ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠮᠡᠳᠡᠭᠡ ᠶᠢᠨ ᠲᠠᠰᠤᠭ ︽ᠠᠯᠠᠭᠠᠨ ᠳᠡᠭᠡᠷᠡᠬᠢ ᠠᠯᠪᠠᠨ ᠮᠡᠳᠡᠭᠡ︾ ᠶᠢ ᠪᠠᠶᠢᠭᠤᠯᠵᠤ ᠲᠥᠷᠥ ᠶᠢᠨ ᠪᠣᠳᠣᠯᠭ᠎ᠠ ᠶᠢᠨ ᠦᠨᠳᠦᠰᠦᠨ ᠱᠠᠲᠤᠨ ᠳᠤ ᠦᠢᠯᠡᠴᠢᠯᠡᠬᠦ ︽ᠡᠴᠦᠰ ᠤᠨ ᠨᠢᠭᠡ ᠺᠢᠯᠤᠮᠧᠲᠷ︾ ᠢ ᠨᠡᠪᠲᠡᠷᠡᠭᠦᠯᠪᠡ
ᠨᠡᠶᠢᠲᠡᠯᠡᠭᠰᠡᠨ ᠴᠠᠭ᠄
2024/12/27
      ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠮᠡᠳᠡᠭᠡ ᠶᠢᠨ ᠲᠠᠰᠤᠭ ᠨᠢ ︽ᠠᠯᠠᠭᠠᠨ ᠳᠡᠭᠡᠷᠡᠬᠢ ᠠᠯᠪᠠᠨ ᠮᠡᠳᠡᠭᠡ︾ ᠶᠢ ᠪᠠᠶᠢᠭᠤᠯᠵᠤ᠂ ᠲᠥᠷᠥ ᠶᠢᠨ ᠪᠣᠳᠣᠯᠭ᠎ᠠ ᠶᠢᠨ ᠦᠨᠳᠦᠰᠦᠨ ᠱᠠᠲᠤᠨ ᠳᠤ ᠦᠢᠯᠡᠴᠢᠯᠡᠬᠦ ︽ᠡᠴᠦᠰ ᠤᠨ ᠨᠢᠭᠡ ᠺᠢᠯᠤᠮᠧᠲᠷ︾ ᠢ ᠨᠡᠪᠲᠡᠷᠡᠭᠦᠯᠪᠡ᠃ ︽ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ︾ ᠢᠨᠵᠧᠨᠧᠷᠢᠩ ᠤᠨ ᠬᠡᠷᠡᠭᠵᠢᠭᠦᠯᠦᠯᠲᠡ ᠶᠢ ᠠᠬᠢᠭᠤᠯᠬᠤ ᠳᠤ ᠠᠩᠬᠠᠷᠤᠯ ᠢᠶᠠᠨ ᠬᠠᠨᠳᠤᠭᠤᠯᠵᠤ᠂ ᠵᠠᠰᠠᠭ ᠤᠨ ᠣᠷᠳᠣᠨ ᠤ ᠠᠯᠪᠠᠨ ᠮᠡᠳᠡᠭᠡ ᠶᠢᠨ ᠲᠠᠰᠤᠭ ᠨᠢ ᠨᠠᠶᠢᠷᠠᠭᠤᠯᠤᠨ ᠲᠠᠷᠬᠠᠭᠠᠬᠤ ᠶᠢ ᠴᠢᠬᠤᠯᠠᠴᠢᠯᠠᠵᠤ ᠪᠠᠶᠢᠭᠰᠠᠨ ᠠᠴᠠ ᠪᠠᠨ ᠳᠠᠮᠵᠢᠭᠤᠯᠭ᠎ᠠ ᠶᠢᠨ ᠬᠡᠷᠡᠭᠯᠡᠯᠲᠡ ᠶᠢ ᠴᠢᠬᠤᠯᠠᠴᠢᠯᠠᠬᠤ ᠲᠡᠶᠢᠰᠢ ᠬᠤᠪᠢᠷᠠᠭᠤᠯᠤᠨ᠂ ︽ᠮᠥᠩᠬᠡ ᠰᠤᠪᠠᠭ︾᠂ ︽ᠲᠠᠯ᠎ᠠ ᠨᠤᠲᠤᠭ ᠤᠨ ᠡᠭᠦᠯᠡ︾᠂ ︽ᠳᠡᠭᠦᠯᠢᠯᠲᠡ ᠬᠠᠮ ᠵᠠᠭᠤᠴᠢᠯᠠᠭᠤᠷ︾ ᠵᠡᠷᠭᠡ ᠭᠤᠤᠯ ᠤᠷᠤᠰᠬᠠᠯ ᠪᠣᠯᠬᠤ APP ᠵᠢᠴᠢ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠪᠠ ᠵᠠᠰᠠᠭ ᠤᠨ ᠣᠷᠳᠣᠨ ᠤ ᠠᠯᠪᠠᠨ ᠲᠢᠩᠬᠢᠮ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠵᠡᠷᠭᠡ ᠣᠯᠠᠨ ᠲᠦᠮᠡᠨ ᠤ ᠠᠩᠬᠠᠷᠴᠤ ᠪᠠᠶᠢᠭ᠎ᠠ ᠬᠡᠮᠵᠢᠶ᠎ᠡ ᠪᠠᠷ ᠥᠨᠳᠥᠷ ᠪᠠᠶᠢᠬᠤ 13 ᠰᠠᠯᠠᠭ᠎ᠠ ᠮᠥᠴᠢᠷ ᠤᠨ ᠪᠠ ᠨᠢᠭᠡᠴᠢ ᠶᠢᠨ ᠸᠢᠴᠠᠲ ᠤᠨ ᠨᠡᠶᠢᠲᠡ ᠶᠢᠨ ᠳ᠋ᠤᠭᠠᠷ ᠢ ᠠᠬᠢᠭᠤᠯᠵᠤ᠂ ᠵᠠᠰᠠᠭ ᠤᠨ ᠣᠷᠳᠣᠨ ᠤ ᠠᠯᠪᠠᠨ ᠮᠡᠳᠡᠭᠡ ᠶᠢᠨ ᠲᠤᠰᠬᠠᠶ ᠪᠤᠯᠤᠩ ᠢ ᠰᠦᠯᠵᠢᠶᠡᠨ ᠳᠤ ᠭᠠᠷᠭᠠᠵᠤ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠳᠤ ᠠᠰᠢᠭ ᠬᠦᠷᠲᠡᠭᠡᠬᠦ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠠᠷᠠᠳ ᠣᠯᠠᠨ ᠤ ︽ᠬᠤᠷᠤᠭᠤᠨ ᠦᠵᠦᠭᠦᠷ︾ ᠲᠤ ᠰᠢᠭᠤᠳ ᠬᠦᠷᠭᠡᠵᠦ᠂ ᠵᠠᠰᠠᠭ ᠤᠨ ᠣᠷᠳᠣᠨ ᠤ ᠠᠯᠪᠠᠨ ᠮᠡᠳᠡᠭᠡ ᠶᠢᠨ ᠦᠨᠳᠦᠰᠦᠨ ᠱᠠᠲᠤᠨ ᠳᠤ ᠦᠢᠯᠡᠴᠢᠯᠡᠬᠦ ᠪᠣᠳᠠᠲᠤ ᠦᠷ᠎ᠡ ᠪᠦᠳᠦᠮᠵᠢᠳᠤ ᠴᠢᠨᠠᠷ ᠢ ᠳᠡᠭᠡᠭᠰᠢᠯᠡᠭᠦᠯᠪᠡ᠃ ︵ᠵᠠᠰᠠᠭ ᠤᠨ ᠣᠷᠳᠣᠨ ᠤ ᠠᠯᠪᠠᠨ ᠲᠢᠩᠬᠢᠮ︶
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