ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠰᠢᠨ᠎ᠡ ᠵᠢᠯ ᠴᠠᠭᠠᠨ ᠰᠠᠷ᠎ᠠ ᠠᠴᠠ ᠡᠮᠦᠨᠡᠬᠢ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2024/12/27
      ᠰᠢᠨ᠎ᠡ ᠵᠢᠯ ᠴᠠᠭᠠᠨ ᠰᠠᠷ᠎ᠠ ᠶᠢᠨ ᠬᠤᠭᠤᠴᠠᠭᠠᠨ ᠳᠠᠬᠢ ᠲᠠᠷᠢᠶᠠᠯᠠᠩ ᠮᠠᠯ ᠠᠵᠤ ᠠᠬᠤᠢ ᠶᠢᠨ ᠠᠶᠤᠯᠭᠦᠢ ᠦᠢᠯᠡᠳᠪᠦᠷᠢᠯᠡᠯ ᠤᠨ ᠠᠵᠢᠯ ᠢ ᠦᠨᠡᠨᠬᠦ ᠴᠢᠩᠭᠠᠳᠬᠠᠨ ᠂ ᠡᠯ᠎ᠡ ᠲᠥᠷᠥᠯ ᠤᠨ ᠠᠮᠤᠷ ᠲᠦᠪᠰᠢᠨ ᠤ ᠠᠳᠡᠯ ᠭᠠᠷᠬᠤ ᠶᠢ ᠪᠦᠲᠦᠮᠵᠢᠲᠡᠶ ᠰᠡᠷᠭᠡᠶᠢᠯᠡᠨ ᠬᠤᠷᠢᠭᠯᠠᠵᠤ᠂ ᠥᠷᠭᠡᠨ ᠣᠯᠠᠨ ᠠᠷᠠᠳ ᠲᠦᠮᠡᠨ ᠤ ᠪᠠᠶᠠᠷ ᠬᠥᠷ ᠲᠠᠢ᠂ ᠥᠯᠵᠡᠢ ᠪᠡᠯᠭᠡ ᠲᠠᠢ᠂ ᠠᠮᠤᠷ ᠲᠦᠪᠰᠢᠨ ᠪᠠᠶᠠᠷ ᠤᠨ ᠡᠳᠦᠷ ᠢᠶᠠᠨ ᠥᠩᠭᠡᠷᠡᠭᠦᠯᠬᠦ ᠶᠢ ᠪᠠᠲᠤᠯᠠᠬᠤ ᠶᠢᠨ ᠲᠥᠯᠥᠭᠡ᠂ 12 ᠰᠠᠷ᠎ᠠ ᠶᠢᠨ 24 ᠤ ᠡᠳᠦᠷ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠬᠠᠤᠯᠢ ᠬᠡᠷᠡᠭᠵᠢᠭᠦᠯᠬᠦ ᠶᠡᠭᠡ ᠠᠩᠭᠢ᠂ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠲᠥᠪ ᠢ ᠵᠣᠬᠢᠶᠠᠨ ᠪᠠᠶᠢᠭᠤᠯᠤᠨ ᠪᠠᠶᠢᠴᠠᠭᠠᠬᠤ ᠳᠤᠭᠤᠶᠢᠯᠠᠩ ᠪᠠᠶᠢᠭᠤᠯᠵᠤ᠂ ᠮᠠᠨ ᠤ ᠬᠤᠰᠢᠭᠤᠨ ᠤ 7 ᠨᠢᠲᠤᠯᠬᠤ ᠠᠵᠤ ᠠᠬᠤᠶᠢᠯᠠᠯ ᠪᠠ 4 ᠮᠠᠯ ᠤᠨ ᠡᠮ ᠤᠨ ᠡᠵᠡᠩᠨᠡᠯᠲᠡ ᠶᠢᠨ ᠳᠡᠯᠭᠡᠭᠦᠷ ᠲᠤ ᠰᠤᠭᠤᠴᠢᠨ ᠪᠠᠶᠢᠴᠠᠭᠠᠬᠤ ᠠᠵᠢᠯᠯᠠᠭ᠎ᠠ ᠥᠷᠨᠢᠭᠦᠯᠪᠡ᠃
