︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠵᠢᠯ ᠤᠨ ᠨᠥᠯᠥᠭᠡᠨ ᠤ ᠡᠪᠡᠳᠴᠢᠨ ᠢ ᠰᠡᠷᠭᠡᠶᠢᠯᠡᠨ ᠵᠠᠰᠠᠬᠤ ᠬᠠᠤᠯᠢ︾ ᠶᠢᠨ ᠬᠤᠯᠪᠣᠭᠳᠠᠯ | ᠪᠦᠬᠦᠢ ᠲᠣᠭᠲᠠᠭᠠᠯ ᠢ ᠦᠨᠳᠦᠰᠦᠯᠡᠨ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠶᠠᠮᠤᠨ᠂ ᠤᠯᠤᠰ ᠤᠨ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠣᠪᠴᠢᠶ᠎ᠠ᠂ ᠪᠦᠬᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ ᠤᠨ | ᠬᠠᠮᠲᠤᠷᠠᠭᠰᠠᠨ ᠵᠣᠬᠢᠶᠠᠨ ᠪᠠᠶᠢᠭᠤᠯᠤᠯᠲᠠ ᠠᠴᠠ ᠠᠵᠢᠯ ᠤᠨ ᠨᠥᠯᠥᠭᠡᠨ ᠤ ᠡᠪᠡᠳᠴᠢᠨ ᠤ ᠠᠩᠭᠢᠯᠠᠯ ᠪᠠ ᠭᠠᠷᠴᠠᠭ ᠲᠤ ᠲᠣᠬᠢᠷᠠᠭᠤᠯᠤᠯᠲᠠ ᠬᠢᠪᠡ᠃ ᠲᠣᠬᠢᠷᠠᠭᠤᠯᠤᠯᠲᠠ | ᠬᠢᠭᠰᠡᠨ ᠤ ᠳᠠᠷᠠᠭᠠᠬᠢ ︽ᠠᠵᠢᠯ ᠤᠨ ᠨᠥᠯᠥᠭᠡᠨ ᠤ ᠡᠪᠡᠳᠴᠢᠨ ᠤ ᠠᠩᠭᠢᠯᠠᠯ ᠪᠠ ᠭᠠᠷᠴᠠᠭ︾ ᠢ 2025 ᠣᠨ ᠤ 8 ᠰᠠᠷ᠎ᠠ ᠶᠢᠨ 1 ᠤ ᠡᠳᠦᠷ ᠠᠴᠠ ᠡᠬᠢᠯᠡᠵᠦ | ᠬᠡᠷᠡᠭᠵᠢᠭᠦᠯᠦᠨ᠎ᠡ᠃ | ︽ᠭᠠᠷᠴᠠᠭ︾ ᠢ ᠤᠤᠯ ᠤᠨ 10 ᠶᠡᠭᠡ ᠲᠦᠷᠦᠯ ᠤᠨ 132 ᠵᠦᠢᠯ ᠤᠨ ᠠᠵᠢᠯ ᠤᠨ ᠨᠥᠯᠥᠭᠡᠨ ᠤ ᠡᠪᠡᠳᠴᠢᠨ ᠪᠠᠶᠢᠭᠰᠠᠨ ᠠᠴᠠ 12 ᠶᠡᠭᠡ ᠲᠦᠷᠦᠯ ᠤᠨ | 135 ᠵᠦᠢᠯ ᠤᠨ ᠠᠵᠢᠯ ᠤᠨ ᠨᠥᠯᠥᠭᠡᠨ ᠤ ᠡᠪᠡᠳᠴᠢᠨ ︵4 ᠵᠦᠢᠯ ᠤᠨ ᠨᠡᠭᠡᠭᠡᠯᠲᠡᠲᠤ ᠴᠢᠨᠠᠷᠲᠠᠢ ᠵᠦᠢᠯ ᠵᠤᠷᠪᠤᠰ ᠢ ᠪᠠᠭᠲᠠᠭᠠᠨ᠎ᠠ︶ ᠪᠣᠯᠭᠠᠨ ᠲᠣᠬᠢᠷᠠᠭᠤᠯᠵᠠᠢ᠃ | ᠪᠣᠳᠠᠲᠠᠢ ᠲᠣᠬᠢᠷᠠᠭᠤᠯᠤᠯᠲᠠ ᠬᠢᠭᠰᠡᠨ ᠪᠠᠶᠢᠳᠠᠯ ᠨᠢ ᠳᠣᠣᠷᠠᠬᠢ ᠮᠡᠲᠦ᠄ | ᠠᠵᠢᠯ ᠤᠨ ᠨᠥᠯᠥᠭᠡᠨ ᠤ ᠡᠪᠡᠳᠴᠢᠨ ᠤ ᠲᠥᠷᠥᠯ ᠢᠯᠭᠠᠯ ᠢ ᠰᠢᠨ᠎ᠡ ᠪᠠᠷ 2 ᠨᠡᠮᠡᠵᠦ᠂ ᠲᠣᠰ ᠲᠣᠰ ᠲᠤᠬᠠᠶᠢᠯᠠᠭᠰᠠᠨ ᠠᠵᠢᠯ ᠤᠨ ᠴᠢᠨᠠᠷᠲᠠᠢ ᠪᠤᠯᠴᠢᠩ | ᠶᠠᠰᠤᠨ ᠤ ᠡᠪᠡᠳᠴᠢᠨ᠂ ᠲᠤᠬᠠᠶᠢᠯᠠᠭᠰᠠᠨ ᠠᠵᠢᠯ ᠤᠨ ᠴᠢᠨᠠᠷᠲᠠᠢ ᠣᠶᠤᠨ ᠰᠠᠨᠠᠭ᠎ᠠ ᠪᠠ ᠦᠶᠯᠡ ᠠᠵᠢᠯᠯᠠᠭ᠎ᠠ ᠶᠢᠨ ᠬᠠᠷᠰᠢ ᠡᠪᠡᠳᠴᠢᠨ ᠪᠣᠯᠣᠨ᠎ᠠ᠂ ᠲᠥᠷᠥᠯ | ᠪᠦᠷᠢ ᠳᠤ ᠲᠣᠰ ᠲᠣᠰ 1 ᠵᠦᠢᠯ ᠤᠨ ᠠᠵᠢᠯ ᠤᠨ ᠨᠥᠯᠥᠭᠡᠨ ᠤ ᠡᠪᠡᠳᠴᠢᠨ ᠰᠢᠨ᠎ᠡ ᠪᠠᠷ ᠨᠡᠮᠡᠭᠳᠡᠪᠡ᠃ ᠨᠢᠭᠡ ᠳᠤ᠂ ᠲᠤᠬᠠᠶᠢᠯᠠᠭᠰᠠᠨ ᠠᠵᠢᠯ ᠤᠨ ᠴᠢᠨᠠᠷᠲᠠᠢ | ᠪᠤᠯᠴᠢᠩ ᠶᠠᠰᠤᠨ ᠤ ᠡᠪᠡᠳᠴᠢᠨ ᠤ ᠲᠥᠷᠥᠯ ᠳᠤ ᠰᠢᠨ᠎ᠡ ᠪᠠᠷ ᠨᠡᠮᠡᠭᠳᠡᠭᠰᠡᠨ ᠨᠢ ᠪᠠᠭᠤᠤ ᠶᠢᠨ ᠭᠤᠤᠷᠰᠤ ᠶᠢᠨ ᠨᠡᠶᠢᠯᠡᠭ ᠭᠡᠮ ︵ᠤᠷᠲᠤ ᠬᠤᠭᠤᠴᠠᠭ᠎ᠠ ᠪᠠᠷ | ᠪᠠᠭᠤᠤ ᠶᠢᠨ ᠬᠡᠰᠡᠭ ᠳᠠᠪᠲᠠᠨ ᠠᠵᠢᠯᠯᠠᠬᠤ ᠪᠤᠶᠤ ᠬᠦᠴᠦᠯᠡᠨ ᠠᠵᠢᠯᠯᠠᠳᠠᠭ ᠦᠢᠯᠡᠳᠪᠦᠷᠢ ᠶᠢᠨ ᠠᠵᠢᠯᠴᠢᠨ︶᠃ ᠬᠤᠶᠠᠷ ᠲᠤ ᠠᠵᠢᠯ ᠮᠡᠷᠭᠡᠵᠢᠯ ᠤᠨ ᠴᠢᠨᠠᠷᠲᠠᠢ ᠣᠶᠣᠨ | ᠰᠠᠨᠠᠭ᠎ᠠ ᠪᠠ ᠦᠢᠯᠡ ᠠᠵᠢᠯᠯᠠᠭ᠎ᠠ ᠶᠢᠨ ᠬᠠᠷᠰᠢ ᠡᠪᠡᠳᠴᠢᠨ ᠤ ᠲᠥᠷᠥᠯ ᠳᠤ ᠰᠢᠨ᠎ᠡ ᠪᠠᠷ ᠨᠡᠮᠡᠭᠳᠡᠭᠰᠡᠨ ᠨᠢ ᠰᠢᠷᠬᠠᠲᠤᠯ ᠤᠨ ᠳᠠᠷᠠᠭᠠᠬᠢ ᠰᠡᠷᠡᠯᠵᠢᠯ ᠤᠨ ᠬᠠᠷᠰᠢ | ᠰᠠᠭᠠᠳ ︵ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠳᠤ ᠣᠷᠣᠯᠴᠠᠭᠰᠠᠨ ᠠᠷᠠᠳ ᠤᠨ ᠴᠠᠭᠳᠠᠭ᠎ᠠ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠠᠵᠢᠯᠲᠠᠨ᠂ ᠭᠠᠯ | ᠤᠨᠲᠠᠷᠠᠭᠠᠵᠤ ᠠᠪᠤᠷᠠᠨ ᠲᠤᠰᠠᠯᠠᠬᠤ ᠵᠡᠷᠭᠡ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠠᠵᠢᠯᠲᠠᠨ ᠢᠶᠠᠷ ᠬᠢᠵᠠᠭᠠᠷᠯᠠᠨ᠎ᠠ︶ ᠪᠣᠯᠣᠨ᠎ᠠ᠃ | | |