ᠣᠷᠳᠣᠰ ᠬᠤᠲᠠ 2024 ᠣᠨ ᠤ ᠴᠢᠬᠤᠯᠠ ᠶᠡᠭᠡ ᠲᠥᠷᠥᠯ ᠵᠦᠢᠯ ᠤᠨ ᠪᠠᠯᠠ ᠣᠷᠣᠭᠤᠯᠤᠯᠲᠠ ᠶᠢᠨ ᠡᠭᠦᠷᠭᠡ ᠪᠠᠨ ᠳᠠᠪᠠᠭᠤᠯᠤᠨ ᠪᠡᠶᠡᠯᠡᠭᠦᠯᠵᠦ 2025 ᠣᠨ ᠤ ᠴᠢᠬᠤᠯᠠ ᠶᠡᠭᠡ ᠲᠥᠷᠥᠯ ᠵᠦᠢᠯ ᠢ ᠡᠷᠲᠡᠬᠡᠨ ᠤᠬᠠᠭᠠᠯᠠᠨ ᠲᠥᠯᠥᠪᠯᠡᠵᠦ ᠪᠣᠢ
ᠨᠡᠶᠢᠲᠡᠯᠡᠭᠰᠡᠨ ᠴᠠᠭ᠄
2024/12/27
      ᠣᠷᠳᠣᠰ ᠬᠤᠲᠠ 2024 ᠣᠨ ᠤ ᠴᠢᠬᠤᠯᠠ ᠶᠡᠭᠡ ᠲᠥᠷᠥᠯ ᠵᠦᠢᠯ ᠤᠨ ᠪᠠᠯᠠ ᠣᠷᠣᠭᠤᠯᠤᠯᠲᠠ ᠶᠢᠨ ᠡᠭᠦᠷᠭᠡ ᠪᠠᠨ ᠳᠠᠪᠠᠭᠤᠯᠤᠨ ᠪᠡᠶᠡᠯᠡᠭᠦᠯᠵᠦ᠂ 2025 ᠣᠨ ᠤ ᠴᠢᠬᠤᠯᠠ ᠶᠡᠭᠡ ᠲᠥᠷᠥᠯ ᠵᠦᠢᠯ ᠢ ᠡᠷᠲᠡᠬᠡᠨ ᠤᠬᠠᠭᠠᠯᠠᠨ ᠲᠥᠯᠥᠪᠯᠡᠵᠦ ᠪᠣᠢ᠃ 2024 ᠣᠨ ᠳᠤ᠂ ᠣᠷᠳᠣᠰ ᠬᠤᠲᠠ ᠨᠢ ᠵᠠᠰᠠᠭ ᠤᠨ ᠣᠷᠳᠣᠨ ᠤ ᠪᠠᠯᠠ ᠣᠷᠣᠭᠤᠯᠤᠯᠲᠠ 5000 ᠲᠦᠮᠡᠨ ᠲᠥᠭᠦᠷᠢᠭ ᠠᠴᠠ ᠳᠡᠭᠡᠭᠰᠢᠬᠢ᠂ ᠠᠵᠤ ᠠᠬᠤᠶᠢᠯᠠᠯ ᠤᠨ ᠪᠠᠯᠠ ᠣᠷᠣᠭᠤᠯᠤᠯᠲᠠ ᠳ᠋ᠦᠩᠰᠢᠭᠤᠷ ᠲᠥᠭᠦᠷᠢᠭ ᠠᠴᠠ ᠳᠡᠭᠡᠭᠰᠢᠬᠢ 426 ᠴᠢᠬᠤᠯᠠ ᠶᠡᠭᠡ ᠲᠥᠷᠥᠯ ᠵᠦᠢᠯ ᠢ ᠬᠡᠷᠡᠭᠵᠢᠭᠦᠯᠬᠦ ᠪᠠᠷ ᠲᠥᠯᠥᠪᠯᠡᠵᠦ᠂ ᠵᠢᠯ ᠤᠨ ᠪᠠᠯᠠ ᠣᠷᠣᠭᠤᠯᠤᠯᠲᠠ ᠶᠢ 1700 ᠳ᠋ᠦᠩᠰᠢᠭᠤᠷ ᠲᠥᠭᠦᠷᠢᠭ ᠪᠡᠶᠡᠯᠡᠭᠦᠯᠬᠦ ᠪᠠᠷ ᠲᠥᠯᠥᠪᠯᠡᠭᠰᠡᠨ ᠪᠠᠶᠢᠨ᠎ᠠ᠃ 12 ᠳ᠋ᠤᠭᠠᠷ ᠰᠠᠷ᠎ᠠ ᠶᠢᠨ ᠳᠤᠮᠳᠠᠴᠢ ᠪᠣᠯᠲᠠᠯ᠎ᠠ᠂ ᠨᠢᠭᠡᠨᠲᠡ 1738.2 