12.27农科1.jpg
      ᠪᠠᠶᠢᠴᠠᠭᠠᠬᠤ ᠳᠤᠭᠤᠶᠢᠯᠠᠩ ᠨᠢᠲᠤᠯᠬᠤ ᠠᠵᠤ ᠠᠬᠤᠶᠢᠯᠠᠯ ᠳᠤ ᠭᠦᠨᠵᠡᠭᠡᠶᠢᠷᠡᠨ᠂ ᠨᠢᠲᠤᠯᠬᠤ ᠦᠢᠯᠡᠳᠪᠦᠷᠢ ᠶᠢᠨ ᠲᠠᠰᠤᠭ᠂ ᠬᠤᠣᠷ ᠦᠭᠡᠶᠢᠵᠢᠭᠦᠯᠦᠨ ᠰᠢᠢᠳᠪᠦᠷᠢᠯᠡᠬᠦ᠂ ᠪᠣᠬᠢᠷ ᠤᠰᠤ ᠶᠢ ᠰᠢᠢᠳᠪᠦᠷᠢᠯᠡᠬᠦ᠂ ᠬᠢᠵᠢᠭ ᠤᠨ ᠪᠠᠶᠢᠴᠠᠭᠠᠯᠲᠠ ᠶᠢ ᠮᠡᠳᠡᠭᠦᠯᠬᠦ ᠵᠡᠷᠭᠡ ᠪᠠᠶᠢᠳᠠᠯ ᠵᠢᠴᠢ ᠴᠠᠬᠢᠯᠭᠠᠨ ᠱᠤᠭᠤᠮ ᠤᠨ ᠪᠠᠶᠢᠷᠢᠯᠠᠭᠤᠯᠤᠯᠲᠠ ᠶᠢᠨ ᠵᠦᠢ ᠵᠣᠬᠢᠰᠲᠠᠢ ᠴᠢᠨᠠᠷ᠂ ᠭᠠᠯ ᠤᠨᠲᠠᠷᠠᠭᠠᠬᠤ ᠪᠠᠭᠠᠵᠢ ᠬᠡᠷᠡᠭᠰᠡᠯ ᠢ ᠲᠣᠬᠢᠷᠠᠭᠤᠯᠬᠤ ᠪᠠ ᠬᠠᠮᠠᠭᠠᠯᠠᠬᠤ ᠶᠢᠨ ᠪᠦᠷᠢᠨ ᠭᠦᠢᠴᠡᠳ ᠴᠢᠨᠠᠷ ᠵᠡᠷᠭᠡ ᠵᠠᠩᠭᠢᠯᠠᠭ᠎ᠠ ᠶᠢᠨ ᠭᠤᠭᠴᠤᠭ᠎ᠠ ᠳᠤ ᠪᠥᠬᠦ ᠲᠠᠯ᠎ᠠ ᠶᠢᠨ᠂ ᠥᠨᠴᠥᠭ ᠪᠤᠯᠤᠩ ᠦᠭᠡᠢ ᠬᠠᠶᠢᠨ ᠪᠠᠶᠢᠴᠠᠭᠠᠯᠲᠠ ᠬᠢᠵᠦ᠂ ᠳᠠᠯᠳᠠ ᠬᠡᠮ ᠢ ᠳᠠᠯᠳᠠᠯᠠᠬᠤ ᠭᠠᠵᠠᠷ ᠦᠭᠡᠢ ᠪᠠᠶᠢᠬᠤ ᠶᠢ ᠦᠨᠡᠨᠬᠦ ᠪᠠᠲᠤᠯᠠᠪᠠ᠃ ᠮᠠᠯ ᠤᠨ ᠡᠮ ᠤᠨ ᠡᠵᠡᠩᠨᠡᠯᠲᠡ ᠶᠢᠨ ᠳᠡᠯᠭᠡᠭᠦᠷ ᠲᠤ᠂ ᠪᠠᠷᠠᠭ᠎ᠠ ᠣᠷᠣᠭᠤᠯᠤᠭᠰᠠᠨ ᠪᠠ ᠪᠣᠷᠣᠯᠠᠭᠤᠯᠤᠭᠰᠠᠨ ᠡᠬᠡ ᠳᠠᠩᠰᠠ ᠶᠢᠨ ᠳᠦᠷᠢᠮᠵᠢᠯᠲᠦ ᠴᠢᠨᠠᠷ᠂ ᠰᠢᠯᠭᠠᠨ ᠪᠠᠶᠢᠴᠠᠭᠠᠯᠲᠠ ᠳᠤ ᠬᠢᠷᠢ ᠲᠡᠩᠴᠡᠭᠰᠡᠨ ᠮᠡᠳᠡᠭᠦᠯᠦᠯᠲᠡ ᠶᠢᠨ ᠪᠦᠷᠢᠨ ᠪᠦᠲᠦᠨ ᠴᠢᠨᠠᠷ ᠵᠢᠴᠢ ᠪᠣᠷᠣᠯᠠᠭᠤᠯᠤᠭᠰᠠᠨ ᠪᠦᠲᠦᠭᠡᠭᠳᠡᠬᠦᠨ ᠤ ᠬᠦᠴᠦᠨ ᠲᠠᠢ ᠬᠤᠭᠤᠴᠠᠭ᠎ᠠ ᠶᠢ ᠭᠤᠣᠯᠳᠠᠯᠭ᠎ᠠ ᠲᠠᠢ ᠪᠠᠷ ᠪᠠᠶᠢᠴᠠᠭᠠᠨ ᠰᠢᠯᠭᠠᠬᠤ ᠶᠢᠨ ᠬᠠᠮᠲᠤ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠰᠢᠰᠲ᠋ᠧᠮ ᠤᠨ ᠪᠠᠶᠢᠭᠤᠯᠤᠯᠲᠠ ᠪᠠ ᠬᠡᠷᠡᠭᠵᠢᠭᠦᠯᠦᠭᠰᠡᠨ ᠪᠠᠶᠢᠳᠠᠯ ᠳᠤ ᠴᠢᠩᠭ᠎ᠠ ᠬᠢᠨᠠᠨ ᠪᠠᠶᠢᠴᠠᠭᠠᠯᠲᠠ ᠬᠢᠵᠦ᠂ ᠠᠶᠤᠯᠭᠦᠢ ᠦᠢᠯᠡᠳᠪᠦᠷᠢᠯᠡᠯ ᠤᠨ ᠳᠦᠷᠢᠮ ᠤᠨ ᠨᠠᠶᠢᠳᠠᠪᠤᠷᠢᠵᠢᠭᠤᠯᠤᠭᠳᠠᠬᠤ ᠶᠢ ᠪᠠᠲᠤᠯᠠᠪᠠ᠃ ᠪᠠᠶᠢᠴᠠᠭᠠᠬᠤ ᠶᠠᠪᠤᠴᠠ ᠳᠤ᠂ ᠪᠠᠶᠢᠴᠠᠭᠠᠬᠤ ᠳᠤᠭᠤᠶᠢᠯᠠᠩ ᠠᠴᠠ ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ ᠴᠡᠭᠴᠡᠯᠡᠨ ᠰᠠᠶᠢᠵᠢᠷᠠᠭᠤᠯᠬᠤ ᠰᠠᠨᠠᠯ ᠳᠤᠷᠠᠳᠴᠤ᠂ ᠠᠵᠤ ᠠᠬᠤᠶᠢᠯᠠᠯ ᠢ ᠳᠠᠷᠤᠢ ᠲᠦᠷᠭᠡᠨ ᠬᠥᠳᠡᠯᠦᠯᠴᠡᠵᠦ᠂ ᠴᠠᠭ ᠬᠢᠵᠠᠭᠠᠷᠯᠠᠨ ᠴᠡᠭᠴᠡᠯᠡᠨ ᠰᠠᠶᠢᠵᠢᠷᠠᠭᠤᠯᠵᠤ᠂ ᠡᠷᠬᠡᠪᠰᠢ ᠳᠠᠷᠤᠢ ᠳᠤᠨᠢ ᠬᠡᠷᠡᠭᠵᠢᠭᠦᠯᠵᠦ ᠳᠠᠷᠤᠢ ᠳᠤᠨᠢ ᠵᠠᠰᠠᠨ ᠴᠡᠭᠴᠡᠯᠡᠵᠦ᠂ ᠠᠶᠤᠯᠭᠦᠢ ᠦᠢᠯᠡᠳᠪᠦᠷᠢᠯᠡᠯ ᠤᠨ ᠥᠨᠴᠥᠭ ᠪᠤᠯᠤᠩ ᠪᠠ ᠳᠤᠲᠠᠭᠳᠠᠯ ᠦᠭᠡᠢ ᠪᠠᠶᠢᠬᠤ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃
12.27农科2.jpg
      ᠲᠣᠰ ᠤᠳᠠᠭᠠᠨ ᠤ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠪᠠᠷ ᠳᠡᠮᠵᠢᠨ᠂ ᠮᠠᠨ ᠤ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠡᠵᠡᠩᠨᠡᠯᠲᠡ ᠶᠢᠨ ᠠᠵᠤ ᠠᠬᠤᠶᠢᠯᠠᠯ ᠤᠨ ᠠᠮᠤᠷ ᠲᠦᠪᠰᠢᠨ ᠤ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠨᠢᠭᠡ ᠪᠦᠯᠦᠭ ᠳᠠᠯᠳᠠ ᠠᠮᠤᠷ ᠲᠦᠪᠰᠢᠨ ᠤ ᠬᠡᠮ ᠰᠣᠭᠤᠭ ᠢ ᠪᠦᠲᠦᠮᠵᠢᠲᠡᠶ ᠠᠷᠢᠯᠭᠠᠵᠤ᠂ ᠰᠢᠨ᠎ᠡ ᠵᠢᠯ ᠴᠠᠭᠠᠨ ᠰᠠᠷ᠎ᠠ ᠶᠢᠨ ᠬᠤᠭᠤᠴᠠᠭᠠᠨ ᠳᠤ ᠪᠥᠬᠦ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠠᠮᠤᠷ ᠲᠦᠪᠰᠢᠨ ᠤ ᠪᠠᠶᠢᠳᠠᠯ ᠤᠨ ᠠᠮᠤᠷ ᠲᠣᠭᠲᠠᠭᠤᠨ ᠳᠤ ᠪᠠᠲᠤ ᠰᠠᠭᠤᠷᠢ ᠲᠠᠯᠪᠢᠵᠤ ᠥᠭᠭᠦᠭᠰᠡᠨ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠲᠣᠭᠲᠠᠮᠠᠯ ᠪᠤᠰᠤ ᠬᠤᠭᠤᠴᠠᠭ᠎ᠠ ᠲᠠᠢ ᠪᠠᠷ ︽ᠡᠷᠬᠢᠨ ᠬᠠᠷᠠᠬᠤ︾ ᠪᠠᠶᠢᠴᠠᠭᠠᠯᠲᠠ ᠥᠷᠨᠢᠭᠦᠯᠵᠦ ᠂ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠶᠢ ᠱᠠᠯᠠᠪᠳᠠᠨ᠂ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠬᠢᠷᠢ ᠲᠦᠪᠰᠢᠨ ᠢᠶᠠᠨ ᠲᠠᠰᠤᠷᠠᠯᠲᠠ ᠦᠭᠡᠢ ᠪᠠᠬᠢᠵᠢᠭᠦᠯᠦᠨ ᠳᠡᠭᠡᠭᠰᠢᠯᠡᠭᠦᠯᠵᠦ᠂ ᠪᠥᠬᠦ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠪᠠᠲᠤᠯᠠᠨ᠎ᠠ᠃
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