ᠰᠢᠨ᠎ᠡ ᠪᠠᠷᠭᠤ ᠪᠠᠷᠠᠭᠤᠨ ᠬᠤᠰᠢᠭᠤᠨ ᠤ ᠥᠭᠡᠷᠲᠤ ᠭᠦᠢᠲᠡᠨ ᠤ ᠦᠯᠣᠭᠡᠢ ᠡᠪᠦᠯ ᠤᠨ ᠤᠯᠠᠷᠢᠯ ᠤᠨ ᠨᠠᠭᠠᠳᠤᠮ ᠵᠢᠴᠢ ᠲᠣᠰᠬᠤᠨ ᠤ ᠦᠳᠡᠰᠢᠯᠡᠭᠡ ᠶᠢᠨ ᠰᠢᠷᠢᠰ ᠠᠵᠢᠯᠯᠠᠭ᠎ᠠ ᠶᠢᠨ ᠡᠮᠡᠭᠡᠯ ᠤᠭᠰᠠᠷᠠᠬᠤ ᠤᠷᠭ᠎ᠠ ᠲᠠᠲᠠᠬᠤ ᠤᠷᠤᠯᠳᠤᠭᠠᠨ ᠶᠠᠪᠤᠭᠳᠠᠵᠠᠢ
ᠨᠡᠶᠢᠲᠡᠯᠡᠭᠰᠡᠨ ᠴᠠᠭ᠄
2024/12/24
      ᠬᠥᠪᠡᠭᠡ ᠬᠢᠵᠠᠭᠠᠷ ᠦᠭᠡᠢ ᠥᠷᠭᠡᠨ ᠠᠭᠤᠳᠠᠮ ᠲᠠᠯ᠎ᠠ ᠨᠤᠳᠤᠭ ᠲᠤ᠂ ᠤᠷᠭ᠎ᠠ ᠪᠠ ᠡᠮᠡᠭᠡᠯ ᠨᠢ ᠮᠠᠯᠴᠢᠳ ᠤᠨ ᠦᠢᠯᠠᠳᠪᠤᠷᠢᠯᠠᠯ ᠠᠮᠢᠳᠤᠷᠠᠯ ᠤᠨ ᠲᠣᠮᠲᠠ ᠲᠤᠳ᠋ᠬᠠᠳᠠᠵᠤ ᠪᠣᠯᠣᠰᠢ ᠦᠭᠡᠢ ᠴᠢᠬᠤᠯᠠ ᠬᠠᠨᠢᠳᠠᠨ ᠪᠣᠯᠬᠤ ᠪᠥᠭᠡᠳ ᠨᠠᠩ ᠴᠤ ᠦᠨᠳᠣᠰᠣᠳᠠᠨ ᠤ ᠤᠯᠠᠮᠵᠢᠯᠠᠯᠲᠤ ᠰᠣᠶᠣᠯ ᠤᠨ ᠴᠢᠬᠤᠯᠠ ᠪᠡᠯᠭᠡ ᠲᠡᠮᠳᠡᠭ ᠪᠠᠶᠢᠵᠤ᠂ ᠮᠠᠯᠴᠢᠳ ᠤᠨ ᠠᠵᠢᠯᠴᠢ ᠬᠦᠳᠡᠯᠮᠦᠷᠢᠴᠢ ᠵᠠᠩ ᠠᠷᠠᠨᠰᠢᠨ᠂ ᠡᠷᠡᠯᠬᠡᠭ ᠪᠠᠭᠠᠲᠤᠷᠯᠢᠭ ᠵᠣᠷᠢᠭ ᠰᠠᠨᠠᠭ᠎ᠠ ᠶᠢ ᠬᠠᠷᠠᠭᠤᠯᠵᠤ ᠪᠠᠶᠢᠳᠠᠭ᠃ 12 ᠰᠠᠷ᠎ᠠ ᠶᠢᠨ 19 ᠤ ᠡᠳᠦᠷ᠂ 2025 ᠣᠨ ᠢᠶᠠᠨ ᠪᠠᠶᠠᠷᠯᠠᠨ ᠣᠭᠲᠣᠬᠤ ᠰᠢᠨ᠎ᠡ ᠪᠠᠷᠭᠤ ᠪᠠᠷᠠᠭᠤᠨ ᠬᠤᠰᠢᠭᠤᠨ ᠤ ᠥᠭᠡᠷᠲᠤ ᠭᠦᠢᠲᠡᠨ ᠤ ᠦᠯᠥᠭᠡᠢ ᠡᠪᠦᠯ ᠤᠨ ᠤᠯᠠᠷᠢᠯ ᠤᠨ ᠨᠠᠭᠠᠳᠤᠮ ᠵᠢᠴᠢ ᠲᠣᠰᠬᠤᠨ ᠤ ᠦᠳᠡᠰᠢᠯᠡᠭᠡ ᠶᠢᠨ ᠰᠢᠷᠢᠰ ᠠᠵᠢᠯᠯᠠᠭ᠎ᠠ ᠶᠢᠨ ᠡᠮᠡᠭᠡᠯ ᠤᠭᠰᠠᠷᠠᠬᠤ ᠤᠷᠭ᠎ᠠ ᠲᠠᠲᠠᠬᠤ ᠤᠷᠤᠯᠳᠤᠭᠠᠨ ᠰᠢᠨ᠎ᠡ ᠪᠠᠷᠭᠤ ᠪᠠᠷᠠᠭᠤᠨ ᠬᠤᠰᠢᠭᠤᠨ ᠤ ᠦᠨᠳᠣᠰᠣᠳᠠᠨ ᠤ ᠰᠣᠶᠣᠯ ᠤᠨ ᠠᠵᠤ ᠦᠢᠯᠡᠰ ᠤᠨ ᠬᠦᠷᠢᠶᠡᠯᠡᠩ ᠳᠤ ᠶᠠᠪᠤᠭᠳᠠᠵᠤ᠂ ᠪᠥᠬᠦ ᠬᠤᠰᠢᠭᠤᠨ ᠤ ᠭᠤᠴᠢ ᠭᠠᠷᠤᠢ ᠮᠠᠯᠴᠢᠨ ᠣᠷᠣᠯᠳᠤᠭᠠᠨ ᠳᠤ ᠣᠷᠣᠯᠴᠠᠵᠠᠢ᠃
12.24旅游1.jpg
      ᠤᠷᠭ᠎ᠠ ᠲᠠᠲᠠᠬᠤ ᠤᠷᠤᠯᠳᠤᠭᠠᠨ ᠤ ᠲᠤᠬᠠᠢ ᠶᠢᠨ ᠲᠠᠯᠠᠪᠤᠷ ᠲᠤ ᠦᠨᠳᠦᠰᠣᠲᠡᠨ ᠤ ᠬᠤᠪᠴᠠᠰᠤ ᠵᠠᠰᠠᠯ ᠢᠶᠠᠷ ᠢᠶᠠᠨ ᠭᠤᠶᠣᠯᠠᠭᠰᠠᠨ ᠮᠠᠯᠴᠢᠳ ᠬᠦᠲᠦᠯᠤᠭ᠍ᠴᠢ ᠶᠢᠨ ᠣᠷᠣᠯᠳᠤᠭᠠᠨ ᠤ ᠡᠬᠢᠯᠡᠭᠰᠡᠨ ᠢ ᠵᠠᠷᠯᠠᠬᠤ ᠶᠢ ᠳᠠᠭᠠᠯᠳᠤᠨ᠂ ᠤᠷᠭᠠᠨ ᠤ ᠦᠵᠦᠭᠦᠷ ᠣᠵᠤᠭᠤᠷ᠂ ᠤᠷᠭᠠᠨ ᠤ ᠬᠤᠶᠢᠪᠢ᠂ ᠲᠠᠳᠠᠭᠠᠰᠤ ᠵᠠᠷᠭᠡ ᠪᠠᠭᠠᠵᠢ ᠬᠡᠷᠡᠭᠰᠡᠯ ᠢᠶᠠᠨ ᠰᠤᠩᠭᠤᠨ ᠪᠡᠯᠡᠳᠭᠡᠵᠤ᠂ ᠤᠷᠭ᠎ᠠ ᠶᠢᠨ ᠴᠢᠭᠯᠡᠯ ᠲᠠᠭᠠᠷᠠᠭᠰᠠᠨ ᠪᠠᠶᠢᠬᠤ᠂ ᠬᠤᠨᠣᠭᠠᠰᠤ ᠨᠢ ᠴᠡᠪᠡᠷ ᠲᠡᠭᠰᠢᠭᠡᠨ ᠪᠠᠶᠢᠬᠤ᠂ ᠤᠷᠭ᠎ᠠ ᠲᠠᠲᠠᠬᠤ  ᠳᠤ ᠭᠤᠷᠪᠠᠨ ᠦᠶ᠎ᠡ ᠵᠠᠩᠬᠢᠯᠠᠭ᠎ᠠ ᠪᠠᠷ ᠲᠠᠲᠠᠠᠭᠰᠠᠨ ᠪᠠᠶᠢᠬᠤ ᠵᠠᠡᠷᠭᠡ ᠣᠷᠣᠯᠳᠤᠭᠠᠨ ᠤ ᠱᠠᠭᠠᠷᠳᠠᠯᠭ᠎ᠠ ᠶᠣᠰᠣᠭᠠᠷ ᠤᠷᠭ᠎ᠠ ᠪᠠᠨ ᠲᠠᠲᠠᠵᠤ ᠡᠬᠢᠯᠡᠪᠡ᠃
