2024 ᠣᠨ ᠳᠤ᠂ ᠰᠢᠨ᠎ᠡ ᠪᠠᠷᠭᠤ ᠪᠠᠷᠠᠭᠤᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠠᠷᠠᠳ ᠲᠤ ᠠᠰᠢᠭ ᠬᠦᠷᠲᠡᠭᠡᠬᠦ ᠲᠠᠷᠢᠶᠠᠴᠢᠳ ᠲᠤ ᠠᠰᠢᠭ | ᠬᠦᠷᠲᠡᠭᠡᠬᠦ ᠡᠳ᠋ ᠤᠨ ᠵᠠᠰᠠᠭ ᠤᠨ ᠨᠥᠬᠦᠪᠦᠷᠢ ᠮᠥᠩᠭᠦ ᠶᠢᠨ ︽ᠪᠦᠬᠦᠨ ᠳᠤ ᠲᠣᠬᠢᠷᠠᠬᠤ ᠺᠠᠷᠲ︾ ᠣᠯᠭᠤᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ | ᠡᠳ᠋ ᠤᠨ ᠵᠠᠰᠠᠭ ᠤᠨ ᠠᠷᠠᠳ ᠤᠨ ᠠᠮᠢᠳᠤᠷᠠᠯ ᠤᠨ ᠦᠢᠯᠡᠴᠢᠯᠡᠭᠡᠨ ᠤ ᠮᠡᠳᠡᠭᠡ ᠵᠠᠩᠭᠢ ᠶᠢᠨ ᠲᠠᠪᠴᠠᠩ ᠳᠤ ᠲᠦᠰᠢᠭᠯᠡᠨ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ | ᠰᠠᠨᠠᠭᠠᠴᠢᠯᠠᠭ᠎ᠠ ᠠᠴᠠ ᠪᠠᠨ ᠬᠠᠮᠵᠢᠯᠴᠠᠬᠤ ᠪᠠᠷ ᠳᠡᠮᠵᠢᠨ᠂ ︽ᠪᠦᠬᠦᠨ ᠳᠤ ᠲᠣᠬᠢᠷᠠᠬᠤ ᠺᠠᠷᠲ︾ ᠤᠨ ᠰᠢᠰᠲ᠋ᠧᠮ ᠤᠨ ᠮᠠᠯᠵᠢᠬᠤ ᠲᠠᠷᠢᠶᠠᠯᠠᠬᠤ ᠡᠷᠦᠬᠡ ᠶᠢᠨ ᠰᠠᠭᠤᠷᠢ | ᠮᠡᠳᠡᠭᠡ ᠵᠠᠩᠭᠢ ᠶᠢ ᠪᠠᠶᠢᠩᠭᠤᠵᠢᠭᠤᠯᠤᠨ ᠲᠣᠬᠢᠷᠠᠭᠤᠯᠤᠨ ᠲᠡᠭᠦᠯᠳᠡᠷᠵᠢᠭᠦᠯᠵᠦ᠂ ᠨᠥᠬᠦᠪᠦᠷᠢ ᠮᠥᠩᠭᠦ ᠲᠠᠷᠬᠠᠭᠠᠬᠤ ᠶᠠᠪᠤᠴᠠ ᠶᠢ ᠵᠢᠷᠤᠮᠵᠢᠭᠤᠯᠤᠨ᠂ ᠨᠥᠬᠦᠪᠦᠷᠢ | ᠮᠥᠩᠭᠦ ᠶᠢᠨ ᠬᠠᠮᠢᠶᠠᠷᠤᠯᠲᠠ ᠬᠢᠨᠠᠯᠲᠠ ᠶᠢ ᠴᠢᠩᠭᠠᠳᠬᠠᠵᠤ᠂ ᠨᠥᠬᠦᠪᠦᠷᠢ ᠮᠥᠩᠭᠦ ᠶᠢᠨ ᠲᠠᠷᠬᠠᠭᠠᠯᠲᠠ ᠶᠢ ᠵᠢᠷᠤᠮᠵᠢᠯ ᠲᠠᠢ᠂ ᠴᠠᠭ ᠲᠤᠬᠠᠢ ᠳᠤᠨᠢ᠂ ᠣᠨᠣᠪᠴᠢᠲᠠᠶ ᠪᠠᠷ | ᠣᠯᠠᠨ ᠲᠦᠮᠡᠨ ᠤ ᠭᠠᠷ ᠲᠤ ᠣᠯᠭᠤᠬᠤ ᠶᠢ ᠪᠠᠲᠤᠯᠠᠪᠠ᠃ | 1—12 ᠳ᠋ᠤᠭᠠᠷ ᠰᠠᠷ᠎ᠠ ᠳᠤ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠡᠳ᠋ ᠤᠨ ᠵᠠᠰᠠᠭ ᠤᠨ ᠠᠷᠠᠳ ᠤᠨ ᠠᠮᠢᠳᠤᠷᠠᠯ ᠤᠨ ᠦᠢᠯᠡᠴᠢᠯᠡᠭᠡᠨ ᠤ | ᠮᠡᠳᠡᠭᠡ ᠵᠠᠩᠭᠢ ᠶᠢᠨ ᠲᠠᠪᠴᠠᠩ ᠢᠶᠠᠷ ᠳᠠᠮᠵᠢᠭᠤᠯᠤᠨ᠂ ᠡᠳ᠋ ᠤᠨ ᠵᠠᠰᠠᠭ ᠤᠨ ᠨᠥᠬᠦᠪᠦᠷᠢ ᠮᠥᠩᠭᠦ ᠶᠢ 32930.7 ᠲᠦᠮᠡᠨ ᠲᠥᠭᠦᠷᠢᠭ ᠲᠠᠷᠬᠠᠭᠠᠵᠤ᠂ 109946 | ᠬᠥᠮᠥᠨ ᠤᠳᠠᠭ᠎ᠠ ᠳᠤ ᠠᠰᠢᠭ ᠬᠦᠷᠲᠡᠭᠡᠪᠡ᠃ ᠡᠭᠦᠨ ᠳᠤ᠄ ᠲᠠᠷᠢᠶᠠᠯᠠᠩ ᠤᠨ ᠲᠥᠷᠥᠯ ᠤᠨ ᠨᠥᠬᠦᠪᠦᠷᠢ 232.64 ᠲᠦᠮᠡᠨ ᠲᠥᠭᠦᠷᠢᠭ ᠪᠠᠶᠢᠵᠤ᠂ 252 ᠬᠥᠮᠥᠨ | ᠤᠳᠠᠭ᠎ᠠ ᠳᠤ ᠠᠰᠢᠭ ᠬᠦᠷᠲᠡᠭᠡᠪᠡ︔ ᠮᠠᠯ ᠠᠵᠤ ᠠᠬᠤᠢ ᠶᠢᠨ ᠲᠦᠷᠦᠯ ᠤᠨ ᠨᠥᠬᠦᠪᠦᠷᠢ 23574.74 ᠲᠦᠮᠡᠨ ᠲᠥᠭᠦᠷᠢᠭ ᠲᠤ ᠬᠦᠷᠴᠦ᠂ 51438 ᠬᠥᠮᠥᠨ | ᠤᠳᠠᠭ᠎ᠠ ᠳᠤ ᠠᠰᠢᠭ ᠬᠦᠷᠲᠡᠭᠡᠪᠡ︔ ᠣᠶ ᠰᠢᠭᠤᠢ ᠶᠢᠨ ᠲᠥᠷᠥᠯ ᠤᠨ ᠨᠥᠬᠦᠪᠦᠷᠢ 29.51 ᠲᠦᠮᠡᠨ ᠲᠥᠭᠦᠷᠢᠭ ᠪᠠᠶᠢᠵᠤ᠂ 13 ᠬᠥᠮᠥᠨ ᠤᠳᠠᠭ᠎ᠠ ᠳᠤ ᠠᠰᠢᠭ | ᠬᠦᠷᠲᠡᠭᠡᠪᠡ︔ ᠲᠥᠯᠥᠪᠯᠡᠭᠡᠲᠦ ᠦᠷᠡᠵᠢᠯ ᠤᠨ ᠨᠥᠬᠦᠪᠦᠷᠢ 