ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠠᠷᠠᠳ ᠤᠨ ᠠᠮᠢᠳᠤᠷᠠᠯ ᠢ ᠬᠠᠯᠠᠮᠵᠢᠯᠠᠵᠤ ᠬᠢᠯᠢ ᠬᠢᠵᠠᠭᠠᠷ ᠢ ᠬᠠᠮᠠᠭᠠᠯᠠᠭᠴᠢ ᠶᠢᠨ ᠨᠥᠬᠦᠪᠦᠷᠢ ᠶᠢ ᠢᠳᠡᠪᠬᠢᠲᠡᠢ ᠲᠠᠷᠬᠠᠭᠠᠵᠤ ᠪᠣᠢ
ᠨᠡᠶᠢᠲᠡᠯᠡᠭᠰᠡᠨ ᠴᠠᠭ᠄
2024/12/27
      ᠮᠠᠨ ᠤ ᠬᠤᠰᠢᠭᠤ ᠬᠢᠯᠢ ᠬᠢᠵᠠᠭᠠᠷ ᠣᠷᠣᠨ ᠳᠤ ᠪᠠᠶᠢᠷᠢᠰᠢᠵᠤ᠂ ᠬᠢᠯᠢ ᠶᠢᠨ ᠱᠤᠭᠤᠮ ᠤᠨ ᠣᠷᠳᠣ ᠨᠢ 515.4 ᠺᠢᠯᠣᠮᠧᠲᠷ ᠪᠠᠶᠢᠵᠤ᠂ ᠬᠢᠯᠢ ᠬᠢᠵᠠᠭᠠᠷ ᠢ ᠲᠣᠭᠲᠠᠪᠤᠷᠢᠵᠢᠭᠤᠯᠤᠨ ᠬᠢᠯᠢ ᠬᠢᠵᠠᠭᠠᠷ ᠢ ᠬᠠᠮᠠᠭᠠᠯᠠᠬᠤ ᠠᠵᠢᠯ ᠤᠨ ᠡᠭᠦᠷᠭᠡ ᠲᠤᠶᠢᠯ ᠤᠨ ᠬᠠᠲᠠᠭᠤ ᠪᠡᠷᠬᠡ ᠪᠠᠶᠢᠳᠠᠭ᠂ ᠬᠢᠯᠢ ᠬᠢᠵᠠᠭᠠᠷ ᠢ ᠲᠣᠭᠲᠠᠪᠤᠷᠢᠵᠢᠭᠤᠯᠤᠨ ᠬᠢᠯᠢ ᠬᠢᠵᠠᠭᠠᠷ ᠢ ᠬᠠᠮᠠᠭᠠᠯᠠᠬᠤ ᠠᠵᠢᠯ ᠢ ᠨᠠᠩ ᠰᠠᠶᠢᠨ ᠳᠡᠮᠵᠢᠬᠦ ᠶᠢᠨ ᠲᠥᠯᠥᠭᠡ᠂ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠪᠡᠯᠡ ᠮᠥᠩᠭᠦ ᠶᠢᠨ ᠲᠣᠬᠢᠷᠠᠭᠤᠯᠤᠯᠲᠠ ᠪᠠᠨ ᠴᠢᠩᠭᠠᠳᠬᠠᠵᠤ᠂ ᠳᠡᠭᠡᠳᠦ ᠬᠡᠮᠵᠢᠶᠡᠨ ᠤ ᠤᠯᠤᠰ ᠲᠥᠷᠥ ᠶᠢᠨ ᠬᠠᠷᠢᠭᠤᠴᠠᠯᠭᠠᠲᠤ ᠰᠡᠳᠬᠢᠯᠭᠡ ᠪᠠᠷ ᠬᠢᠯᠢ ᠬᠢᠵᠠᠭᠠᠷ ᠢ ᠬᠠᠮᠠᠭᠠᠯᠠᠭᠴᠢ ᠶᠢᠨ ᠨᠥᠬᠦᠪᠦᠷᠢ ᠶᠢ ᠴᠠᠭ ᠲᠤᠬᠠᠢ ᠳᠤᠨᠢ ᠣᠯᠭᠤᠬᠤ ᠶᠢ ᠲᠦᠯᠬᠢᠨ ᠠᠬᠢᠭᠤᠯᠵᠤ ᠪᠠᠶᠢᠨ᠎ᠠ᠃        ᠣᠶᠢᠷ᠎ᠠ ᠶᠢᠨ ᠬᠡᠳᠦᠨ ᠵᠢᠯ ᠳᠤ ᠰᠢᠨ᠎ᠡ ᠪᠠᠷᠭᠤ ᠪᠠᠷᠠᠭᠤᠨ‌ᠬᠤᠰᠢᠭᠤ ᠳᠡᠭᠡᠳᠦ ᠱᠠᠲᠤᠨ ᠤ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠴᠢᠩᠭ᠎ᠠ ᠵᠢᠷᠤᠮᠯᠠᠨ᠂ ᠬᠢᠯᠢ ᠬᠢᠵᠠᠭᠠᠷ ᠢ ᠬᠠᠮᠠᠭᠠᠯᠠᠭᠴᠢ ᠶᠢᠨ ᠠᠮᠢᠳᠤᠷᠠᠯ ᠤᠨ ᠨᠥᠬᠦᠪᠦᠷᠢ ᠣᠯᠭᠤᠬᠤ ᠠᠵᠢᠯ ᠢ ᠢᠳᠡᠪᠬᠢᠲᠡᠢ ᠥᠷᠨᠢᠭᠦᠯᠵᠦ᠂ ᠠᠷᠠᠳ ᠢᠷᠭᠡᠳ ᠤᠨ ᠬᠠᠷᠢᠶᠠᠯᠠᠭᠳᠠᠬᠤ ᠰᠡᠳᠬᠢᠯᠭᠡ ᠶᠢ ᠢᠯᠡᠳᠲᠡ ᠨᠡᠮᠡᠭᠳᠡᠭᠦᠯᠪᠡ᠃ 2020 ᠣᠨ ᠤ ᠳᠥᠷᠪᠡᠳᠦᠭᠡᠷ ᠤᠯᠠᠷᠢᠯ ᠠᠴᠠ 2024 ᠣᠨ ᠤ 7 ᠰᠠᠷ᠎ᠠ ᠪᠣᠯᠲᠠᠯ᠎ᠠ᠂ ᠮᠠᠨ ᠤ ᠬᠤᠰᠢᠭᠤ ᠬᠢᠯᠢ ᠬᠢᠵᠠᠭᠠᠷ ᠢ ᠬᠠᠮᠠᠭᠠᠯᠠᠭᠴᠢ ᠳᠤ ᠨᠡᠶᠢᠲᠡ 670.46 ᠲᠦᠮᠡᠨ ᠲᠥᠭᠦᠷᠢᠭ ᠤᠨ ᠠᠮᠢᠳᠤᠷᠠᠯ ᠤᠨ ᠨᠥᠬᠦᠪᠦᠷᠢ ᠣᠯᠭᠤᠪᠠ᠃ ᠣᠶᠢᠷ᠎ᠠ ᠶᠢᠨ ᠬᠤᠭᠤᠴᠠᠭᠠᠨ ᠳᠤ ᠳᠡᠭᠡᠳᠦ ᠱᠠᠲᠤᠨ ᠤ ᠬᠢᠯᠢ ᠬᠢᠵᠠᠭᠠᠷ ᠢ ᠬᠠᠮᠠᠭᠠᠯᠠᠭᠴᠢ ᠳᠤ ᠨᠥᠬᠦᠪᠦᠷᠢ ᠥᠭᠬᠦ ᠠᠵᠢᠯ ᠤᠨ ᠵᠣᠷᠢᠭ ᠰᠠᠨᠠᠭ᠎ᠠ ᠶᠢ ᠨᠠᠩ ᠰᠠᠶᠢᠨ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ 2024 ᠣᠨ ᠤ 8 ᠰᠠᠷ᠎ᠠ ᠠᠴᠠ 12 ᠰᠠᠷ᠎ᠠ ᠪᠣᠯᠲᠠᠯᠠᠬᠢ ᠨᠦᠬᠦᠪᠦᠷᠢ ᠮᠦᠩᠭᠦ ᠶᠢ 68.70 ᠲᠦᠮᠡᠨ ᠲᠥᠭᠦᠷᠢᠭ ᠢᠳᠡᠪᠬᠢᠲᠡᠢ ᠪᠠᠷ ᠲᠣᠬᠢᠷᠠᠭᠤᠯᠤᠨ ᠲᠠᠷᠬᠠᠭᠠᠪᠠ᠃      ᠲᠠᠷᠠᠭᠠᠴᠢ ᠶᠢᠨ ᠠᠯᠬᠤᠮ ᠳᠤ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠳᠡᠭᠡᠳᠦ ᠱᠠᠲᠤᠨ ᠤ ᠠᠵᠢᠯ ᠤᠨ ᠱᠠᠭᠠᠷᠳᠠᠯᠭ᠎ᠠ ᠶᠣᠰᠣᠭᠠᠷ᠂ ᠪᠡᠯᠡ ᠮᠥᠩᠭᠦ ᠲᠠᠷᠬᠠᠭᠠᠬᠤ ᠠᠵᠢᠯ ᠢ ᠴᠢᠩᠭᠠᠳᠬᠠᠵᠤ᠂ ᠡᠬᠡ ᠤᠯᠤᠰ ᠤᠨ ᠦᠵᠡᠰᠬᠦᠯᠡᠩᠲᠦ ᠰᠠᠶᠢᠬᠠᠨ ᠪᠠᠶᠠᠨ ᠲᠠᠩᠰᠤᠭ ᠡᠶ᠎ᠡ ᠵᠣᠬᠢᠴᠠᠯ ᠲᠠᠢ ᠤᠮᠠᠷᠠᠲᠤ ᠬᠢᠯᠢ ᠶᠢ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ᠃
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