3. ︽ᠮᠡᠷᠭᠡᠵᠢᠯ ᠪᠠ ᠬᠤᠷᠣᠭᠳᠠᠯ ᠢ ᠰᠠᠯᠭᠠᠬᠤ︾ ᠠᠵᠢᠯ ᠢ ᠰᠦᠪᠡᠭᠴᠢᠯᠡᠨ ᠠᠬᠢᠭᠤᠯᠤᠨ᠎ᠠ᠃ ᠲᠥᠪᠯᠡᠷᠡᠭᠦᠯᠦᠨ ᠬᠤᠳᠠᠯᠳᠤᠨ ᠠᠪᠬᠤ᠂ ᠬᠡᠯᠡᠯᠴᠡᠭᠡᠷ ᠬᠢᠵᠦ | ᠦᠨ᠎ᠡ ᠵᠥᠪᠯᠡᠬᠦ ᠵᠡᠷᠭᠡ ᠠᠷᠭ᠎ᠠ ᠮᠠᠶ᠋ᠢᠭ ᠢᠶᠠᠷ ᠡᠮᠴᠢᠯᠡᠭᠡᠨ ᠳᠤ ᠬᠡᠷᠡᠭᠯᠡᠬᠦ ᠬᠡᠮᠵᠢᠶ᠎ᠡ ᠪᠠᠷ ᠶᠡᠭᠡ᠂ ᠦᠨ᠎ᠡ ᠬᠠᠩᠰᠢ ᠨᠢ ᠬᠠᠭᠤᠷᠮᠠᠭ ᠥᠨᠳᠥᠷ᠂ ᠵᠥᠷᠢᠴᠡᠯ ᠢᠶᠠᠷ | ᠲᠣᠪᠣᠶᠢᠮ᠎ᠠ ᠪᠠᠶᠢᠭ᠎ᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠬᠤᠳᠠᠯᠳᠤᠨ ᠠᠪᠬᠤ ᠦᠨ᠎ᠡ ᠬᠠᠩᠰᠢ ᠶᠢ ᠪᠠᠭᠤᠷᠠᠭᠤᠯᠵᠤ᠂ ᠡᠮᠴᠢᠯᠡᠭᠡᠨ ᠤ | ᠦᠢᠯᠡᠴᠢᠯᠡᠭᠡᠨ ᠤ ᠲᠥᠷᠥᠯ ᠵᠦᠢᠯ ᠤᠨ ᠦᠨ᠎ᠡ ᠬᠠᠩᠰᠢ ᠳᠠᠬᠢ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠡᠵᠡᠯᠡᠬᠦ ᠬᠠᠷᠢᠴᠠᠯ ᠢ ᠤᠯᠠᠮ ᠨᠢᠭᠡ ᠠᠯᠬᠤᠮ | ᠪᠠᠭᠤᠷᠠᠭᠤᠯᠤᠨ᠂ ᠬᠡᠰᠡᠭ ᠪᠠᠶᠢᠴᠠᠭᠠᠨ ᠰᠢᠯᠭᠠᠬᠤ᠂ ᠪᠠᠶᠢᠴᠠᠭᠠᠬᠤ᠂ ᠮᠡᠰᠡ ᠵᠠᠰᠠᠯ ᠬᠢᠬᠦ ᠪᠠ ᠡᠮᠨᠡᠨ ᠵᠠᠰᠠᠬᠤ ᠲᠥᠷᠥᠯ ᠵᠦᠢᠯ ᠳᠤ ︽ᠮᠡᠷᠭᠡᠵᠢᠯ ᠪᠠ ᠬᠤᠷᠣᠭᠳᠠᠯ ᠢ | ᠰᠠᠯᠭᠠᠬᠤ︾ ᠠᠵᠢᠯ ᠢ ᠰᠦᠪᠡᠭᠴᠢᠯᠡᠵᠦ᠂ ᠡᠪᠡᠳᠴᠢᠲᠡᠨ ᠤ ᠡᠪᠡᠳᠴᠢᠨ ᠦᠵᠡᠭᠦᠯᠬᠦ ᠳᠠᠷᠤᠭᠠᠰᠤ ᠶᠢ ᠨᠢ ᠬᠥᠩᠭᠡᠷᠡᠭᠦᠯᠵᠦ᠂ ᠮᠡᠷᠭᠡᠵᠢᠯ ᠤᠨ ᠬᠥᠳᠡᠯᠮᠦᠷᠢ | ᠦᠢᠯᠡᠴᠢᠯᠡᠭᠡᠨ ᠤ ᠦᠨ᠎ᠡ ᠥᠷᠲᠡᠭ ᠢ ᠤᠯᠠᠮ ᠨᠢᠭᠡ ᠠᠯᠬᠤᠮ ᠢᠯᠡᠷᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶ | ᠭᠤᠷᠪᠠ᠂ ᠠᠵᠢᠯ ᠤᠨ ᠠᠷᠭ᠎ᠠ ᠬᠡᠮᠵᠢᠶ᠎ᠡ | ︵ᠨᠢᠭᠡ︶ ᠦᠨ᠎ᠡ ᠬᠠᠩᠰᠢ ᠶᠢᠨ ᠬᠠᠮᠢᠶᠠᠷᠤᠯᠲᠠ ᠶᠢ ᠲᠤᠯᠭᠠᠭᠤᠷᠢᠯᠠᠬᠤ ᠲᠣᠭᠲᠠᠯᠴᠠᠭ᠎ᠠ ᠶᠢ ᠲᠡᠭᠦᠯᠳᠡᠷᠵᠢᠭᠦᠯᠦᠨ᠎ᠡ | 1. ᠦᠨ᠎ᠡ ᠬᠠᠩᠰᠢ ᠶᠢᠨ ᠬᠠᠮᠢᠶᠠᠷᠤᠯᠲᠠ ᠶᠢᠨ ᠡᠷᠬᠡ ᠶᠢᠨ ᠬᠢᠵᠠᠭᠠᠷ ᠢ ᠲᠣᠳᠣᠷᠬᠠᠢ ᠲᠣᠭᠲᠠᠭᠠᠨ᠎ᠠ᠃ ᠲᠣᠬᠢᠷᠠᠭᠤᠯᠬᠤ ᠪᠠᠷ ᠪᠠᠶᠢᠭ᠎ᠠ ᠲᠥᠷᠥᠯ ᠵᠦᠢᠯ ᠢ | ᠰᠢᠯᠢᠨ ᠰᠣᠩᠭᠤᠬᠤ ᠬᠡᠪᠴᠢᠶ᠎ᠡ ᠶᠢ ᠥᠪᠡᠷᠲᠡᠭᠡᠨ ᠵᠠᠰᠠᠬᠤ ᠣᠷᠣᠨ ᠠᠴᠠ ᠨᠢᠭᠡᠳᠦᠯᠲᠡᠢ ᠪᠣᠯᠭᠠᠵᠤ᠂ ᠦᠨ᠎ᠡ ᠬᠠᠩᠰᠢ ᠶᠢᠨ ᠰᠠᠭᠤᠷᠢ ᠪᠠᠷᠢᠮᠵᠢᠶ᠎ᠠ ᠪᠠ ᠬᠥᠪᠥᠯᠵᠡᠬᠦ | ᠬᠡᠮᠵᠢᠶ᠎ᠡ ᠶᠢ ᠲᠣᠭᠲᠠᠭᠠᠨ᠂ ᠡᠯ᠎ᠡ ᠠᠶᠢᠮᠠᠭ ᠬᠤᠲᠠ ᠨᠢ ᠲᠣᠰ ᠭᠠᠵᠠᠷ ᠣᠷᠣᠨ ᠤ ᠪᠠᠨ ᠠᠵᠤ ᠠᠬᠤᠢ ᠶᠢᠨ ᠬᠥᠭᠵᠢᠯᠲᠡ᠂ ᠡᠮᠴᠢᠯᠡᠭᠡᠨ ᠤ ᠳᠠᠭᠠᠳᠬᠠᠯ ᠤᠨ ᠰᠠᠭᠤᠷᠢ | ᠮᠥᠩᠭᠦ᠂ ᠡᠮᠴᠢᠯᠡᠭᠡᠨ ᠤ ᠬᠢᠷᠢ ᠲᠦᠪᠰᠢᠨ ᠵᠡᠷᠭᠡ ᠭᠦᠢᠴᠡᠳᠬᠡᠯ ᠲᠤᠭ᠎ᠠ ᠲᠠᠢ ᠪᠠᠨ ᠤᠶᠠᠯᠳᠤᠭᠤᠯᠤᠨ ᠲᠣᠬᠢᠷᠠᠭᠤᠯᠬᠤ ᠪᠠᠷ ᠪᠠᠶᠢᠭ᠎ᠠ ᠲᠥᠷᠥᠯ ᠵᠦᠢᠯ ᠵᠢᠴᠢ ᠦᠨ᠎ᠡ | ᠬᠠᠩᠰᠢ ᠪᠠᠨ ᠲᠣᠭᠲᠠᠭᠠᠨ᠎ᠠ᠃ ︵ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ | ︶ | 2. ᠦᠨ᠎ᠡ ᠬᠠᠩᠰᠢ ᠶᠢ ᠲᠣᠬᠢᠷᠠᠭᠤᠯᠬᠤ ᠳᠦᠷᠢᠮ ᠳᠡᠰ ᠳᠠᠷᠠᠭᠠᠯᠠᠯ ᠢ ᠲᠡᠭᠦᠯᠳᠡᠷᠵᠢᠭᠦᠯᠦᠨ᠎ᠡ᠃ ᠵᠠᠷᠴᠢᠮ ᠳᠡᠭᠡᠷ᠎ᠡ ᠪᠠᠨ ᠠᠯᠪᠠᠨ ᠠᠴᠠ ᠪᠠᠶᠢᠭᠤᠯᠤᠭᠰᠠᠨ | ᠭᠤᠷᠪᠠᠳᠤᠭᠠᠷ ᠳᠡᠰ ᠤᠨ ᠡᠮᠴᠢᠯᠡᠭᠡᠨ ᠤ ᠪᠠᠶᠢᠭᠤᠯᠤᠮᠵᠢ ᠶᠢᠨ ᠦᠨ᠎ᠡ ᠬᠠᠩᠰᠢ ᠪᠠᠷ ᠰᠠᠭᠤᠷᠢ ᠪᠠᠷᠢᠮᠵᠢᠶ᠎ᠠ ᠪᠣᠯᠭᠠᠵᠤ ᠳᠡᠰ ᠬᠤᠪᠢᠶᠠᠨ ᠦᠨ᠎ᠡ ᠲᠣᠭᠲᠠᠭᠠᠬᠤ ᠶᠢ | ᠬᠡᠷᠡᠭᠵᠢᠭᠦᠯᠵᠦ᠂ ᠭᠤᠷᠪᠠᠳᠤᠭᠠᠷ ᠳᠡᠰ᠂ ᠬᠤᠶᠠᠳᠤᠭᠠᠷ ᠳᠡᠰ᠂ ᠨᠢᠭᠡᠳᠦᠭᠡᠷ ᠳᠡᠰ ᠤᠨ ᠡᠮᠴᠢᠯᠡᠭᠡᠨ ᠤ ᠪᠠᠶᠢᠭᠤᠯᠤᠮᠵᠢ ᠶᠢᠨ ᠬᠤᠭᠤᠷᠣᠨᠳᠣᠬᠢ ᠦᠨ᠎ᠡ ᠬᠠᠩᠰᠢ ᠶᠢᠨ | ᠱᠠᠲᠤᠴᠢ ᠵᠥᠷᠢᠶ᠎ᠡ ᠶᠢ 10% ᠶᠢᠨ ᠣᠷᠴᠢᠮ ᠳᠣᠲᠣᠷ᠎ᠠ ᠬᠢᠵᠠᠭᠠᠷᠯᠠᠨ᠎ᠠ᠃ ᠡᠮᠴᠢᠯᠡᠭᠡᠨ ᠤ ᠦᠢᠯᠡᠴᠢᠯᠡᠭᠡᠨ ᠤ ᠦᠨ᠎ᠡ ᠬᠠᠩᠰᠢ ᠶᠢᠨ ᠴᠢᠬᠤᠯᠠ ᠵᠦᠢᠯᠡᠰ ᠤᠨ | ᠮᠡᠳᠡᠭᠦᠯᠦᠯᠲᠡ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠡᠯ᠎ᠡ ᠠᠶᠢᠮᠠᠭ ᠬᠤᠲᠠ ᠶᠢᠨ ᠦᠨ᠎ᠡ ᠬᠠᠩᠰᠢ ᠶᠢᠨ ᠲᠣᠬᠢᠷᠠᠭᠤᠯᠤᠯᠲᠠ ᠶᠢ ᠦᠨᠡᠯᠡᠨ ᠵᠢᠱᠢᠭᠰᠡᠨ | ᠦᠷ᠎ᠡ ᠳ᠋ᠦᠩ ᠵᠢᠴᠢ ᠲᠤᠭᠤᠷᠪᠢᠨ ᠲᠣᠭᠲᠠᠭᠠᠭᠰᠠᠨ ᠦᠨ᠎ᠡ ᠬᠠᠩᠰᠢ ᠶᠢᠨ ᠲᠣᠬᠢᠷᠠᠭᠤᠯᠤᠯᠲᠠ ᠶᠢᠨ ᠲᠥᠰᠥᠯ ᠢ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ | ᠪᠠᠲᠤᠯᠠᠭ᠎ᠠ ᠶᠢᠨ ᠲᠣᠪᠴᠢᠶ᠎ᠠ ᠳᠤ ᠮᠡᠳᠡᠭᠦᠯᠦᠨ ᠬᠦᠷᠭᠡᠬᠦ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︶ | 3. ᠮᠡᠳᠡᠭᠡ ᠵᠠᠩᠭᠢ ᠶᠢᠨ ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠮᠡᠳᠡᠭᠡ ᠵᠠᠩᠭᠢ ᠶᠢᠨ | ᠲᠠᠪᠴᠠᠩ ᠳᠤ ᠲᠦᠰᠢᠭᠯᠡᠨ᠂ ᠡᠮᠴᠢᠯᠡᠭᠡᠨ ᠤ ᠦᠢᠯᠡᠴᠢᠯᠡᠭᠡᠨ ᠤ ᠦᠨ᠎ᠡ ᠬᠠᠩᠰᠢ ᠶᠢᠨ ᠥᠭᠡᠷᠡᠴᠢᠯᠡᠯᠲᠡ ᠶᠢᠨ ᠬᠤᠪᠢᠶᠠᠷᠢ ᠰᠢᠰᠲ᠋ᠧᠮ ᠢ ᠪᠠᠶᠢᠭᠤᠯᠵᠤ᠂ ᠡᠮᠴᠢᠯᠡᠭᠡᠨ ᠤ | ᠦᠢᠯᠡᠴᠢᠯᠡᠭᠡᠨ ᠤ ᠦᠨ᠎ᠡ ᠬᠠᠩᠰᠢ ᠶᠢᠨ ᠮᠡᠳᠡᠭᠡ ᠵᠠᠩᠭᠢ ᠶᠢ ᠬᠢᠨᠠᠨ ᠰᠢᠨᠵᠢᠬᠦ ᠪᠠᠨ ᠴᠢᠩᠭᠠᠳᠬᠠᠨ᠂ ᠡᠮᠴᠢᠯᠡᠭᠡᠨ ᠤ ᠦᠢᠯᠡᠴᠢᠯᠡᠭᠡᠨ ᠤ ᠦᠨ᠎ᠡ ᠬᠠᠩᠰᠢ ᠶᠢᠨ | ᠬᠠᠮᠢᠶᠠᠷᠤᠯᠲᠠ ᠶᠢᠨ ᠣᠶᠤᠨᠴᠢᠯᠠᠭᠰᠠᠨ ᠬᠢᠷᠢ ᠲᠦᠪᠰᠢᠨ ᠢ ᠳᠡᠭᠡᠭᠰᠢᠯᠡᠭᠦᠯᠵᠦ᠂ ᠳᠡᠭᠡᠳᠦ ᠳᠣᠣᠷᠠᠳᠤ ᠱᠠᠲᠤ ᠶᠢ ᠵᠣᠯᠭᠠᠭᠤᠯᠬᠤ᠂ ᠣᠷᠣᠨ ᠪᠦᠰᠡ ᠬᠤᠯᠪᠤᠭᠠᠯᠠᠨ | ᠬᠥᠳᠡᠯᠦᠯᠴᠡᠬᠦ᠂ ᠮᠡᠳᠡᠭᠡ ᠵᠠᠩᠭᠢ ᠶᠢ ᠬᠠᠮᠲᠤ ᠳᠤ ᠪᠠᠨ ᠬᠦᠷᠲᠡᠬᠦ ᠶᠢ ᠪᠡᠶᠡᠯᠡᠭᠦᠯᠬᠦ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ | ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ |