ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ | ᠤᠯᠤᠰ ᠤᠨ ᠲᠤᠭ᠎ᠠ ᠪᠦᠷᠢᠳᠬᠡᠯ ᠤᠨ ᠲᠣᠪᠴᠢᠶᠠᠨ ᠤ ᠥᠪᠥᠷ ᠮᠣᠩᠭᠤᠯ ᠤᠨ ᠪᠠᠶᠢᠴᠠᠭᠠᠯᠲᠠ ᠶᠢᠨ ᠶᠡᠷᠦᠩᠬᠡᠶ ᠠᠩᠭᠢ | ︵2024 ᠣᠨ ᠤ 12 ᠰᠠᠷ᠎ᠠ ᠶᠢᠨ 16 ᠤ ᠡᠳᠦᠷ︶ | | 1 - 11 ᠳ᠋ᠤᠭᠡᠷ ᠰᠠᠷ᠎ᠠ ᠳᠤ᠂ ᠪᠥᠬᠦ ᠣᠷᠣᠨ ᠳᠠᠶᠠᠭᠠᠷ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ | ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠳᠦ ᠪᠣᠳᠣᠯᠭ᠎ᠠ ᠶᠢᠨ | ᠪᠠᠶᠢᠷᠢᠯᠠᠭᠤᠯᠤᠯᠲᠠ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠠᠵᠢᠯ ᠤᠨ ᠱᠠᠭᠠᠷᠳᠠᠯᠭ᠎ᠠ ᠶᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠠᠯᠢ ᠣᠯᠠᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢᠨ ᠬᠦᠴᠦᠲᠡᠶ ᠦᠷ᠎ᠡ ᠪᠦᠲᠦᠮᠵᠢ ᠤᠯᠬᠤ ᠶᠢ ᠦᠷᠭᠦᠯᠵᠢᠯᠡᠨ ᠠᠬᠢᠭᠤᠯᠵᠤ᠂ ᠪᠥᠬᠦ | ᠣᠷᠣᠨ ᠤ ᠠᠵᠤ ᠠᠬᠤᠶ ᠦᠷᠭᠦᠯᠵᠢᠯᠡᠨ ᠲᠣᠭᠲᠠᠭᠤᠨ ᠢᠶᠠᠷ ᠠᠵᠢᠯᠯᠠᠵᠤ᠂ ᠠᠵᠤ ᠦᠢᠯᠡᠳᠪᠦᠷᠢ ᠶᠢᠨ ᠦᠢᠯᠡᠳᠪᠦᠷᠢᠯᠡᠯ ᠲᠣᠭᠲᠠᠭᠤᠨ ᠢᠶᠠᠷ ᠨᠡᠮᠡᠭᠳᠡᠵᠦ᠂ ᠬᠡᠷᠡᠭᠯᠡᠭᠡᠨ ᠤ | ᠵᠠᠬ᠎ᠠ ᠳᠡᠯᠭᠡᠭᠦᠷ ᠲᠠᠰᠤᠷᠠᠯᠲᠠ ᠥᠬᠡᠶ ᠬᠥᠭᠵᠢᠶᠡᠨᠲᠡᠶ ᠪᠣᠯᠵᠣ᠂ ᠪᠠᠯᠠ ᠣᠷᠣᠭᠤᠯᠤᠯᠲᠠ ᠶᠢᠨ ᠠᠮᠢᠵᠢᠷᠠᠯ ᠤᠨ ᠬᠦᠴᠦᠨ ᠦᠷᠭᠦᠯᠵᠢᠯᠡᠨ ᠳᠡᠭᠡᠭᠰᠢᠯᠡᠵᠦ᠂ ᠴᠢᠨᠠᠷ | ᠰᠠᠶᠢᠲᠠᠶ ᠬᠥᠭᠵᠢᠯᠲᠡ ᠯᠠᠪᠳᠠᠭᠤᠨ ᠪᠠᠲᠤᠲᠠᠶ ᠠᠭᠢᠪᠠ᠃ | ᠨᠢᠭᠡ᠂ ᠠᠵᠤ ᠦᠢᠯᠡᠳᠪᠦᠷᠢ ᠶᠢᠨ ᠦᠢᠯᠡᠳᠪᠦᠷᠢᠯᠡᠯ ᠲᠣᠭᠲᠠᠭᠤᠨ ᠢᠶᠠᠷ ᠨᠡᠮᠡᠭᠳᠡᠵᠦ᠂ ᠲᠣᠨᠤᠭ ᠲᠥᠬᠦᠭᠡᠷᠦᠮᠵᠢ ᠦᠢᠯᠡᠳᠬᠦ ᠦᠢᠯᠡᠰ ᠪᠠ ᠳᠡᠭᠡᠳᠦ | ᠮᠡᠷᠭᠡᠵᠢᠯ ᠤᠨ ᠦᠢᠯᠡᠳᠬᠦ ᠦᠢᠯᠡᠰ ᠤᠨ ᠨᠡᠮᠡᠭᠳᠡᠯ ᠤᠨ ᠬᠠᠨᠳᠤᠰᠢ ᠨᠡᠯᠢᠶᠡᠳ ᠰᠠᠶᠢᠨ ᠪᠠᠶᠢᠨ᠎ᠠ᠃ | 1-11 ᠳ᠋ᠤᠭᠡᠷ ᠰᠠᠷ᠎ᠠ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ | ᠬᠤᠭᠤᠴᠠᠭᠠᠨ ᠤ ᠬᠢ ᠠᠴᠠ 6.8% ᠨᠡᠮᠡᠭᠳᠡᠪᠡ᠃ ᠭᠤᠷᠪᠠᠨ ᠶᠡᠭᠡ ᠲᠥᠷᠥᠯ ᠬᠤᠪᠢᠶᠠᠵᠤ ᠦᠵᠡᠪᠡᠯ᠂ ᠠᠭᠤᠷᠬᠠᠶ ᠮᠠᠯᠲᠠᠬᠤ ᠦᠢᠯᠡᠰ ᠤᠨ ᠨᠡᠮᠡᠭᠳᠡᠯ ᠥᠷᠲᠡᠭ | ᠠᠳᠠᠯᠢ ᠬᠤᠭᠤᠴᠠᠭᠠᠨ ᠤ ᠬᠢ ᠠᠴᠠ 4.9% ᠪᠠᠷ ᠨᠡᠮᠡᠭᠳᠡᠵᠦ᠂ ᠦᠢᠯᠡᠳᠬᠦ ᠦᠢᠯᠡᠰ 8.9% ᠪᠠᠷ ᠨᠡᠮᠡᠭᠳᠡᠵᠦ᠂ ᠴᠠᠬᠢᠯᠭᠠᠨ ᠬᠦᠴᠦᠨ᠂ ᠢᠯᠴᠢ᠂ ᠰᠢᠲᠠᠮᠠᠬᠠᠶ ᠬᠡᠶ | ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ 8.2% ᠢᠶᠠᠷ ᠨᠡᠮᠡᠭᠳᠡᠪᠡ᠃ ᠠᠵᠤ ᠠᠬᠤᠶ ᠶᠢᠨ ᠲᠥᠷᠥᠯ ᠬᠡᠯᠪᠡᠷᠢ ᠠᠴᠠ ᠦᠵᠡᠪᠡᠯ᠂ | ᠤᠯᠤᠰ ᠤᠨ ᠥᠮᠴᠢᠯᠡᠯ ᠤᠨ ᠬᠤᠪᠢ ᠡᠵᠡᠮᠳᠡᠭᠰᠡᠨ ᠠᠵᠤ ᠠᠬᠤᠶᠢᠯᠠᠯ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 5.7% ᠨᠡᠮᠡᠭᠳᠡᠵᠦ᠂ ᠬᠤᠪᠢ | ᠣᠷᠣᠭᠤᠯᠤᠯᠲᠠ ᠶᠢᠨ ᠳᠦᠷᠢᠮᠲᠦ ᠠᠵᠤ ᠠᠬᠤᠶᠢᠯᠠᠯ 6.9% ᠨᠡᠮᠡᠭᠳᠡᠵᠦ᠂ ᠭᠠᠳᠠᠭᠠᠳᠤ ᠶᠢᠨ ᠬᠤᠳᠠᠯᠳᠤᠭᠠᠴᠢᠨ ᠵᠢᠴᠢ ᠰᠢᠶᠠᠩᠭᠠᠩ ᠣᠣᠮᠧᠨ ᠲᠠᠶᠢᠸᠠᠨ ᠤ ᠪᠠᠯᠠ | ᠣᠷᠣᠭᠤᠯᠤᠭᠰᠠᠨ ᠠᠵᠤ ᠠᠬᠤᠶᠢᠯᠠᠯ 4.0% ᠨᠡᠮᠡᠭᠳᠡᠵᠦ᠂ ᠬᠤᠪᠢ ᠶᠢᠨ ᠡᠵᠡᠩᠨᠡᠯᠲᠡ ᠶᠢᠨ ᠠᠵᠤ ᠠᠬᠤᠶᠢᠯᠠᠯ 6.2% ᠨᠡᠮᠡᠭᠳᠡᠪᠡ᠃ ᠰᠢᠨ᠎ᠡ ᠬᠥᠳᠡᠯᠭᠡᠭᠴᠢ | ᠡᠨᠧᠷᠭᠢ ᠠᠴᠠ ᠦᠵᠡᠪᠡᠯ᠂ ᠲᠣᠨᠣᠭᠯᠠᠯ ᠦᠢᠯᠡᠳᠬᠦ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 