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠪᠡᠯᠡ ᠣᠷᠣᠭᠤᠯᠤᠯᠲᠠ ᠶᠢ ᠪᠡᠶᠡᠯᠡᠭᠦᠯᠦᠭᠰᠡᠨ ᠨᠤᠷᠮ᠎ᠠ ᠨᠢ 102.2% ᠲᠤ ᠬᠦᠷᠪᠡ᠃ 2025 ᠣᠨ ᠳᠤ᠂ ᠵᠠᠰᠠᠭ ᠤᠨ ᠣᠷᠳᠣᠨ ᠤ ᠪᠠᠯᠠ ᠣᠷᠣᠭᠤᠯᠤᠯᠲᠠ 5000 ᠲᠦᠮᠡᠨ ᠲᠥᠭᠦᠷᠢᠭ ᠠᠴᠠ ᠳᠡᠭᠡᠭᠰᠢᠬᠢ᠂ ᠠᠵᠤ ᠠᠬᠤᠶᠢᠯᠠᠯ ᠤᠨ ᠪᠠᠯᠠ ᠣᠷᠣᠭᠤᠯᠤᠯᠲᠠ ᠳ᠋ᠦᠩᠰᠢᠭᠤᠷ ᠲᠥᠭᠦᠷᠢᠭ ᠠᠴᠠ ᠳᠡᠭᠡᠭᠰᠢᠬᠢ 377 ᠴᠢᠬᠤᠯᠠ ᠶᠡᠭᠡ ᠲᠥᠷᠥᠯ ᠵᠦᠢᠯ ᠢ ᠬᠡᠷᠡᠭᠵᠢᠭᠦᠯᠬᠦ ᠪᠠᠷ ᠲᠥᠯᠥᠪᠯᠡᠵᠦ᠂ ᠵᠢᠯ ᠳᠤ 1610.4 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠬᠦ ᠪᠠᠷ ᠲᠥᠯᠥᠪᠯᠡᠵᠦ ᠪᠣᠢ᠂ ᠡᠭᠦᠨ ᠳᠤ 188 ᠲᠥᠷᠥᠯ ᠵᠦᠢᠯ ᠢ ᠰᠢᠨ᠎ᠡ ᠪᠠᠷ ᠪᠠᠶᠢᠭᠤᠯᠵᠤ᠂ 760.7 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠬᠦ ᠪᠠᠷ ᠲᠥᠯᠥᠪᠯᠡᠨ᠂ ᠨᠡᠶᠢᠲᠡ 2068 ᠵᠦᠢᠯ ᠤᠨ ᠭᠠᠷᠳᠠᠮ ᠭᠦᠢᠴᠡᠳᠭᠡᠬᠦ ᠴᠢᠬᠤᠯᠠᠲᠠᠢ ᠪᠠᠶᠢᠵᠤ᠂ ᠨᠢᠭᠡᠨᠲᠡ 1558 ᠵᠦᠢᠯ ᠢ ᠨᠢ ᠬᠦᠢᠴᠡᠳᠬᠡᠨ ᠳᠠᠭᠤᠰᠬᠠᠵᠤ᠂ ᠬᠦᠢᠴᠡᠳᠬᠡᠨ ᠳᠠᠭᠤᠰᠬᠠᠭᠰᠠᠨ ᠨᠣᠷᠮ᠎ᠠ ᠨᠢ 75.3% ᠳᠤ ᠬᠦᠷᠪᠡ᠃ ︵ᠣᠷᠳᠣᠰ ᠬᠤᠲᠠ ᠶᠢᠨ ᠵᠠᠰᠠᠭ ᠤᠨ ᠣᠷᠳᠣᠨ︶
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