ᠦᠪᠡᠷᠲᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠠᠴᠠ ᠤᠶᠢᠯᠠᠭᠠᠭᠰᠠᠨ ᠢᠢᠡᠷ᠂ | ᠡᠨᠡ ᠵᠢᠯ ᠮᠠᠨ ᠤ ᠤᠷᠤᠨ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠡᠳ᠋ ᠬᠥᠷᠥᠩᠭᠡ᠂ ᠡᠬᠢ ᠪᠠᠶᠠᠯᠢᠭ ᠪᠠ ᠪᠠᠯᠠ ᠮᠥᠩᠭᠦ ᠶᠢᠨ ᠬᠠᠮᠢᠶᠠᠷᠤᠯᠲᠠ ᠶᠢ | ᠦᠷᠭᠦᠯᠵᠢᠯᠡᠨ ᠴᠢᠩᠭᠠᠳᠬᠠᠵᠤ᠂ ᠮᠠᠯᠵᠢᠬᠤ ᠲᠠᠷᠢᠶᠠᠯᠠᠬᠤ ᠤᠷᠤᠨ ᠤ ᠬᠠᠮᠲᠤ ᠶᠢᠨ ᠪᠠ ᠮᠠᠯᠴᠢᠨ ᠲᠠᠷᠢᠶᠠᠴᠢᠨ ᠤ ᠬᠤᠪᠢ ᠶᠢᠨ ᠡᠬᠢ ᠪᠠᠶᠠᠯᠢᠭ ᠡᠳ᠋ ᠬᠥᠷᠥᠩᠭᠡ ᠶᠢ | ᠤᠯᠠᠮ ᠨᠢᠬᠡ ᠠᠯᠬᠤᠮ ᠠᠮᠢᠯᠠᠭᠤᠯᠵᠤ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠤᠨ᠂ ᠬᠠᠮᠲᠤ ᠶᠢᠨ ᠡᠳ᠋ ᠬᠥᠷᠥᠩᠭᠡ ᠶᠢᠨ ᠬᠡᠷᠡᠭᠯᠡᠯᠲᠡ ᠶᠢᠨ ᠨᠣᠷᠮ᠎ᠠ ᠶᠢ | ᠪᠦᠳᠦᠮᠵᠢᠳᠠᠢ ᠳᠡᠭᠡᠭᠰᠢᠯᠡᠭᠦᠯᠬᠦ ᠶᠢᠨ ᠬᠠᠮᠳᠤ᠂ 12 ᠠᠶᠢᠮᠠᠭ ᠬᠤᠲᠠ ᠶᠢᠨ 97 ᠬᠤᠰᠢᠭᠤ ᠰᠢᠶᠠᠨ ᠤ 844 ᠭᠠᠴᠠᠭ᠎ᠠ ᠲᠣᠰᠬᠤᠨ ᠳᠤ ᠮᠠᠯᠵᠢᠬᠤ ᠲᠠᠷᠢᠶᠠᠯᠠᠬᠤ | ᠣᠷᠣᠨ ᠤ ᠰᠢᠨ᠎ᠡ ᠬᠡᠯᠪᠡᠷᠢ ᠶᠢᠨ ᠬᠠᠮᠲᠤ ᠶᠢᠨ ᠠᠵᠤ ᠠᠬᠤᠶ ᠶᠢᠨ ᠬᠥᠭᠵᠢᠯᠲᠡ ᠶᠢᠨ ᠲᠥᠷᠥᠯ ᠵᠦᠢᠯ ᠢ ᠬᠡᠷᠡᠭᠵᠢᠭᠦᠯᠪᠡ᠃ | ᠡᠨᠡ ᠵᠢᠯ ᠮᠠᠨ ᠤ ᠤᠷᠤᠨ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ ᠬᠠᠮᠢᠶᠠᠷᠤᠯᠲᠠ | ᠪᠠ ᠲᠦᠷᠢᠮ ᠤᠨ ᠪᠠᠶᠢᠭᠤᠯᠤᠯᠲᠠ ᠵᠡᠷᠭᠡ 4 ᠲᠠᠯ᠎ᠠ ᠶᠢᠨ 19 ᠲᠥᠷᠥᠯ ᠤᠨ ᠪᠣᠳᠠᠲᠠᠶ ᠠᠰᠠᠭᠤᠳᠠᠯ ᠤᠨ ᠲᠣᠭᠤᠷᠢᠨ ᠳᠤ ᠬᠠᠮᠲᠤ ᠶᠢᠨ ᠡᠳ᠋ ᠬᠥᠷᠥᠩᠭᠡ᠂ ᠡᠬᠢ ᠪᠠᠶᠠᠯᠢᠭ | ᠪᠠ ᠪᠠᠯᠠ ᠮᠥᠩᠭᠦ ᠶᠢᠨ ᠬᠠᠮᠢᠶᠠᠷᠤᠯᠲᠠ ᠶᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠥᠷᠨᠢᠭᠦᠯᠵᠦ᠂ ᠪᠥᠬᠦ ᠤᠯᠤᠰ ᠤᠨ | ᠬᠥᠳᠡᠭᠡ ᠲᠣᠰᠬᠤᠨ ᠤ ᠬᠠᠮᠲᠤ ᠶᠢᠨ ᠡᠳ᠋ ᠬᠥᠷᠥᠩᠭᠡ ᠶᠢᠨ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠰᠢᠰᠲ᠋ᠧᠮ ᠤᠨ ᠬᠠᠷᠠᠯᠲᠠ ᠡᠭᠦᠷᠭᠡ ᠶᠢ ᠳᠠᠪᠠᠭᠤᠯᠤᠨ | ᠪᠡᠶᠡᠯᠡᠭᠦᠯᠪᠠ᠃ ᠣᠳᠣᠬᠠᠨ ᠪᠣᠯᠲᠠᠯ᠎ᠠ ᠪᠥᠬᠦ ᠣᠷᠣᠨ ᠤ ᠭᠠᠴᠠᠭ᠎ᠠ ᠲᠣᠰᠬᠤᠨ ᠤ ᠪᠥᠬᠦ ᠤᠯᠤᠰ ᠤᠨ ᠬᠥᠳᠡᠭᠡ ᠲᠣᠰᠬᠤᠨ ᠤ ᠬᠠᠮᠲᠤ ᠶᠢᠨ ᠡᠳ᠋ ᠬᠥᠷᠥᠩᠭᠡ ᠶᠢᠨ | ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠰᠢᠰᠲ᠋ᠧᠮ ᠳᠤ ᠲᠠᠩᠰᠠ ᠪᠠᠶᠢᠭᠤᠯᠤᠭᠰᠠᠨ ᠨᠣᠷᠮ᠎ᠠ 99.9% ᠳᠤ ᠬᠦᠷᠴᠦ᠂ ᠠᠰᠢᠭᠯᠠᠯᠲᠠ ᠳᠤ ᠤᠷᠤᠭᠤᠯᠤᠭᠰᠠᠨ | ᠨᠣᠷᠮ᠎ᠠ ᠨᠢ 87% ᠳᠤ ᠬᠦᠷᠴᠠᠢ᠃ | ᠤᠳᠤ ᠦᠪᠡᠷᠲᠡᠭᠡᠨ ᠵᠠᠰᠠᠬᠤ ᠤᠷᠤᠨ ᠠᠴᠠ ᠨᠢᠬᠡᠨᠳᠡ ᠪᠥᠬᠦ ᠣᠷᠣᠨ ᠤ 11399 ᠬᠠᠮᠲᠤ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠶᠢᠨ ᠡᠬᠢ | ᠪᠠᠶᠠᠯᠢᠭ ᠤᠨ ᠴᠢᠨᠠᠷᠲᠠᠶ ᠡᠳ᠋ ᠬᠥᠷᠥᠩᠭᠡ᠂ ᠡᠵᠡᠩᠨᠡᠯᠲᠡ ᠶᠢᠨ ᠴᠢᠨᠠᠷᠲᠠᠶ ᠡᠳ᠋ ᠬᠥᠷᠥᠩᠭᠡ ᠪᠠ ᠡᠵᠡᠩᠨᠡᠯᠲᠡ ᠶᠢᠨ ᠪᠤᠰᠤ ᠴᠢᠨᠠᠷᠲᠠᠶ ᠡᠳ᠋ ᠬᠥᠷᠥᠩᠭᠡ ᠳᠤ ᠣᠨ ᠤ | ᠪᠠᠶᠢᠴᠠᠭᠠᠯᠲᠠ ᠬᠢᠵᠦ᠂ 1143.4 ᠳ᠋ᠦᠩᠰᠢᠭᠤᠷ ᠲᠥᠭᠦᠷᠢᠭ ᠤᠨ ᠬᠠᠮᠲᠤ ᠶᠢᠨ ᠡᠳ᠋ ᠬᠥᠷᠥᠩᠭᠡ ᠶᠢ ᠪᠦᠷᠢᠳᠬᠡᠨ ᠳᠠᠩᠰᠠᠯᠠᠵᠤ᠂ ᠲᠠᠷᠠᠭᠠᠴᠢ ᠪᠠᠷ ᠭᠠᠵᠠᠷ | ᠰᠢᠷᠣᠶ ᠶᠢᠨ ᠡᠵᠡᠩᠨᠡᠯᠲᠡ ᠶᠢᠨ ᠡᠷᠬᠡ ᠶᠢ ᠡᠮᠬᠢ ᠵᠢᠷᠤᠮ ᠲᠠᠢ ᠪᠠᠷ ᠭᠦᠢᠯᠭᠡᠭᠡᠬᠦ ᠶᠢ ᠦᠷᠭᠦᠯᠵᠢᠯᠡᠨ ᠬᠥᠲᠥᠯᠥᠨ ᠵᠢᠯᠣᠭᠤᠳᠴᠤ᠂ ᠬᠠᠮᠲᠤ ᠶᠢᠨ ᠠᠵᠤ ᠠᠬᠤᠶ ᠶᠢᠨ | ᠲᠥᠷᠥᠯ ᠵᠦᠢᠯ ᠤᠨ ᠬᠥᠮᠥᠷᠭᠡ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠪᠠᠷ ᠪᠤᠢ᠃ |