13.2 ᠲᠦᠮᠡᠨ ᠯᠣᠩᠬᠤ ᠠᠷᠢᠭᠢ ᠶᠢ ᠨᠢᠬᠡᠳᠦᠯᠳᠡᠢ ᠠᠷᠢᠯᠭᠠᠪᠠ
ᠨᠡᠶᠢᠲᠡᠯᠡᠭᠰᠡᠨ ᠴᠠᠭ᠄
2024/12/27
      ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ 24 ᠤ ᠡᠳᠦᠷ ︽ᠣᠨᠴᠠ ᠬᠠᠨᠭ᠍ᠭᠠᠯᠭ᠎ᠠ ᠶᠢᠨ ᠠᠷᠢᠬᠢ︾ ᠶᠢᠨ ᠢᠷᠡᠯᠲᠡ ᠶᠢ ᠴᠡᠪᠡᠷᠯᠡᠵᠦ ᠬᠡᠯᠬᠢᠶ᠎ᠡ ᠶᠢ ᠲᠠᠰᠤᠯᠬᠤ ᠲᠤᠰᠬᠠᠢ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ︽ᠣᠨᠴᠠ ᠬᠠᠨᠭ᠍ᠭᠠᠯᠭ᠎ᠠ ᠶᠢᠨ ᠠᠷᠢᠬᠢ︾ ᠶᠢ ᠪᠥᠬᠦ ᠤᠯᠤᠰ ᠲᠤ ᠨᠡᠶᠢᠲᠡ 13.2 ᠲᠦᠮᠡᠨ ᠯᠣᠩᠬᠤ᠂ 9.2 ᠲᠦᠮᠡᠨ ᠪᠠᠭᠯᠠᠭ᠎ᠠ ︵ᠪᠣᠭᠤᠳᠠᠯ︶ ᠶᠢ ᠨᠢᠬᠡᠳᠦᠯᠳᠡᠢ ᠠᠷᠢᠯᠭᠠᠵᠤ᠂ ᠠᠷᠢᠯᠭᠠᠬᠤ ᠳᠠᠭᠠᠨ ᠪᠣᠬᠢᠷᠲᠤᠯ ᠦᠭᠡᠢ᠂ ᠣᠷᠴᠢᠨ ᠳᠤᠭᠤᠷᠢᠨ ᠢ ᠬᠠᠮᠠᠭᠠᠯᠠᠬᠤ᠂ ᠬᠤᠣᠷ ᠬᠦᠨᠦᠬᠡᠯ ᠡᠬᠦᠰᠬᠡᠬᠦ ᠦᠭᠡᠢ ᠠᠷᠭ᠎ᠠ ᠶᠢ ᠬᠡᠷᠡᠭᠯᠡᠪᠡ᠃
12.26酒1.png
