ᠬᠠᠷᠠᠭ᠎ᠠ ᠪᠤᠯᠢᠶᠠᠮ᠎ᠠ ᠪᠣᠳᠠᠰ ᠤᠨ ᠪᠤᠰᠤ ᠰᠣᠶᠣᠯ ᠤᠨ ᠥᠪ ᠤᠨ ᠪᠦᠲᠦᠭᠡᠭᠳᠡᠬᠦᠨ᠂ ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠪᠦᠲᠦᠭᠡᠯᠴᠢ ᠦᠢᠯᠡᠳᠭᠦᠨ | ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠡᠯᠧᠮᠧᠨ᠋ᠲ ᠳᠦᠭᠦᠷᠡᠩ ᠮᠠᠰᠢᠨ ᠬᠥᠮᠦᠨ ᠤ ᠵᠠᠭᠪᠤᠷ᠂ ᠠᠵᠢᠯ ᠣᠯᠭᠤᠯᠲᠠ ᠶᠢ ᠬᠠᠪᠰᠤᠷᠤᠨ ᠲᠡᠳᠬᠦᠬᠦ ᠬᠡᠷᠡᠭᠯᠡᠭᠡᠨ ᠤ | ᠦᠢᠯᠡᠴᠢᠯᠡᠭᠡ ᠁ ᠤᠯᠠᠨ ᠲᠦᠷᠦᠯ ᠵᠦᠢᠯ ᠤᠨ᠂ ᠡᠯᠪᠡᠭ ᠪᠠᠶᠠᠯᠢᠭ ᠠᠭᠤᠯᠤᠭᠳᠠᠬᠤᠨ ᠪᠦᠬᠦᠢ ︽ᠪᠢ ᠬᠠᠮᠲᠤ ᠰᠤᠷᠤᠯᠭᠠᠲᠠᠨ ᠳᠠᠭᠠᠨ ᠪᠣᠳᠠᠲᠤ ᠶᠠᠪᠤᠳᠠᠯ ᠬᠢᠵᠦ | ᠥᠭᠭᠦᠨ᠎ᠡ︾ ᠭᠡᠬᠦ ᠲᠦᠷᠦᠯ ᠵᠦᠢᠯ ᠨᠢ ᠤᠶᠤᠳᠠᠳ ᠤᠨ ᠶᠡᠭᠡ ᠰᠤᠷᠭᠠᠭᠤᠯᠢ ᠶᠢᠨ ᠠᠮᠢᠳᠤᠷᠠᠯ ᠳᠤ ᠪᠠᠶᠠᠷ ᠪᠠᠭ᠋ᠠᠳᠤᠯ ᠨᠡᠮᠡᠷᠢᠯᠡᠭᠰᠡᠨ ᠢᠶᠠᠷ ᠪᠠᠷᠠᠬᠤ ᠦᠭᠡᠢ ᠪᠠᠰᠠ | ᠲᠡᠳᠡᠨ ᠳᠤ ᠨᠡᠩ ᠤᠯᠠᠨ ᠰᠤᠷᠤᠯᠴᠠᠯᠭ᠎ᠠ ᠦᠢᠯᠡᠳᠦᠯᠭᠡ ᠶᠢᠨ ᠠᠵᠠ ᠲᠣᠬᠢᠶᠠᠯ ᠬᠠᠩᠭᠠᠬᠰᠠᠨ ᠪᠠᠶᠢᠨ᠎ᠠ᠃ | ᠥᠪᠡᠷᠲᠡᠭᠡᠨ ᠵᠠᠰᠠᠬᠤ ᠣᠷᠣᠨ ᠤ ᠰᠤᠷᠤᠭᠴᠢᠳ ᠤᠨ ᠬᠤᠯᠪᠣᠭ᠎ᠠ ᠠᠴᠠ ᠭᠤᠤᠯᠯᠠᠨ ᠡᠷᠭᠢᠯᠡᠵᠦ᠂ ᠥᠪᠡᠷᠲᠡᠭᠡᠨ ᠵᠠᠰᠠᠬᠤ ᠣᠷᠣᠨ ᠤ ᠶᠡᠭᠡ ᠳᠡᠭᠡᠳᠦ | ᠰᠤᠷᠭᠠᠭᠤᠯᠢ ᠶᠢᠨ ᠰᠤᠷᠤᠭᠴᠢᠳ ᠤᠨ ᠵᠥᠪᠯᠡᠯ ᠠᠴᠠ ᠵᠣᠬᠢᠶᠠᠨ ᠪᠠᠶᠢᠭᠤᠯᠤᠭᠰᠠᠨ ︽ᠪᠢ ᠬᠠᠮᠲᠤ ᠰᠤᠷᠤᠯᠭᠠᠲᠠᠨ ᠳᠠᠭᠠᠨ ᠪᠣᠳᠠᠲᠤ ᠶᠠᠪᠤᠳᠠᠯ ᠬᠢᠵᠦ ᠥᠭᠭᠦᠨ᠎ᠡ︾ ᠭᠡᠬᠦ | ᠲᠥᠷᠥᠯ ᠵᠦᠢᠯ ᠤᠨ ᠰᠣᠯᠢᠯᠴᠠᠭ᠎ᠠ ᠦᠵᠡᠭᠦᠯᠭᠡ ᠶᠢᠨ ᠠᠵᠢᠯᠯᠠᠭ᠎ᠠ ᠤᠶᠢᠷ᠎ᠠ ᠶᠢᠨ ᠡᠳᠦᠷ ᠥᠪᠥᠷ ᠮᠣᠩᠭᠤᠯ ᠤᠨ ᠶᠡᠭᠡ ᠰᠤᠷᠭᠠᠭᠤᠯᠢ ᠳᠤ ᠶᠠᠪᠤᠭᠳᠠᠵᠤ᠂ ᠪᠥᠬᠦ | ᠣᠷᠣᠨ ᠤ 30 ᠶᠡᠭᠡ ᠳᠡᠭᠡᠳᠦ ᠰᠤᠷᠭᠠᠭᠤᠯᠢ ᠶᠢᠨ 48 ᠲᠥᠷᠥᠯ ᠵᠦᠢᠯ ᠢ ᠲᠥᠪᠯᠡᠷᠡᠭᠦᠯᠦᠨ ᠳᠡᠯᠭᠡᠨ ᠦᠵᠡᠭᠦᠯᠪᠡ᠃ | ᠠᠵᠢᠯᠯᠠᠭ᠎ᠠ ᠶᠢᠨ ᠡᠮᠦᠨᠡᠬᠢ ᠬᠤᠭᠤᠴᠠᠭᠠᠨ ᠳᠤ 58 ᠶᠡᠭᠡ ᠳᠡᠭᠡᠳᠦ ᠰᠤᠷᠭᠠᠭᠤᠯᠢ ᠶᠢᠨ ᠡᠯ᠎ᠡ ᠱᠠᠲᠤᠨ ᠤ ᠰᠤᠷᠤᠭᠴᠢᠳ ᠤᠨ ᠬᠤᠯᠪᠣᠭ᠎ᠠ ᠰᠤᠷᠤᠭᠴᠢᠳ ᠤᠨ | ᠵᠥᠪᠯᠡᠯ ᠨᠡᠶᠢᠲᠡ 180 ᠲᠥᠷᠥᠯ ᠵᠦᠢᠯ ᠢ ᠲᠠᠨᠢᠯᠴᠠᠭᠤᠯᠤᠨ ᠮᠡᠳᠡᠭᠦᠯᠵᠦ᠂ ᠡᠴᠦᠰ ᠲᠧ 48 ᠦᠢᠯᠡᠴᠢᠯᠡᠭᠡᠨ ᠤ ᠲᠥᠷᠥᠯ ᠵᠦᠢᠯ ᠢ ᠰᠤᠩᠭᠤᠨ ᠳᠡᠯᠭᠡᠨ ᠦᠵᠡᠭᠦᠯᠬᠦ | ᠠᠵᠢᠯᠯᠠᠭ᠎ᠠ ᠥᠷᠨᠢᠭᠦᠯᠪᠡ᠃ ᠦᠢᠯᠡᠴᠢᠯᠡᠭᠡᠨ ᠤ ᠵᠦᠢᠯᠡᠰ ᠨᠢ ᠦᠵᠡᠯ ᠰᠠᠨᠠᠭ᠎ᠠ ᠪᠠᠷ ᠬᠥᠲᠥᠯᠦᠨ ᠳᠠᠭᠠᠭᠤᠯᠬᠤ᠂ ᠦᠨᠳᠦᠰᠦᠲᠡᠨ ᠤ ᠪᠦᠯᠬᠦᠮᠳᠡᠯ᠂ ᠰᠤᠷᠤᠯᠴᠠᠯᠭ᠎ᠠ ᠶᠢ | ᠠᠬᠢᠭᠤᠯᠬᠤ᠂ ᠠᠵᠢᠯ ᠣᠯᠵᠤ ᠦᠢᠯᠡᠰ ᠪᠤᠰᠬᠠᠬᠤ᠂ ᠨᠡᠶᠢᠭᠡᠮ ᠤᠨ ᠦᠢᠯᠡᠳᠦᠯᠭᠡ᠂ ᠰᠡᠳᠭᠢᠴᠡ ᠶᠢᠨ ᠡᠷᠡᠭᠦᠯ ᠮᠡᠨᠳᠦ᠂ ᠬᠦᠴᠢᠷᠳᠡᠯ ᠢ ᠬᠠᠪᠰᠤᠷᠤᠨ ᠲᠡᠳᠬᠦᠬᠦ᠂ | ᠰᠤᠷᠭᠠᠭᠤᠯᠢ ᠶᠢᠨ ᠬᠦᠷᠢᠶᠡᠨ ᠤ ᠵᠠᠰᠠᠯᠲᠠ᠂ ᠰᠣᠶᠣᠯ ᠪᠡᠶ᠎ᠡ ᠶᠢᠨ ᠲᠠᠮᠢᠷ ᠤᠨ ᠠᠵᠢᠯᠯᠠᠭ᠎ᠠ ᠵᠡᠷᠭᠡ 9 ᠭᠤᠤᠯᠳᠠᠯᠭ᠎ᠠ ᠲᠠᠢ ᠬᠦᠷᠢᠶ᠎ᠡ ᠶᠢ ᠬᠠᠮᠤᠷᠪᠠ᠃ |