ᠬᠥᠬᠡᠬᠤᠲᠠ ᠶᠢᠨ ᠬᠢᠨ ︽ᠢᠲᠡᠭᠡᠮᠵᠢ ᠶᠢᠨ ᠠᠮᠠᠯᠠᠯᠲᠠ + ᠠᠯᠤᠰ ᠠᠴᠠ ᠬᠠᠶᠢᠨ ᠰᠢᠯᠭᠠᠬᠤ︾ ᠬᠡᠰᠡᠭᠴᠢᠯᠡᠭᠰᠡᠨ ᠬᠠᠮ ᠦᠢᠯᠡᠴᠢᠯᠡᠭᠡ ᠶᠢ ᠬᠡᠷᠡᠭᠵᠢᠭᠦᠯᠵᠦ ᠪᠣᠢ
ᠨᠡᠶᠢᠲᠡᠯᠡᠭᠰᠡᠨ ᠴᠠᠭ᠄
2024/12/26
      ᠨᠢᠭᠡ ᠳᠤ᠂ ︽ᠠᠯᠤᠰ ᠠᠴᠠ ᠬᠠᠶᠢᠨ ᠰᠢᠯᠭᠠᠬᠤ + ᠡᠮᠦᠨᠡᠬᠢ ᠬᠤᠭᠤᠴᠠᠭᠠᠨ ᠤ ᠵᠢᠯᠣᠭᠤᠳᠤᠯᠭ᠎ᠠ︾ ᠪᠠᠷ ᠳᠡᠪᠰᠢᠭᠦᠯᠦᠭᠰᠡᠨ ᠮᠠᠲ᠋ᠧᠷᠢᠶᠠᠯ ᠤᠨ ᠠᠩᠬᠠᠨ ᠤ ᠬᠢᠨᠠᠯᠲᠠ ᠳᠤ ᠪᠠᠲᠤᠯᠠᠭᠳᠠᠬᠤ ᠨᠣᠷᠮ᠎ᠠ ᠶᠢ ᠳᠡᠭᠡᠭᠰᠢᠯᠡᠭᠦᠯᠪᠡ᠃ ︽ᠠᠯᠤᠰ ᠠᠴᠠ ᠬᠠᠶᠢᠨ ᠰᠢᠯᠭᠠᠬᠤ + ᠡᠮᠦᠨᠡᠬᠢ ᠬᠤᠭᠤᠴᠠᠭᠠᠨ ᠤ ᠵᠢᠯᠣᠭᠤᠳᠣᠯᠭ᠎ᠠ︾ ᠶᠢ ᠭᠤᠶᠤᠴᠢᠯᠠᠭᠰᠠᠨ ᠠᠵᠤ ᠠᠬᠤᠶᠢᠯᠠᠯ ᠳᠤ᠂ ᠬᠠᠶᠢᠨ ᠰᠢᠯᠭᠠᠬᠤ ᠲᠤᠰᠬᠠᠶ ᠠᠵᠢᠯᠲᠠᠨ ᠢ ᠲᠡᠷᠡ ᠳᠠᠷᠤᠶ ᠳᠤ ᠨᠢ ᠠᠵᠤ ᠠᠬᠤᠶᠢᠯᠠᠯ ᠲᠠᠢ ᠵᠣᠯᠭᠠᠭᠤᠯᠵᠤ ᠵᠢᠯᠣᠭᠤᠳᠬᠤ ᠦᠢᠯᠡᠴᠢᠯᠡᠭᠡ ᠶᠢ ᠰᠠᠶᠢᠲᠤᠷ ᠬᠢᠯᠭᠡᠵᠦ᠂ ᠠᠵᠤ ᠠᠬᠤᠶᠢᠯᠠᠯ ᠳᠠᠬᠢ ᠬᠠᠶᠢᠨ ᠰᠢᠯᠭᠠᠯᠲᠠ ᠶᠢ ᠲᠣᠰ ᠡᠳᠦᠷ ᠲᠤ ᠨᠢ ᠰᠢᠯᠭᠠᠨ ᠠᠪᠴᠤ ᠲᠤᠰ ᠡᠳᠦᠷ ᠲᠤ ᠨᠢ ᠪᠠᠲᠤᠯᠠᠭᠳᠠᠬᠤ ᠶᠢ ᠪᠡᠶᠡᠯᠡᠭᠦᠯᠪᠡ᠃ ᠣᠳᠣᠬᠠᠨ ᠪᠣᠯᠲᠠᠯ᠎ᠠ᠂ ︽ᠠᠯᠤᠰ ᠠᠴᠠ ᠬᠠᠶᠢᠨ ᠰᠢᠯᠭᠠᠬᠤ + ᠡᠮᠦᠨᠡᠬᠢ ᠬᠤᠭᠤᠴᠠᠭᠠᠨ ᠤ ᠵᠢᠯᠣᠭᠤᠳᠣᠯᠭ᠎ᠠ︾ ᠶᠢ ᠨᠡᠶᠢᠲᠡ 547 ᠤᠳᠠᠭ᠎ᠠ ᠭᠦᠢᠴᠡᠳᠬᠡᠪᠡ᠃ ᠬᠤᠶᠠᠷ ᠲᠤ᠂ ︽ᠠᠯᠤᠰ ᠠᠴᠠ ᠬᠠᠶᠢᠨ ᠰᠢᠯᠭᠠᠬᠤ + ᠠᠮᠠᠯᠠᠯᠲᠠ ᠪᠠᠷ ᠬᠠᠶᠢᠨ ᠰᠢᠯᠭᠠᠬᠤ ᠶᠢ ᠭᠡᠯᠲᠦᠷᠢᠭᠦᠯᠬᠦ︾ ᠪᠠᠷ ᠢᠲᠡᠭᠡᠮᠵᠢ ᠲᠠᠢ ᠠᠵᠤ ᠠᠬᠤᠶᠢᠯᠠᠯ ᠤᠨ ᠲᠤᠰᠢᠶᠠᠬᠤ ᠴᠢᠬᠤᠯᠠᠲᠠᠢ ᠪᠢᠴᠢᠭ ᠮᠠᠲ᠋ᠧᠷᠢᠶᠠᠯ ᠤᠨ ᠲᠤᠭ᠎ᠠ ᠬᠡᠮᠵᠢᠶ᠎ᠡ ᠶᠢ ᠬᠠᠰᠤᠵᠤ ᠭᠡᠯᠲᠦᠷᠢᠭᠦᠯᠪᠡ᠃ ᠬᠡᠰᠡᠭ ᠤᠴᠢᠷ ᠶᠠᠪᠤᠳᠠᠯ ᠤᠳ ᠨᠢ ᠠᠮᠠᠯᠠᠯᠲᠠ ᠶᠢᠨ ᠳᠦᠷᠢᠮ ᠳᠤ ᠬᠠᠷᠢᠶᠠᠯᠠᠭᠳᠠᠬᠤ ᠪᠥᠭᠡᠳ ᠳᠠᠷᠤᠶᠢᠬᠠᠨ ᠰᠢᠢᠳᠪᠦᠷᠢᠯᠡᠬᠦ ᠪᠠᠶᠢᠳᠠᠯ ᠳᠤ ᠨᠡᠶᠢᠴᠡᠭᠦᠯᠦᠨ᠂ ᠠᠵᠤ ᠠᠬᠤᠶᠢᠯᠠᠯ ᠤᠨ ᠢᠲᠡᠭᠡᠮᠵᠢ ᠶᠢᠨ ᠲᠡᠮᠳᠡᠭᠯᠡᠯ ᠢ ᠬᠢᠨᠠᠨ ᠬᠠᠷᠭᠤᠭᠤᠯᠤᠭᠠᠳ ᠠᠵᠤ ᠠᠬᠤᠶᠢᠯᠠᠯ ᠤᠨ ᠢᠲᠡᠭᠡᠮᠵᠢ ᠪᠠᠨ ᠠᠯᠳᠠᠵᠤ ᠭᠡᠷ᠎ᠡ ᠠᠴᠠ ᠪᠠᠨ ᠵᠥᠷᠢᠴᠡᠭᠰᠡᠨ ᠪᠠᠶᠢᠳᠠᠯ ᠣᠷᠣᠰᠢᠬᠤ ᠦᠭᠡᠢ ᠪᠠᠶᠢᠬᠤ ᠶᠢ ᠮᠡᠳᠡᠭᠰᠡᠨ ᠤᠷᠢᠲᠠᠯ ᠳᠣᠣᠷ᠎ᠠ᠂ ᠠᠵᠤ ᠠᠬᠤᠶᠢᠯᠠᠯ ᠨᠢ ᠠᠮᠠᠯᠠᠯᠲᠠ ᠶᠢᠨ ᠪᠢᠴᠢᠭ ᠲᠤ ᠭᠠᠷ ᠤᠨ ᠦᠰᠦᠭ ᠵᠢᠷᠤᠵᠤ ᠳᠠᠷᠠᠭ᠎ᠠ ᠨᠢ ᠠᠯᠤᠰ ᠠᠴᠠ ᠸᠢᠳᠢᠣ᠋ ᠪᠠᠷ ᠬᠠᠶᠢᠨ ᠰᠢᠯᠭᠠᠵᠤ᠂ ᠬᠠᠶᠢᠨ ᠰᠢᠯᠭᠠᠬᠤ ᠪᠦᠬᠦ ᠶᠠᠪᠤᠴᠠ ᠳᠤ ᠪᠠᠨ ᠳᠦᠷᠰᠦ ᠰᠢᠩᠭᠡᠭᠡᠯᠲᠡ ᠬᠢᠵᠦ ᠭᠡᠷᠡᠴᠢ ᠦᠯᠡᠳᠡᠭᠡᠨ᠎ᠡ᠃ ᠣᠳᠣᠬᠠᠨ ᠪᠣᠯᠲᠠᠯ᠎ᠠ᠂ ︽ᠠᠯᠤᠰ ᠠᠴᠠ ᠬᠠᠶᠢᠨ ᠰᠢᠯᠭᠠᠬᠤ + ᠠᠮᠠᠯᠠᠯᠲᠠ ᠪᠠᠷ ᠬᠠᠶᠢᠨ ᠰᠢᠯᠭᠠᠬᠤ ᠶᠢ ᠭᠡᠯᠲᠦᠷᠢᠭᠦᠯᠬᠦ︾ ᠶᠢ ᠨᠡᠶᠢᠲᠡ 185 ᠤᠳᠠᠭ᠎ᠠ ᠭᠦᠢᠴᠡᠳᠬᠡᠪᠡ᠃ ᠭᠤᠷᠪᠠ ᠳᠤ᠂ ︽ᠠᠯᠤᠰ ᠠᠴᠠ ᠬᠠᠶᠢᠨ ᠰᠢᠯᠭᠠᠬᠤ + ᠲᠤᠰᠢᠶᠠᠬᠤ ᠴᠢᠬᠤᠯᠠᠲᠠᠢ ᠪᠢᠴᠢᠭ ᠮᠠᠲ᠋ᠧᠷᠢᠶᠠᠯ ᠤᠨ ᠳᠤᠲᠠᠭᠤ ᠶᠢ ᠪᠠᠭᠲᠠᠭᠠᠨ ᠬᠠᠶᠢᠨ ᠰᠢᠯᠭᠠᠬᠤ︾ ᠪᠠᠷ ᠢᠲᠡᠭᠡᠮᠵᠢ ᠲᠠᠢ ᠠᠵᠤ ᠠᠬᠤᠶᠢᠯᠠᠯ ᠳᠤ ᠭᠤᠶᠤᠴᠢᠯᠠᠨ ᠭᠦᠢᠴᠡᠳᠬᠡᠬᠦ ᠨᠥᠬᠦᠴᠡᠯ ᠢ ᠠᠭᠤᠵᠢᠭᠤ ᠲᠠᠯᠪᠢᠵᠤ ᠥᠭᠪᠡ᠃ ᠠᠵᠤ ᠠᠬᠤᠶᠢᠯᠠᠯ ᠤᠨ ᠢᠲᠡᠭᠡᠮᠵᠢ ᠶᠢᠨ ᠲᠡᠮᠳᠡᠭᠯᠡᠯ ᠢ ᠬᠢᠨᠠᠨ ᠬᠠᠷᠭᠤᠭᠤᠯᠤᠭᠠᠳ᠂ ᠠᠵᠤ ᠠᠬᠤᠶᠢᠯᠠᠯ ᠨᠢ ᠢᠲᠡᠭᠡᠮᠵᠢ ᠠᠯᠳᠠᠭᠰᠠᠨ ᠦᠭᠡᠢ ᠪᠠ ᠭᠡᠷ᠎ᠡ ᠶᠢ ᠵᠥᠷᠢᠴᠡᠭᠰᠡᠨ ᠦᠭᠡᠢ ᠪᠠᠶᠢᠳᠠᠯ ᠳᠣᠣᠷ᠎ᠠ᠂ ᠠᠵᠤ ᠠᠬᠤᠶᠢᠯᠠᠯ ᠤᠨ ᠬᠠᠶᠢᠨ ᠰᠢᠯᠭᠠᠬᠤ ᠳᠤ ᠳᠤᠲᠠᠭᠤᠳᠠᠵᠤ ᠪᠠᠶᠢᠭ᠎ᠠ ᠬᠡᠰᠡᠭ ᠲᠤᠰᠢᠶᠠᠬᠤ ᠴᠢᠬᠤᠯᠠᠲᠠᠢ ᠪᠢᠴᠢᠭ ᠮᠠᠲ᠋ᠧᠷᠢᠶᠠᠯ ᠦᠭᠡᠢ ᠪᠠᠶᠢᠳᠠᠯ ᠳᠤ ᠤᠷᠢᠳ ᠢᠶᠠᠷ ᠲᠤᠬᠠᠶ ᠶᠢᠨ ᠲᠠᠯᠠᠪᠤᠷ ᠲᠤ ᠨᠢ ᠬᠠᠶᠢᠨ ᠰᠢᠯᠭᠠᠬᠤ ᠶᠢ ᠵᠥᠪᠰᠢᠶᠡᠷᠡᠵᠦ᠂ ᠬᠠᠶᠢᠨ ᠰᠢᠯᠭᠠᠭᠰᠠᠨ ᠤ ᠳᠠᠷᠠᠭ᠎ᠠ ᠴᠡᠭᠴᠡᠯᠡᠨ ᠰᠠᠶᠢᠵᠢᠷᠠᠭᠤᠯᠬᠤ ᠰᠠᠨᠠᠯ ᠢᠶᠠᠨ ᠨᠢᠭᠡ ᠯᠡ ᠤᠳᠠᠭ᠎ᠠ ᠳᠤ ᠮᠡᠳᠡᠭᠳᠡᠵᠦ᠂ ᠠᠵᠤ ᠠᠬᠤᠶᠢᠯᠠᠯ ᠪᠦᠬᠦᠨ ᠢ ᠴᠡᠭᠴᠡᠯᠡᠨ ᠰᠠᠶᠢᠵᠢᠷᠠᠭᠤᠯᠬᠤ ᠡᠭᠦᠷᠭᠡ ᠪᠠᠨ ᠪᠡᠶᠡᠯᠡᠭᠦᠯᠦᠭᠰᠡᠨ ᠤ ᠳᠠᠷᠠᠭ᠎ᠠ᠂ ᠠᠯᠤᠰ ᠠᠴᠠ ᠬᠠᠶᠢᠨ ᠰᠢᠯᠭᠠᠬᠤ ᠠᠷᠭ᠎ᠠ ᠮᠠᠶ᠋ᠢᠭ ᠢᠶᠠᠷ ᠲᠤᠬᠠᠶ ᠶᠢᠨ ᠲᠠᠯᠠᠪᠤᠷ ᠲᠤ ᠨᠢ ᠳᠠᠬᠢᠨᠲᠠ ᠬᠠᠶᠢᠨ ᠰᠢᠯᠭᠠᠬᠤ᠂ ᠰᠦᠯᠵᠢᠶᠡᠨ ᠳᠡᠭᠡᠷ᠎ᠡ ᠳᠤᠲᠠᠭᠤ ᠶᠢ ᠨᠢ ᠪᠠᠭᠲᠠᠭᠠᠨ ᠲᠤᠰᠢᠶᠠᠬᠤ ᠴᠢᠬᠤᠯᠠᠲᠠᠢ ᠪᠢᠴᠢᠭ ᠮᠠᠲ᠋ᠧᠷᠢᠶᠠᠯ ᠤᠳ ᠢ ᠨᠥᠬᠦᠪᠦᠷᠢᠯᠡᠨ ᠲᠤᠰᠢᠶᠠᠯᠭᠠᠵᠤ᠂ ᠠᠵᠤ ᠠᠬᠤᠶᠢᠯᠠᠯ ᠳᠠᠬᠢ ᠬᠠᠶᠢᠨ ᠰᠢᠯᠭᠠᠯᠲᠠ ᠶᠢ ᠬᠦᠯᠢᠶᠡᠬᠦ ᠴᠠᠭ ᠪᠠ ᠵᠠᠰᠠᠭ ᠵᠠᠬᠢᠷᠭᠠᠨ ᠤ ᠥᠪᠡᠷ ᠤᠨ ᠥᠷᠲᠡᠭ ᠤᠨ ᠬᠤᠷᠣᠭᠳᠠᠯ ᠢ ᠪᠠᠭᠠᠰᠬᠠᠪᠠ᠃ ᠣᠳᠣᠬᠠᠨ ᠪᠣᠯᠲᠠᠯ᠎ᠠ᠂ ︽ᠠᠯᠤᠰ ᠠᠴᠠ ᠬᠠᠶᠢᠨ ᠰᠢᠯᠭᠠᠬᠤ + ᠲᠤᠰᠢᠶᠠᠬᠤ ᠴᠢᠬᠤᠯᠠᠲᠠᠢ ᠪᠢᠴᠢᠭ ᠮᠠᠲ᠋ᠧᠷᠢᠶᠠᠯ ᠤᠨ ᠳᠤᠲᠠᠭᠤ ᠶᠢ ᠪᠠᠭᠲᠠᠭᠠᠨ ᠬᠠᠶᠢᠨ ᠰᠢᠯᠭᠠᠬᠤ︾ ᠶᠢ ᠨᠡᠶᠢᠲᠡ 101 ᠤᠳᠠᠭ᠎ᠠ ᠭᠦᠢᠴᠡᠳᠬᠡᠪᠡ᠃ ᠳᠥᠷᠪᠡ ᠳᠤ᠂ ︽ᠡᠯᠧᠺᠲᠷᠣᠨ ᠲᠠᠩᠰᠠ ᠡᠪᠬᠡᠮᠡᠯ + ᠪᠥᠬᠦ ᠶᠠᠪᠤᠴᠠ ᠳᠤ ᠮᠥᠷ ᠦᠯᠡᠳᠡᠭᠡᠬᠦ︾ ᠪᠠᠷ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠵᠢᠷᠤᠮᠵᠢᠯ ᠢ ᠦᠨᠡᠨ ᠬᠦ ᠪᠠᠲᠤᠯᠠᠪᠠ᠃ ᠡᠯᠧᠺᠲᠷᠣᠨ ᠲᠠᠩᠰᠠ ᠡᠪᠬᠡᠮᠡᠯ ᠤᠨ ᠲᠤᠭ᠎ᠠ ᠪᠠᠷᠢᠮᠲᠠ ᠶᠢᠨ ᠬᠥᠮᠥᠷᠭᠡ ᠶᠢ ᠡᠭᠦᠳᠦᠨ ᠪᠠᠶᠢᠭᠤᠯᠵᠤ᠂ ᠬᠠᠶᠢᠨ ᠰᠢᠯᠭᠠᠬᠤ ᠵᠠᠩᠭᠢᠯᠠᠭ᠎ᠠ ᠶᠢᠨ ᠲᠤᠭ᠎ᠠ ᠪᠠᠷᠢᠮᠲᠠ ᠶᠢᠨ ᠪᠥᠬᠦ ᠶᠠᠪᠤᠴᠠ ᠶᠢᠨ ᠪᠢᠲᠡᠭᠦᠮᠵᠢᠯᠡᠭᠰᠡᠨ ᠲᠠᠩᠰᠠ ᠡᠪᠬᠡᠮᠡᠯ ᠳᠤ ᠣᠷᠣᠭᠤᠯᠬᠤ ᠲᠣᠭᠲᠠᠴᠠ ᠶᠢ ᠪᠠᠶᠢᠭᠤᠯᠪᠠ᠃ ᠣᠳᠣᠬᠠᠨ ᠳᠤ᠂ ᠡᠮᠴᠢᠯᠡᠭᠡᠨ ᠤ ᠪᠠᠭᠠᠵᠢ ᠬᠡᠷᠡᠭᠰᠡᠯ ᠢ ᠡᠵᠡᠩᠨᠡᠬᠦ ᠵᠥᠪᠰᠢᠶᠡᠷᠡᠯ ︵ᠪᠦᠷᠢᠳᠬᠡᠨ ᠳᠠᠩᠰᠠᠯᠠᠬᠤ︶᠂ ᠬᠥᠳᠡᠯᠮᠦᠷᠢ ᠦᠢᠯᠡᠴᠢᠯᠡᠭᠡ ᠲᠣᠮᠢᠯᠠᠬᠤ ᠳᠦᠷᠢᠮ ᠤᠨ ᠡᠵᠡᠩᠨᠡᠯᠲᠡ ᠶᠢᠨ ᠵᠥᠪᠰᠢᠶᠡᠷᠡᠯ ᠵᠡᠷᠭᠡ 5 ᠵᠦᠢᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠰᠢᠯᠢᠳᠡᠭ ᠢ ᠨᠢ ᠰᠣᠩᠭᠤᠨ ᠭᠠᠷᠭᠠᠵᠤ᠂ ︽ᠲᠠᠩᠰᠠ ᠡᠪᠬᠡᠮᠡᠯ ᠤᠨ ᠬᠠᠮᠢᠶᠠᠷᠤᠯᠲᠠ ᠶᠢ ᠡᠯᠧᠺᠲᠷᠣᠨᠴᠢᠯᠡᠬᠦ︾ ᠲᠤᠷᠰᠢᠯᠲᠠ ᠶᠢᠨ ᠴᠡᠭ ᠢ ᠬᠡᠷᠡᠭᠵᠢᠭᠦᠯᠵᠦ᠂ ᠬᠠᠶᠢᠨ ᠰᠢᠯᠭᠠᠭᠰᠠᠨ ᠲᠠᠩᠰᠠ ᠡᠪᠬᠡᠮᠡᠯ ᠢ ᠵᠡᠷᠭᠡ ᠪᠠᠷ ᠳᠡᠭᠡᠭᠰᠢ ᠳᠠᠮᠵᠢᠭᠤᠯᠬᠤ ᠪᠠ ᠨᠥᠭᠡᠴᠡᠯᠡᠬᠦ ᠶᠢ ᠪᠡᠶᠡᠯᠡᠭᠦᠯᠪᠡ᠃ ︵ᠬᠥᠬᠡᠬᠤᠲᠠ ᠶᠢᠨ ᠵᠠᠰᠠᠭ ᠤᠨ ᠣᠷᠳᠣᠨ︶
ᠢᠷᠡᠯᠲᠡ᠄ ᠦᠪᠦᠷ ᠮᠣᠩᠭᠤᠯ ᠤᠨ ᠠᠷᠠᠳ ᠤᠨ ᠵᠠᠰᠠᠭ ᠤᠨ ᠣᠷᠳᠣᠨ