      ᠨᠢᠭᠡ ᠯᠣᠩᠬᠤ ᠨᠢ ᠮᠢᠩᠭᠠᠨ ᠲᠥᠭᠦᠷᠢᠭ ᠤᠨ ᠦᠨ᠎ᠡ ᠪᠦ᠋ᠬᠦᠢ ︽ᠳᠠᠶᠢᠴᠢᠨ ᠨᠥᠬᠦᠳ ᠤᠨ ᠳᠤᠷᠠᠰᠬᠠᠯ ᠤᠨ ᠠᠷᠢᠬᠢ︾ ᠶᠢ ᠬᠠᠷᠢᠨ ᠰᠤᠯᠠ ᠰᠠᠪᠠᠯᠠᠭᠰᠠᠨ ᠬᠠᠷ᠎ᠠ ᠠᠷᠢᠬᠢ ᠪᠠᠷ ᠬᠢᠵᠦ ᠭᠠᠷᠭᠠᠭᠰᠠᠨ ᠪᠠᠶᠢᠨ᠎ᠠ︔ ︽ᠴᠡᠷᠢᠭ︾ ᠨᠡᠷᠡᠮᠵᠢᠲᠦ ︽ᠣᠨᠴᠠ ᠬᠠᠨᠭ᠍ᠭᠠᠯᠭ᠎ᠠ ᠶᠢᠨ ᠠᠷᠢᠬᠢ︾ ᠶᠢ ᠰᠫᠢᠷᠲ᠂ ᠦᠨᠦᠷ ᠤᠨ ᠤᠭᠢ ᠶᠢᠨ ᠳᠡᠭᠡᠷ᠎ᠡ ᠨᠢ ᠥᠩᠭᠡ ᠶᠢᠨ ᠡᠳ᠋ ᠬᠤᠯᠢᠨ ᠨᠡᠷᠡᠵᠥ᠂ ᠥᠪᠡᠷ ᠤᠨ ᠥᠷᠲᠡᠭ ᠨᠢ ᠵᠥᠪᠬᠡᠨ 3 ᠲᠥᠭᠦᠷᠢᠭ ᠁ ᠣᠶᠢᠷ᠎ᠠ ᠶᠢᠨ ᠵᠢᠯ ᠳᠤ ᠵᠠᠷᠢᠮ ᠬᠠᠤᠯᠢ ᠪᠤᠰᠤ ᠦᠢᠯᠡᠳᠪᠦᠷᠢᠯᠡᠨ ᠡᠵᠡᠩᠨᠡᠭᠴᠢᠳ ︽ᠣᠨᠴᠠ ᠬᠠᠩᠭᠠᠯᠭ᠎ᠠ︾᠂ ︽ᠲᠤᠰᠬᠠᠢ ᠬᠠᠩᠭᠠᠯᠭ᠎ᠠ︾᠂ ︽ᠳᠣᠲᠣᠭᠠᠳᠤ ᠬᠠᠩᠭᠠᠯᠭ᠎ᠠ︾ ᠭᠡᠬᠦ ᠦᠰᠦᠭᠲᠦ ᠠᠷᠢᠬᠢ ᠶᠢ ᠦᠢᠯᠡᠳᠦᠨ ᠪᠣᠷᠣᠯᠠᠭᠤᠯᠵᠤ᠂ ᠬᠡᠷᠡᠭᠯᠡᠭᠴᠢᠳ ᠢ ᠮᠡᠬᠡᠯᠡᠨ ᠪᠤᠷᠤᠭᠤ ᠵᠦᠭ ᠬᠥᠲᠥᠯᠵᠦ᠂ ᠵᠠᠬ᠎ᠠ ᠳᠡᠯᠭᠡᠭᠦᠷ ᠤᠨ ᠭᠤᠣᠯᠴᠢ ᠥᠷᠢᠰᠦᠯᠳᠦᠭᠡᠨ ᠤ ᠡᠮᠬᠢ ᠲᠢᠭᠯᠢᠮ ᠢ ᠡᠪᠳᠡᠪᠡ᠃
12.26酒2.png
      ᠡᠨᠡ ᠵᠢᠯ ᠤᠨ 3 ᠰᠠᠷ᠎ᠠ ᠠᠴᠠ ᠡᠬᠢᠯᠡᠨ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠨᠢᠭᠡ ᠵᠢᠯ ᠤᠨ ᠬᠤᠭᠤᠴᠠᠭ᠎ᠠ ᠲᠠᠢ ᠪᠠᠷ ︽ᠣᠨᠴᠠ ᠬᠠᠨᠭ᠍ᠭᠠᠯᠭ᠎ᠠ ᠶᠢᠨ ᠠᠷᠢᠬᠢ︾ ᠶᠢᠨ ᠢᠷᠡᠯᠲᠡ ᠶᠢ ᠴᠡᠪᠡᠷᠯᠡᠵᠦ ᠬᠡᠯᠬᠢᠶ᠎ᠡ ᠶᠢ ᠲᠠᠰᠤᠯᠬᠤ ᠲᠤᠰᠬᠠᠢ ᠠᠵᠢᠯᠯᠠᠭ᠎ᠠ ᠥᠷᠨᠢᠭᠦᠯᠪᠡ᠃ ᠲᠤᠰ ᠠᠵᠢᠯᠯᠠᠭ᠎ᠠ ᠨᠢ ᠠᠷᠢᠬᠢ ᠦᠢᠯᠡᠳᠪᠦᠷᠢᠯᠡᠵᠦ ᠪᠣᠷᠣᠯᠠᠭᠤᠯᠬᠤ ᠭᠤᠭᠴᠤᠭ᠎ᠠ ᠳᠤ᠂ ᠮᠠᠲ᠋ᠧᠷᠢᠶᠠᠯ ᠤᠨ ᠬᠥᠮᠥᠷᠭᠡ᠂ ᠪᠦᠲᠦᠭᠡᠭᠳᠡᠬᠦᠨ ᠤ ᠬᠥᠮᠥᠷᠭᠡ᠂ ᠪᠣᠷᠣᠯᠠᠭᠤᠯᠤᠨ ᠬᠤᠳᠠᠯᠳᠤᠬᠤ ᠭᠠᠵᠠᠷ ᠵᠡᠷᠭᠡ ᠪᠠᠷ ᠭᠤᠣᠯᠳᠠᠯᠭ᠎ᠠ ᠪᠣᠯᠭᠠᠨ ᠪᠦᠬᠦ ᠲᠠᠯ᠎ᠠ ᠪᠠᠷ ᠪᠠᠶᠢᠴᠠᠭᠠᠪᠠ︔ ᠢᠳᠡᠭᠡᠨ ᠤᠮᠳᠠᠭᠠᠨ ᠤ ᠦᠢᠯᠡᠴᠢᠯᠡᠭᠡᠨ ᠤ ᠭᠤᠭᠴᠤᠭ᠎ᠠ ᠳᠤ᠂ ᠠᠷᠢᠬᠢ ᠬᠤᠳᠠᠯᠳᠤᠬᠰᠠᠨ ᠨᠠᠷᠢᠨ ᠲᠠᠩᠰᠠ᠂ ᠰᠠᠩ ᠬᠥᠮᠥᠷᠭᠡ᠂ ᠳ᠋ᠦᠩᠨᠡᠨ ᠪᠤᠳᠤᠬᠰᠠᠨ ᠬᠠᠭᠤᠳᠠᠰᠤ ᠵᠡᠷᠭᠡ ᠪᠠᠷ ᠭᠤᠣᠯᠳᠠᠯᠭ᠎ᠠ ᠪᠣᠯᠭᠠᠵᠦ ᠪᠠᠶᠢᠴᠠᠭᠠᠪᠠ︔ ᠰᠦᠯᠵᠢᠶᠡᠨ ᠤ ᠠᠷᠠᠯᠵᠢᠶᠠᠯᠠᠬᠤ ᠲᠠᠪᠴᠠᠩ᠂ ᠦᠨ᠎ᠡ ᠬᠠᠶᠠᠵᠤ ᠬᠤᠳᠠᠯᠳᠤᠬᠤ ᠲᠠᠪᠴᠠᠩ᠂ ᠵᠠᠷ ᠮᠡᠳᠡᠭᠡ ᠨᠡᠶᠢᠲᠡᠯᠡᠬᠦ ᠵᠠᠭᠤᠴᠢᠯᠠᠭᠤᠷ ᠵᠡᠷᠭᠡ ᠪᠠᠷ ᠭᠤᠣᠯᠳᠠᠯᠭ᠎ᠠ ᠪᠣᠯᠭᠠᠵᠤ᠂ ᠰᠦᠯᠵᠢᠶᠡᠨ ᠤ ᠲᠠᠸᠠᠷ ᠤᠨ ᠠᠷᠠᠯᠵᠢᠶ᠎ᠠ ᠵᠢᠴᠢ ᠰᠦᠯᠵᠢᠶᠡᠨ ᠤ ᠵᠠᠷ ᠮᠡᠳᠡᠭᠡ ᠳᠤ ᠪᠥᠬᠦ ᠲᠠᠯ᠎ᠠ ᠶᠢᠨ ᠪᠠᠶᠢᠴᠠᠭᠠᠯᠲᠠ ᠬᠢᠪᠠ᠃
