ᠠᠯᠳ᠋ᠬᠠᠮᠡᠭᠡᠯ ᠪᠠᠯᠭᠠᠰᠤ ᠶᠢᠨ ᠲᠠᠷᠭᠤᠨᠬᠤᠸᠠ ᠭᠠᠴᠠᠭ᠎ᠠ ᠶᠢᠨ ᠬᠤᠪᠢ ᠣᠷᠣᠭᠤᠯᠤᠭᠰᠠᠨ ᠠᠵᠤ ᠠᠬᠤᠢ ᠶᠢᠨ ᠬᠤᠷᠰᠢᠶᠠᠵᠢᠯ ᠠᠩᠬᠠᠳᠤᠭᠠᠷ ᠬᠤᠭᠤᠴᠠᠭᠠᠨ ᠤ ᠬᠤᠶᠠᠳᠤᠭᠠᠷ ᠤᠳᠠᠭᠠᠨ ᠤ ᠬᠤᠪᠢ ᠣᠷᠣᠭᠤᠯᠤᠭᠴᠢᠳ ᠤᠨ ᠲᠥᠯᠥᠭᠡᠯᠡᠭᠴᠢᠳ ᠤᠨ ᠶᠡᠭᠡ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/12/26
      12 ᠰᠠᠷ᠎ᠠ ᠶᠢᠨ 25  ᠤ ᠡᠳᠦᠷ᠂ ᠠᠯᠳ᠋ᠬᠠᠮᠡᠭᠡᠯ ᠪᠠᠯᠭᠠᠰᠤ ᠶᠢᠨ ᠲᠠᠷᠭᠤᠨᠬᠤᠸᠠ ᠭᠠᠴᠠᠭ᠎ᠠ ᠶᠢᠨ ᠬᠤᠪᠢ ᠣᠷᠣᠭᠤᠯᠤᠭᠰᠠᠨ ᠠᠵᠤ ᠠᠬᠤᠢ ᠶᠢᠨ ᠬᠤᠷᠰᠢᠶᠠᠵᠢᠯ ᠠᠩᠬᠠᠳᠤᠭᠠᠷ ᠬᠤᠭᠤᠴᠠᠭᠠᠨ ᠤ ᠬᠤᠶᠠᠳᠤᠭᠠᠷ ᠤᠳᠠᠭᠠᠨ ᠤ ᠬᠤᠪᠢ ᠣᠷᠣᠭᠤᠯᠤᠭᠴᠢᠳ ᠤᠨ ᠲᠥᠯᠥᠭᠡᠯᠡᠭᠴᠢᠳ ᠤᠨ ᠶᠡᠭᠡ ᠬᠤᠷᠠᠯ ᠢ ᠬᠤᠷᠠᠯᠳᠤᠭᠤᠯᠪᠠ᠃ ᠬᠤᠰᠢᠭᠤᠨ ᠤ ᠳᠠᠭᠠᠭᠠᠴᠢᠯᠠᠨ ᠬᠤᠯᠪᠣᠭᠠᠯᠠᠭᠰᠠᠨ ᠵᠢᠯᠤᠭᠤᠳᠬᠤ ᠳᠤᠭᠤᠶᠢᠯᠠᠩ ᠵᠢᠴᠢ ᠠᠯᠳ᠋ᠬᠠᠮᠡᠭᠡᠯ ᠪᠠᠯᠭᠠᠰᠤ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠵᠢᠴᠢ ᠲᠠᠷᠭᠤᠨᠬᠤᠸᠠ ᠭᠠᠴᠠᠭ᠎ᠠ ᠶᠢᠨ ᠬᠠᠮᠲᠤ ᠶᠢᠨ ᠠᠵᠤ ᠠᠬᠤᠢ ᠶᠢᠨ ᠬᠤᠪᠢ ᠣᠷᠣᠭᠤᠯᠤᠭᠰᠠᠨ ᠬᠤᠷᠰᠢᠶᠠᠵᠢᠯ ᠤᠨ ᠬᠤᠪᠢ ᠣᠷᠣᠭᠤᠯᠤᠭᠴᠢᠳ ᠤᠨ ᠲᠥᠯᠥᠭᠡᠯᠡᠭᠴᠢ ᠬᠤᠷᠠᠯ ᠳᠤ ᠣᠷᠣᠯᠴᠠᠪᠠ᠃
12.26阿镇.jpg
      ᠬᠤᠷᠠᠯ ᠠᠴᠠ᠂ ᠲᠠᠪᠤᠨ ᠶᠡᠭᠡ ᠬᠤᠪᠢ ᠣᠷᠣᠭᠤᠯᠤᠭᠰᠠᠨ ᠬᠤᠷᠰᠢᠶᠠᠵᠢᠯ ᠤᠨ ᠳᠦᠷᠢᠮ ᠢ ᠬᠢᠨᠠᠨ ᠵᠥᠪᠯᠡᠵᠦ ᠪᠠᠲᠤᠯᠠᠵᠤ᠂ ᠬᠡᠷᠡᠭ ᠡᠷᠬᠢᠯᠡᠭᠴᠢᠳ ᠤᠨ ᠵᠥᠪᠯᠡᠯ ᠪᠣᠯᠣᠨ ᠬᠡᠷᠡᠭ ᠬᠢᠨᠠᠭᠴᠢᠳ ᠤᠨ ᠵᠥᠪᠯᠡᠯ ᠢ ᠥᠭᠡᠷᠡᠴᠢᠯᠡᠨ ᠰᠣᠩᠭᠤᠵᠤ᠂ ᠲᠠᠪᠤᠨ ᠶᠡᠭᠡ ᠬᠤᠷᠰᠢᠶᠠᠵᠢᠯ ᠤᠨ ᠬᠡᠷᠡᠭ ᠡᠷᠬᠢᠯᠡᠭᠴᠢᠳ ᠤᠨ ᠳᠠᠷᠤᠭ᠎ᠠ᠂ ᠬᠡᠷᠡᠭ ᠬᠢᠨᠠᠭᠴᠢᠳ ᠤᠨ ᠳᠠᠷᠤᠭ᠎ᠠ ᠶᠢ ᠰᠣᠩᠭᠤᠨ ᠭᠠᠷᠭᠠᠪᠠ᠃      ᠳᠠᠷᠠᠭᠠᠴᠢ ᠶᠢᠨ ᠠᠯᠬᠤᠮ ᠳᠤ᠂ ᠠᠯᠳ᠋ᠬᠠᠮᠡᠭᠡᠯ ᠪᠠᠯᠭᠠᠰᠤ ᠶᠢᠨ ᠲᠠᠷᠭᠤᠨᠬᠤᠸᠠ ᠭᠠᠴᠠᠭ᠎ᠠ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠨ᠂ ᠭᠠᠴᠠᠭ᠎ᠠ ᠶᠢᠨ ᠪᠣᠳᠠᠲᠤ ᠪᠠᠶᠢᠳᠠᠯ ᠳᠤ ᠲᠣᠬᠢᠷᠠᠬᠤ ᠬᠥᠭᠵᠢᠯᠲᠡ ᠶᠢᠨ ᠠᠷᠭ᠎ᠠ ᠵᠠᠮ ᠢ ᠲᠠᠰᠤᠷᠠᠯᠲᠠ ᠦᠭᠡᠢ ᠬᠠᠶᠢᠨ ᠰᠦᠪᠡᠭᠴᠢᠯᠡᠵᠦ᠂ ︽ᠭᠤᠷᠪᠠ ᠶᠢ ᠬᠤᠪᠢᠷᠠᠭᠤᠯᠬᠤ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠡᠷᠴᠢᠮᠵᠢᠭᠰᠡᠨ᠂ ᠬᠡᠪᠴᠢᠶᠡᠵᠢᠭᠰᠡᠨ᠂ ᠣᠨᠴᠠᠯᠢᠬᠵᠢᠭᠰᠠᠨ ᠬᠥᠭᠵᠢᠯᠲᠡ ᠶᠢ ᠪᠡᠶᠡᠯᠡᠭᠦᠯᠵᠦ᠂ ᠮᠠᠯᠵᠢᠬᠤ ᠣᠷᠣᠨ ᠤ ︽ᠠᠮᠢᠳᠤᠯᠢᠭ ᠪᠣᠰᠤ︾ ᠡᠬᠢ ᠪᠠᠶᠠᠯᠢᠭ ᠢ ᠠᠮᠢᠯᠠᠭᠤᠯᠤᠨ᠂ ᠮᠠᠯᠴᠢᠳ ᠤᠨ ᠣᠷᠣᠯᠭ᠎ᠠ ᠶᠢ ᠨᠡᠮᠡᠭᠳᠡᠭᠦᠯᠬᠦ᠂ ᠠᠵᠤ ᠦᠢᠯᠡᠰ ᠤᠨ ᠦᠷ᠎ᠡ ᠠᠰᠢᠭ ᠢ ᠨᠡᠮᠡᠭᠳᠡᠭᠦᠯᠬᠦ ᠪᠠ ᠠᠮᠢ ᠠᠬᠤᠢ ᠶᠢᠨ ᠥᠷᠲᠡᠭ ᠢ ᠨᠡᠮᠡᠭᠳᠡᠭᠦᠯᠬᠦ ᠶᠢ ᠪᠥᠬᠦ ᠲᠠᠯ᠎ᠠ ᠪᠠᠷ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠣᠲᠣᠭᠠᠳᠤ ᠶᠢᠨ ᠠᠮᠢᠳᠤᠯᠢᠭ ᠬᠦᠴᠦᠨ ᠢ ᠪᠦᠲᠦᠮᠵᠢᠲᠡᠶ ᠬᠥᠭᠵᠢᠭᠡᠵᠦ᠂ ᠮᠠᠯ ᠠᠵᠤ ᠠᠬᠤᠢ ᠶᠢᠨ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠶᠢ ᠯᠠᠪᠳᠠᠭᠤᠨ ᠢᠶᠠᠷ ᠠᠬᠢᠭᠤᠯᠤᠨ᠎ᠠ᠃
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