ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠪᠢᠴᠢᠭ ᠮᠠᠲ᠋ᠧᠷᠢᠶᠠᠯ | ᠥᠪᠥᠷ ᠵᠠᠰᠠᠭ ᠠᠯᠪᠠᠨ ᠲᠠᠷᠬᠠᠭᠠᠭᠰᠠᠨ ﹇2024﹈ 26 ᠳ᠋ᠤᠭᠠᠷ ᠲᠣᠭᠠᠲᠤ | | | ᠥᠪᠥᠷ ᠮᠣᠩᠭᠤᠯ ᠤᠨ ᠬᠤᠷᠢᠨᠭᠡᠷ ᠤᠨ ᠪᠦᠯᠦᠭᠵᠢᠭᠰᠡᠨ ᠪᠣᠬᠢᠷᠲᠤᠯ ᠦᠭᠡᠢ ᠪᠣᠳᠣᠬᠤ ᠴᠢᠳᠠᠪᠤᠷᠢ ᠶᠢᠨ ᠠᠵᠤ ᠦᠢᠯᠡᠰ ᠤᠨ ᠬᠥᠭᠵᠢᠯᠲᠡ ᠶᠢ ᠳᠡᠮᠵᠢᠬᠦ ᠲᠤᠬᠠᠢ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠰᠠᠨᠠᠯ ᠤᠳ | | | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠦᠬᠦᠢ ᠵᠥᠪᠯᠡᠯ᠂ ᠠᠯᠪᠠᠨ | ᠭᠡᠷ᠂ ᠲᠢᠩᠬᠢᠮ᠂ ᠲᠣᠪᠴᠢᠶ᠎ᠠ᠂ ᠡᠯ᠎ᠡ ᠬᠤᠯᠪᠣᠭᠳᠠᠯ ᠪᠦᠬᠦᠢ ᠠᠵᠤ ᠠᠬᠤᠶᠢᠯᠠᠯ ᠳᠤ᠄ | ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ | ᠴᠢᠷᠮᠠᠶᠢᠨ ᠪᠢᠴᠢᠭᠯᠡᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ︵ᠲᠥᠷᠥ ᠲᠠᠷᠬᠠᠭᠠᠭᠰᠠᠨ ﹇2023﹈ 16 ᠳ᠋ᠤᠭᠠᠷ ᠲᠣᠭᠠᠲᠤ︶ ᠤᠨ ᠵᠣᠷᠢᠭ | ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠤᠯᠤᠰ ᠤᠨ ᠨᠢᠭᠡ ᠴᠣᠭᠴᠠᠵᠢᠭᠰᠠᠨ ᠪᠣᠳᠣᠬᠤ ᠴᠢᠳᠠᠪᠤᠷᠢ ᠶᠢᠨ ᠰᠦᠯᠵᠢᠶᠡᠨ ᠤ ᠥᠪᠥᠷ | ᠮᠣᠩᠭᠤᠯ ᠤᠨ ᠵᠠᠩᠭᠢᠯᠠᠭ᠎ᠠ ᠶᠢᠨ ᠴᠡᠭ ᠪᠣᠯᠬᠤ ᠬᠤᠷᠢᠨᠭᠡᠷ ᠤᠨ ᠳ᠋ᠠᠶᠢᠲ᠋ᠠ ᠶᠢᠨ ᠲᠥᠪ ᠤᠨ ᠪᠦᠯᠦᠭᠵᠢᠯ ︵ᠬᠤᠷᠢᠨᠭᠡᠷ ᠰᠢᠨ᠎ᠡ ᠲᠣᠭᠤᠷᠢᠭ᠂ ᠵᠢᠨᠢᠩ ᠤᠨ ᠲᠣᠮᠣ | ᠳ᠋ᠠᠶᠢᠲ᠋ᠠ ᠶᠢᠨ ᠠᠵᠤ ᠦᠢᠯᠡᠰ ᠤᠨ ᠬᠦᠷᠢᠶᠡᠯᠡᠩ︶ ᠤᠨ ᠪᠣᠬᠢᠷᠲᠤᠯ ᠦᠭᠡᠢ ᠪᠣᠳᠣᠬᠤ ᠴᠢᠳᠠᠪᠤᠷᠢ ᠶᠢᠨ ᠠᠵᠤ ᠦᠢᠯᠡᠰ ᠤᠨ ᠬᠥᠭᠵᠢᠯᠲᠡ ᠶᠢ ᠳᠡᠮᠵᠢᠬᠦ ᠶᠢᠨ ᠲᠤᠰᠠᠳᠠ᠂ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠳᠣᠣᠷᠠᠬᠢ ᠮᠡᠲᠦ ᠰᠠᠨᠠᠯ ᠢ ᠳᠤᠷᠠᠳᠪᠠ᠃ | ᠨᠢᠭᠡ᠂ ᠠᠵᠤ ᠦᠢᠯᠡᠰ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ᠎ᠡ | ︵ᠨᠢᠭᠡ︶ ᠲᠣᠮᠣ ᠬᠡᠯᠪᠡᠷᠢ ᠶᠢᠨ᠂ ᠬᠡᠳᠦ ᠲᠣᠮᠣ ᠬᠡᠯᠪᠡᠷᠢ ᠶᠢᠨ ᠳ᠋ᠠᠶᠢᠲ᠋ᠠ ᠶᠢᠨ ᠲᠥᠪ ︵ᠪᠠᠷᠢᠮᠵᠢᠶᠠᠲᠤ ᠮᠠᠰᠢᠨ ᠤ ᠵᠢᠶᠠᠰᠠ ᠪᠠᠷ ᠨᠤᠭᠤᠯᠵᠤ ᠪᠣᠳᠣᠪᠠᠯ 3000 | ᠰᠠᠭᠤᠷᠢ ᠵᠢᠴᠢ ᠲᠡᠭᠦᠨ ᠠᠴᠠ ᠳᠡᠭᠡᠭᠰᠢᠬᠢ ᠪᠠᠶᠢᠭ᠎ᠠ︶ ᠢ ᠰᠢᠨ᠎ᠡ ᠪᠠᠷ ᠪᠠᠶᠢᠭᠤᠯᠬᠤ ᠳᠤ ᠵᠠᠷᠴᠢᠮ ᠳᠡᠭᠡᠷ᠎ᠡ ᠪᠠᠨ ᠬᠤᠷᠢᠨᠭᠡᠷ ᠤᠨ ᠳ᠋ᠠᠶᠢᠲ᠋ᠠ ᠶᠢᠨ ᠲᠥᠪ ᠤᠨ | ᠪᠦᠯᠦᠭᠵᠢᠯ ᠤᠨ ᠬᠡᠪᠴᠢᠶᠡᠨ ᠳᠤ ᠪᠠᠶᠢᠷᠢᠰᠢᠭᠤᠯᠵᠤ᠂ ᠥᠪᠡᠷᠲᠡᠭᠡᠨ ᠵᠠᠰᠠᠬᠤ ᠣᠷᠣᠨ ᠴᠣᠩᠬᠤᠪᠴᠢ ᠵᠢᠯᠣᠭᠤᠳᠤᠯᠭ᠎ᠠ ᠶᠢ ᠬᠡᠷᠡᠭᠵᠢᠭᠦᠯᠵᠦ᠂ ᠪᠠᠶᠢᠷᠢᠰᠢᠭᠤᠯᠤᠯᠲᠠ ᠶᠢᠨ | ᠱᠠᠭᠠᠷᠳᠠᠯᠭ᠎ᠠ ᠳᠤ ᠦᠯᠦ ᠨᠡᠶᠢᠴᠡᠬᠦ ᠲᠥᠷᠥᠯ ᠵᠦᠢᠯ ᠨᠢ ᠬᠠᠮᠢᠶ᠎ᠠ ᠪᠦᠬᠦᠢ ᠳᠡᠮᠵᠢᠯᠭᠡ ᠶᠢᠨ ᠲᠥᠷᠥ ᠶᠢᠨ ᠪᠣᠳᠣᠯᠭ᠎ᠠ ᠬᠦᠷᠲᠡᠬᠦ ᠦᠭᠡᠢ᠃ | ︵ᠬᠤᠶᠠᠷ︶ ᠬᠤᠷᠢᠨᠭᠡᠷ ᠤᠨ ᠳ᠋ᠠᠶᠢᠲ᠋ᠠ ᠶᠢᠨ ᠲᠥᠪ ᠤᠨ ᠪᠦᠯᠦᠭᠵᠢᠯ ᠢᠶᠠᠷ ᠬᠥᠲᠥᠯᠥᠮᠵᠢ ᠪᠣᠯᠭᠠᠵᠤ᠂ ᠮᠡᠷᠭᠡᠵᠢᠯ ᠰᠤᠳᠤᠯᠤᠨ ᠨᠡᠭᠡᠭᠡᠬᠦ᠂ ᠲᠥᠬᠦᠭᠡᠷᠦᠮᠵᠢ | ᠦᠢᠯᠡᠳᠬᠦ᠂ ᠵᠥᠭᠡᠯᠡᠨ ᠲᠣᠨᠤᠭ ᠨᠡᠭᠡᠭᠡᠬᠦ᠂ ᠳ᠋ᠠᠶᠢᠲ᠋ᠠ ᠨᠡᠭᠡᠭᠡᠨ ᠬᠡᠷᠡᠭᠯᠡᠬᠦ᠂ ᠪᠣᠳᠣᠬᠤ ᠴᠢᠳᠠᠪᠤᠷᠢ ᠶᠢᠨ ᠦᠢᠯᠡᠴᠢᠯᠡᠭᠡ ᠵᠡᠷᠭᠡ ᠠᠵᠤ ᠦᠢᠯᠡᠰ ᠤᠨ ᠪᠥᠭᠡᠭᠡᠨᠡᠷᠡᠨ | ᠬᠥᠭᠵᠢᠭᠰᠡᠨ ᠠᠮᠢ ᠠᠬᠤᠢ ᠶᠢᠨ ᠲᠣᠭᠲᠠᠯᠴᠠᠭ᠎ᠠ ᠶᠢ ᠲᠦᠷᠭᠡᠳᠬᠡᠨ ᠪᠦᠷᠢᠯᠳᠦᠭᠦᠯᠵᠦ᠂ ᠳᠡᠭᠡᠳᠦ ᠳᠣᠣᠷᠠᠳᠤ ᠬᠡᠯᠬᠢᠶᠡᠨ ᠤ ᠠᠵᠤ ᠦᠢᠯᠡᠰ ᠤᠨ ᠬᠡᠯᠬᠢᠶᠡᠨ ᠤ | ᠪᠦᠯᠦᠭᠵᠢᠭᠰᠡᠨ ᠬᠥᠭᠵᠢᠯᠲᠡ ᠶᠢ ᠠᠬᠢᠭᠤᠯᠤᠨ᠎ᠠ᠃ | ᠬᠤᠶᠠᠷ᠂ ᠴᠠᠬᠢᠯᠭᠠᠨ ᠬᠦᠴᠦᠨ ᠤ ᠪᠠᠲᠤᠯᠠᠭ᠎ᠠ ᠶᠢ ᠴᠢᠩᠭᠠᠷᠠᠭᠤᠯᠤᠨ᠎ᠠ | ︵ᠭᠤᠷᠪᠠ︶ ᠪᠣᠳᠣᠬᠤ ᠴᠢᠳᠠᠪᠤᠷᠢ ᠶᠢᠨ ᠠᠵᠤ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ ᠶᠢ ᠴᠠᠬᠢᠯᠭᠠᠨ ᠬᠦᠴᠦᠨ ᠤ ᠲᠣᠣᠷ ᠤᠨ ᠬᠥᠭᠵᠢᠯᠲᠡ ᠶᠢᠨ | ᠲᠥᠯᠦᠪᠵᠢᠭᠦᠯᠭᠡ᠂ ᠰᠢᠨ᠎ᠡ ᠡᠨᠧᠷᠭᠢ ᠶᠢᠨ ᠲᠥᠯᠦᠪᠵᠢᠭᠦᠯᠭᠡ ᠯᠦᠭᠡ ᠨᠢᠭᠡᠳᠦᠯᠲᠡᠢ ᠲᠥᠯᠥᠪᠯᠡᠨ ᠵᠣᠯᠭᠠᠭᠤᠯᠬᠤ ᠶᠢ ᠴᠢᠩᠭᠠᠳᠬᠠᠨ᠎ᠠ᠃ ᠪᠣᠳᠣᠬᠤ ᠴᠢᠳᠠᠪᠤᠷᠢ ᠶᠢᠨ | ᠠᠵᠤ ᠦᠢᠯᠡᠰ ᠤᠨ ᠬᠥᠭᠵᠢᠯᠲᠡ ᠶᠢᠨ ᠬᠡᠷᠡᠭᠴᠡᠭᠡ ᠶᠢ ᠦᠨᠳᠦᠰᠦᠯᠡᠨ᠂ ᠰᠢᠨ᠎ᠡ ᠡᠨᠧᠷᠭᠢ ᠶᠢᠨ ᠲᠠᠯᠠᠪᠤᠷ ᠭᠠᠵᠠᠷ ᠢ ᠤᠷᠢᠳᠴᠢᠯᠠᠨ ᠦᠯᠡᠳᠡᠭᠡᠬᠦ ᠪᠠ ᠴᠠᠬᠢᠯᠭᠠᠨ | ᠬᠦᠴᠦᠨ ᠤ ᠲᠣᠣᠷ ᠤᠨ ᠲᠥᠯᠦᠪᠵᠢᠭᠦᠯᠭᠡ ᠪᠦᠲᠦᠭᠡᠨ ᠪᠠᠶᠢᠭᠤᠯᠤᠯᠲᠠ ᠶᠢ ᠵᠣᠬᠢᠬᠤ ᠬᠡᠮᠵᠢᠶ᠎ᠡ ᠪᠠᠷ ᠤᠷᠢᠳᠴᠢᠯᠠᠨ ᠰᠠᠶᠢᠲᠤᠷ ᠬᠢᠨ᠎ᠡ᠃ | ︵ᠳᠥᠷᠪᠡ︶ ᠳ᠋ᠠᠶᠢᠲ᠋ᠠ ᠶᠢᠨ ᠲᠥᠪ ᠤᠨ ᠴᠠᠬᠢᠯᠭᠠᠨ ᠬᠡᠷᠡᠭᠯᠡᠭᠴᠢᠳ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠯᠳᠤᠬᠤ ᠪᠣᠳᠣᠯᠭ᠎ᠠ ᠶᠢᠨ | ᠴᠢᠨᠠᠷᠲᠠᠢ ᠰᠢᠨ᠎ᠡ ᠪᠠᠷ ᠪᠣᠢ ᠪᠣᠯᠤᠭᠰᠠᠨ ᠠᠵᠤ ᠦᠢᠯᠡᠰ ᠤᠨ ᠭᠠᠷᠴᠠᠭ︾ ᠶᠣᠰᠣᠭᠠᠷ᠂ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠬᠠᠤᠯᠢ ᠲᠣᠭᠲᠠᠭᠠᠯ ᠶᠣᠰᠣᠭᠠᠷ | ᠭᠥᠷᠳᠡᠬᠦ ᠶᠢ ᠨᠢ ᠳᠡᠮᠵᠢᠵᠦ᠂ ᠳᠣᠣᠷ᠎ᠠ ᠥᠷᠲᠡᠭᠲᠦ ᠴᠠᠬᠢᠯᠭᠠᠨ ᠤ ᠦᠨ᠎ᠡ ᠶᠢᠨ ᠳᠠᠪᠠᠭᠤᠯᠢᠭ ᠢ ᠲᠣᠭᠲᠠᠪᠤᠷᠢᠲᠠᠢ ᠪᠠᠲᠤᠯᠠᠵᠤ᠂ ᠪᠣᠬᠢᠷᠲᠤᠯ ᠦᠭᠡᠢ ᠴᠠᠬᠢᠯᠭᠠᠨ ᠤ | ᠬᠠᠷᠢᠴᠠᠯ ᠢ 80% ᠠᠴᠠ ᠳᠣᠣᠷᠠᠳᠠᠭᠤᠯᠬᠤ ᠦᠭᠡᠢ᠃ | ︵ᠲᠠᠪᠤ︶ ᠰᠢᠨ᠎ᠡ ᠡᠨᠧᠷᠭᠢ ᠪᠠᠷ ᠴᠠᠬᠢᠯᠭᠠᠨ ᠭᠠᠷᠭᠠᠬᠤ ᠠᠵᠤ ᠠᠬᠤᠶᠢᠯᠠᠯ ᠬᠢᠭᠡᠳ ᠣᠶᠤᠨᠲᠤ ᠪᠣᠳᠣᠯᠲᠠ ᠶᠢᠨ ᠲᠥᠪ ᠴᠠᠬᠢᠯᠭᠠᠨ ᠬᠦᠴᠦᠨ ᠤ ᠠᠷᠠᠯᠵᠢᠶᠠᠨ ᠤ | ᠣᠯᠠᠨ ᠵᠢᠯ ᠤᠨ ᠭᠡᠷ᠎ᠡ ᠶᠢ ᠪᠡᠶ᠎ᠡ ᠪᠠᠨ ᠳᠠᠭᠠᠭᠠᠵᠤ ᠲᠣᠭᠲᠠᠬᠤ ᠶᠢ ᠨᠢ ᠵᠣᠷᠢᠭᠵᠢᠭᠤᠯᠵᠤ᠂ ᠰᠢᠨ᠎ᠡ ᠡᠨᠧᠷᠭᠢ ᠶᠢᠨ ᠳᠣᠣᠷ᠎ᠠ ᠦᠨ᠎ᠡ ᠶᠢᠨ ᠴᠠᠬᠢᠯᠭᠠᠨ ᠤ ᠳᠠᠪᠠᠭᠤᠯᠢᠭ ᠢ | ᠠᠰᠢᠭᠯᠠᠨ ᠠᠵᠤ ᠠᠬᠤᠶᠢᠯᠠᠯ ᠤᠨ ᠴᠠᠬᠢᠯᠭᠠᠨ ᠬᠡᠷᠡᠭᠯᠡᠬᠦ ᠥᠪᠡᠷ ᠤᠨ ᠥᠷᠲᠡᠭ ᠢ ᠨᠢ ᠪᠠᠭᠤᠷᠠᠭᠤᠯᠤᠨ᠎ᠠ᠃ | ︵ᠵᠢᠷᠭᠤᠭ᠎ᠠ︶ ᠣᠲᠣ ᠪᠠᠶᠢᠭ᠎ᠠ ᠲᠥᠷᠥ ᠶᠢᠨ ᠪᠣᠳᠣᠯᠭ᠎ᠠ ᠶᠢᠨ ᠰᠠᠭᠤᠷᠢᠨ ᠳᠡᠭᠡᠷ᠎ᠡ᠂ ᠳ᠋ᠠᠶᠢᠲ᠋ᠠ ᠶᠢᠨ ᠲᠥᠪ ᠢ ᠳᠡᠮᠵᠢᠵᠦ ᠪᠠᠶᠢᠭᠠᠳ ᠪᠣᠬᠢᠷᠲᠤᠯ ᠦᠭᠡᠢ | ᠴᠠᠬᠢᠯᠭᠠᠨ ᠢ ᠰᠢᠭᠤᠳ ᠬᠠᠩᠭᠠᠬᠤ ᠪᠠ ᠲᠣᠣᠷᠯᠢᠭ ᠬᠡᠯᠪᠡᠷᠢ ᠶᠢᠨ ᠡᠨᠧᠷᠭᠢ ᠨᠥᠭᠡᠴᠡᠯᠡᠬᠦ ᠪᠠᠷ ᠳᠠᠮᠵᠢᠭᠤᠯᠤᠨ ᠪᠣᠬᠢᠷᠲᠤᠯ ᠦᠭᠡᠢ ᠴᠠᠬᠢᠯᠭᠠᠨ ᠤ ᠬᠠᠩᠭᠠᠯᠭ᠎ᠠ ᠶᠢᠨ | ᠬᠠᠷᠢᠴᠠᠯ ᠢ ᠳᠡᠭᠡᠭᠰᠢᠯᠡᠭᠦᠯᠵᠦ᠂ ᠪᠣᠬᠢᠷᠲᠤᠯ ᠦᠭᠡᠢ ᠴᠠᠬᠢᠯᠭᠠᠨ ᠤ ᠡᠷᠦᠬᠡ ᠳᠤ ᠬᠦᠷᠬᠦ ᠦᠨ᠎ᠡ ᠶᠢ ᠪᠠᠭᠤᠷᠠᠭᠤᠯᠤᠨ᠎ᠠ᠃ | ︵ᠳᠤᠯᠤᠭ᠎ᠠ︶ ᠨᠢᠭᠡ ᠯᠡ ᠤᠳᠠᠭ᠎ᠠ ᠶᠢᠨ ᠴᠢᠨᠠᠷᠲᠠᠢ ᠲᠣᠭᠲᠠᠮᠠᠯ ᠬᠥᠷᠥᠩᠭᠡ ᠶᠢᠨ ᠪᠡᠯᠡ ᠣᠷᠤᠭᠤᠯᠤᠯᠲᠠ ᠨᠢ 100 ᠳ᠋ᠦᠩᠰᠢᠭᠤᠷ ᠲᠥᠭᠦᠷᠢᠭ ᠠᠴᠠ | ᠳᠡᠭᠡᠭᠰᠢ ᠳᠤ ᠬᠥᠷᠥᠭᠰᠡᠨ ᠮᠥᠷᠲᠡᠭᠡᠨ ᠪᠣᠳᠣᠬᠤ ᠴᠢᠳᠠᠪᠤᠷᠢ ᠶᠢᠨ ᠬᠡᠪᠴᠢᠶ᠎ᠡ ᠨᠢ 10000P ᠢ ᠳᠠᠪᠠᠭᠰᠠᠨ ᠣᠶᠤᠨᠲᠤ ᠪᠣᠳᠣᠯᠲᠠ ᠶᠢᠨ ᠲᠥᠪ ᠤᠨ ᠲᠥᠷᠥᠯ | ᠵᠦᠢᠯ ᠳᠤ᠂ ᠲᠥᠷᠥᠯ ᠵᠦᠢᠯ ᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ᠂ ᠪᠠᠲᠤᠯᠠᠭ᠎ᠠ ᠶᠢᠨ ᠴᠢᠨᠠᠷᠲᠠᠢ ᠰᠢᠨ᠎ᠡ ᠡᠨᠧᠷᠭᠢ ᠶᠢᠨ | ᠭᠦᠢᠴᠡᠳᠬᠡᠯ ᠲᠤᠭ᠎ᠠ ᠶᠢ ᠵᠣᠬᠢᠰᠲᠠᠢ ᠲᠣᠬᠢᠷᠠᠭᠤᠯᠤᠨ᠎ᠠ᠃ | ᠭᠤᠷᠪᠠ᠂ ᠲᠣᠬᠢᠷᠠᠭᠤᠯᠤᠨ ᠠᠷᠠᠯᠵᠢᠶᠠᠯᠠᠬᠤ ᠶᠢ ᠠᠬᠢᠭᠤᠯᠤᠨ᠎ᠠ | ︵ᠨᠠᠢᠮᠠ︶ ᠰᠦᠯᠵᠢᠶᠡᠨ ᠤ ᠬᠤᠯᠪᠣᠯᠴᠠᠬᠤ ᠴᠢᠳᠠᠪᠤᠷᠢ ᠪᠠ ᠳ᠋ᠠᠶᠢᠲ᠋ᠠ ᠳᠠᠮᠵᠢᠭᠤᠯᠬᠤ ᠪᠦᠲᠦᠮᠵᠢ ᠶᠢ ᠳᠡᠭᠡᠭᠰᠢᠯᠡᠭᠦᠯᠦᠨ᠎ᠡ᠃ ᠬᠤᠷᠢᠨᠭᠡᠷ ᠤᠨ ᠳ᠋ᠠᠶᠢᠲ᠋ᠠ ᠶᠢᠨ | ᠲᠥᠪ ᠤᠨ ᠪᠦᠯᠦᠭᠵᠢᠯ ᠤᠨ ᠡᠯ᠎ᠡ ᠠᠶᠢᠮᠠᠭ ᠬᠤᠲᠠ ᠵᠢᠴᠢ ᠪᠡᠭᠡᠵᠢᠩ ᠲᠢᠶᠠᠨᠵᠢᠨ ᠾᠧᠪᠧᠢ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠭᠤᠸᠠᠩᠳᠦ᠋ᠩ ᠰᠢᠶᠠᠩᠭᠠᠩ | ᠣᠣᠮᠧᠨ ᠤ ᠲᠣᠮᠣ ᠪᠤᠯᠤᠩ ᠤᠨ ᠣᠷᠣᠨ᠂ ᠵᠡᠭᠦᠨ ᠭᠤᠷᠪᠠᠨ ᠮᠤᠵᠢ ᠯᠤᠭ᠎ᠠ ᠳᠡᠭᠡᠳᠦ ᠬᠤᠷᠳᠤᠴᠠ ᠪᠠᠷ ᠰᠢᠭᠤᠳ ᠬᠤᠯᠪᠣᠬᠤ ᠰᠦᠯᠵᠢᠶᠡᠨ ᠤ ᠬᠢᠷᠢ ᠲᠦᠪᠰᠢᠨ ᠢ | ᠲᠦᠷᠭᠡᠳᠬᠡᠨ ᠳᠡᠭᠡᠭᠰᠢᠯᠡᠭᠦᠯᠵᠦ᠂ ᠳᠡᠭᠡᠳᠦ ᠬᠤᠷᠳᠤᠴᠠ ᠪᠠᠷ ᠰᠢᠭᠤᠳ ᠬᠦᠷᠬᠦ ᠨᠡᠪᠲᠡᠷᠡᠯ ᠵᠠᠮ ᠢ ᠰᠠᠭᠠᠳ ᠦᠭᠡᠢ ᠨᠡᠪᠲᠡᠷᠡᠭᠦᠯᠦᠨ᠎ᠡ᠃ | ︵ᠶᠢᠰᠦ︶ ᠠᠵᠤ ᠠᠬᠤᠶᠢᠯᠠᠯ ᠤᠨ ᠪᠣᠳᠣᠬᠤ ᠴᠢᠳᠠᠪᠤᠷᠢ ᠶᠢᠨ ᠡᠬᠢ ᠪᠠᠶᠠᠯᠢᠭ ᠢ ᠬᠤᠷᠢᠨᠭᠡᠷ ᠤᠨ ᠳ᠋ᠠᠶᠢᠲ᠋ᠠ ᠶᠢᠨ ᠲᠥᠪ ᠤᠨ ᠪᠦᠯᠦᠭᠵᠢᠯ ᠤᠨ ︽ᠣᠯᠠᠨ ᠡᠭᠦᠯᠡ | ︾ ᠪᠣᠳᠣᠬᠤ ᠴᠢᠳᠠᠪᠤᠷᠢ ᠶᠢᠨ ᠬᠢᠨᠠᠨ ᠰᠢᠨᠵᠢᠯᠲᠡ ᠪᠠ ᠲᠣᠬᠢᠷᠠᠭᠤᠯᠬᠤ ᠲᠠᠪᠴᠠᠩ ᠳᠤ ᠵᠠᠯᠭᠠᠨ ᠣᠷᠣᠭᠤᠯᠬᠤ ᠶᠢ ᠵᠣᠷᠢᠭᠵᠢᠭᠤᠯᠵᠤ᠂ ᠲᠡᠭᠦᠨ ᠤ ᠲᠠᠪᠴᠠᠩ ᠳᠠᠬᠢ | ᠳ᠋ᠦᠩᠨᠡᠨ ᠪᠤᠳᠤᠭᠰᠠᠨ ᠲᠤᠭ᠎ᠠ ᠶᠢᠨ 10% ᠪᠠᠷ ᠵᠢᠯ ᠪᠦᠷᠢ ᠬᠠᠮᠤᠭ ᠤᠨ ᠥᠨᠳᠥᠷ ᠲᠤ ᠪᠠᠨ 200 ᠲᠦᠮᠡᠨ ᠲᠥᠭᠦᠷᠢᠭ ᠤᠨ ᠱᠠᠩᠨᠠᠯ ᠣᠯᠭᠤᠨ᠎ᠠ᠃ | ︵ᠠᠷᠪᠠ︶ ᠠᠵᠤ ᠠᠬᠤᠶᠢᠯᠠᠯ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠪᠠ ᠶᠡᠭᠡ ᠳᠡᠭᠡᠳᠦ ᠰᠤᠷᠭᠠᠭᠤᠯᠢ ᠨᠢ ᠬᠤᠷᠢᠨᠭᠡᠷ ᠤᠨ ᠳ᠋ᠠᠶᠢᠲ᠋ᠠ ᠶᠢᠨ | ᠲᠥᠪ ᠤᠨ ᠪᠦᠯᠦᠭᠵᠢᠯ ᠤᠨ ︽ᠣᠯᠠᠨ ᠡᠭᠦᠯᠡ︾ ᠪᠣᠳᠣᠬᠤ ᠴᠢᠳᠠᠪᠤᠷᠢ ᠶᠢᠨ ᠬᠢᠨᠠᠨ ᠰᠢᠨᠵᠢᠯᠲᠡ ᠪᠠ ᠲᠣᠬᠢᠷᠠᠭᠤᠯᠬᠤ ᠲᠠᠪᠴᠠᠩ ᠢᠶᠠᠷ ᠳᠠᠮᠵᠢᠭᠤᠯᠤᠨ ᠪᠦᠯᠦᠭᠵᠢᠯ ᠤᠨ | ᠳᠣᠲᠣᠭᠠᠳᠤᠬᠢ ᠪᠣᠳᠣᠬᠤ ᠴᠢᠳᠠᠪᠤᠷᠢ ᠶᠢᠨ ᠡᠬᠢ ᠪᠠᠶᠠᠯᠢᠭ ᠢ ᠬᠤᠳᠠᠯᠳᠤᠨ ᠠᠪᠬᠤ ᠶᠢᠨ ᠬᠠᠮᠲᠤ ᠳ᠋ᠦᠩᠨᠡᠨ ᠪᠤᠳᠤᠬᠤ ᠶᠢ ᠨᠢ ᠳᠡᠮᠵᠢᠨ᠎ᠡ᠃ ᠠᠳᠠᠯᠢ ᠨᠢᠭᠡᠨ ᠭᠤᠣᠯ | ᠴᠣᠭᠴᠠ ᠶᠢᠨ ᠵᠢᠯ ᠪᠦᠷᠢ ᠪᠣᠳᠣᠬᠤ ᠴᠢᠳᠠᠪᠤᠷᠢ ᠶᠢᠨ ᠦᠢᠯᠡᠴᠢᠯᠡᠭᠡ ᠬᠤᠳᠠᠯᠳᠤᠨ ᠠᠪᠤᠭᠰᠠᠨ ᠵᠠᠷᠤᠳᠠᠯ ᠨᠢ 100 ᠲᠦᠮᠡᠨ ᠲᠥᠭᠦᠷᠢᠭ ᠠᠴᠠ ᠳᠡᠭᠡᠭᠰᠢ ᠪᠠᠶᠢᠪᠠᠯ᠂ | ᠪᠣᠳᠣᠬᠤ ᠴᠢᠳᠠᠪᠤᠷᠢ ᠶᠢᠨ ᠦᠢᠯᠡᠴᠢᠯᠡᠭᠡᠨ ᠤ ᠪᠣᠳᠠᠲᠠᠢ ᠳ᠋ᠦᠩᠨᠡᠨ ᠪᠣᠳᠣᠭᠰᠠᠨ ᠵᠠᠷᠤᠳᠠᠯ ᠤᠨ 30% ᠪᠠᠷ ᠬᠠᠮᠤᠭ ᠤᠨ ᠥᠨᠳᠥᠷ ᠲᠤ ᠪᠠᠨ 200 ᠲᠦᠮᠡᠨ | ᠲᠥᠭᠦᠷᠢᠭ ᠤᠨ ᠱᠠᠩᠨᠠᠯ ᠣᠯᠭᠤᠨ᠎ᠠ᠃ | ᠳᠥᠷᠪᠡ᠂ ᠪᠣᠬᠢᠷᠲᠤᠯ ᠦᠭᠡᠢ ᠬᠥᠭᠵᠢᠯᠲᠡ ᠶᠢ ᠠᠬᠢᠭᠤᠯᠤᠨ᠎ᠠ | ︵ᠠᠷᠪᠠᠨ ᠨᠢᠭᠡ︶ ᠦᠯᠡᠳᠡᠭᠡᠯ ᠳ᠋ᠠᠶᠢᠲ᠋ᠠ ᠶᠢᠨ ᠲᠥᠪ ᠢ ᠪᠣᠬᠢᠷᠲᠤᠯ ᠦᠭᠡᠢ ᠪᠣᠯᠭᠠᠨ ᠥᠭᠡᠷᠡᠴᠢᠯᠡᠵᠦ ᠰᠢᠨᠡᠳᠬᠡᠬᠦ ᠶᠢ ᠴᠢᠩᠭᠠᠳᠬᠠᠵᠤ᠂ ᠵᠢᠯ ᠳᠤᠮᠳᠠᠴᠢ | PUE ᠬᠡᠮᠵᠢᠭᠳᠡᠯ ᠨᠢ 1.5 ᠠᠴᠠ ᠳᠡᠭᠡᠭᠰᠢ ᠪᠠᠶᠢᠭ᠎ᠠ ᠬᠤᠴᠤᠷᠤᠩᠭᠤᠢ ᠳ᠋ᠠᠶᠢᠲ᠋ᠠ ᠶᠢᠨ ᠲᠥᠪ ᠢ ᠡᠮᠬᠢ ᠵᠢᠷᠤᠮ ᠲᠠᠢ ᠪᠠᠷ ᠨᠡᠭᠦᠯᠭᠡᠨ ᠭᠠᠷᠭᠠᠵᠤ᠂ ᠰᠢᠨ᠎ᠡ ᠪᠠᠷ | ᠪᠠᠶᠢᠭᠤᠯᠤᠭᠰᠠᠨ ᠳ᠋ᠠᠶᠢᠲ᠋ᠠ ᠶᠢᠨ ᠲᠥᠪ ᠤᠨ PUE ᠬᠡᠮᠵᠢᠭᠳᠡᠯ ᠢ 1.2 ᠠᠴᠠ ᠳᠣᠷᠣᠭᠰᠢ ᠪᠠᠶᠢᠯᠭᠠᠬᠤ ᠪᠠᠷ ᠴᠢᠩᠭ᠎ᠠ ᠡᠵᠡᠮᠳᠡᠨ᠎ᠡ᠃ | ︵ᠠᠷᠪᠠᠨ ᠬᠤᠶᠠᠷ︶ ᠠᠵᠤ ᠠᠬᠤᠶᠢᠯᠠᠯ ᠤᠨ ᠪᠣᠬᠢᠷᠲᠤᠯ ᠦᠭᠡᠢ ᠪᠤᠳᠤᠬᠤ ᠴᠢᠳᠠᠪᠤᠷᠢ ᠶᠢᠨ ᠦᠢᠯᠡᠴᠢᠯᠡᠭᠡ ᠳᠤ ᠳᠣᠣᠷ᠎ᠠ ᠨᠡᠭᠦᠷᠡᠰᠦᠲᠥ᠋ᠷᠥᠭᠴᠢᠲᠦ ᠭᠡᠷᠡᠴᠢᠯᠡᠯ | ᠥᠷᠨᠢᠭᠦᠯᠬᠦ ᠶᠢ ᠳᠡᠮᠵᠢᠵᠦ᠂ ᠪᠣᠬᠢᠷᠲᠤᠯ ᠦᠭᠡᠢ ᠪᠤᠳᠤᠬᠤ ᠴᠢᠳᠠᠪᠤᠷᠢ ᠬᠢᠭᠡᠳ ᠨᠡᠭᠦᠷᠡᠰᠦᠲᠥ᠋ᠷᠥᠭᠴᠢ ᠶᠢᠨ ᠠᠷᠠᠯᠵᠢᠶ᠎ᠠ᠂ ᠨᠡᠭᠦᠷᠡᠰᠦᠲᠥ᠋ᠷᠥᠭᠴᠢ ᠶᠢᠨ ᠬᠤᠷᠠᠮᠠᠯ | ᠠᠭᠤᠰᠤᠯᠴᠠᠨ ᠬᠥᠭᠵᠢᠬᠦ ᠬᠡᠪ ᠵᠠᠭᠪᠤᠷ ᠢ ᠢᠳᠡᠪᠬᠢᠲᠡᠢ ᠬᠠᠶᠢᠨ ᠰᠦᠪᠡᠭᠴᠢᠯᠡᠵᠦ᠂ ᠪᠣᠬᠢᠷᠲᠤᠯ ᠦᠭᠡᠢ ᠪᠣᠳᠣᠬᠤ ᠴᠢᠳᠠᠪᠤᠷᠢ ᠶᠢᠨ ᠨᠠᠷᠠᠲᠤ ᠲᠡᠮᠳᠡᠭ ᠢ ᠪᠣᠶ ᠪᠣᠯᠭᠠᠨ᠎ᠠ᠃ | ᠬᠠᠮᠢᠶ᠎ᠠ ᠪᠦᠬᠦᠢ ᠪᠠᠶᠢᠭᠤᠯᠤᠮᠵᠢ ᠪᠤᠶᠤ ᠠᠵᠤ ᠠᠬᠤᠶᠢᠯᠠᠯ ᠪᠣᠬᠢᠷᠳᠤᠯ ᠦᠭᠡᠢ ᠪᠣᠳᠣᠬᠤ ᠴᠢᠳᠠᠪᠤᠷᠢ ᠶᠢᠨ ᠪᠠᠷᠢᠮᠵᠢᠶ᠎ᠠ ᠶᠢ ᠰᠤᠳᠤᠯᠤᠨ ᠲᠣᠭᠲᠠᠭᠠᠬᠤ ᠳᠤ ᠢᠳᠡᠪᠬᠢᠲᠡᠢ | ᠣᠷᠣᠯᠴᠠᠬᠤ ᠶᠢ ᠨᠢ ᠳᠡᠮᠵᠢᠨ᠎ᠠ᠃ | ᠲᠠᠪᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠴᠢᠳᠠᠪᠤᠷᠢᠲᠠᠨ ᠬᠥᠮᠥᠵᠢᠭᠦᠯᠬᠦ ᠶᠢ ᠴᠢᠩᠭᠠᠳᠬᠠᠨ᠎ᠠ | ︵ᠠᠷᠪᠠᠨ ᠭᠤᠷᠪᠠ︶ ᠪᠣᠳᠣᠬᠤ ᠴᠢᠳᠠᠪᠤᠷᠢ ᠶᠢᠨ ᠲᠣᠯᠣᠭᠠᠶᠢᠯᠠᠭᠴᠢ ᠠᠵᠤ ᠠᠬᠤᠶᠢᠯᠠᠯ ᠰᠢᠨ᠎ᠡ ᠬᠡᠯᠪᠡᠷᠢ ᠶᠢᠨ ᠰᠤᠳᠤᠯᠤᠨ ᠨᠡᠭᠡᠭᠡᠬᠦ ᠪᠠᠶᠢᠭᠤᠯᠤᠮᠵᠢ ᠡᠭᠦᠳᠦᠨ | ᠪᠠᠶᠢᠭᠤᠯᠬᠤ ᠶᠢ ᠬᠥᠲᠥᠯᠥᠨ ᠵᠢᠯᠤᠭᠤᠳᠴᠤ᠂ ᠠᠵᠤ ᠠᠬᠤᠶᠢᠯᠠᠯ ᠢ ᠳᠡᠮᠵᠢᠵᠦ ᠪᠠᠶᠢᠭᠠᠳ ᠣᠷᠣᠨ ᠤ ᠳᠣᠲᠣᠨ᠎ᠠ ᠭᠠᠳᠠᠨᠠᠬᠢ ᠶᠡᠭᠡ ᠳᠡᠭᠡᠳᠦ ᠰᠤᠷᠭᠠᠭᠤᠯᠢ ᠪᠠ | ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠤᠨ ᠰᠢᠨ᠎ᠡ ᠡᠭᠦᠳᠦᠯᠲᠡ ᠲᠠᠢ ᠡᠬᠢ ᠪᠠᠶᠠᠯᠢᠭ ᠯᠤᠭ᠎ᠠ ᠬᠤᠯᠪᠤᠭᠠᠯᠠᠨ᠂ ᠪᠣᠬᠢᠷᠲᠤᠯ ᠦᠭᠡᠢ ᠪᠣᠳᠣᠬᠤ | ᠴᠢᠳᠠᠪᠤᠷᠢ ᠶᠢᠨ ᠠᠵᠤ ᠦᠢᠯᠡᠰ ᠤᠨ ᠮᠡᠷᠭᠡᠵᠢᠯ ᠤᠨ ᠪᠣᠭᠤᠮᠲᠠ ᠰᠢᠪᠲᠤᠯᠤᠯᠲᠠ ᠶᠢ ᠥᠷᠨᠢᠭᠦᠯᠵᠦ᠂ ᠰᠢᠨ᠎ᠡ ᠪᠠᠷ ᠦᠨᠡᠮᠰᠢᠭᠳᠡᠭᠰᠡᠨ ᠪᠣᠬᠢᠷᠲᠤᠯ ᠦᠭᠡᠢ ᠪᠣᠳᠣᠬᠤ | ᠴᠢᠳᠠᠪᠤᠷᠢ ᠶᠢᠨ ᠬᠦᠷᠢᠶᠡᠨ ᠳᠠᠬᠢ ᠥᠪᠡᠷᠲᠡᠭᠡᠨ ᠵᠠᠰᠠᠬᠤ ᠣᠷᠣᠨ ᠤ ᠮᠡᠷᠭᠡᠵᠢᠯ ᠤᠨ ᠰᠢᠨ᠎ᠡ ᠡᠭᠦᠳᠦᠯᠲᠡ ᠶᠢᠨ ᠲᠥᠪ ᠠᠴᠠ ᠨᠢᠭᠡ ᠯᠡ ᠤᠳᠠᠭ᠎ᠠ ᠳᠤ 500 ᠲᠦᠮᠡᠨ | ᠲᠥᠭᠦᠷᠢᠭ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠵᠠᠷᠤᠳᠠᠯ ᠤᠨ ᠳᠡᠮᠵᠢᠯᠭᠡ ᠦᠵᠡᠭᠦᠯᠦᠨ᠎ᠡ᠃ | ︵ᠠᠷᠪᠠᠨ ᠳᠥᠷᠪᠡ︶ ᠠᠵᠤ ᠠᠬᠤᠶᠢᠯᠠᠯ ᠲᠣᠮᠣ ᠳ᠋ᠠᠶᠢᠲ᠋ᠠ ᠬᠢᠭᠡᠳ ᠵᠥᠭᠡᠯᠡᠨ ᠲᠣᠨᠤᠭ ᠤᠨ ᠠᠵᠤ ᠦᠢᠯᠡᠰ ᠤᠨ ᠳᠠᠭᠠᠭᠤᠯᠤᠭᠴᠢ ᠴᠢᠳᠠᠪᠤᠷᠢᠲᠠᠨ᠂ ᠲᠤᠰᠬᠠᠢ | ᠮᠡᠷᠭᠡᠵᠢᠯ ᠤᠨ ᠴᠢᠳᠠᠪᠤᠷᠢᠲᠠᠨ ᠣᠷᠣᠭᠤᠯᠤᠨ ᠠᠪᠴᠢᠷᠠᠬᠤ ᠶᠢ ᠳᠡᠮᠵᠢᠵᠦ᠂ ᠣᠷᠣᠭᠤᠯᠤᠨ ᠠᠪᠴᠢᠷᠠᠭᠰᠠᠨ ᠳᠡᠭᠡᠳᠦ ᠳᠡᠰ ᠳᠠᠪᠬᠤᠷᠭ᠎ᠠ ᠶᠢᠨ ᠴᠢᠳᠠᠪᠤᠷᠢᠲᠠᠨ ᠳᠤ | ᠥᠪᠡᠷᠲᠡᠭᠡᠨ ᠵᠠᠰᠠᠬᠤ ᠣᠷᠣᠨ ᠤ ᠴᠢᠳᠠᠪᠤᠷᠢᠲᠠᠨ ᠤ ᠲᠥᠷᠥ ᠶᠢᠨ ᠪᠣᠳᠣᠯᠭ᠎ᠠ ᠶᠣᠰᠣᠭᠠᠷ ᠬᠠᠮᠢᠶ᠎ᠠ ᠪᠦᠬᠦᠢ ᠣᠯᠭᠤᠮᠵᠢ ᠬᠦᠷᠲᠡᠭᠡᠵᠦ᠂ ᠠᠵᠤ ᠠᠬᠤᠶᠢᠯᠠᠯ ᠢ ᠳᠡᠮᠵᠢᠵᠦ | ᠪᠠᠶᠢᠭᠠᠳ ᠶᠡᠭᠡ ᠳᠡᠭᠡᠳᠦ ᠰᠤᠷᠭᠠᠭᠤᠯᠢ᠂ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠯᠤᠭ᠎ᠠ ᠬᠠᠮᠲᠤᠷᠠᠯᠴᠠᠨ ᠲᠣᠮᠣ ᠳ᠋ᠠᠶᠢᠲ᠋ᠠ ᠶᠢᠨ ᠠᠵᠤ ᠦᠢᠯᠡᠰ ᠤᠨ ᠳᠡᠭᠡᠳᠦ | ᠰᠤᠷᠭᠠᠭᠤᠯᠢ ᠪᠤᠶᠤ ᠵᠣᠬᠢᠶᠠᠮᠠᠯ ᠤᠶᠤᠨ ᠤ ᠠᠵᠤ ᠦᠢᠯᠡᠰ ᠤᠨ ᠳᠡᠭᠡᠳᠦ ᠰᠤᠷᠭᠠᠭᠤᠯᠢ ᠶᠢ ᠬᠠᠮᠲᠤᠷᠠᠨ ᠪᠠᠶᠢᠭᠤᠯᠵᠤ᠂ ᠥᠨᠳᠥᠷ ᠬᠡᠪ ᠪᠣᠯᠪᠠᠰᠤᠷᠠᠯ ᠲᠠᠢ | ᠬᠡᠷᠡᠭᠯᠡᠯᠲᠡ ᠶᠢᠨ ᠴᠢᠳᠠᠪᠤᠷᠢᠲᠠᠨ ᠢ ᠬᠥᠮᠥᠵᠢᠭᠦᠯᠦᠨ᠎ᠡ᠃ | ᠵᠢᠷᠭᠤᠭ᠎ᠠ᠂ ᠬᠡᠷᠡᠭᠯᠡᠯᠲᠡ ᠶᠢᠨ ᠠᠬᠤᠢ ᠪᠠᠶᠢᠳᠠᠯ ᠢ ᠥᠷᠭᠡᠳᠬᠡᠨ᠎ᠡ | ︵ᠠᠷᠪᠠᠨ ᠲᠠᠪᠤ︶ ᠪᠣᠬᠢᠷᠲᠤᠯ ᠦᠭᠡᠢ ᠪᠣᠳᠣᠬᠤ ᠴᠢᠳᠠᠪᠤᠷᠢ ᠶᠢᠨ ᠬᠡᠷᠡᠭᠯᠡᠯᠲᠡ ᠶᠢᠨ ᠠᠬᠤᠢ ᠪᠠᠶᠢᠳᠠᠯ ᠢ ᠶᠡᠭᠡ ᠪᠠᠷ ᠥᠷᠭᠡᠳᠬᠡᠵᠦ᠂ ᠠᠵᠤ ᠦᠢᠯᠡᠳᠪᠦᠷᠢ᠂ | ᠵᠠᠮ ᠬᠠᠷᠢᠯᠴᠠᠭ᠎ᠠ ᠲᠡᠭᠡᠭᠡᠪᠦᠷᠢ᠂ ᠡᠮᠴᠢᠯᠡᠭᠡ᠂ ᠰᠤᠷᠭᠠᠨ ᠬᠥᠮᠦᠵᠢᠯ᠂ ᠡᠨᠧᠷᠭᠢ᠂ ᠪᠠᠴᠢᠮ ᠪᠠᠶᠢᠳᠠᠯ ᠢ ᠠᠷᠭᠠᠴᠠᠭᠠᠬᠤ᠂ ᠰᠣᠶᠣᠯ ᠵᠢᠭᠤᠯᠴᠢᠯᠠᠯ᠂ ᠳ᠋ᠢᠭᠢᠲ ᠬᠥᠳᠡᠭᠡ | ᠲᠣᠰᠬᠤᠨ᠂ ᠨᠡᠶᠢᠭᠡᠮ ᠤᠨ ᠵᠠᠰᠠᠯᠲᠠ ᠵᠡᠷᠭᠡ ᠠᠵᠢᠯ ᠲᠥᠷᠥᠯ ᠤᠨ ᠳ᠋ᠢᠭᠢᠲᠴᠢᠯᠡᠨ ᠬᠡᠯᠪᠡᠷᠢ ᠪᠠᠨ ᠬᠤᠪᠢᠷᠠᠭᠤᠯᠬᠤ ᠬᠦᠴᠦᠨ ᠴᠢᠳᠠᠮᠵᠢ ᠶᠢ ᠨᠢ ᠡᠷᠴᠢᠮᠯᠡᠵᠦ᠂ ᠤᠯᠤᠰ ᠤᠨ | ᠳ᠋ᠠᠶᠢᠲ᠋ᠠ ᠶᠢᠨ ᠲᠣᠪᠴᠢᠶ᠎ᠠ ᠶᠢᠨ ︽ᠳ᠋ᠠᠶᠢᠲ᠋ᠠ ᠶᠢᠨ ᠬᠦᠴᠦᠨ ᠵᠦᠢᠯ ×︾ ᠤᠨ ᠨᠡᠶᠢᠲᠡᠯᠢᠭ ᠬᠡᠷᠡᠭ ᠤᠨ ᠵᠢᠱᠢᠶ᠎ᠡ ᠳᠤ ᠣᠷᠣᠭᠰᠠᠨ ᠲᠥᠷᠥᠯ ᠵᠦᠢᠯ ᠳᠤ ᠬᠠᠮᠤᠭ ᠤᠨ | ᠥᠨᠳᠥᠷ ᠲᠤ ᠪᠠᠨ 200 ᠲᠦᠮᠡᠨ ᠲᠥᠭᠦᠷᠢᠭ ᠠᠴᠠ ᠬᠡᠲᠦᠷᠡᠭᠦᠯᠬᠦ ᠦᠭᠡᠢ ᠪᠠᠷ ᠨᠢᠭᠡ ᠯᠡ ᠤᠳᠠᠭ᠎ᠠ ᠳᠤ ᠱᠠᠩᠨᠠᠯ ᠣᠯᠭᠤᠨ᠎ᠠ᠃ | ︵ᠠᠷᠪᠠᠨ ᠵᠢᠷᠭᠤᠭ᠎ᠠ︶ ᠡᠯ᠎ᠡ ᠠᠶᠢᠮᠠᠭ ᠬᠤᠲᠠ᠂ ᠬᠦᠷᠢᠶᠡᠯᠡᠩ ᠲᠣᠭᠤᠷᠢᠭ᠂ ᠠᠵᠤ ᠠᠬᠤᠶᠢᠯᠠᠯ ᠪᠣᠬᠢᠷᠲᠤᠯ ᠦᠭᠡᠢ ᠪᠣᠳᠣᠬᠤ ᠴᠢᠳᠠᠪᠤᠷᠢ ᠶᠢᠨ | ᠬᠡᠷᠡᠭᠯᠡᠯᠲᠡ ᠶᠢᠨ ᠲᠤᠷᠰᠢᠯᠲᠠ ᠶᠢᠨ ᠴᠡᠭ ᠤᠨ ᠵᠢᠱᠢᠶ᠎ᠡ ᠦᠵᠡᠭᠦᠯᠬᠦ ᠣᠷᠣᠨ᠂ ᠵᠢᠱᠢᠶ᠎ᠡ ᠦᠵᠡᠭᠦᠯᠬᠦ ᠠᠵᠤ ᠠᠬᠤᠶᠢᠯᠠᠯ᠂ ᠵᠢᠱᠢᠶ᠎ᠡ ᠦᠵᠡᠭᠦᠯᠬᠦ ᠢᠨᠵᠧᠨᠧᠷᠢᠩ ᠡᠭᠦᠳᠦᠨ | ᠪᠠᠶᠢᠭᠤᠯᠬᠤ ᠠᠵᠢᠯᠯᠠᠭ᠎ᠠ ᠥᠷᠨᠢᠭᠦᠯᠬᠦ ᠶᠢ ᠠᠬᠢᠭᠤᠯᠵᠤ᠂ ᠨᠡᠶᠢᠲᠡᠯᠢᠭ ᠬᠡᠷᠡᠭ ᠤᠨ ᠵᠢᠱᠢᠶ᠎ᠡ ᠶᠢ ᠰᠢᠯᠢᠨ ᠰᠣᠩᠭᠤᠵᠤ᠂ ᠰᠢᠨ᠎ᠡ ᠶᠢ ᠡᠭᠦᠳᠦᠭᠰᠡᠨ ᠦᠢᠯᠡᠳᠬᠦᠨ ᠬᠢᠭᠡᠳ | ᠰᠢᠢᠳᠪᠦᠷᠢᠯᠡᠬᠦ ᠲᠥᠰᠥᠯ ᠤᠨ ᠭᠠᠷᠴᠠᠭ ᠢ ᠴᠠᠭ ᠲᠤ ᠨᠢ ᠲᠣᠬᠢᠷᠠᠭᠤᠯᠤᠨ ᠨᠡᠶᠢᠲᠡᠯᠡᠨ᠎ᠡ᠃ ᠪᠡᠭᠡᠵᠢᠩ ᠲᠢᠶᠠᠨᠵᠢᠨ ᠾᠧᠪᠧᠢ᠂ ᠬᠥᠬᠡᠮᠥ᠋ᠷᠡᠨ ᠤ ᠭᠤᠷᠪᠠᠯᠵᠢᠨ ᠬᠤᠶᠢᠭ᠂ | ᠭᠤᠸᠠᠩᠳᠦ᠋ᠩ ᠰᠢᠶᠠᠩᠭᠠᠩ ᠣᠣᠮᠧᠨ ᠤ ᠲᠣᠮᠣ ᠪᠤᠯᠤᠩ ᠤᠨ ᠣᠷᠣᠨ ᠪᠠ ᠵᠡᠭᠦᠨ ᠬᠤᠶᠢᠲᠤ ᠣᠷᠣᠨ ᠤ ᠭᠤᠷᠪᠠᠨ ᠮᠤᠵᠢ ᠶᠢᠨ ᠪᠣᠳᠣᠬᠤ ᠴᠢᠳᠠᠪᠤᠷᠢ ᠶᠢᠨ ᠬᠡᠷᠡᠭᠴᠡᠭᠡ | ᠯᠦᠭᠡ ᠢᠳᠡᠪᠬᠢᠲᠡᠢ ᠵᠣᠯᠭᠠᠭᠤᠯᠵᠤ᠂ ︽ᠵᠡᠭᠦᠨ ᠤ ᠳ᠋ᠠᠶᠢᠲ᠋ᠠ ᠶᠢ ᠪᠠᠷᠠᠭᠤᠨ ᠳᠤ ᠬᠠᠳᠠᠭᠠᠯᠠᠬᠤ︾᠂ ︽ᠵᠡᠭᠦᠨ ᠤ ᠳ᠋ᠠᠶᠢᠲ᠋ᠠ ᠶᠢ ᠪᠠᠷᠠᠭᠤᠨ ᠳᠤ ᠪᠣᠳᠣᠬᠤ︾᠂ ︽ | ᠵᠡᠭᠦᠨ ᠤ ᠳ᠋ᠠᠶᠢᠲ᠋ᠠ ᠶᠢ ᠪᠠᠷᠠᠭᠤᠨ ᠳᠤ ᠪᠣᠯᠪᠠᠰᠤᠷᠠᠭᠤᠯᠬᠤ︾ ᠬᠡᠷᠡᠭᠯᠡᠯᠲᠡ ᠶᠢᠨ ᠠᠬᠤᠢ ᠪᠠᠶᠢᠳᠠᠯ ᠢ ᠪᠣᠳᠠᠲᠠᠶᠢᠵᠢᠭᠤᠯᠤᠨ᠎ᠠ᠃ | ᠲᠤᠰ ᠰᠠᠨᠠᠯ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠂ ᠬᠦᠴᠦᠨ ᠲᠠᠢ ᠬᠤᠭᠤᠴᠠᠭ᠎ᠠ ᠨᠢ ᠭᠤᠷᠪᠠᠨ ᠵᠢᠯ ᠪᠣᠯᠣᠨ᠎ᠠ᠃ | | | 2024 ᠣᠨ ᠤ 6 ᠳ᠋ᠤᠭᠠᠷ ᠰᠠᠷ᠎ᠠ ᠶᠢᠨ 7 ᠤ ᠡᠳᠦᠷ | ︵ᠲᠤᠰ ᠪᠢᠴᠢᠭ ᠮᠠᠲ᠋ᠧᠷᠢᠶᠠᠯ ᠳᠤ ᠬᠠᠰᠤᠯᠲᠠ ᠲᠠᠢ︶ | | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ | 2024 ᠣᠨ ᠤ 6 ᠳ᠋ᠤᠭᠠᠷ ᠰᠠᠷ᠎ᠠ ᠶᠢᠨ 7 ᠤ ᠡᠳᠦᠷ ᠳᠠᠷᠤᠮᠠᠯᠯᠠᠨ ᠲᠠᠷᠬᠠᠭᠠᠪᠠ | | | |