12.24旅游2.jpg
12.24旅游3.jpg
      ᠡᠮᠡᠭᠡᠯ ᠤᠭᠰᠠᠷᠠᠬᠤ ᠤᠷᠤᠯᠳᠤᠭᠠᠨ ᠳᠤ ᠡᠮᠡᠭᠡᠯ᠂ ᠬᠢᠵᠢᠮ᠂ ᠱᠠᠯᠠᠮ᠎ᠠ᠂ ᠵᠢᠷᠢᠮ᠂ ᠲᠦᠷᠦᠭᠡ᠂ ᠳᠣᠬᠤᠮ ᠭᠡᠵᠦ ᠵᠢᠷᠭᠤᠭᠠᠨ ᠭᠡᠰᠡᠭ ᠪᠣᠯᠭᠠᠨ ᠰᠠᠯᠭᠠᠵᠤ᠂ ᠣᠷᠣᠯᠳᠤᠭᠠᠨ ᠳᠤ ᠣᠷᠣᠯᠴᠠᠭᠰᠠᠳ ᠠᠴᠠ ᠳᠡᠰ ᠳᠠᠷᠠᠭ᠎ᠠ ᠲᠠᠢ ᠪᠠᠷ ᠤᠭᠰᠠᠷᠠᠨ᠂ ᠮᠠᠯᠴᠢᠳ ᠤᠨ ᠤᠬᠠᠭᠠᠨ ᠰᠠᠮᠪᠠᠭ᠎ᠠ᠂ ᠭᠠᠷ ᠤᠨ ᠤᠷ᠎ᠠ ᠲᠡᠮ᠂ ᠰᠣᠶᠣᠯ ᠤᠨ ᠰᠤᠳᠤᠨ ᠰᠠᠶᠢᠬᠠᠨ ᠢ ᠨᠠᠭᠠᠳᠤᠮᠴᠢᠨ ᠤᠯᠠᠨ ᠳᠠᠭᠠᠨ ᠬᠠᠷᠠᠭᠤᠯᠤᠯ᠎ᠠ᠃
12.24旅游4.jpg
      ᠲᠣᠰ ᠤᠳᠠᠭᠠᠨ ᠤ ᠠᠵᠢᠯᠯᠠᠭ᠎ᠠ ᠶᠢ ᠦᠷᠨᠢᠭᠦᠯᠤᠭ᠍ᠰᠡᠨ ᠨᠢ ᠠᠷᠪᠠᠨ ᠨᠢᠭᠡᠳᠦᠭᠡᠷ ᠬᠤᠭᠤᠴᠠᠭᠠᠨ ᠤ ᠪᠦᠬᠦ ᠤᠯᠤᠰ ᠤᠨ ᠤᠯᠠᠨ ᠲᠦᠮᠡᠨ ᠤ ᠮᠥᠰᠥ ᠴᠠᠰᠤᠨ ᠤ ᠤᠯᠠᠷᠢᠯ ᠤᠨ ︽ᠠᠶᠠᠯᠭᠤᠲᠤ ᠵᠢᠭᠤᠯᠴᠢᠯᠠᠯ ᠥᠪᠣᠷ ᠮᠤᠩᠭᠤᠯ᠂ ᠪᠠᠶᠠᠷ ᠪᠠᠶᠠᠰᠬᠤᠯᠠᠩᠲᠤ ᠲᠠᠯ᠎ᠠ ᠨᠣᠳᠤᠭ︾ ᠤᠨ ᠰᠢᠷᠢᠰ ᠠᠵᠢᠯᠯᠠᠭᠠᠨ ᠤ ᠨᠢᠭᠡᠨ ᠪᠣᠯᠬᠤ — 2025 ᠣᠨ ᠢᠶᠠᠨ ᠪᠠᠶᠠᠷᠯᠠᠨ ᠣᠭᠲᠣᠬᠤ ᠰᠢᠨ᠎ᠡ ᠪᠠᠷᠭᠤ ᠪᠠᠷᠠᠭᠤᠨ ᠬᠤᠰᠢᠭᠤᠨ ᠤ ᠥᠭᠡᠷᠲᠤ ᠭᠦᠢᠲᠡᠨ ᠤ ᠥᠯᠥᠭᠡᠢ ᠡᠪᠦᠯ ᠤᠨ ᠤᠯᠠᠷᠢᠯ ᠤᠨ ᠨᠠᠭᠠᠳᠤᠮ ᠵᠢᠴᠢ ᠲᠣᠰᠤᠨ ᠤ ᠦᠳᠡᠰᠢᠯᠡᠭᠡ ᠶᠢ ᠣᠭᠲᠣᠬᠤ ᠳᠤ ᠪᠡᠯᠡᠳᠭᠡᠯ ᠬᠢᠵᠦ᠂ ᠦᠳᠭᠡᠨ ᠵᠤᠵᠠᠭᠠᠨ ᠠᠭᠤᠷ ᠠᠮᠢᠰᠬᠤᠯ ᠢ ᠪᠣᠢ ᠪᠣᠯᠭᠠᠭᠰᠠᠨ ᠪᠠᠶᠢᠨ᠎ᠠ᠃
12.24旅游5.jpg
12.24旅游6.jpg
      ᠦᠨᠤ ᠵᠢᠯ ᠠᠴᠠ ᠨᠠᠭᠠᠰᠢ᠂ ᠰᠢᠨ᠎ᠡ ᠪᠠᠷᠭᠤ ᠪᠠᠷᠠᠭᠤᠨ ᠬᠤᠰᠢᠭᠤ ᠰᠣᠶᠣᠯ ᠵᠢᠭᠤᠯᠴᠢᠯᠠᠯ ᠤᠨ ᠪᠦᠬᠦ ᠣᠷᠣᠨ ᠪᠦᠰᠠ ᠪᠦᠬᠦ ᠤᠯᠠᠷᠢᠯ ᠪᠥᠬᠦ ᠠᠵᠤ ᠣᠶᠢᠢᠯᠡᠰ ᠤᠨ ᠬᠥᠭᠵᠢᠯᠲᠡ ᠶᠢᠨ ᠣᠶᠢᠯᠠᠭᠠᠭᠳᠠᠬᠤᠨ ᠢᠶᠠᠨ ᠦᠷᠭᠦᠯᠵᠢᠯᠡᠨ ᠭᠦᠨᠵᠡᠭᠡᠶᠢᠷᠡᠭᠦᠯᠵᠦ᠂ ᠬᠦᠯᠥᠨ ᠪᠣᠶᠢᠷ ᠤᠨ ᠡᠪᠣᠯ ᠤᠨ ᠤᠯᠠᠷᠢᠯ ᠤᠨ ᠵᠢᠭᠤᠯᠴᠢᠯᠡᠯ ᠤᠨ ᠠᠵᠠ ᠳᠣᠬᠢᠶᠠᠯ ᠢ ᠠᠰᠢᠭᠯᠠᠨ᠂ ᠭᠠᠵᠠᠷ ᠣᠷᠣᠨ ᠤ ᠲᠠᠪᠠᠭᠤᠯᠢᠭ ᠪᠠ ᠠᠮᠢ ᠠᠬᠤᠢ ᠶᠢᠨ ᠡᠬᠢ ᠪᠠᠶᠠᠯᠢᠭ ᠤᠨ ᠳᠠᠪᠠᠭᠤᠯᠢᠭ ᠲᠠᠭᠠᠨ ᠲᠦᠰᠢᠭᠯᠡᠵᠦ᠂ ᠨᠠᠷᠢᠯᠢᠭ ᠣᠨᠣᠪᠴᠢᠲᠠᠢ ᠪᠠᠷ ᠠᠷᠭ᠎ᠠ ᠰᠦᠪᠡᠭᠴᠢᠯᠡᠵᠦ᠂ ᠡᠪᠦᠯ ᠤᠨ ᠣᠯᠠᠷᠢᠯ ᠤᠨ ᠵᠢᠭᠤᠯᠴᠢᠯᠡᠯ ᠤᠨ ᠡᠬᠢ ᠪᠠᠶᠠᠯᠢᠭ᠂ ᠣᠨᠴᠠᠯᠢᠭᠲᠤ ᠰᠣᠶᠣᠯ ᠤᠨ ᠠᠭᠤᠯᠤᠭᠳᠠᠬᠤᠨ ᠪᠠ ᠰᠣᠶᠣᠯ ᠵᠢᠭᠤᠯᠴᠢᠯᠡᠯ ᠤᠨ ᠬᠡᠷᠡᠭᠯᠡᠭᠡᠨ ᠤ ᠲᠠᠯᠲᠠ ᠬᠦᠴᠦᠨ ᠢ ᠭᠦᠢᠴᠡᠳ ᠠᠭᠤᠳᠠᠯᠵᠤ᠂ ᠤᠯᠠᠨ ᠲᠦᠮᠡᠨ ᠤ ᠦᠵᠡᠵᠤ ᠰᠣᠨᠢᠷᠬᠠᠬᠤ ᠳᠤᠷᠠᠲᠠᠢ ᠡᠪᠣᠯ ᠤᠨ ᠤᠯᠠᠷᠢᠯ ᠤᠨ ᠮᠥᠰᠣ ᠴᠠᠰᠤᠨ ᠤ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢ ᠦᠷᠭᠦᠯᠵᠢᠯᠠᠨ ᠦᠷᠨᠢᠭᠦᠯᠵᠤ᠂ ᠣᠯᠠᠨ ᠲᠦᠮᠡᠨ ᠤ ᠣᠷᠣᠯᠴᠠᠬᠤ ᠴᠢᠨᠠᠷ᠂ ᠬᠠᠷᠢᠯᠴᠠᠨ ᠬᠦᠳᠡᠯᠤᠯᠴᠡᠬᠦ ᠴᠢᠨᠠᠷ ᠪᠠ ᠮᠡᠳᠡᠷᠡᠬᠦ ᠬᠡᠮᠵᠢᠶ᠎ᠡ ᠶᠢ ᠨᠡᠮᠡᠭᠳᠡᠭᠦᠯᠦᠨ᠂ ᠰᠢᠨ᠎ᠡ ᠪᠠᠷᠭᠤ ᠪᠠᠷᠠᠭᠤᠨ ᠬᠤᠰᠢᠭᠤᠨ ᠤ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠴᠢᠨᠠᠷ ᠰᠠᠶᠢᠲᠠᠢ ᠬᠦᠭᠵᠢᠯᠲᠡ ᠳᠤ ᠰᠢᠨ᠎ᠡ ᠰᠢᠪᠲᠤᠯᠤᠯᠲᠠ᠂ ᠰᠢᠨ᠎ᠡ ᠦᠷ᠎ᠡ ᠪᠦᠲᠦᠮᠵᠢ ᠣᠯᠬᠤ ᠶᠢ ᠠᠬᠢᠭᠤᠯᠤᠭᠰᠠᠨ ᠪᠠᠶᠢᠨ᠎ᠠ᠃
12.24旅游7.jpg
                          ᠤᠶᠠᠬᠠᠨ  ᠡᠾᠧ ᠵᠢᠩ  ᠢᠤᠢ ᠭᠤᠸᠠᠩ  ᠴᠢᠭᠢᠷᠠᠭ
ᠢᠷᠡᠯᠲᠡ᠄ ᠬᠦᠯᠦᠨ ᠪᠣᠶᠢᠷ ᠮᠣᠩᠭᠤᠯ ᠰᠦᠯᠵᠢᠶ᠎ᠡ