12 ᠰᠠᠷ᠎ᠠ ᠶᠢᠨ 26 ᠤ ᠡᠳᠦᠷ᠂ ᠮᠠᠨ ᠤ ᠬᠤᠰᠢᠭᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠵᠥᠪᠯᠡᠯ ᠤᠨ ᠪᠥᠬᠦᠳᠡ ᠬᠤᠷᠠᠯ | ᠬᠤᠷᠠᠯᠳᠤᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠ ᠰᠢ ᠶᠢᠨ ᠫᠢᠩ ᠤᠨ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠶᠢ | ᠭᠦᠨᠵᠡᠭᠡᠢ ᠰᠤᠷᠤᠯᠴᠠᠨ ᠲᠤᠤᠱᠯᠠᠭᠤᠯᠵᠤ᠂ ᠡᠨᠡ ᠵᠢᠯ ᠠᠴᠠ ᠨᠠᠰᠢᠬᠢ ᠪᠦᠭᠦ ᠬᠤᠰᠢᠭᠤᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠠᠵᠢᠯ ᠢ | ᠪᠦᠭᠦ ᠲᠠᠯ᠎ᠠ ᠪᠠᠷ ᠳ᠋ᠦᠩᠨᠡᠨ᠂ ᠲᠠᠷᠠᠭᠠᠴᠢ ᠶᠢᠨ ᠠᠯᠬᠤᠮ ᠤᠨ ᠭᠤᠣᠯᠳᠠᠯᠭ᠎ᠠ ᠲᠠᠢ ᠠᠵᠢᠯ ᠢ ᠨᠠᠷᠢᠨ ᠬᠢᠨᠠᠮᠠᠭᠠᠢ ᠪᠠᠶᠢᠷᠢᠯᠠᠭᠤᠯᠵᠤ᠂ ᠬᠤᠯᠪᠣᠭᠳᠠᠯ ᠪᠦᠬᠦᠢ ᠳᠦᠷᠢᠮ | ᠲᠣᠭᠲᠠᠭᠠᠯ ᠢ ᠰᠤᠳᠤᠯᠤᠨ ᠬᠢᠨᠠᠨ ᠵᠥᠪᠯᠡᠵᠦ ᠪᠠᠲᠤᠯᠠᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ | ᠬᠤᠰᠢᠭᠤᠨ ᠳᠠᠷᠤᠭ᠎ᠠ ᠸᠠᠩ ᠰᠢᠶᠣᠣ ᠹᠧᠢ ᠬᠤᠷᠠᠯ ᠡᠷᠭᠢᠯᠡᠪᠡ᠃ | ᠬᠤᠷᠠᠯ ᠠᠴᠠ᠂ ᠪᠥᠬᠦ ᠬᠤᠰᠢᠭᠤᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠠᠵᠢᠯ ᠢ ᠥᠷᠨᠢᠭᠦᠯᠦᠭᠰᠡᠨ ᠪᠠᠶᠢᠳᠠᠯ ᠢ ᠰᠣᠨᠣᠰᠴᠤ᠂ | ᠬᠤᠯᠪᠣᠭᠳᠠᠯ ᠪᠦᠬᠦᠢ ᠠᠵᠢᠯ ᠤᠨ ᠨᠠᠷᠢᠨ ᠳᠦᠷᠢᠮ ᠢ ᠬᠢᠨᠠᠨ ᠵᠥᠪᠯᠡᠵᠦ ᠪᠠᠲᠤᠯᠠᠪᠠ᠃ | ᠪᠥᠬᠦ ᠬᠤᠰᠢᠭᠤᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠵᠥᠪᠯᠡᠯ ᠤᠨ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠢ | ᠸᠠᠩ ᠰᠢᠶᠣᠣ ᠹᠸᠢ᠂ ᠡᠯ᠎ᠡ ᠪᠦᠷᠢᠯᠳᠦᠭᠦᠨ ᠨᠢᠭᠡᠴᠡ ᠡᠷᠬᠡᠪᠰᠢ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠤᠯᠤᠰ ᠲᠥᠷᠥ ᠶᠢᠨ | ᠬᠠᠷᠢᠭᠤᠴᠠᠯᠭ᠎ᠠ ᠶᠢ ᠤᠬᠠᠮᠰᠠᠷ ᠠᠴᠠ ᠪᠠᠨ ᠡᠭᠦᠷᠭᠡᠯᠡᠬᠦ ᠬᠡᠷᠡᠭᠲᠡᠢ︔ ᠲᠠᠶᠢᠨ ᠳᠤ ᠪᠡᠯᠡᠳᠬᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠳᠠᠶᠢᠴᠢᠯᠠᠯᠲᠠ ᠶᠢᠨ ᠡᠭᠦᠷᠭᠡ ᠬᠠᠷᠢᠭᠤᠴᠠᠯᠭ᠎ᠠ ᠶᠢ ᠴᠢᠩᠭᠠᠳᠬᠠᠬᠤ ᠬᠡᠷᠡᠭᠲᠡᠢ︔ ᠶᠡᠭᠡ ᠲᠠᠯ᠎ᠠ ᠳᠤ ᠦᠢᠯᠡᠴᠢᠯᠡᠬᠦ ᠳᠤ ᠰᠠᠭᠤᠷᠢᠯᠠᠨ᠂ ᠤᠯᠤᠰ ᠤᠨ | ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠠᠭᠤᠰᠤᠯᠴᠠᠨ ᠰᠢᠨ᠎ᠡ ᠶᠢ ᠡᠭᠦᠳᠬᠦ ᠬᠦᠭᠵᠢᠯᠲᠡ ᠶᠢ ᠠᠬᠢᠭᠤᠯᠬᠤ ᠬᠡᠷᠡᠭᠲᠡᠢ︔ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠳᠠᠶᠢᠴᠢᠯᠠᠯᠲᠠ ᠶᠢᠨ ᠠᠵᠢᠯ ᠢ ᠰᠡᠳᠬᠢᠯ ᠳᠡᠭᠡᠨ ᠬᠠᠳᠠᠩᠰᠢᠭᠤᠯᠵᠤ᠂ ᠮᠥᠷᠥᠨ ᠳᠡᠭᠡᠨ ᠡᠭᠦᠷᠦᠨ᠂ ᠭᠠᠷ ᠲᠠᠭᠠᠨ ᠠᠳᠬᠤᠵᠤ᠂ ᠠᠵᠤ ᠠᠬᠤᠢ ᠶᠢᠨ | ᠪᠦᠲᠦᠭᠡᠨ ᠪᠠᠶᠢᠭᠤᠯᠤᠯᠲᠠ ᠪᠠ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠠᠶᠢᠭᠤᠯᠤᠯᠲᠠ ᠶᠢᠨ ᠬᠠᠷᠢᠴᠠᠭ᠎ᠠ ᠶᠢ ᠵᠥᠪ ᠢᠶᠠᠷ ᠰᠢᠢᠳᠪᠦᠷᠢᠯᠡᠵᠦ᠂ ᠳᠠᠪᠬᠤᠷ ᠡᠭᠦᠷᠭᠡ | ᠬᠠᠷᠢᠭᠤᠴᠠᠯᠭ᠎ᠠ ᠶᠢ ᠨᠠᠷᠢᠨ ᠬᠢᠨᠠᠮᠠᠭᠠᠢ ᠬᠦᠢᠢᠴᠠᠣᠠᠭᠡᠵᠤ᠂ ᠪᠦᠭᠦ ᠬᠤᠰᠢᠭᠤᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠠᠵᠢᠯ ᠳᠤ ᠬᠦᠢᠴᠣᠠ | ᠴᠢᠳᠠᠯ ᠢᠶᠠᠨ ᠡᠷᠭᠦᠬᠦ ᠬᠡᠷᠡᠭᠲᠡᠢ ᠭᠡᠵᠦ ᠱᠠᠭᠠᠷᠳᠠᠪᠠ᠃ | | | |