ᠬᠥᠯᠥᠨ ᠪᠠᠯᠭᠠᠰᠤ ᠶᠢᠨ ᠬᠥᠯᠥᠨ ᠨᠠᠭᠤᠷ ᠭᠠᠴᠠᠭᠠᠨ ᠤ ᠬᠤᠪᠢ ᠣᠷᠣᠭᠤᠯᠤᠭᠰᠠᠨ ᠠᠵᠤ ᠠᠬᠤᠢ ᠶᠢᠨ ᠬᠤᠷᠰᠢᠶᠠᠵᠢᠯ ᠠᠩᠬᠠᠳᠤᠭᠠᠷ ᠬᠤᠭᠤᠴᠠᠭᠠᠨ ᠤ ᠠᠩᠬᠠᠳᠤᠭᠠᠷ ᠤᠳᠠᠭᠠᠨ ᠤ ᠬᠤᠪᠢ ᠣᠷᠣᠭᠤᠯᠤᠭᠴᠢᠳ ᠤᠨ ᠲᠥᠯᠥᠭᠡᠯᠡᠭᠴᠢᠳ ᠤᠨ ᠶᠡᠭᠡ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/12/30
      12 ᠰᠠᠷ᠎ᠠ ᠶᠢᠨ 29 ᠤ ᠡᠳᠦᠷ᠂ ᠬᠥᠯᠥᠨ ᠪᠠᠯᠭᠠᠰᠤ ᠶᠢᠨ ᠬᠥᠯᠥᠨ ᠨᠠᠭᠤᠷ ᠭᠠᠴᠠᠭᠠᠨ ᠤ ᠬᠤᠪᠢ ᠣᠷᠣᠭᠤᠯᠤᠭᠰᠠᠨ ᠠᠵᠤ ᠠᠬᠤᠢ ᠶᠢᠨ ᠬᠤᠷᠰᠢᠶᠠᠵᠢᠯ ᠠᠩᠬᠠᠳᠤᠭᠠᠷ ᠬᠤᠭᠤᠴᠠᠭᠠᠨ ᠤ ᠠᠩᠬᠠᠳᠤᠭᠠᠷ ᠤᠳᠠᠭᠠᠨ ᠤ ᠬᠤᠪᠢ ᠣᠷᠣᠭᠤᠯᠤᠭᠴᠢᠳ ᠤᠨ ᠲᠥᠯᠥᠭᠡᠯᠡᠭᠴᠢᠳ ᠤᠨ ᠶᠡᠭᠡ ᠬᠤᠷᠠᠯ ᠢ ᠬᠤᠷᠠᠯᠳᠤᠭᠤᠯᠪᠠ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠸᠠᠩ ᠴᠢᠤᠸᠠᠨ᠂ ᠬᠥᠯᠥᠨ ᠪᠠᠯᠭᠠᠰᠤ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠵᠢᠴᠢ ᠬᠥᠯᠥᠨ ᠨᠠᠭᠤᠷ ᠭᠠᠴᠠᠭᠠᠨ ᠤ ᠬᠤᠪᠢ ᠣᠷᠣᠭᠤᠯᠤᠭᠰᠠᠨ ᠠᠵᠤ ᠠᠬᠤᠢ ᠶᠢᠨ ᠬᠤᠷᠰᠢᠶᠠᠵᠢᠯ ᠤᠨ ᠬᠤᠪᠢ ᠣᠷᠣᠭᠤᠯᠤᠭᠴᠢᠳ ᠤᠨ ᠲᠥᠯᠥᠭᠡᠯᠡᠭᠴᠢ ᠬᠤᠷᠠᠯ ᠳᠤ ᠣᠷᠣᠯᠴᠠᠪᠠ᠃
12.30呼伦诺尔.jpg
      ᠠᠩᠬᠠᠳᠤᠭᠠᠷ ᠬᠤᠭᠤᠴᠠᠭᠠᠨ ᠤ ᠠᠩᠬᠠᠳᠤᠭᠠᠷ ᠤᠳᠠᠭᠠᠨ ᠤ ᠬᠤᠪᠢ ᠣᠷᠣᠭᠤᠯᠤᠭᠴᠢᠳ ᠤᠨ ᠲᠥᠯᠥᠭᠡᠯᠡᠭᠴᠢᠳ ᠤᠨ ᠶᠡᠭᠡ ᠬᠤᠷᠠᠯ ᠳᠡᠭᠡᠷ᠎ᠡ᠂ ᠲᠠᠪᠤᠨ ᠶᠡᠭᠡ ᠬᠤᠪᠢ ᠣᠷᠣᠭᠤᠯᠤᠭᠰᠠᠨ ᠬᠤᠷᠰᠢᠶᠠᠵᠢᠯ ᠤᠨ ᠳᠦᠷᠢᠮ ᠢ ᠬᠢᠨᠠᠨ ᠵᠥᠪᠯᠡᠵᠦ ᠪᠠᠲᠤᠯᠠᠨ᠂ ᠬᠤᠷᠰᠢᠶᠠᠵᠢᠯ ᠤᠨ ᠬᠡᠷᠡᠭ ᠡᠷᠬᠢᠯᠡᠭᠴᠢᠳ ᠤᠨ ᠵᠥᠪᠯᠡᠯ ᠪᠠ ᠬᠡᠷᠡᠭ ᠬᠢᠨᠠᠭᠴᠢᠳ ᠤᠨ ᠵᠥᠪᠯᠡᠯ ᠤᠨ ᠪᠦᠷᠢᠯᠳᠦᠭᠦᠨ ᠵᠢᠴᠢ ᠬᠡᠷᠡᠭ ᠡᠷᠬᠢᠯᠡᠭᠴᠢᠳ ᠤᠨ ᠳᠠᠷᠤᠭ᠎ᠠ᠂ ᠬᠡᠷᠡᠭ ᠬᠢᠨᠠᠭᠴᠢᠳ ᠤᠨ ᠳᠠᠷᠤᠭ᠎ᠠ ᠶᠢ ᠰᠣᠩᠭᠤᠨ ᠭᠠᠷᠭᠠᠪᠠ᠃      ᠲᠠᠷᠠᠭᠠᠴᠢ ᠶᠢᠨ ᠠᠯᠬᠤᠮ ᠳᠤ᠂ ᠬᠥᠯᠥᠨ ᠨᠠᠭᠤᠷ ᠭᠠᠴᠠᠭᠠᠨ ᠤ ᠬᠤᠪᠢ ᠣᠷᠣᠭᠤᠯᠤᠭᠰᠠᠨ ᠠᠵᠤ ᠠᠬᠤᠢ ᠶᠢᠨ ᠬᠤᠷᠰᠢᠶᠠᠵᠢᠯ ︽ᠭᠤᠷᠪᠠ ᠶᠢ ᠬᠤᠪᠢᠷᠠᠭᠤᠯᠬᠤ ︾ ᠥᠭᠡᠷᠡᠴᠢᠯᠡᠯᠲᠡ ᠶᠢᠨ ᠠᠵᠢᠯ ᠢᠶᠠᠷ ᠠᠵᠠ ᠲᠣᠬᠢᠶᠠᠯ ᠪᠣᠯᠭᠠᠵᠤ᠂ ᠲᠡᠷᠢᠭᠦᠨ ᠤ ᠭᠠᠵᠠᠷ ᠣᠷᠣᠨ ᠤ ᠥᠭᠡᠷᠡᠴᠢᠯᠡᠯᠲᠡ ᠶᠢᠨ ᠲᠤᠷᠰᠢᠯᠭ᠎ᠠ ᠶᠢ ᠭᠦᠢᠴᠡᠳ ᠰᠤᠷᠤᠯᠴᠠᠨ ᠲᠣᠯᠢ ᠪᠣᠯᠭᠠᠵᠤ᠂ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠪᠠ ᠮᠠᠯᠴᠢᠨ ᠲᠦᠮᠡᠨ ᠳᠤ ᠦᠢᠯᠡᠴᠢᠯᠡᠬᠦ ᠰᠢᠨ᠎ᠡ ᠵᠠᠭᠪᠤᠷ ᠢ ᠬᠠᠶᠢᠨ ᠰᠦᠪᠡᠭᠴᠢᠯᠡᠵᠦ᠂ ᠬᠠᠮᠲᠤ ᠶᠢᠨ ᠠᠵᠤ ᠠᠬᠤᠢ ᠶᠢᠨ ᠰᠠᠭᠤᠷᠢ ᠶᠢ ᠲᠠᠰᠤᠷᠠᠯᠲᠠ ᠦᠭᠡᠢ ᠪᠠᠲᠤᠳᠬᠠᠨ᠎ᠠ᠃ ᠡᠭᠦᠨ ᠤ ᠬᠠᠮᠲᠤ ᠤᠬᠠᠭᠤᠯᠤᠨ ᠬᠥᠲᠥᠯᠥᠨ ᠵᠢᠯᠤᠭᠤᠳᠬᠤ ᠶᠢ ᠴᠢᠩᠭᠠᠳᠬᠠᠵᠤ᠂ ᠮᠠᠯᠴᠢᠨ ᠲᠦᠮᠡᠨ ᠳᠤ ᠥᠭᠡᠷᠡᠴᠢᠯᠡᠯᠲᠡ ᠶᠢ ᠣᠶᠢᠯᠠᠭᠠᠭᠤᠯᠵᠤ᠂ ᠥᠭᠡᠷᠡᠴᠢᠯᠡᠯᠲᠡ ᠶᠢ ᠳᠡᠮᠵᠢᠭᠦᠯᠵᠦ᠂ ᠥᠭᠡᠷᠡᠴᠢᠯᠡᠯᠲᠡ ᠳᠤ ᠣᠷᠣᠯᠴᠠᠭᠤᠯᠵᠤ᠂ ᠥᠭᠡᠷᠡᠴᠢᠯᠡᠯᠲᠡ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤᠪᠠᠷ ᠡᠳ᠋ᠯᠡᠭᠦᠯᠵᠦ᠂ ᠮᠠᠯᠴᠢᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠢ ᠦᠨᠡᠨᠬᠦ ᠨᠡᠮᠡᠭᠳᠡᠭᠦᠯᠦᠨ᠎ᠡ᠃
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