ᠰᠤᠷᠭᠠᠨ ᠬᠥᠮᠦᠵᠢᠯ ᠤᠨ ᠶᠠᠮᠤᠨ ᠤ ᠣᠶᠢᠷ᠎ᠠ ᠳᠤ ᠨᠡᠶᠢᠲᠡᠯᠡᠭᠰᠡᠨ ᠳᠣᠯᠣᠳᠤᠭᠠᠷ ᠬᠤᠭᠤᠴᠠᠭᠠᠨ ᠤ ᠮᠤᠵᠢ ᠶᠢᠨ ᠬᠠᠷᠢᠶ᠎ᠠ ᠶᠡᠭᠡ ᠳᠡᠭᠡᠳᠦ ᠰᠤᠷᠭᠠᠭᠤᠯᠢ ᠶᠢᠨ | ᠤᠨᠢᠨ ᠳᠡᠭᠡᠷ᠎ᠡ ᠨᠢ ᠬᠠᠪᠰᠤᠷᠤᠨ ᠲᠡᠳᠬᠦᠬᠦ ᠨᠡᠶᠢᠲᠡᠯᠢᠭ ᠲᠦᠷᠦᠯ ᠵᠦᠢᠯ ᠳᠤ ᠮᠠᠨ ᠤ ᠣᠷᠣᠨ ᠤ ᠥᠪᠥᠷ ᠮᠣᠩᠭᠤᠯ ᠤᠨ ᠶᠡᠭᠡ ᠰᠤᠷᠭᠠᠭᠤᠯᠢ᠂ ᠥᠪᠥᠷ ᠮᠣᠩᠭᠤᠯ ᠤᠨ | ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠳᠡᠪᠰᠢᠬᠦᠯᠦᠭᠰᠡᠨ 2 ᠲᠦᠷᠦᠯ ᠵᠦᠢᠯ ᠰᠣᠩᠭᠤᠭᠳᠠᠵᠠᠢ᠃ | ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠫᠷᠦᠹᠧᠰᠰᠤᠷ ᠴᠧᠨ ᠬᠦᠶ ᠯᠢᠨ ᠤ ᠪᠦᠯᠬᠦᠮ ᠤᠨ ︽ᠡᠯᠡᠰᠦᠨ ᠴᠥᠯ ᠤᠨ ᠣᠷᠬᠤᠳᠠᠢ — ᠴᠠᠭᠠᠨ | ᠭᠤᠶᠤᠤ ᠶᠢᠨ ᠠᠮᠢ ᠠᠬᠤᠢ ᠶᠢᠨ ᠲᠠᠷᠢᠮᠠᠯ ᠤᠮᠠᠷᠠᠲᠤ ᠬᠢᠯᠢ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠨ᠎ᠡ︾ ᠭᠡᠬᠦ ᠲᠥᠷᠥᠯ | ᠵᠦᠢᠯ ᠨᠢ ᠡᠯᠡᠰᠦᠨ ᠴᠥᠯ ᠤᠨ ᠴᠠᠭᠠᠨ ᠭᠤᠶᠤᠤ ᠶᠢᠨ ᠠᠮᠢ ᠠᠬᠤᠢ ᠶᠢᠨ ᠲᠠᠷᠢᠮᠠᠯ ᠤᠨ ᠴᠢᠬᠢ ᠪᠤᠶᠢᠵᠢᠭᠤᠯᠬᠤ᠂ ᠣᠶᠢᠵᠢᠭᠤᠯᠬᠤ ᠮᠡᠷᠭᠡᠵᠢᠯ ᠤᠨ ᠰᠤᠳᠤᠯᠭᠠᠨ ᠢ | ᠰᠢᠰᠲ᠋ᠧᠮ ᠲᠠᠢ ᠥᠷᠨᠢᠭᠦᠯᠬᠦ ᠪᠠᠷ ᠳᠡᠮᠵᠢᠨ 