠨ | ᠪᠤᠶᠢᠵᠢᠭᠤᠯᠬᠤ ᠵᠢᠴᠢ ᠰᠢᠨ᠎ᠡ ᠬᠥᠳᠡᠯᠭᠡᠭᠴᠢ ᠡᠨᠧᠷᠭᠢ ᠶᠢᠨ ᠳᠠᠶᠢᠴᠢᠯᠠᠬᠤ ᠦᠢᠯᠡᠳᠦᠯ ᠢ ᠴᠢᠩᠭᠠᠷᠠᠭᠤᠯᠬᠤ ᠵᠡᠷᠭᠡ ᠬᠦᠴᠦᠨ ᠵᠦᠢᠯ ᠤᠨ ᠶᠡᠷᠦᠩᠬᠡᠶᠢᠯᠡᠭᠰᠡᠨ ᠦᠢᠯᠡᠳᠦᠯ | ᠳᠤᠤᠷ᠎ᠠ᠂ ᠪᠥᠬᠦ ᠣᠷᠣᠨ ᠤ ᠠᠵᠤ ᠦᠢᠯᠡᠳᠪᠦᠷᠢ ᠶᠢᠨ ᠦᠢᠯᠡᠳᠪᠦᠷᠢᠯᠡᠯ ᠶᠡᠷᠦᠩᠬᠡᠶ ᠳᠡᠭᠡᠨ ᠲᠣᠭᠲᠠᠭᠤᠨ ᠪᠠᠶᠢᠵᠤ᠂ ᠠᠵᠤ ᠦᠢᠯᠡᠰ ᠤᠨ ᠪᠦᠲᠦᠴᠡ ᠲᠠᠰᠤᠷᠠᠯᠲᠠ | ᠥᠬᠡᠶ ᠰᠢᠯᠢᠳᠡᠭᠵᠢᠵᠦ᠂ ᠠᠵᠤ ᠦᠢᠯᠡᠳᠪᠦᠷᠢ ᠶᠢᠨ ᠰᠢᠨ᠎ᠡ ᠬᠥᠳᠡᠯᠭᠡᠭᠴᠢ ᠡᠨᠧᠷᠭᠢ ᠲᠦᠷᠭᠡᠨ ᠢᠶᠠᠷ ᠦᠰᠦᠨ ᠪᠤᠶᠢᠵᠢᠪᠠ᠃ | ᠨᠢᠭᠡ᠂ ᠠᠵᠤ ᠦᠢᠯᠡᠳᠪᠦᠷᠢ ᠶᠢᠨ ᠦᠢᠯᠡᠳᠪᠦᠷᠢᠯᠡᠯ ᠲᠣᠭᠲᠠᠭᠤᠨ ᠢᠶᠠᠷ ᠨᠡᠮᠡᠭᠳᠡᠪᠡ᠃ | 1-11 ᠳ᠋ᠤᠭᠡᠷ ᠰᠠᠷ᠎ᠠ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ | ᠬᠤᠭᠤᠴᠠᠭᠠᠨ ᠤ ᠬᠢ ᠠᠴᠠ 6.8% ᠨᠡᠮᠡᠭᠳᠡᠪᠡ᠃ ᠭᠤᠷᠪᠠᠨ ᠶᠡᠭᠡ ᠲᠥᠷᠥᠯ ᠵᠦᠢᠯ ᠳᠤ᠂ ᠠᠭᠤᠷᠬᠠᠶ ᠮᠠᠯᠲᠠᠬᠤ ᠦᠢᠯᠡᠰ ᠤᠨ ᠨᠡᠮᠡᠭᠳᠡᠯ ᠥᠷᠲᠡᠭ ᠠᠳᠠᠯᠢ | ᠬᠤᠭᠤᠴᠠᠭᠠᠨ ᠤ ᠬᠢ ᠠᠴᠠ 4.9% ᠪᠠᠷ ᠨᠡᠮᠡᠭᠳᠡᠵᠦ᠂ ᠦᠢᠯᠡᠳᠬᠦ ᠦᠢᠯᠡᠰ 8.9% ᠪᠠᠷ ᠨᠡᠮᠡᠭᠳᠡᠵᠦ᠂ ᠴᠠᠬᠢᠯᠭᠠᠨ ᠬᠦᠴᠦᠨ᠂ ᠢᠯᠴᠢ᠂ ᠰᠢᠲᠠᠮᠠᠬᠠᠶ ᠬᠡᠶ ᠵᠢᠴᠢ | ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ 8.2% ᠢᠶᠠᠷ ᠨᠡᠮᠡᠭᠳᠡᠵᠦ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ | ᠨᠡᠮᠡᠭᠳᠡᠯ ᠥᠷᠲᠡᠭ ᠲᠣᠰ ᠲᠣᠰ 2.6᠂ 3.1᠂ 1.1 ᠵᠠᠭᠤᠨ ᠤ ᠬᠤᠪᠢ ᠶᠢᠨ ᠴᠡᠭ ᠨᠡᠮᠡᠭᠳᠡᠪᠡ᠃ | ᠬᠤᠶᠠᠷ᠂ ᠲᠣᠨᠤᠭ ᠲᠥᠬᠦᠭᠡᠷᠦᠮᠵᠢ ᠦᠢᠯᠡᠳᠬᠦ ᠦᠢᠯᠡᠰ ᠤᠨ ᠬᠥᠲᠥᠯᠦᠨ ᠳᠠᠭᠠᠭᠤᠯᠬᠤ ᠦᠢᠯᠡᠳᠦᠯ ᠲᠣᠪᠤᠶᠢᠮ᠎ᠠ ᠢᠯᠡᠷᠡᠵᠦ ᠪᠠᠶᠢᠨ᠎ᠠ᠃ | 1-11 ᠳ᠋ᠤᠭᠡᠷ ᠰᠠᠷ᠎ᠠ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠲᠣᠨᠤᠭ ᠲᠥᠬᠦᠭᠡᠷᠦᠮᠵᠢ ᠦᠢᠯᠡᠳᠬᠦ ᠦᠢᠯᠡᠰ ᠤᠨ ᠨᠡᠮᠡᠭᠳᠡᠯ ᠥᠷᠲᠡᠭ | ᠠᠳᠠᠯᠢ ᠬᠤᠭᠤᠴᠠᠭᠠᠨ ᠤ ᠬᠢ ᠠᠴᠠ 39.8% ᠪᠠᠷ ᠨᠡᠮᠡᠭᠳᠡᠵᠦ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ | ᠥᠷᠲᠡᠭ ᠲᠤ ᠦᠵᠡᠭᠦᠯᠦᠭᠰᠡᠨ ᠬᠤᠪᠢ ᠨᠡᠮᠡᠷᠢ ᠨᠢ 14.4% ᠳᠤ ᠬᠦᠷᠴᠦ᠂ ᠬᠤᠪᠢ ᠨᠡᠮᠡᠷᠢ ᠨᠢ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 11.7 | ᠵᠠᠭᠤᠨ ᠤ ᠬᠤᠪᠢ ᠶᠢᠨ ᠴᠡᠭ ᠳᠡᠭᠡᠭᠰᠢᠯᠡᠵᠦ᠂ ᠡᠨᠡ ᠵᠢᠯ ᠠᠴᠠ ᠨᠠᠰᠢ 10% ᠠᠴᠠ ᠳᠡᠭᠡᠭᠰᠢᠬᠢ ᠶᠢ ᠪᠠᠲᠤᠯᠠᠵᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ | ᠠᠵᠤ ᠦᠢᠯᠡᠳᠪᠦᠷᠢ ᠶᠢᠨ ᠲᠣᠭᠲᠠᠭᠤᠨ ᠢᠶᠠᠷ ᠨᠡᠮᠡᠭᠳᠡᠬᠦ ᠶᠢ ᠳᠠᠶᠢᠴᠢᠯᠠᠬᠤ ᠰᠢᠨ᠎ᠡ ᠬᠥᠳᠡᠯᠭᠡᠭᠴᠢ ᠡᠨᠧᠷᠭᠢ ᠪᠣᠯᠪᠠ᠃ ᠡᠭᠦᠨ ᠳᠤ᠂ ᠰᠢᠨ᠎ᠡ ᠡᠨᠧᠷᠭᠢ ᠶᠢᠨ ᠲᠣᠨᠣᠭᠯᠠᠯ | ᠦᠢᠯᠡᠳᠬᠦ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 36.5% ᠪᠠᠷ ᠨᠡᠮᠡᠭᠳᠡᠪᠡ᠃ | ᠭᠤᠷᠪᠠ᠂ ᠳᠡᠭᠡᠳᠦ ᠮᠡᠷᠭᠡᠵᠢᠯ ᠤᠨ ᠦᠢᠯᠡᠳᠬᠦ ᠦᠢᠯᠡᠰ ᠨᠡᠯᠢᠶᠡᠳ ᠲᠦᠷᠭᠡᠨ ᠨᠡᠮᠡᠭᠳᠡᠪᠡ᠃ | 1-11 ᠳ᠋ᠤᠭᠡᠷ ᠰᠠᠷ᠎ᠠ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠳᠡᠭᠡᠳᠦ ᠮᠡᠷᠭᠡᠵᠢᠯ ᠤᠨ ᠦᠢᠯᠡᠳᠬᠦ ᠦᠢᠯᠡᠰ ᠤᠨ ᠨᠡᠮᠡᠭᠳᠡᠯ ᠥᠷᠲᠡᠭ ᠠᠳᠠᠯᠢ | ᠬᠤᠭᠤᠴᠠᠭᠠᠨ ᠤ ᠬᠢ ᠠᠴᠠ 27.4% ᠨᠡᠮᠡᠭᠳᠡᠵᠦ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠳᠤᠮᠳᠠᠴᠢ ᠬᠢᠷᠢ ᠲᠦᠪᠰᠢᠨ ᠠᠴᠠ | 20.6 ᠵᠠᠭᠤᠨ ᠤ ᠬᠤᠪᠢ ᠶᠢᠨ ᠴᠡᠭ ᠥᠨᠳᠥᠷ ᠪᠣᠯᠪᠠ᠃ ᠬᠤᠯᠪᠣᠭᠳᠠᠯ ᠪᠥᠬᠦᠶ ᠲᠣᠮᠣ ᠲᠥᠷᠥᠯ ᠤᠨ ᠠᠵᠢᠯ ᠲᠥᠷᠥᠯ ᠤᠨ ᠳᠣᠲᠣᠷ᠎ᠠ᠂ ᠺᠣᠮᠫᠢᠦ᠋ᠲ᠋ᠧᠷ᠂ ᠮᠡᠳᠡᠭᠡ | ᠬᠤᠯᠪᠣᠭ᠎ᠠ ᠪᠠ ᠪᠤᠰᠤᠳ ᠡᠯᠧᠺᠲᠷᠣᠨ ᠲᠥᠬᠦᠭᠡᠷᠦᠮᠵᠢ ᠦᠢᠯᠡᠳᠬᠦ ᠦᠢᠯᠡᠰ᠂ ᠴᠠᠬᠢᠯᠭᠠᠨ ᠮᠧᠬᠠᠨᠢᠭ ᠪᠠ ᠪᠠᠭᠠᠵᠢ ᠬᠡᠷᠡᠭᠰᠡᠯ ᠦᠢᠯᠡᠳᠬᠦ ᠦᠢᠯᠡᠰ ᠳᠡᠭᠡᠳᠦ ᠪᠠᠶᠢᠷᠢ ᠪᠠᠷ | ᠠᠵᠢᠯᠯᠠᠵᠤ᠂ ᠠᠳᠠᠯᠢ ᠬᠤᠭᠤᠴᠠᠭᠠᠨ ᠤ ᠬᠢ ᠠᠴᠠ ᠲᠣᠰ ᠲᠣᠰ 56.2% ᠪᠠ 44.3% ᠪᠠᠷ ᠨᠡᠮᠡᠭᠳᠡᠨ᠂ ᠡᠨᠡ ᠵᠢᠯ ᠠᠴᠠ ᠨᠠᠰᠢᠬᠢ ᠳᠡᠭᠡᠳᠦ ᠪᠠᠶᠢᠷᠢ ᠶᠢᠨ | ᠨᠡᠮᠡᠭᠳᠡᠯ ᠤᠨ ᠪᠠᠶᠢᠳᠠᠯ ᠢᠶᠠᠨ ᠦᠷᠭᠦᠯᠵᠢᠯᠡᠭᠦᠯᠪᠡ᠃ |