120.68 ᠲᠦᠮᠡᠨ ᠲᠥᠭᠦᠷᠢᠭ ᠲᠤ ᠬᠦᠷᠴᠦ᠂ 479 ᠬᠥᠮᠥᠨ ᠤᠳᠠᠭ᠎ᠠ ᠳᠤ ᠠᠰᠢᠭ ᠬᠦᠷᠲᠡᠭᠡᠪᠡ︔ | ᠪᠦᠲᠦᠭᠡᠨ ᠪᠠᠶᠢᠭᠤᠯᠤᠯᠲᠠ ᠶᠢᠨ ᠲᠥᠷᠥᠯ ᠤᠨ ᠨᠥᠬᠦᠪᠦᠷᠢ 78.94 ᠲᠦᠮᠡᠨ ᠲᠥᠭᠦᠷᠢᠭ ᠪᠠᠶᠢᠵᠤ᠂ 1275 ᠬᠥᠮᠥᠨ ᠤᠳᠠᠭ᠎ᠠ ᠳᠤ ᠠᠰᠢᠭ ᠬᠦᠷᠲᠡᠭᠡᠪᠡ︔ | ᠨᠡᠶᠢᠭᠡᠮ ᠤᠨ ᠪᠠᠲᠤᠯᠠᠭ᠎ᠠ ᠶᠢᠨ ᠲᠦᠷᠦᠯ ᠤᠨ ᠬᠢᠨ 2009.56 ᠲᠦᠮᠡᠨ ᠲᠥᠭᠦᠷᠢᠭ ᠲᠤ ᠬᠦᠷᠴᠦ᠂ 38417 ᠬᠥᠮᠥᠨ ᠤᠳᠠᠭ᠎ᠠ ᠳᠤ ᠠᠰᠢᠭ ᠬᠦᠷᠲᠡᠭᠡᠪᠡ︔ | ᠴᠠᠯᠢᠩ ᠤᠨ ᠨᠥᠬᠦᠪᠦᠷᠢ 6884.63 ᠲᠦᠮᠡᠨ ᠲᠥᠭᠦᠷᠢᠭ ᠲᠤ ᠬᠦᠷᠴᠦ᠂ 18072 ᠬᠥᠮᠥᠨ ᠤᠳᠠᠭ᠎ᠠ ᠳᠤ ᠠᠰᠢᠭ ᠬᠦᠷᠲᠡᠭᠡᠪᠡ᠃ | ᠲᠠᠷᠠᠭᠠᠴᠢ ᠶᠢᠨ ︽ᠪᠦᠬᠦᠨ ᠳᠤ ᠲᠣᠬᠢᠷᠠᠬᠤ ᠺᠠᠷᠲ︾ ᠤᠨ ᠨᠥᠬᠦᠪᠦᠷᠢ ᠣᠯᠭᠤᠬᠤ ᠶᠠᠪᠤᠴᠠ ᠳᠤ᠂ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ | ᠦᠷᠭᠦᠯᠵᠢᠯᠡᠨ ᠨᠠᠷᠢᠨ ᠨᠢᠮᠪᠠᠢ ᠠᠵᠢᠯᠯᠠᠵᠤ᠂ ︽ᠪᠦᠬᠦᠨ ᠳᠤ ᠲᠣᠬᠢᠷᠠᠬᠤ ᠺᠠᠷᠲ︾ ᠤᠨ ᠨᠥᠬᠦᠪᠦᠷᠢ ᠪᠠᠷ ᠠᠷᠠᠳ ᠲᠤ ᠠᠰᠢᠭ ᠬᠦᠷᠲᠡᠭᠡᠬᠦ ᠦᠢᠯᠡᠴᠢᠯᠡᠭᠡ ᠶᠢ | ᠯᠠᠪᠳᠠᠭᠤᠨ ᠢᠶᠠᠷ ᠠᠬᠢᠭᠤᠯᠵᠤ᠂ ᠠᠷᠠᠳ ᠣᠯᠠᠨ ᠤ ᠢᠯᠡ ᠺᠠᠷᠲ᠂ ᠵᠣᠯ ᠵᠢᠷᠭᠠᠯ ᠤᠨ ᠺᠠᠷᠲ ᠢ ᠰᠠᠶᠢᠲᠤᠷ ᠬᠢᠬᠦ ᠪᠣᠯᠣᠨ᠎ᠠ᠃ | | | | |