ᠮᠠᠨ ᠤ ᠣᠷᠣᠨ ᠳᠡᠯᠡᠬᠡᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠤᠷ᠎ᠠ ᠮᠡᠷᠭᠡᠵᠢᠯ ᠤᠨ ᠤᠷᠤᠯᠳᠤᠭᠠᠨ ᠳᠤ 8 ᠠᠯᠳᠠᠨ ᠮᠧᠳᠠᠯ ᠳᠤᠰᠴᠠᠢ
ᠨᠡᠶᠢᠲᠡᠯᠡᠭᠰᠡᠨ ᠴᠠᠭ᠄
2024/12/3
      ᠣᠶᠢᠷ᠎ᠠ ᠳᠤ᠂ 2024 ᠣᠨ ᠤ ᠳᠡᠯᠡᠬᠡᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠮᠡᠷᠭᠡᠵᠢᠯ ᠴᠢᠳᠠᠪᠤᠷᠢ ᠶᠢᠨ ᠤᠷᠤᠯᠳᠤᠭᠠᠨ ᠤ ᠰᠶᠢᠳᠪᠦᠷᠢᠲᠦ ᠤᠷᠤᠯᠳᠤᠭᠠᠨ ᠥᠨᠳᠥᠷᠯᠡᠵᠦ᠂ ᠮᠠᠨ ᠤ ᠤᠷᠤᠨ ᠨᠡᠶᠢᠲᠡ 93 ᠵᠦᠢᠯ ᠤᠨ ᠱᠠᠩᠨᠠᠯ ᠲᠤᠰᠴᠤ᠂ 8 ᠠᠯᠲᠠᠨ ᠮᠧᠳᠠᠯ ᠭᠥᠷᠳᠡᠪᠡ᠃       ᠲᠣᠰ ᠤᠳᠠᠭ᠎ᠠ ᠶᠢᠨ ᠤᠷᠤᠯᠳᠤᠭᠠᠨ ᠢ ᠰᠤᠷᠭᠠᠨ ᠬᠦᠮᠦᠵᠢᠯ ᠤᠨ ᠶᠠᠮᠤᠨ ᠵᠡᠷᠬᠡ 35 ᠰᠠᠯᠠᠭ᠎ᠠ ᠮᠦᠴᠢᠷ ᠠᠴᠠ ᠬᠠᠮᠳᠤᠷᠠᠨ ᠭᠤᠤᠯᠯᠠᠨ ᠡᠷᠬᠢᠯᠡᠵᠦ᠂ ᠰᠶᠢᠳᠪᠦᠷᠢᠳᠤ ᠤᠷᠤᠯᠳᠤᠭᠠᠨ ᠨᠢ ᠲᠦᠷᠦᠬᠦᠬᠡᠨ ᠲᠢᠶᠠᠨᠵᠢᠨ ᠳᠤ ᠳᠡᠬᠦᠰᠪᠡ᠃ ᠮᠠᠨ ᠤ ᠤᠷᠤᠨ ᠰᠶᠢᠳᠪᠦᠷᠢᠳᠦ ᠤᠷᠤᠯᠳᠤᠭᠠᠨ ᠳᠤ ᠰᠢᠯᠢᠳᠡᠭ ᠬᠢᠷᠢ ᠪᠦᠳᠦᠮᠵᠢ ᠶᠢ ᠡᠬᠦᠳᠴᠦ᠂ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠳᠤᠭᠤᠶᠢᠯᠠᠩ 6 ᠠᠯᠲᠠᠨ ᠮᠧᠳᠠᠯ᠂ 21 ᠮᠥᠩᠭᠦᠨ ᠮᠧᠳᠠᠯ᠂ 39 ᠬᠦᠷᠡᠯ ᠮᠧᠳᠠᠯ ᠭᠥᠷᠳᠡᠪᠡ︔ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠳᠤᠭᠤᠶᠢᠯᠠᠩ 2 ᠠᠯᠲᠠᠨ ᠮᠧᠳᠠᠯ᠂ 8 ᠮᠥᠩᠭᠦᠨ ᠮᠧᠳᠠᠯ᠂ 17 ᠬᠦᠷᠡᠯ ᠮᠧᠳᠠᠯ ᠭᠥᠷᠳᠡᠵᠦ᠂ ᠱᠠᠩᠨᠠᠯ ᠭᠥᠷᠳᠡᠭᠰᠡᠨ ᠨᠣᠷᠮ᠎ᠠ ᠨᠢ 83.8% ᠳᠤ ᠬᠦᠷᠴᠦ᠂ 2023 ᠣᠨ ᠤ ᠬᠢ ᠠᠴᠠ 12% ᠢᠶᠠᠷ ᠨᠡᠮᠡᠭᠳᠡᠵᠡᠢ᠃       ᠣᠶᠢᠷ᠎ᠠ ᠶᠢᠨ ᠵᠢᠯ ᠠᠴᠠ᠂ ᠥᠪᠡᠷᠲᠡᠭᠡᠨ ᠵᠠᠰᠠᠬᠤ ᠣᠷᠣᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠤᠷᠤᠯᠳᠤᠭᠠᠨ ᠤ ᠰᠢᠰᠲ᠋ᠧᠮ ᠤᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ ᠪᠠᠭᠰᠢ ᠶᠢᠨ ᠤᠷᠤᠯᠳᠤᠭᠠᠨ᠂ ᠰᠤᠷᠤᠭᠴᠢ ᠶᠢᠨ ᠤᠷᠤᠯᠳᠤᠭᠠᠨ ᠤ ᠲᠠᠪᠴᠠᠩ ᠢ ᠪᠠᠶᠢᠭᠤᠯᠵᠤ᠂ ᠰᠤᠷᠭᠠᠭᠤᠯᠢ᠂ ᠠᠶᠢᠮᠠᠭ ᠬᠤᠳᠠ᠂ ᠥᠪᠡᠷᠲᠡᠭᠡᠨ ᠵᠠᠰᠠᠬᠤ ᠣᠷᠣᠨ ᠤ ᠱᠠᠲᠤ ᠶᠢ ᠬᠠᠮᠤᠷᠤᠭᠰᠠᠨ ᠭᠤᠷᠪᠠᠨ ᠳᠡᠰ ᠤᠨ ᠤᠷᠤᠯᠳᠤᠭᠠᠨ ᠤ ᠰᠢᠰᠲ᠋ᠧᠮ ᠢ ᠪᠠᠶᠢᠭᠤᠯᠵᠤ᠂ ᠪᠦᠬᠦᠳᠡᠬᠡᠷ ᠣᠷᠣᠯᠴᠠᠬᠤ᠂ ᠱᠠᠲᠤ ᠱᠠᠲᠤ ᠪᠠᠷ ᠰᠢᠯᠢᠨ ᠰᠣᠩᠭᠤᠬᠤ᠂ ᠱᠠᠲᠤ ᠳᠠᠷᠠᠭᠠᠯᠠᠨ ᠳᠡᠭᠡᠭᠰᠢᠯᠡᠭᠦᠯᠬᠦ ᠰᠠᠶᠢᠨ ᠰᠠᠶᠢᠬᠠᠨ ᠤᠷᠤᠯᠳᠤᠭᠠᠨ ᠤ ᠪᠠᠶᠢᠷᠢᠰᠢᠯ ᠢ ᠪᠦᠷᠢᠯᠳᠦᠭᠦᠯᠵᠡᠢ᠃ ᠥᠪᠡᠷᠲᠡᠭᠡᠨ ᠵᠠᠰᠠᠬᠤ ᠣᠷᠣᠨ ᠠᠴᠠ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠤᠷ᠎ᠠ ᠴᠢᠳᠠᠪᠤᠷᠢ ᠶᠢᠨ ᠤᠷᠤᠯᠳᠤᠭᠠᠨ ᠢ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠥᠭᠡᠷᠡᠴᠢᠯᠡᠯᠲᠡ᠂ ᠰᠤᠷᠭᠠᠨ ᠬᠥᠮᠦᠵᠢᠯ ᠵᠢᠭᠠᠨ ᠰᠤᠷᠭᠠᠯᠲᠠ᠂ ᠦᠢᠯᠡᠴᠢᠯᠡᠭᠡᠨ ᠤ ᠬᠥᠭᠵᠢᠯᠲᠡ ᠯᠦᠭᠡ ᠨᠢᠭᠲᠠ ᠤᠶᠠᠯᠳᠤᠭᠤᠯᠵᠤ᠂ ᠤᠷ᠎ᠠ ᠴᠢᠳᠠᠪᠤᠷᠢ ᠶᠢᠨ ᠤᠷᠤᠯᠳᠤᠭᠠᠨ ᠢ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠥᠭᠵᠢᠯᠲᠡ ᠶᠢ ᠠᠬᠢᠭᠤᠯᠬᠤ ᠴᠢᠬᠤᠯᠠ ᠭᠠᠷᠳᠠᠴᠠ ᠪᠤᠯᠭᠠᠪᠠ᠃
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