39.8% ᠪᠠᠷ ᠨᠡᠮᠡᠭᠳᠡᠵᠦ᠂ ᠳᠡᠭᠡᠳᠦ | ᠮᠡᠷᠭᠡᠵᠢᠯ ᠤᠨ ᠦᠢᠯᠡᠳᠬᠦ ᠦᠢᠯᠡᠰ ᠤᠨ ᠨᠡᠮᠡᠭᠳᠡᠯ ᠥᠷᠲᠡᠭ 27.4% ᠪᠠᠷ ᠨᠡᠮᠡᠭᠳᠡᠵᠦ᠂ ᠲᠣᠰ ᠲᠣᠰ ᠪᠥᠬᠦ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠨᠡᠮᠡᠭᠳᠡᠯ ᠥᠷᠲᠡᠭ ᠠᠴᠠ 33.0 ᠪᠠ 20.6 ᠵᠠᠭᠤᠨ ᠤ ᠬᠤᠪᠢ ᠶᠢᠨ ᠴᠡᠭ ᠲᠦᠷᠭᠡᠨ ᠪᠣᠯᠵᠠᠶ᠃ ᠭᠤᠤᠯ ᠪᠣᠯᠬᠤ ᠦᠢᠯᠡᠳᠬᠦᠨ ᠠᠴᠠ ᠦᠵᠡᠪᠡᠯ | ᠂ ᠨᠡᠭᠦᠷᠡᠰᠦᠨ ᠤ ᠭᠠᠷᠤᠯᠲᠠ 11.8 ᠳ᠋ᠦᠩᠰᠢᠭᠤᠷ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.2% ᠢᠶᠠᠷ ᠨᠡᠮᠡᠭᠳᠡᠪᠡ︔ ᠴᠠᠬᠢᠯᠭᠠᠨ ᠭᠠᠷᠭᠠᠭᠰᠠᠨ | ᠬᠡᠮᠵᠢᠶ᠎ᠡ 7373.9 ᠳ᠋ᠦᠩᠰᠢᠭᠤᠷ ᠺᠢᠯᠤᠸᠠᠲ ᠴᠠᠭ ᠲᠤ ᠬᠦᠷᠴᠦ᠂ 9.0% ᠢᠶᠠᠷ ᠨᠡᠮᠡᠭᠳᠡᠪᠡ᠃ ᠡᠭᠦᠨ ᠳᠤ᠂ ᠰᠢᠨ᠎ᠡ ᠡᠨᠧᠷᠭᠢ ᠶᠢᠨ ᠴᠠᠬᠢᠯᠭᠠᠨ ᠭᠠᠷᠭᠠᠯᠲᠠ ᠶᠢᠨ | ᠬᠡᠮᠵᠢᠶ᠎ᠡ 1735.5 ᠳ᠋ᠦᠩᠰᠢᠭᠤᠷ ᠺᠢᠯᠤᠸᠠᠲ ᠴᠠᠭ ᠲᠤ ᠬᠦᠷᠴᠦ᠂ 25.4% ᠪᠠᠷ ᠨᠡᠮᠡᠭᠳᠡᠪᠡ᠃ 1-10 ᠳ᠋ᠤᠭᠠᠷ ᠰᠠᠷ᠎ᠠ ᠳᠤ᠂ ᠪᠥᠬᠦ ᠣᠷᠣᠨ ᠤ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠡᠵᠡᠩᠨᠡᠯᠲᠡ ᠶᠢᠨ ᠣᠷᠣᠯᠭ᠎ᠠ 23661.6 ᠳ᠋ᠦᠩᠰᠢᠭᠤᠷ ᠲᠥᠭᠦᠷᠢᠭ ᠢ | ᠪᠡᠶᠡᠯᠡᠭᠦᠯᠵᠦ᠂ ᠠᠰᠢᠭ ᠬᠤᠨᠵᠢᠪᠣᠷᠢ ᠶᠢᠨ ᠶᠡᠷᠦᠩᠬᠡᠶ ᠲᠤᠭ᠎ᠠ ᠨᠢ 2443.7 ᠳ᠋ᠦᠩᠰᠢᠭᠤᠷ ᠲᠥᠭᠦᠷᠢᠭ ᠲᠤ ᠬᠥᠷᠪᠡ᠃ | ᠬᠤᠶᠠᠷ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠲᠦᠷᠭᠡᠨ ᠨᠡᠮᠡᠭᠳᠡᠵᠦ᠂ ᠰᠠᠭᠤᠷᠢ ᠪᠡᠯᠡᠳᠬᠡᠮᠵᠢ ᠶᠢᠨ ᠪᠡᠯᠡ ᠣᠷᠣᠭᠤᠯᠤᠯᠲᠠ ᠶᠢᠨ ᠨᠡᠮᠡᠭᠳᠡᠯ ᠤᠨ | ᠬᠤᠷᠳᠤᠴᠠ ᠨᠡᠯᠢᠶᠡᠳ ᠲᠦᠷᠭᠡᠨ ᠪᠣᠯᠪᠠ᠃ | 1-11 ᠳ᠋ᠤᠭᠡᠷ ᠰᠠᠷ᠎ᠠ ᠳᠤ᠂ ᠪᠥᠬᠦ ᠣᠷᠣᠨ ᠤ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ︵ᠲᠠᠷᠢᠶᠠᠴᠢᠨ ᠡᠷᠦᠬᠡ ᠶᠢ ᠪᠠᠭᠲᠠᠭᠠᠬᠤ ᠥᠬᠡᠶ︶ ᠠᠳᠠᠯᠢ | ᠬᠤᠭᠤᠴᠠᠭᠠᠨ ᠤ ᠬᠢ ᠠᠴᠠ 13.0% ᠨᠡᠮᠡᠭᠳᠡᠵᠦ᠂ 1-10 ᠳ᠋ᠤᠭᠠᠷ ᠰᠠᠷ᠎ᠠ ᠶᠢᠨ ᠬᠢ ᠠᠴᠠ 1.6 ᠵᠠᠭᠤᠨ ᠤ ᠬᠤᠪᠢ ᠶᠢᠨ ᠴᠡᠭ ᠲᠦᠷᠭᠡᠳᠪᠡ᠃ ᠬᠦᠷᠢᠶ᠎ᠡ ᠴᠠᠷᠠᠭ᠎ᠠ | ᠬᠤᠪᠢᠶᠠᠵᠤ ᠦᠵᠡᠪᠡᠯ᠂ ᠰᠠᠭᠤᠷᠢ ᠪᠡᠯᠡᠳᠬᠡᠮᠵᠢ ᠶᠢᠨ ᠪᠠᠯᠠ ᠣᠷᠣᠭᠤᠯᠤᠯᠲᠠ 18.3% ᠪᠠᠷ ᠨᠡᠮᠡᠭᠳᠡᠵᠦ᠂ ᠦᠢᠯᠡᠳᠬᠦ ᠦᠢᠯᠡᠰ ᠤᠨ ᠪᠠᠯᠠ ᠣᠷᠣᠭᠤᠯᠤᠯᠲᠠ 0. | 6% ᠪᠠᠷ ᠨᠡᠮᠡᠭᠳᠡᠵᠦ᠂ ᠬᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠪᠠᠯᠠ ᠣᠷᠣᠭᠤᠯᠤᠯᠲᠠ 1.8% ᠪᠠᠷ ᠪᠠᠭᠤᠷᠠᠪᠠ᠃ ᠠᠵᠤ ᠦᠢᠯᠡᠰ ᠢᠶᠠᠷ | ᠬᠤᠪᠢᠶᠠᠵᠤ ᠦᠵᠡᠪᠡᠯ᠂ ᠨᠢᠭᠡᠳᠦᠭᠡᠷ ᠠᠵᠤ ᠦᠢᠯᠡᠰ ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 66.2% ᠢᠶᠠᠷ ᠨᠡᠮᠡᠭᠳᠡᠪᠡ︔ ᠬᠤᠶᠠᠳᠤᠭᠠᠷ | ᠠᠵᠤ ᠦᠢᠯᠡᠰ ᠤᠨ ᠪᠡᠯᠡ ᠣᠷᠣᠭᠤᠯᠤᠯᠲᠠ 14.4% ᠪᠠᠷ ᠨᠡᠮᠡᠭᠳᠡᠵᠦ᠂ ᠡᠭᠦᠨ ᠳᠤ ᠠᠵᠤ ᠦᠢᠯᠡᠳᠪᠦᠷᠢ ᠶᠢᠨ ᠪᠡᠯᠡ ᠣᠷᠣᠭᠤᠯᠤᠯᠲᠠ 14.4% ᠪᠠᠷ ᠨᠡᠮᠡᠭᠳᠡᠪᠡ︔ | ᠭᠤᠷᠪᠠᠳᠤᠭᠠᠷ ᠠᠵᠤ ᠦᠢᠯᠡᠰ ᠤᠨ ᠪᠠᠯᠠ ᠣᠷᠣᠭᠤᠯᠤᠯᠲᠠ 5.6% ᠪᠠᠷ ᠨᠡᠮᠡᠭᠳᠡᠪᠡ᠃ ᠠᠷᠠᠳ ᠤᠨ ᠪᠠᠯᠠ ᠣᠷᠣᠭᠤᠯᠤᠯᠲᠠ 4.7% ᠪᠠᠷ ᠨᠡᠮᠡᠭᠳᠡᠵᠦ᠂ ᠬᠡᠷ | ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠨᠡᠭᠡᠭᠡᠨ ᠬᠥᠭᠵᠢᠭᠦᠯᠦᠯᠲᠡ ᠶᠢᠨ ᠪᠠᠯᠠ ᠣᠷᠣᠭᠤᠯᠤᠯᠲᠠ᠂ ᠠᠷᠠᠳ ᠤᠨ ᠪᠠᠯᠠ ᠣᠷᠣᠭᠤᠯᠤᠯᠲᠠ 8.7% ᠪᠠᠷ | ᠨᠡᠮᠡᠭᠳᠡᠪᠡ᠃ | ᠭᠤᠷᠪᠠ᠂ ᠵᠠᠬ᠎ᠠ ᠳᠡᠯᠭᠡᠭᠦᠷ ᠤᠨ ᠪᠣᠷᠣᠯᠠᠭᠤᠯᠭ᠎ᠠ ᠦᠷᠭᠦᠯᠵᠢᠯᠡᠨ ᠳᠡᠭᠡᠭᠰᠢᠯᠡᠵᠦ᠂ ᠲᠠᠰ ᠳᠡᠪᠰᠢᠭᠰᠡᠨ ᠲᠥᠷᠥᠯ ᠤᠨ ᠲᠠᠸᠠᠷ ᠤᠨ ᠪᠣᠷᠣᠯᠠᠭᠤᠯᠭ᠎ᠠ ᠰᠠᠶᠢᠨ | ᠪᠠᠶᠢᠨ᠎ᠠ᠃ | 1-11 ᠳ᠋ᠤᠭᠡᠷ ᠰᠠᠷ᠎ᠠ ᠳᠤ᠂ ᠪᠥᠬᠦ ᠣᠷᠣᠨ ᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠤᠭ᠎ᠠ 5047.2 | ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.0% ᠢᠶᠠᠷ ᠨᠡᠮᠡᠭᠳᠡᠵᠦ᠂ 1-10 ᠳ᠋ᠤᠭᠠᠷ ᠰᠠᠷ᠎ᠠ ᠶᠢᠨ ᠬᠢ ᠠᠴᠠ 0.4 ᠵᠠᠭᠤᠨ ᠤ | ᠬᠤᠪᠢ ᠶᠢᠨ ᠴᠡᠭ ᠲᠦᠷᠭᠡᠳᠪᠡ᠃ ᠡᠵᠡᠩᠨᠡᠯᠲᠡ ᠶᠢᠨ ᠪᠠᠶᠢᠭ᠎ᠠ ᠭᠠᠵᠠᠷ ᠢᠶᠠᠷ ᠬᠤᠪᠢᠶᠠᠪᠠᠯ᠂ ᠬᠤᠲᠠ ᠪᠠᠯᠭᠠᠰᠤᠨ ᠤ ᠬᠡᠷᠡᠭᠯᠡᠭᠡᠨ ᠤ ᠵᠦᠢᠯ ᠤᠨ ᠵᠢᠵᠢᠭᠯᠡᠨ | ᠬᠤᠳᠠᠯᠳᠤᠭᠰᠠᠨ ᠲᠤᠭ᠎ᠠ 3.9% ᠨᠡᠮᠡᠭᠳᠡᠵᠦ᠂ ᠬᠥᠳᠡᠭᠡ ᠲᠣᠰᠬᠤᠨ ᠤ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ 4.7% ᠨᠡᠮᠡᠭᠳᠡᠪᠡ᠃ | ᠬᠡᠷᠡᠭᠯᠡᠭᠡᠨ ᠤ ᠲᠥᠷᠥᠯ ᠢᠶᠠᠷ ᠬᠤᠪᠢᠶᠠᠪᠠᠯ᠂ ᠢᠳᠡᠭᠡᠨ ᠤᠮᠳᠠᠭᠠᠨ ᠤ ᠣᠷᠣᠯᠭ᠎ᠠ 6.8% ᠨᠡᠮᠡᠭᠳᠡᠵᠦ᠂ ᠲᠠᠸᠠᠷ ᠤᠨ ᠵᠢᠵᠢᠭᠯᠡᠨ ᠪᠣᠷᠣᠯᠠᠭᠤᠯᠤᠯᠲᠠ 3.6% ᠨᠡᠮᠡᠭᠳᠡᠪᠡ | ᠃ ᠲᠡᠰ ᠳᠡᠪᠰᠢᠭᠦᠯᠬᠦ ᠲᠦᠷᠦᠯ ᠤᠨ ᠲᠠᠸᠠᠷ ᠤᠨ ᠪᠣᠷᠣᠯᠠᠭᠤᠯᠭ᠎ᠠ ᠶᠢᠨ ᠨᠡᠮᠡᠭᠳᠡᠯ ᠤᠨ ᠬᠠᠨᠳᠤᠰᠢ ᠨᠡᠯᠢᠶᠡᠳ ᠲᠦᠷᠭᠡᠨ ᠪᠠᠶᠢᠵᠤ᠂ ᠬᠢᠵᠠᠭᠠᠷᠯᠠᠭᠰᠠᠨ ᠲᠤᠭ᠎ᠠ ᠠᠴᠠ | ᠳᠡᠭᠡᠭᠰᠢᠬᠢ ᠰᠢᠨ᠎ᠡ ᠡᠨᠧᠷᠭᠢ ᠶᠢᠨ ᠰᠤᠷᠪᠤᠯᠵᠢ ᠬᠡᠷᠡᠭᠯᠡᠬᠦ ᠮᠠᠰᠢᠨ ᠲᠡᠷᠭᠡᠨ ᠤ ᠲᠦᠷᠦᠯ ᠤᠨ ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ 89.7% ᠪᠠᠷ | ᠨᠡᠮᠡᠭᠳᠡᠵᠦ᠂ ᠡᠮᠦᠰᠴᠦ ᠵᠡᠭᠦᠵᠦ ᠪᠣᠯᠬᠤ ᠤᠶᠤᠨᠲᠤ ᠲᠥᠬᠦᠭᠡᠷᠦᠮᠵᠢ 82.9% ᠪᠠᠷ ᠨᠡᠮᠡᠭᠳᠡᠵᠦ᠂ ᠮᠡᠳᠡᠭᠡ ᠬᠤᠯᠪᠣᠭᠠᠨ ᠤ ᠪᠠᠭᠠᠵᠢ ᠬᠡᠷᠡᠭᠰᠡᠯ ᠤᠨ ᠲᠦᠷᠦᠯ 78. | 8% ᠪᠠᠷ ᠨᠡᠮᠡᠭᠳᠡᠵᠦ᠂ ᠪᠡᠶ᠎ᠡ ᠶᠢᠨ ᠲᠠᠮᠢᠷ᠂ ᠵᠤᠭ᠎ᠠ ᠴᠡᠩᠭᠡᠯ ᠤᠨ ᠬᠡᠷᠡᠭᠰᠡᠯ ᠤᠨ ᠲᠦᠷᠦᠯ 49.7% ᠪᠠᠷ ᠨᠡᠮᠡᠭᠳᠡᠪᠡ᠃ | ᠳᠦᠷᠪᠡ᠂ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠬᠠᠩᠰᠢ ᠨᠠᠮᠵᠢᠭᠤᠨ ᠪᠥᠭᠡᠳ ᠡᠵᠡᠮᠳᠡᠵᠦ ᠪᠣᠯᠬᠤ ᠪᠤᠯᠵᠤ᠂ ᠠᠵᠤ ᠦᠢᠯᠡᠳᠪᠦᠷᠢ ᠶᠢᠨ | ᠦᠢᠯᠡᠳᠪᠦᠷᠢᠯᠡᠭᠴᠢᠳ ᠤᠨ ᠦᠨ᠎ᠡ ᠬᠠᠩᠰᠢ ᠠᠳᠠᠯᠢ ᠬᠤᠭᠤᠴᠠᠭᠠᠨ ᠤ ᠬᠢ ᠠᠴᠠ ᠪᠠᠭᠤᠷᠠᠪᠠ᠃ | 11 ᠳ᠋ᠤᠭᠡᠷ ᠰᠠᠷ᠎ᠠ ᠳᠤ᠂ ᠪᠥᠬᠦ ᠣᠷᠣᠨ ᠤ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠬᠠᠩᠰᠢ ︵CPI︶ ᠠᠳᠠᠯᠢ ᠬᠤᠭᠤᠴᠠᠭᠠᠨ ᠤ ᠬᠢ ᠠᠴᠠ 0. | 3% ᠪᠠᠷ ᠪᠠᠭᠤᠷᠠᠪᠠ᠂ ᠡᠭᠦᠨ ᠳᠤ ᠬᠤᠲᠠ᠂ ᠬᠥᠳᠡᠭᠡ ᠲᠣᠰᠬᠤᠨ ᠤ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠬᠠᠩᠰᠢ ᠴᠥᠮ 0.3% ᠪᠠᠷ ᠪᠠᠭᠤᠷᠠᠪᠠ᠃ | ᠲᠥᠷᠥᠯ ᠬᠤᠪᠢᠶᠠᠵᠤ ᠦᠵᠡᠪᠡᠯ᠂ ᠢᠳᠡᠭᠡᠨ ᠤᠮᠳᠠᠭᠠᠨ ᠠᠷᠢᠬᠢ ᠲᠠᠮᠠᠬᠢᠨ ᠤ ᠦᠨ᠎ᠡ ᠠᠳᠠᠯᠢ ᠬᠤᠭᠤᠴᠠᠭᠠᠨ ᠤ ᠬᠢ ᠠᠴᠠ 0.1% ᠪᠠᠷ ᠪᠠᠭᠤᠷᠠᠵᠤ᠂ ᠬᠤᠪᠴᠠᠰᠤ | ᠬᠤᠨᠠᠷ ᠤᠨ ᠦᠨ᠎ᠡ ᠬᠠᠩᠰᠢ 1.0% ᠪᠠᠷ ᠥᠰᠴᠦ᠂ ᠣᠷᠣᠨ ᠰᠠᠭᠤᠴᠠ ᠶᠢᠨ ᠦᠨ᠎ᠡ ᠬᠠᠩᠰᠢ 0.2% ᠢᠶᠠᠷ ᠪᠠᠭᠤᠷᠠᠵᠤ᠂ ᠠᠮᠢᠳᠤᠷᠠᠯ ᠤᠨ ᠬᠡᠷᠡᠭᠰᠡᠯ ᠵᠢᠴᠢ | ᠦᠢᠯᠡᠴᠢᠯᠡᠭᠡᠨ ᠤ ᠦᠨ᠎ᠡ ᠬᠠᠩᠰᠢ 1.4% ᠪᠠᠷ ᠥᠰᠴᠦ᠂ ᠵᠠᠮ ᠬᠠᠷᠢᠯᠴᠠᠭ᠎ᠠ ᠪᠠ ᠮᠡᠳᠡᠭᠡ ᠬᠤᠯᠪᠣᠭᠠᠨ ᠤ ᠦᠨ᠎ᠡ ᠬᠠᠩᠰᠢ 4.0% ᠪᠠᠷ ᠪᠠᠭᠤᠷᠠᠵᠤ᠂ ᠰᠤᠷᠭᠠᠨ | ᠬᠥᠮᠦᠵᠢᠯ ᠰᠣᠶᠣᠯ ᠵᠤᠭ᠎ᠠ ᠴᠡᠩᠭᠡᠯ ᠤᠨ ᠦᠨ᠎ᠡ ᠬᠠᠩᠰᠢ 0.4% ᠪᠠᠷ ᠥᠰᠴᠦ᠂ ᠡᠮ ᠡᠮᠨᠡᠯᠭᠡ ᠡᠷᠡᠭᠦᠯᠵᠢᠯ ᠤᠨ ᠦᠨ᠎ᠡ ᠬᠠᠩᠰᠢ 0.4% ᠪᠠᠷ ᠪᠠᠭᠤᠷᠠᠵᠤ᠂ | ᠪᠤᠰᠤᠳ ᠬᠡᠷᠡᠭᠰᠡᠯ ᠵᠢᠴᠢ ᠦᠢᠯᠡᠴᠢᠯᠡᠭᠡᠨ ᠤ ᠦᠨ᠎ᠡ ᠬᠠᠩᠰᠢ 6.7% ᠪᠠᠷ ᠥᠰᠴᠡᠶ᠃ | 1-11 ᠳ᠋ᠤᠭᠡᠷ ᠰᠠᠷ᠎ᠠ ᠳᠤ᠂ ᠪᠥᠬᠦ ᠣᠷᠣᠨ ᠤ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠬᠠᠩᠰᠢ ︵CPI︶ ᠨᠡᠶᠢᠲᠡ 0.3% ᠪᠠᠷ ᠥᠰᠴᠦ᠂ | ᠥᠰᠥᠯᠲᠡ ᠶᠢᠨ ᠬᠡᠮᠵᠢᠶ᠎ᠡ ᠨᠢ 1-10 ᠳ᠋ᠤᠭᠠᠷ ᠰᠠᠷ᠎ᠠ ᠶᠢᠨ ᠬᠢ ᠲᠠᠢ ᠲᠡᠩᠴᠡᠪᠡ᠃ ᠠᠵᠤ ᠦᠢᠯᠡᠳᠪᠦᠷᠢ ᠶᠢᠨ ᠦᠢᠯᠡᠳᠪᠦᠷᠢᠯᠡᠭᠴᠢ ᠶᠢᠨ ᠦᠢᠯᠡᠳᠪᠦᠷᠢ ᠠᠴᠠ | ᠭᠠᠷᠭᠠᠬᠤ ᠦᠨ᠎ᠡ ᠬᠠᠩᠰᠢ ᠨᠡᠶᠢᠲᠡ 3.4% ᠪᠠᠷ ᠪᠠᠭᠤᠷᠠᠵᠤ᠂ ᠪᠠᠭᠤᠷᠠᠯᠲᠠ ᠶᠢᠨ ᠬᠡᠮᠵᠢᠶ᠎ᠡ ᠨᠢ 1-10 ᠳ᠋ᠤᠭᠠᠷ ᠰᠠᠷ᠎ᠠ ᠶᠢᠨ ᠬᠢ ᠠᠴᠠ 0.2 ᠵᠠᠭᠤᠨ ᠤ | ᠬᠤᠪᠢ ᠶᠢᠨ ᠴᠡᠭ ᠪᠠᠭᠠᠰᠴᠠᠶ︔ ᠠᠵᠤ ᠦᠢᠯᠡᠳᠪᠦᠷᠢ ᠶᠢᠨ ᠦᠢᠯᠡᠳᠪᠦᠷᠢᠯᠡᠭᠴᠢ ᠶᠢᠨ ᠬᠤᠳᠠᠯᠳᠤᠨ ᠠᠪᠬᠤ ᠦᠨ᠎ᠡ ᠬᠠᠩᠰᠢ ᠨᠡᠶᠢᠲᠡ 2.9% ᠪᠠᠷ ᠪᠠᠭᠤᠷᠠᠵᠤ᠂ | ᠪᠠᠭᠤᠷᠠᠯᠲᠠ ᠶᠢᠨ ᠬᠡᠮᠵᠢᠶ᠎ᠡ ᠨᠢ 1-10 ᠳ᠋ᠤᠭᠠᠷ ᠰᠠᠷ᠎ᠠ ᠶᠢᠨ ᠬᠢ ᠲᠠᠢ ᠲᠡᠩᠴᠡᠪᠡ᠃ | ᠶᠡᠷᠦᠩᠬᠡᠶ ᠳᠤᠨᠢ ᠠᠪᠴᠤ ᠦᠵᠡᠪᠡᠯ᠂ ᠦᠯᠡᠳᠡᠭᠡᠯ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠬᠦᠴᠦᠯᠡᠬᠦ᠂ ᠨᠡᠮᠡᠭᠳᠡᠯ ᠤᠨ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠬᠤ ᠶᠢ ᠳᠠᠭᠠᠯᠳᠤᠨ᠂ 1 - 11 ᠳ᠋ᠤᠭᠡᠷ ᠰᠠᠷ᠎ᠠ ᠳᠤ᠂ ᠪᠥᠬᠦ ᠣᠷᠣᠨ ᠤ ᠠᠵᠤ ᠠᠬᠤᠶ ᠶᠢᠨ ᠠᠵᠢᠯᠯᠠᠭᠠᠨ ᠶᠡᠷᠦᠩᠬᠡᠶ ᠳᠡᠭᠡᠨ ᠲᠣᠭᠲᠠᠭᠤᠨ ᠪᠠᠶᠢᠵᠤ᠂ | ᠣᠯᠠᠨ ᠠᠵᠢᠯ ᠲᠥᠷᠥᠯ ᠤᠨ ᠬᠦᠷᠢᠶᠡᠨ ᠳᠤ ᠲᠣᠭᠲᠠᠭᠤᠨ ᠪᠠᠶᠢᠯᠭᠠᠬᠤ ᠶᠢᠨ ᠵᠡᠷᠭᠡ ᠳᠤ ᠲᠦᠷᠭᠡᠳᠬᠡᠬᠦ ᠪᠠᠶᠢᠳᠠᠯ ᠢᠯᠡᠷᠡᠪᠡ᠃ ᠭᠡᠪᠡᠴᠦ᠂ ᠪᠦᠲᠦᠮᠵᠢᠲᠡᠶ ᠬᠡᠷᠡᠭᠴᠡᠭᠡ | ᠮᠥᠨ ᠬᠦ ᠬᠦᠷᠦᠯᠴᠡᠬᠦ ᠥᠬᠡᠶ᠂ ᠬᠡᠰᠡᠭ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠮᠥᠨ ᠬᠦ ᠬᠦᠴᠢᠷᠳᠡᠯᠲᠡᠶ᠂ ᠠᠵᠤ ᠠᠬᠤᠶ ᠦᠷᠭᠦᠯᠵᠢᠯᠡᠨ | ᠳᠡᠭᠡᠭᠰᠢᠯᠡᠵᠦ ᠰᠠᠶᠢᠵᠢᠷᠠᠬᠤ ᠰᠠᠭᠤᠷᠢ ᠶᠢ ᠮᠥᠨ ᠬᠦ ᠪᠠᠬᠢᠵᠢᠭᠦᠯᠬᠦ ᠴᠢᠬᠤᠯᠠᠲᠠᠶ ᠪᠠᠶᠢᠬᠤ ᠶᠢ ᠣᠯᠵᠤ ᠬᠠᠷᠠᠬᠤ ᠬᠡᠷᠡᠭᠲᠡᠶ᠃ ᠲᠠᠷᠠᠭᠠᠴᠢ ᠶᠢᠨ ᠱᠠᠲᠤᠨ ᠳᠤ᠂ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ | ᠂ ᠲᠥᠪ ᠤᠨ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠤ ᠠᠵᠢᠯ ᠤᠨ ᠱᠠᠭᠠᠷᠳᠠᠯᠭ᠎ᠠ ᠶᠣᠰᠣᠭᠠᠷ᠂ ᠢᠲᠡᠭᠡᠯ ᠵᠣᠷᠢᠭ ᠢᠶᠠᠨ ᠪᠠᠲᠤᠳᠬᠠᠵᠤ᠂ ᠬᠦᠴᠢᠷ ᠢ ᠰᠥᠷᠥᠨ | ᠤᠷᠤᠭᠰᠢᠯᠠᠵᠤ᠂ ᠲᠥᠷᠥ ᠶᠢᠨ ᠪᠣᠳᠣᠯᠭ᠎ᠠ ᠶᠢᠨ ᠵᠣᠯᠭᠠᠯᠴᠠᠭ᠎ᠠ ᠶᠢ ᠨᠢᠭᠡᠳᠦᠯᠲᠡᠶ ᠲᠥᠯᠥᠪᠵᠢᠭᠦᠯᠦᠨ ᠰᠠᠶᠢᠲᠤᠷ ᠬᠢᠵᠦ᠂ ᠲᠥᠷᠥ ᠶᠢᠨ ᠪᠣᠳᠣᠯᠭ᠎ᠠ ᠶᠢᠨ ᠬᠠᠮᠲᠤᠷᠠᠯ | ᠬᠦᠴᠦᠨ ᠢ ᠴᠢᠩᠭᠠᠳᠬᠠᠵᠤ᠂ ᠠᠵᠤ ᠠᠬᠤᠶ ᠶᠢᠨ ᠦᠷᠭᠦᠯᠵᠢᠯᠡᠨ ᠲᠣᠭᠲᠠᠭᠤᠨ ᠡᠷᠡᠭᠦᠯ ᠢᠶᠠᠷ ᠬᠥᠭᠵᠢᠬᠦ ᠶᠢ ᠠᠬᠢᠭᠤᠯᠵᠤ᠂ ᠪᠥᠬᠦ ᠵᠢᠯ ᠤᠨ ᠠᠵᠤ ᠠᠬᠤᠶ ᠨᠡᠶᠢᠭᠡᠮ ᠤᠨ | ᠬᠥᠭᠵᠢᠯᠲᠡ ᠶᠢᠨ ᠬᠠᠷᠠᠯᠲᠠ ᠡᠭᠦᠷᠭᠡ ᠶᠢ ᠴᠢᠷᠮᠠᠶᠢᠨ ᠪᠡᠶᠡᠯᠡᠭᠦᠯᠬᠦ ᠬᠡᠷᠡᠭᠲᠡᠶ᠃ | | |