12 ᠰᠠᠷ᠎ᠠ ᠶᠢᠨ 21 ᠤ ᠡᠳᠦᠷ᠂ ︽ᠪᠠᠶᠠᠷ ᠪᠠᠶᠠᠰᠬᠤᠯᠠᠩᠲᠤ ᠮᠥᠰᠥ ᠴᠠᠰᠤ ᠬᠠᠮᠲᠤ ᠪᠠᠷ ᠢᠷᠡᠭᠡᠳᠦᠶ ᠶᠢ ᠴᠣᠭᠴᠠᠯᠠᠶ᠎ᠠ︾ ᠥᠪᠥᠷ ᠮᠣᠩᠭᠤᠯ ᠤᠨ ᠬᠥᠯᠥᠨ | ᠪᠤᠶᠢᠷ ᠤᠨ ᠠᠷᠪᠠᠨ ᠭᠤᠷᠪᠠᠳᠤᠭᠠᠷ ᠬᠤᠭᠤᠴᠠᠭᠠᠨ ᠤ ᠳᠤᠮᠳᠠᠳᠤ ᠣᠷᠣᠰ ᠮᠣᠩᠭᠤᠯ ᠤᠨ ᠣᠯᠠᠨ ᠤᠯᠤᠰ ᠤᠨ ᠡᠪᠦᠯ ᠤᠨ ᠤᠮᠪᠠᠯᠲᠠ ᠶᠢᠨ ᠥᠷᠢᠰᠥᠯᠳᠦᠭᠡᠨ ᠤ | ᠤᠷᠤᠯᠳᠤᠭᠠᠨ ᠬᠠᠶᠢᠯᠠᠷ ᠤᠨ ᠢᠮᠢᠨ ᠭᠤᠤᠯ ᠤᠨ ᠪᠠᠷᠠᠭᠤᠨ ᠬᠡᠰᠡᠭ ᠲᠤ ᠡᠬᠢᠯᠡᠪᠡ᠃ | ᠳᠤᠮᠳᠠᠳᠤ ᠣᠷᠣᠰ ᠮᠣᠩᠭᠤᠯ ᠭᠤᠷᠪᠠᠨ ᠤᠯᠤᠰ ᠠᠴᠠ ᠢᠷᠡᠭᠰᠡᠨ ᠡᠪᠦᠯ ᠤᠨ ᠤᠮᠪᠠᠯᠲᠠ ᠶᠢᠨ ᠲᠠᠮᠢᠷᠴᠢᠨ ᠮᠦᠰᠦ ᠴᠠᠰᠤᠲᠤ ᠬᠥᠯᠥᠨ ᠪᠣᠶᠢᠷ ᠤᠨ | ᠬᠠᠶᠢᠯᠠᠷ ᠲᠤ ᠬᠤᠷᠠᠨ ᠴᠤᠭᠯᠠᠷᠠᠵᠤ᠂ ᠲᠡᠭ ᠠᠴᠠ ᠳᠣᠷᠣᠭᠰᠢ 20 ᠭᠠᠷᠤᠢ ᠭᠷᠠᠳᠦ᠋ᠰ ᠤᠨ ᠠᠭᠠᠷ ᠤᠨ ᠳᠤᠯᠠᠭᠠᠨ ᠳᠤ ᠢᠮᠢᠨ ᠭᠤᠣᠯ ᠳᠤ ᠦᠰᠦᠷᠦᠨ ᠣᠷᠣᠪᠠ᠃ | ᠲᠡᠳᠡ ᠣᠯᠠᠨ ᠵᠦᠢᠯ ᠤᠨ ᠠᠷᠭ᠎ᠠ ᠮᠠᠶ᠋ᠢᠭ ᠢᠶᠠᠷ ᠤᠮᠪᠠᠯᠲᠠ ᠬᠢᠵᠦ᠂ ᠪᠠᠶᠠᠷ ᠪᠠᠶᠠᠰᠬᠤᠯᠠᠩ ᠪᠢᠯᠬᠠᠵᠤ ᠪᠠᠶᠢᠯ᠎ᠠ᠃ | ᠣᠶᠢᠯᠠᠭᠠᠭᠰᠠᠨ ᠢᠶᠠᠷ᠂ ᠲᠣᠰ ᠤᠳᠠᠭᠠᠨ ᠤ ᠡᠪᠦᠯ ᠤᠨ ᠤᠮᠪᠠᠯᠲᠠ ᠶᠢᠨ ᠤᠷᠤᠯᠳᠤᠭᠠᠨ ᠳᠤ ᠨᠡᠶᠢᠲᠡ 241 ᠲᠠᠮᠢᠷᠴᠢᠨ ᠣᠷᠣᠯᠴᠠᠵᠤ᠂ ᠣᠷᠣᠰ᠂ ᠮᠣᠩᠭᠤᠯ | ᠤᠯᠤᠰ ᠪᠠ ᠲᠣᠰ ᠭᠠᠵᠠᠷ ᠤᠨ ᠲᠠᠮᠢᠷᠴᠢᠨ ᠠᠴᠠ ᠭᠠᠳᠠᠨ᠎ᠠ᠂ ᠪᠥᠬᠦ ᠤᠯᠤᠰ ᠤᠨ 6 ᠮᠤᠵᠢ ᠶᠢᠨ 23 ᠭᠠᠵᠠᠷ ᠣᠷᠣᠨ ᠴᠤ ᠴᠥᠮ ᠲᠥᠯᠥᠭᠡᠯᠡᠭᠴᠢᠳ ᠤᠨ ᠠᠩᠭᠢ | ᠲᠣᠮᠢᠯᠠᠨ ᠤᠷᠤᠯᠳᠤᠭᠠᠨ ᠳᠤ ᠣᠷᠣᠯᠴᠠᠭᠤᠯᠵᠠᠶ᠃ ᠳᠡᠳᠡᠨ ᠤ ᠳᠤᠮᠳᠠ ᠠᠴᠠ ᠬᠠᠮᠤᠭ ᠠᠬᠠᠮᠠᠳ ᠨᠢ 70 ᠨᠠᠰᠤᠲᠠᠢ᠃ ᠡᠪᠦᠯ ᠤᠨ ᠤᠮᠪᠠᠯᠲᠠ ᠶᠢᠨ | ᠥᠷᠢᠰᠥᠯᠳᠦᠭᠡᠨ ᠤ ᠤᠷᠤᠯᠳᠤᠭᠠᠨ ᠨᠢ ᠨᠢᠭᠡᠨᠲᠡ ᠬᠥᠯᠥᠨ ᠪᠤᠶᠢᠷ ᠤᠨ ᠣᠷᠣᠨ ᠨᠤᠲᠤᠭ ᠤᠨ ᠠᠵᠤ ᠠᠬᠤᠶ ᠶᠢ ᠳᠠᠶᠢᠴᠢᠯᠠᠬᠤ᠂ ᠵᠢᠭᠤᠯᠴᠢᠯᠠᠯ ᠤᠨ ᠦᠢᠯᠡᠰ ᠢ | ᠠᠬᠢᠭᠤᠯᠬᠤ᠂ ᠵᠢᠭᠤᠯᠴᠢᠯᠠᠯ ᠤᠨ ᠨᠠᠷᠠᠲᠤ ᠲᠡᠮᠳᠡᠭ ᠢ ᠡᠭᠦᠳᠬᠦ ᠴᠢᠬᠤᠯᠠ ᠤᠷᠤᠯᠳᠤᠭᠠᠨ ᠪᠣᠯᠤᠭᠰᠠᠨ ᠭᠡᠵᠦ ᠬᠡᠯᠡᠵᠦ ᠪᠣᠯᠤᠨ᠎ᠠ᠃ ᠰᠢᠶᠠᠩᠭᠠᠩ ᠤᠨ ᠠᠪᠤᠷᠠᠭᠴᠢ ᠶᠢᠨ | ᠠᠵᠢᠯᠴᠢᠨ ᠤ ᠶᠡᠷᠦᠩᠬᠡᠶ ᠡᠪᠯᠡᠯ ᠤᠨ ᠬᠡᠷᠡᠭ ᠡᠷᠬᠢᠯᠡᠭᠴᠢᠳ ᠤᠨ ᠳᠠᠷᠤᠭ᠎ᠠ ᠴᠧᠨ ᠸᠧᠶ ᠮᠢᠨ ᠬᠡᠯᠡᠬᠦ ᠳᠡᠭᠡᠨ᠂ ᠠᠩᠬ᠎ᠠ ᠤᠳᠠᠭ᠎ᠠ ᠬᠥᠯᠥᠨ ᠪᠤᠶᠢᠷ ᠲᠤ ᠢᠷᠡᠵᠦ ᠡᠶᠢᠮᠦ | ᠤᠷᠤᠯᠳᠤᠭᠠᠨ ᠳᠤ ᠣᠷᠣᠯᠴᠠᠭᠠᠳ ᠮᠠᠰᠢ ᠪᠠᠶᠠᠷᠲᠠᠢ ᠰᠠᠨᠠᠭᠳᠠᠵᠤ ᠪᠠᠶᠢᠨ᠎ᠠ᠂ ᠡᠶᠢᠮᠦ ᠠᠵᠢᠯᠯᠠᠭ᠎ᠠ ᠤᠯᠠᠮ ᠠᠴᠠ ᠤᠯᠠᠮ ᠣᠯᠠᠨ ᠪᠣᠯᠵᠤ᠂ ᠤᠯᠠᠮ ᠰᠠᠶᠢᠨ ᠬᠢᠬᠦ ᠶᠢ | ᠬᠦᠰᠡᠵᠦ ᠪᠠᠶᠢᠨ᠎ᠠ ᠭᠡᠵᠡᠶ᠃ |