12 ᠬᠤᠰᠢᠭᠤ ᠰᠢᠶᠠᠨ ᠳᠤ ᠡᠯᠡᠰᠦᠨ ᠴᠥᠯ ᠢ ᠡᠬᠢ ᠡᠭᠦᠰᠦᠯ ᠠᠴᠠ ᠨᠢ ᠵᠠᠰᠠᠬᠤ ᠳᠤᠬᠠᠢ ᠠᠮᠢ ᠠᠬᠤᠢ ᠶᠢᠨ ᠲᠠᠷᠢᠮᠠᠯ ᠤᠨ | ᠮᠡᠷᠭᠡᠵᠢᠯ ᠤᠨ ᠪᠣᠳᠠᠲᠠᠢ ᠲᠥᠰᠥᠯ ᠢ ᠳᠤᠷᠠᠳᠪᠠ᠃ ᠡᠨᠡᠬᠦ ᠲᠦᠷᠦᠯ ᠵᠦᠢᠯ ᠨᠢ ᠲᠤᠰ ᠪᠦᠯᠬᠦᠮ ᠤᠨ 20 ᠰᠢᠬᠠᠮ ᠵᠢᠯ ᠤᠨ ᠰᠢᠷᠭᠠᠭᠤ ᠬᠠᠲᠠᠭᠤᠵᠢᠯᠲᠠᠢ | ᠰᠤᠳᠤᠯᠤᠯᠲᠠ ᠪᠠᠷ ᠳᠠᠮᠵᠢᠨ ᠨᠢᠭᠡᠨ ᠢᠵᠢ ᠠᠮᠢ ᠠᠬᠤᠢ ᠶᠢᠨ ᠲᠠᠷᠢᠮᠠᠯ ᠤᠨ ᠮᠡᠷᠭᠡᠵᠢᠯ ᠤᠨ ᠰᠢᠰᠲ᠋ᠧᠮ ᠢ ᠪᠠᠶᠢᠭᠤᠯᠵᠤ᠂ ᠪᠦᠬᠦ ᠤᠯᠤᠰ ᠤᠨ 3 ᠮᠤᠵᠢ ᠣᠷᠣᠨ ᠳᠤ | ᠲᠡᠯᠭᠡᠷᠡᠬᠦᠯᠦᠭᠰᠡᠨ ᠬᠡᠮᠵᠢᠶ᠎ᠡ ᠨᠢ 21 ᠲᠦᠮᠡᠨ ᠮᠦ ᠳᠤ ᠬᠦᠷᠴᠦ᠂ ᠨᠡᠶᠢᠲᠡ 2400 ᠡᠷᠦᠬᠡ ᠮᠠᠯᠴᠢᠨ ᠲᠠᠷᠢᠶᠠᠴᠢᠨ ᠢ ᠬᠠᠪᠰᠤᠷᠤᠨ ᠲᠠᠷᠢᠮᠠᠯ ᠤᠨ ᠮᠡᠷᠭᠡᠵᠢᠯ ᠤᠨ | ᠬᠦᠴᠢᠷ ᠠᠰᠠᠭᠤᠳᠠᠯ ᠢ ᠰᠶᠢᠳᠪᠦᠷᠢᠯᠡᠵᠦ᠂ 4100 ᠬᠥᠮᠥᠨ ᠳᠤ ᠳᠠᠮ ᠢᠶᠠᠷ ᠠᠵᠢᠯ ᠣᠯᠭᠤᠵᠠᠢ᠃ | ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠴᠠᠩ ᠽᠧ ᠬᠤᠢ ᠫᠷᠦᠹᠧᠰᠰᠤᠷ ᠤᠨ ᠪᠦᠯᠬᠦᠮ ᠤᠨ ︽ᠲᠥᠬᠦᠭᠡᠷᠦᠮᠵᠢᠲᠦ | ᠲᠠᠷᠢᠶᠠᠯᠠᠩ ᠤᠨ ᠨᠡᠷᠡᠨ ᠤ ᠡᠨᠧᠷᠭᠢ ᠪᠠᠷ ᠬᠥᠷᠥᠰᠥ ᠰᠢᠷᠣᠢ ᠳᠤ ᠢᠯᠴᠢ ᠬᠠᠳᠠᠭᠠᠯᠠᠬᠤ ᠮᠡᠷᠭᠡᠵᠢᠯ︾ ᠤᠨ ᠲᠥᠷᠥᠯ ᠵᠦᠢᠯ ᠨᠢ ᠰᠤᠷᠭᠠᠭᠤᠯᠢ ᠪᠠ ᠣᠷᠣᠨ ᠨᠤᠲᠤᠭ ᠤᠨ | ᠬᠠᠮᠲᠤᠷᠠᠭᠰᠠᠨ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠯᠠᠬᠤ ᠥᠷᠲᠡᠭᠡ︾ ᠶᠢᠨ ᠬᠡᠯᠪᠡᠷᠢ ᠪᠠᠷ ᠠᠵᠤ ᠦᠢᠯᠡᠰ ᠤᠨ ᠰᠢᠯᠵᠢᠯᠲᠡ ᠪᠣᠯᠣᠨ ᠦᠷ᠎ᠡ | ᠪᠦᠲᠦᠭᠡᠯ ᠢ ᠤᠯᠠᠷᠢᠭᠤᠯᠬᠤ ᠳᠠᠪᠠᠭᠤᠯᠢᠭ ᠢ ᠪᠠᠳᠠᠷᠠᠭᠤᠯᠵᠤ᠂ ᠥᠪᠥᠷ ᠮᠣᠩᠭᠤᠯ ᠤᠨ ᠨᠡᠷᠡᠨ ᠤ ᠡᠨᠧᠷᠭᠢ ᠶᠢᠨ ᠡᠬᠢ ᠪᠠᠶᠠᠯᠢᠭ ᠤᠨ ᠳᠠᠪᠠᠭᠤᠯᠢᠭ ᠢᠶᠠᠷ ᠬᠠᠬᠢᠷ ᠬᠦᠢᠲᠡᠨ | ᠭᠠᠵᠠᠷ ᠣᠷᠣᠨ ᠤ ᠲᠥᠬᠦᠭᠡᠷᠦᠮᠵᠢᠳᠤ ᠲᠠᠷᠢᠶᠠᠯᠠᠩ ᠤᠨ ᠡᠪᠦᠯ ᠤᠨ ᠤᠯᠠᠷᠢᠯ ᠤᠨ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭᠴᠢᠳᠦ ᠠᠵᠤ ᠦᠢᠯᠡᠰ ᠤᠨ | ᠬᠡᠷᠡᠭᠴᠡᠭᠡ ᠶᠢ ᠬᠠᠩᠭᠠᠬᠤ ᠲᠤᠭᠤᠷᠢᠨ ᠳᠤ ︽ᠲᠦᠬᠦᠬᠡᠷᠦᠮᠵᠢᠳᠤ ᠲᠠᠷᠢᠶᠠᠯᠠᠩ ᠤᠨ ᠨᠡᠷᠡᠨ ᠤ ᠡᠨᠧᠷᠭᠢ ᠶᠢᠨ ᠬᠡᠷᠡᠯ ᠢᠯᠴᠢ ᠶᠢ ᠲᠥᠪᠯᠡᠷᠡᠭᠦᠯᠦᠨ ᠬᠥᠷᠥᠰᠥ ᠰᠢᠷᠣᠢ ᠳᠤ | ᠨᠥᠭᠡᠴᠡᠯᠨᠬᠦ ᠪᠠ ᠢᠯᠴᠢ ᠬᠠᠩᠭᠠᠬᠤ ᠶᠢ ᠨᠢᠭᠡ ᠴᠣᠭᠴᠠᠵᠢᠭᠤᠯᠬᠤ ᠮᠡᠷᠭᠡᠵᠢᠯ︾᠂ ︽ᠣᠶᠤᠨᠲᠤ ᠲᠠᠷᠢᠶᠠᠯᠠᠩ ᠮᠠᠯ ᠠᠵᠤ ᠠᠬᠤᠢ ᠵᠢᠭᠠᠰᠤᠨ ᠤ ᠠᠵᠤ ᠠᠬᠤᠢ ᠶᠢᠨ | ᠲᠣᠮᠣ ᠳ᠋ᠠᠶᠢᠲ᠋ᠠ ᠶᠢᠨ ᠲᠠᠪᠴᠠᠩ︾ ᠢ ᠰᠢᠨ᠎ᠡ ᠪᠠᠷ ᠰᠤᠳᠤᠯᠤᠨ ᠨᠡᠭᠡᠭᠡᠭᠰᠡᠨ ᠪᠥᠭᠡᠳ ᠦᠷ᠎ᠡ ᠪᠦᠲᠦᠭᠡᠯ ᠢ ᠤᠯᠠᠷᠢᠭᠤᠯᠬᠤ ᠪᠠ ᠠᠵᠤ ᠦᠢᠯᠡᠰᠵᠢᠭᠦᠯᠦᠨ ᠬᠡᠷᠡᠭᠯᠡᠬᠦ ᠶᠢ | ᠢᠳᠡᠪᠬᠢᠲᠡᠢ ᠵᠣᠬᠢᠶᠠᠨ ᠪᠠᠶᠢᠭᠤᠯᠵᠤ᠂ ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠵᠡᠷᠭᠡ ᠭᠠᠵᠠᠷ ᠲᠤ 40 ᠭᠠᠷᠤᠢ ᠵᠢᠱᠢᠶ᠎ᠡ ᠦᠵᠡᠭᠦᠯᠬᠦ ᠢᠨᠵᠧᠨᠧᠷᠢᠩ ᠢ | ᠪᠠᠶᠢᠭᠤᠯᠵᠤ᠂ ᠨᠡᠷᠡᠨ ᠤ ᠡᠨᠧᠷᠭᠢ ᠶᠢᠨ ᠬᠦᠯᠡᠮᠵᠢ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ 4 ᠠᠵᠤ ᠦᠢᠯᠡᠰ ᠤᠨ ᠬᠦᠷᠢᠶᠡᠯᠡᠩ ᠢ ᠪᠠᠶᠢᠭᠤᠯᠵᠤ᠂ | ᠠᠵᠤ ᠠᠬᠤᠢ ᠶᠢᠨ ᠶᠡᠷᠦᠩᠬᠡᠢ ᠬᠡᠪᠴᠢᠶ᠎ᠡ ᠨᠢ 1.5 ᠳ᠋ᠦᠩᠰᠢᠭᠤᠷ ᠲᠥᠭᠦᠷᠢᠭ ᠢ ᠳᠠᠪᠠᠪᠠ᠃ | ᠣᠶᠢᠯᠠᠭᠠᠭᠰᠠᠨ ᠢᠶᠠᠷ᠂ ᠰᠤᠷᠭᠠᠨ ᠬᠥᠮᠦᠵᠢᠯ ᠢᠶᠠᠷ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ | ᠥᠷᠭᠡᠳᠬᠡᠬᠦ ᠠᠵᠢᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠶ ᠵᠣᠯᠭᠠᠭᠤᠯᠬᠤ ᠶᠢ ᠤᠯᠠᠮ ᠰᠠᠶᠢᠲᠤᠷ ᠬᠢᠵᠦ᠂ ᠶᠡᠭᠡ ᠳᠡᠭᠡᠳᠦ | ᠰᠤᠷᠭᠠᠭᠤᠯᠢ ᠶᠢᠨ ᠬᠠᠪᠰᠤᠷᠤᠨ ᠲᠡᠳᠬᠦᠬᠦ ᠠᠵᠢᠯ ᠤᠨ ᠨᠡᠶᠢᠲᠡᠯᠢᠭ ᠬᠡᠪ ᠵᠠᠭᠪᠤᠷ᠂ ᠠᠮᠵᠢᠯᠲᠠ ᠲᠠᠢ ᠬᠡᠷᠡᠭ ᠤᠨ ᠵᠢᠱᠢᠶ᠎ᠡ᠂ ᠰᠢᠨ᠎ᠡ ᠶᠢ ᠡᠭᠦᠳᠬᠦ ᠠᠷᠭ᠎ᠠ ᠬᠢᠳᠡᠯ ᠢ | ᠳ᠋ᠦᠩᠨᠡᠨ ᠰᠣᠯᠢᠯᠴᠠᠵᠤ ᠳᠡᠯᠭᠡᠷᠡᠭᠦᠯᠬᠦ ᠶᠢᠨ ᠲᠥᠯᠥᠭᠡ᠂ ᠰᠤᠷᠭᠠᠨ ᠬᠥᠮᠦᠵᠢᠯ ᠤᠨ ᠶᠠᠮᠤᠨ ᠠᠴᠠ ︽ᠳᠣᠯᠣᠳᠤᠭᠠᠷ ᠬᠤᠭᠤᠴᠠᠭᠠᠨ ᠤ ᠮᠤᠵᠢ ᠶᠢᠨ ᠬᠠᠷᠢᠶ᠎ᠠ ᠶᠡᠭᠡ | ᠳᠡᠭᠡᠳᠦ ᠰᠤᠷᠭᠠᠭᠤᠯᠢ ᠶᠢᠨ ᠤᠨᠢᠨ ᠳᠡᠬᠡᠷ᠎ᠡ ᠨᠢ ᠬᠠᠪᠰᠤᠷᠤᠨ ᠲᠡᠳᠬᠦᠬᠦ ᠨᠡᠶᠢᠲᠡᠯᠢᠭ ᠲᠥᠷᠥᠯ ᠵᠦᠢᠯ︾ ᠢ ᠰᠣᠩᠭᠤᠨ ᠰᠢᠯᠭᠠᠷᠠᠭᠤᠯᠬᠤ ᠠᠵᠢᠯᠯᠠᠭ᠎ᠠ ᠶᠢ ᠵᠣᠬᠢᠶᠠᠨ | ᠪᠠᠶᠢᠭᠤᠯᠵᠤ ᠥᠷᠨᠢᠭᠦᠯᠵᠠᠢ᠃ ᠲᠣᠰ ᠤᠳᠠᠭᠠᠨ ᠤ ᠰᠢᠯᠭᠠᠷᠠᠭᠤᠯᠤᠯᠳᠠ ᠳᠤ ᠪᠥᠬᠦ ᠤᠯᠤᠰ ᠤᠨ 32 ᠮᠤᠵᠢ ᠶᠢᠨ ᠱᠠᠲᠤᠨ ᠤ ᠰᠤᠷᠭᠠᠨ ᠬᠥᠮᠦᠵᠢᠯ ᠤᠨ ᠵᠠᠰᠠᠭ | ᠵᠠᠬᠢᠷᠭᠠᠨ ᠤ ᠰᠠᠯᠠᠭ᠎ᠠ ᠮᠥᠴᠢᠷ ᠪᠠ 12 ᠶᠠᠮᠤᠨ ᠮᠤᠵᠢ ᠶᠢᠨ ᠬᠠᠮᠲᠤᠷᠠᠨ ᠪᠠᠶᠢᠭᠤᠯᠤᠭᠰᠠᠨ ᠶᠡᠭᠡ ᠳᠡᠭᠡᠳᠦ ᠰᠤᠷᠭᠠᠭᠤᠯᠢ ᠠᠴᠠ 217 ᠲᠥᠷᠥᠯ ᠵᠦᠢᠯ ᠢ | ᠲᠠᠨᠢᠯᠴᠠᠭᠤᠯᠪᠠ᠃ ᠰᠣᠩᠭᠤᠨ ᠳᠡᠪᠰᠢᠭᠦᠯᠬᠦ ᠳᠦᠷᠢᠮ ᠢ ᠦᠨᠳᠦᠰᠦᠯᠡᠨ᠂ ᠨᠡᠶᠢᠲᠡ 32 ᠮᠤᠵᠢ ᠣᠷᠣᠨ ᠬᠤᠲᠠ ᠵᠢᠴᠢ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ | ᠪᠠᠶᠢᠭᠤᠯᠤᠯᠲᠠ ᠶᠢᠨ ᠪᠢᠩᠲ᠋ᠤᠸᠠᠨ ᠤ 66 ᠶᠡᠭᠡ ᠳᠡᠭᠡᠳᠦ ᠰᠤᠷᠭᠠᠭᠤᠯᠢ ᠶᠢᠨ ᠨᠡᠶᠢᠲᠡᠯᠢᠭ ᠲᠦᠷᠦᠯ ᠵᠦᠢᠯ ᠢ ᠰᠢᠯᠭᠠᠷᠠᠭᠤᠯᠤᠨ ᠭᠠᠷᠭᠠᠵᠠᠢ᠃ |