ᠪᠠᠢ ᠶᠠᠨ ᠰᠦᠩ ᠨᠣᠮ ᠬᠠᠨᠳᠢᠪᠯᠠᠵᠤ ᠨᠤᠲᠤᠭ ᠤᠰᠤᠨ ᠤ ᠪᠠᠨ ᠰᠣᠶᠣᠯ ᠤᠨ ᠪᠠᠶᠢᠭᠤᠯᠤᠯᠲᠠ ᠳᠤ ᠬᠦᠴᠦᠨ ᠨᠡᠮᠡᠷᠢᠯᠡᠨ᠎ᠡ
ᠨᠡᠶᠢᠲᠡᠯᠡᠭᠰᠡᠨ ᠴᠠᠭ᠄
2024/12/24
      12 ᠰᠠᠷ᠎ᠠ ᠶᠢᠨ 16  ᠤ ᠡᠳᠤᠷ᠂ ᠪᠠᠢ ᠶᠠᠨ ᠰᠦᠩ ᠤᠨ ᠨᠤᠲᠤᠭ ᠲᠠᠭᠠᠨ ᠨᠣᠮ ᠪᠢᠴᠢᠭ ᠬᠠᠨᠲᠢᠪᠯᠠᠬᠤ ᠶᠣᠰᠣᠯᠠᠯ ᠬᠦᠯᠥᠨ ᠪᠣᠶᠢᠷ ᠤᠨ ᠦᠨᠳᠣᠰᠣᠲᠡᠨ ᠤ ᠮᠦᠽᠧᠢ ᠳᠤ ᠶᠠᠪᠤᠭᠳᠠᠪᠠ᠃
12.24白岩松1.png
      ᠶᠣᠰᠣᠯᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠵᠠᠩ ᠷᠦᠢ᠂ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠸᠠᠩ ᠱᠧᠩ ᠲᠣᠰ ᠲᠣᠰ ᠲᠥᠪ ᠤᠨ ᠷᠠᠳᠢᠣ᠋ ᠲᠧᠯᠸᠢᠰ ᠤᠨ ᠶᠡᠷᠤᠩᠬᠡᠢ ᠬᠤᠷᠢᠶ᠎ᠠ ᠶᠢᠨ ᠰᠣᠨᠢᠨ ᠮᠡᠳᠡᠭᠡᠨ ᠤ ᠰᠢᠭᠦᠮᠵᠢᠯᠡᠭᠴᠢ᠂ ᠬᠦᠲᠦᠯᠦᠭᠴᠢ ᠪᠠᠢ ᠶᠠᠨ ᠰᠦᠩ ᠳᠤ ︽ᠥᠪᠡᠷᠲᠡᠭᠡᠨ ᠵᠠᠰᠠᠬᠤ ᠣᠷᠣᠨ ᠤ ᠰᠣᠶᠣᠯ ᠵᠢᠭᠤᠯᠴᠢᠯᠡᠯ ᠤᠨ ᠨᠡᠶᠢᠲᠡ ᠶᠢᠨ ᠠᠰᠠᠷᠠᠮᠵᠢ ᠶᠢᠨ ᠡᠯᠴᠢ︾ ᠶᠢᠨ ᠤᠷᠢᠯᠭ᠎ᠠ ᠶᠢᠨ ᠪᠢᠴᠢᠭ᠂ ᠨᠣᠮ ᠪᠢᠴᠢᠭ ᠬᠠᠨᠳᠢᠪᠯᠠᠬᠤ ᠦᠨᠡᠮᠯᠡᠯ ᠪᠠ ︽ᠬᠦᠯᠥᠨ ᠪᠣᠶᠢᠷ ᠤᠨ ᠰᠣᠶᠣᠯ ᠵᠢᠭᠤᠯᠴᠢᠯᠠᠯ ᠤᠨ ᠳᠦᠷᠢ ᠳᠦᠷᠬᠦ ᠶᠢᠨ ᠡᠯᠴᠢ︾ ᠶᠢᠨ ᠤᠷᠢᠯᠭ᠎ᠠ ᠶᠢᠨ ᠪᠢᠴᠢᠭ ᠢ ᠭᠠᠷᠳᠠᠭᠤᠯᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠵᠢᠢ ᠶᠦᠩ ᠴᠢᠶᠠᠨ ᠪᠠᠶᠠᠷ ᠤᠨ ᠦᠭᠡ ᠬᠡᠯᠡᠵᠦ᠂ ᠬᠤᠲᠠ ᠶᠢᠨ ᠤᠳᠤᠷᠢᠳᠤᠯᠭ᠎ᠠ ᠸᠠᠩ ᠮᠧᠩ᠂ ᠶᠠᠨ ᠯᠢ ᡁᠢ᠂ ᠰᠦᠨ ᠸᠧᠢ᠂ ᠵᠠᠩ ᡁᠢ ᠨᠠᠷ ᠬᠤᠷᠠᠯ ᠳᠤ ᠣᠷᠣᠯᠴᠠᠪᠠ᠃
12.24白岩松2.png
      ᠪᠡᠢ ᠶᠠᠨ ᠰᠦᠩ᠄ ︽ᠪᠠᠭ᠎ᠠ ᠶᠢᠨ ᠦᠶ᠎ᠡ ᠳᠡᠭᠡᠨ ᠨᠣᠮ ᠤᠩᠰᠢᠵᠤ᠂ ᠲᠠᠯ᠎ᠠ ᠨᠤᠳᠤᠭ ᠠᠴᠠ ᠭᠠᠳᠠᠨ᠎ᠠ ᠪᠠᠰᠠ ᠤᠭᠤᠰᠤᠷ ᠦᠭᠡᠢ ᠣᠷᠴᠢᠯᠠᠩ ᠪᠠᠶᠢᠨ᠎ᠠ ᠭᠡᠳᠡᠭ ᠢ ᠮᠡᠳᠡᠭᠰᠡᠨ ᠶᠤᠮ᠃ ᠡᠳᠦᠭᠡ ᠨᠤᠳᠤᠭ ᠤᠨ ᠢᠶᠠᠨ ᠰᠣᠶᠣᠯ ᠤᠨ ᠣᠢᠯᠡᠰ ᠤᠨ ᠬᠦᠭᠵᠢᠯᠲᠡ ᠤᠯᠠᠮ ᠠᠴᠠ ᠤᠯᠠᠮ ᠬᠦᠭᠵᠢᠯᠲᠠ ᠲᠠᠢ ᠪᠣᠯᠣᠭᠰᠠᠨ ᠢ ᠬᠠᠷᠠᠭᠠᠳ ᠴᠢᠩ ᠰᠡᠳᠭᠢᠯ ᠠᠴᠠ ᠪᠠᠨ ᠪᠠᠶᠠᠷᠯᠠᠵᠤ ᠪᠠᠶᠢᠬᠤ ᠪᠥᠭᠡᠳ ᠣᠮᠣᠭᠰᠢᠵᠤ ᠪᠠᠶᠢᠨ᠎ᠠ᠃ ᠨᠣᠮ ᠪᠢᠴᠢᠭ ᠬᠠᠨᠲᠢᠪᠯᠠᠬᠤ ᠨᠢ ᠵᠥᠪᠬᠡᠨ ᠨᠣᠮ ᠪᠢᠴᠢᠭ ᠬᠦᠷᠭᠡᠬᠦ ᠲᠡᠳᠦᠢ ᠪᠢᠰᠢ᠂ ᠨᠡᠩ ᠴᠦ ᠰᠣᠶᠣᠯ ᠤᠨ ᠤᠯᠠᠮᠵᠢᠯᠠᠯ ᠪᠠ ᠬᠤᠪᠢᠶᠠᠯᠴᠠᠯ ᠪᠣᠯᠣᠨ᠎ᠠ᠂ ᠣᠯᠠᠨ ᠤ ᠬᠠᠮᠲᠤ ᠶᠢᠨ ᠴᠢᠷᠮᠠᠶᠢᠯᠭ᠎ᠠ ᠪᠠᠷ᠂ ᠬᠦᠯᠥᠨ ᠪᠣᠶᠢᠷ ᠤᠨ ᠦᠨᠳᠦᠰᠣᠲᠡᠨ ᠤ ᠮᠦᠽᠧᠢ ᠨᠢ ᠨᠡᠩ ᠤᠯᠠᠨ ᠬᠡᠣᠬᠡᠳ ᠤᠨ ᠬᠦᠰᠡᠯ ᠵᠡᠭᠦᠳᠦ ᠶᠢ ᠬᠢ ᠡᠬᠢᠯᠡᠭᠦᠯᠬᠦ ᠭᠠᠵᠠᠷ ᠪᠣᠯᠵᠤ᠂ ᠰᠣᠶᠣᠯ ᠵᠢᠭᠤᠯᠴᠢᠯᠡᠯ ᠤᠨ ᠠᠵᠤ ᠣᠢᠯᠡᠰ ᠤᠨ ᠬᠦᠭᠵᠢᠯᠲᠡ ᠶᠢ ᠠᠬᠢᠭᠤᠯᠬᠤ ᠡᠬᠢ ᠪᠠᠶᠡᠯᠢᠭ᠋ ᠤᠨ ᠲᠠᠪᠴᠠᠩ ᠪᠣᠯᠵᠤ᠂ ᠨᠡᠩ ᠥᠨᠳᠣᠷ ᠦᠨ᠎ᠡ ᠥᠷᠳᠡᠭ ᠪᠠ ᠠᠴᠢ ᠬᠤᠯᠪᠣᠭᠳᠠᠯ ᠲᠠᠢ ᠪᠣᠯᠬᠤ ᠶᠢ ᠢᠳᠡᠭᠡᠵᠦ ᠪᠠᠶᠢᠨ᠎ᠠ᠃ ᠦᠨᠣᠳᠤᠷ ᠬᠦᠯᠥᠨ ᠪᠣᠶᠢᠷ ᠤᠨ ᠦᠨᠳᠣᠰᠣᠲᠡᠨ ᠤ ᠮᠦᠽᠧᠢ ᠶᠢᠨ ᠨᠣᠮ ᠤᠩᠰᠢᠬᠤ ᠦᠷᠥᠭᠡ ᠵᠢᠩᠬᠢᠨᠢ ᠪᠠᠷ ᠡᠭᠦᠳᠡ ᠪᠠᠨ ᠨᠡᠭᠡᠭᠡᠵᠦ᠂ ᠨᠡᠩ ᠣᠯᠠᠨ ᠬᠡᠤᠬᠡᠳ ᠪᠠ ᠵᠠᠯᠠᠭᠤᠴᠤᠣᠳ ᠤᠩᠰᠢᠯᠭ᠎ᠠ ᠶᠢᠨ ᠥᠷᠥᠭᠡ ᠳᠤ ᠣᠷᠣᠬᠤ ᠶᠢ ᠪᠠᠶᠠᠷᠯᠠᠨ ᠣᠭᠲᠣᠵᠤ ᠪᠠᠶᠢᠨ᠎ᠠ︾ ᠭᠡᠪᠡ᠃
12.24白岩松3.png
      ᠣᠶᠢᠷ᠎ᠠ ᠶᠢᠨ ᠵᠢᠯ ᠤᠨ ᠲᠤᠷᠰᠢ᠂ ᠬᠦᠯᠥᠨ ᠪᠣᠶᠢᠷ ᠬᠤᠲᠠ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠳᠤ ᠠᠩᠬᠠᠷᠤᠯ ᠢᠶᠠᠨ ᠲᠦᠪᠯᠡᠷᠡᠭᠦᠯᠵᠤ᠂ ᠪᠢᠴᠢᠭ ᠤᠨ ᠰᠤᠷᠪᠤᠯᠵᠢᠲᠦ ᠬᠦᠯᠥᠨ ᠪᠣᠶᠢᠷ ᠤᠨ ᠪᠦᠲᠦᠭᠡᠨ ᠪᠠᠶᠢᠭᠤᠯᠤᠯᠲᠠ ᠶᠢ ᠬᠤᠲᠠ ᠶᠢᠨ ᠬᠡᠪ ᠨᠠᠮᠪᠠ ᠪᠠᠨ ᠪᠣᠯᠭᠠᠵᠤ᠂ ᠰᠣᠶᠣᠯ ᠢᠷᠭᠡᠰᠢᠯ ᠤᠨ ᠵᠠᠩ ᠴᠢᠨᠠᠷ ᠢ ᠳᠡᠭᠡᠭᠰᠢᠯᠡᠭᠦᠯᠭᠦ᠂ ᠠᠭᠤᠯᠤᠭᠳᠠᠬᠳ ᠤ ᠣᠨᠴᠠᠯᠢᠭ ᠰᠢᠨᠵᠢ ᠶᠢ ᠢᠯᠡᠷᠡᠭᠦᠯᠬᠦ ᠴᠢᠬᠤᠯᠠ ᠢᠨᠵᠧᠨᠧᠷᠢᠩ ᠪᠣᠯᠭᠠᠵᠤ᠂ ᠳᠣᠭᠲᠠᠴᠠ ᠪᠠᠶᠢᠭᠤᠯᠤᠯ ᠢ ᠲᠡᠭᠦᠯᠳᠡᠷᠵᠢᠭᠦᠯᠵᠤ᠂ ᠨᠡᠶᠢᠲᠡᠪᠤᠷᠢᠵᠢᠭᠤᠯᠤᠯᠲᠠ ᠶᠢ ᠳᠡᠭᠡᠲᠤ ᠬᠡᠮᠵᠢᠶ᠎ᠠ ᠪᠠᠷ ᠠᠬᠢᠭᠤᠯᠪᠠ᠃ ᠬᠦᠯᠥᠨ ᠪᠣᠶᠢᠷ ᠤᠨ ᠦᠨᠳᠦᠰᠣᠲᠠᠨ ᠤ ᠮᠦᠽᠧᠢ ᠳᠤ ᠤᠩᠰᠢᠯᠭ᠎ᠠ ᠶᠢᠨ ᠣᠷᠣᠨ ᠵᠠᠢ ᠭᠠᠷᠭᠠᠬᠤ  ᠨᠢ ᠳᠠᠷᠤᠢ ᠨᠢᠭᠡ ᠵᠦᠢᠯ ᠤᠨ ᠪᠤᠳᠠᠲᠤ ᠦᠷ᠎ᠡ ᠪᠦᠲᠣᠮᠵᠢᠲᠡᠢ ᠰᠢᠨ᠎ᠡ ᠶᠢ ᠡᠭᠦᠳᠬᠦ ᠰᠦᠪᠡᠭᠴᠢᠯᠡᠯ ᠪᠠᠶᠢᠵᠤ᠂ ᠨᠣᠮ ᠪᠢᠴᠢᠭ ᠤᠩᠰᠢᠬᠤ ᠪᠠ ᠰᠣᠶᠣᠯ ᠤᠨ ᠰᠣᠯᠢᠯᠴᠠᠭ᠎ᠠ ᠶᠢ ᠲᠥᠪᠯᠡᠷᠡᠭᠦᠯᠵᠦ᠂ ᠬᠤᠲᠠ ᠶᠢᠨ ᠠᠷᠠᠳ ᠤᠨ ᠣᠶᠣᠨ ᠰᠠᠨᠠᠭ᠎ᠠ ᠰᠣᠶᠣᠯ ᠤᠨ ᠬᠡᠷᠡᠭᠴᠡᠭᠡ ᠶᠢ ᠨᠡᠩ ᠰᠠᠶᠢᠲᠤᠷ ᠬᠠᠩᠭᠠᠬᠤ ᠶᠠᠪᠤᠳᠠᠯ ᠢ ᠪᠣᠯᠣᠨ᠎ᠠ᠃      ᠶᠠᠷᠢᠯᠴᠠᠬᠤ ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠨ ᠤᠳᠤᠷᠢᠳᠤᠯᠭ᠎ᠠ ᠵᠣᠴᠢᠳ ᠮᠥᠰᠥ ᠴᠠᠰᠤᠨ ᠤ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠲᠣᠭᠤᠷᠢᠨ ᠳᠤ ᠰᠠᠨᠠᠯ ᠢᠶᠠᠨ ᠬᠦᠨᠵᠡᠭᠡᠢ ᠰᠤᠯᠢᠯᠴᠡᠵᠤ᠂ ᠥᠪᠡᠷᠲᠡᠭᠡᠨ ᠵᠠᠰᠠᠬᠤ ᠣᠷᠣᠨ ᠪᠠ ᠬᠦᠯᠣᠨ ᠪᠦᠶᠢᠷ ᠬᠤᠲᠠ ᠶᠢᠨ ᠰᠣᠶᠣᠯ ᠵᠢᠭᠤᠯᠴᠢᠯᠡᠯ ᠤᠨ ᠣᠢᠯᠡᠰ ᠤᠨ ᠬᠦᠭᠵᠢᠯᠲᠠ ᠳᠤ ᠬᠠᠮᠲᠤ ᠪᠠᠷ ᠣᠶᠣᠨ ᠤᠬᠠᠭᠠᠨ ᠢᠶᠠᠨ ᠡᠷᠭᠦᠪᠡ᠃      ᠣᠶᠢᠯᠠᠭᠠᠭᠰᠠᠨ  ᠢᠶᠠᠷ᠂ ᠪᠠᠢ ᠶᠠᠨ ᠰᠦᠩ ᠨᠤᠲᠤᠭ ᠲᠠᠭᠠᠨ ᠤᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ ᠤ 3 ᠭᠠᠯ ᠪᠠᠮᠪᠠᠷ᠂ ᠠᠽᠢᠶ᠎ᠠ ᠲᠢᠪ ᠤᠨ ᠪᠡᠶ᠎ᠡ ᠶᠢᠨ ᠲᠠᠮᠢᠷ ᠤᠨ ᠴᠤᠭᠯᠠᠭᠠᠨ ᠤ 2 ᠭᠠᠯ ᠪᠠᠮᠪᠠᠷ᠂ ᠣᠶᠣᠲᠠᠳ ᠤᠨ ᠳᠠᠮᠢᠷ ᠤᠨ ᠴᠤᠭᠯᠠᠭᠠᠨ ᠤ 1 ᠭᠠᠯ ᠪᠠᠮᠪᠠᠷ᠂ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠤ 1 ᠭᠠᠯ ᠪᠠᠮᠪᠠᠷ ᠨᠡᠶᠢᠲᠠ 6 ᠭᠠᠯ ᠪᠠᠮᠪᠠᠷ ᠪᠣᠯᠣᠨ ᠬᠤᠪᠢ ᠬᠦᠮᠤᠨ ᠤ ᠬᠠᠲᠠᠭᠠᠯᠠᠭᠰᠠᠨ 5000 ᠭᠠᠷᠤᠢ ᠨᠣᠮ ᠪᠢᠴᠢᠭ ᠪᠠ ᠬᠤᠷᠢᠶᠠᠨ ᠬᠠᠲᠠᠭᠠᠯᠠᠭᠰᠠᠨ ᠪᠤᠳᠠᠰ ᠢ ᠬᠠᠨᠳᠢᠪᠯᠠᠪᠡ᠃                              ᠬᠠᠮ ᠵᠠᠭᠤᠴᠢᠯᠠᠭᠤᠷ ᠤᠨ ᠲᠥᠪ ᠤᠨ ᠰᠤᠷᠪᠤᠯᠵᠢᠯᠠᠭᠴᠢ ᠪᠦ᠋ ᠷᠤᠣ
ᠢᠷᠡᠯᠲᠡ᠄ ᠬᠦᠯᠦᠨ ᠪᠣᠶᠢᠷ ᠮᠣᠩᠭᠤᠯ ᠰᠦᠯᠵᠢᠶ᠎ᠡ