12.26酒3.png
      ᠲᠤᠰᠬᠠᠢ ᠠᠵᠢᠯᠯᠠᠭ᠎ᠠ ᠦᠷᠨᠢᠭᠦᠯᠬᠦ ᠪᠠᠷ ᠲᠠᠮᠵᠢᠨ ᠣᠳᠣᠬᠠᠨ ᠪᠣᠯᠲᠠᠯ᠎ᠠ᠂ ᠬᠠᠤᠯᠢ ᠠᠴᠠ ᠵᠥᠷᠢᠴᠡᠭᠰᠡᠨ ᠰᠡᠵᠢᠭᠯᠡᠯᠲᠡᠢ ᠰᠦᠪᠡᠭᠴᠢ ᠶᠢ ᠲᠤᠬᠠᠢ ᠶᠢᠨ ᠲᠠᠯᠠᠪᠠᠢ ᠶᠢᠨ ᠪᠠᠶᠢᠴᠠᠭᠠᠯᠲᠠ ᠳᠤ 1715᠂ ᠰᠦᠯᠵᠢᠶᠡᠨ ᠤ ᠠᠷᠠᠯᠵᠢᠶᠠᠨ ᠤ ᠪᠠᠶᠢᠴᠠᠭᠠᠯᠲᠠ ᠳᠤ 795᠂ ᠵᠠᠷ ᠮᠡᠳᠡᠭᠡᠨ ᠤ ᠪᠠᠶᠢᠴᠠᠭᠠᠯᠲᠠ ᠳᠤ 477 ᠶᠢ ᠢᠯᠡᠷᠡᠭᠦᠯᠵᠥ᠂ ᠲᠠᠪᠴᠠᠩ ᠢ ᠱᠠᠯᠠᠪᠳᠠᠭᠤᠯᠵᠥ ᠪᠠᠶᠢᠭᠠᠳ 1796 ᠵᠤᠷᠪᠤᠰ ᠲᠣᠭᠲᠠᠭᠠᠯ ᠠᠴᠠ ᠵᠥᠷᠢᠴᠡᠭᠰᠡᠨ ᠲᠠᠸᠠᠷ ᠤᠨ ᠮᠡᠳᠡᠭᠡ ᠵᠠᠩᠭᠢ᠂ 855 ᠵᠤᠷᠪᠤᠰ ᠬᠠᠤᠯᠢ ᠠᠴᠠ ᠵᠥᠷᠢᠴᠡᠭᠰᠡᠨ ᠵᠠᠷ ᠮᠡᠳᠡᠭᠡ ᠪᠠ ᠤᠬᠠᠭᠤᠯᠭ᠎ᠠ ᠶᠢᠨ ᠮᠡᠳᠡᠭᠡ ᠵᠠᠩᠭᠢ ᠶᠢ ᠬᠠᠰᠤᠭᠤᠯᠵᠥ᠂ 84 ᠳᠡᠯᠭᠡᠭᠦᠷ ᠢ ᠬᠠᠭᠠᠵᠤ᠂ 175 ᠲᠠᠩᠰᠠᠨ ᠨᠣᠮᠧᠷ ᠢ ᠬᠦᠴᠦᠨ ᠦᠬᠡᠢ ᠪᠤᠯᠭᠠᠵᠠᠢ᠃
12.26酒4.png
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