63 ᠨᠠᠰᠤ ᠪᠣᠯᠲᠠᠯ᠎ᠠ ᠤᠷᠲᠤᠳᠬᠠᠨ᠎ᠡ ᠭᠡᠵᠦ ᠳᠣᠲᠣᠭᠠᠳᠤ ᠶᠢ ᠬᠠᠮᠠᠭᠠᠯᠠᠬᠤ ᠶᠠᠮᠤᠨ ᠲᠣᠳᠣᠷᠬᠠᠢ ᠲᠤᠬᠳᠠᠭᠠᠪᠠ
ᠨᠡᠶᠢᠲᠡᠯᠡᠭᠰᠡᠨ ᠴᠠᠭ᠄
2024/12/31
      ᠰᠤᠷᠪᠤᠯᠵᠢᠯᠠᠭᠴᠢ 12 ᠰᠠᠷ᠎ᠠ ᠶᠢᠨ 27 ᠤ ᠡᠳᠦᠷ ᠤᠶᠢᠯᠠᠭᠠᠵᠤ ᠮᠡᠳᠡᠭᠰᠡᠨ ᠢᠶᠠᠷ᠂ ᠳᠣᠲᠣᠭᠠᠳᠤ ᠶᠢ ᠬᠠᠮᠠᠭᠠᠯᠠᠬᠤ ᠶᠠᠮᠤᠨ ᠤᠶᠢᠷ᠎ᠠ ᠳᠤ ᠰᠢᠨ᠎ᠠ ᠪᠠᠷ ᠵᠠᠰᠠᠪᠤᠷᠢ ᠣᠷᠣᠭᠤᠯᠤᠭᠰᠠᠨ ︽ᠮᠠᠰᠢᠨ ᠲᠡᠷᠭᠡᠨ ᠤ ᠵᠢᠯᠣᠭᠤᠴᠢ ᠶᠢᠨ ᠦᠨᠡᠮᠯᠡᠯ ᠠᠪᠬᠤ ᠪᠠ ᠬᠡᠷᠡᠭᠯᠡᠬᠦ ᠲᠣᠭᠲᠠᠭᠠᠯ︾ ᠢ ᠨᠡᠶᠢᠳᠡᠯᠡᠵᠦ᠂ ᠲᠣᠮᠣ ᠳᠤᠮᠳᠠ ᠬᠡᠯᠪᠡᠷᠢ ᠶᠢᠨ ᠠᠶᠠᠨᠴᠢᠳ  ᠤᠨ ᠲᠡᠷᠭᠡ ᠪᠠ ᠪᠠᠷᠠᠭᠠᠨ ᠤ ᠲᠡᠷᠭᠡ ᠶᠢᠨ ᠵᠢᠯᠣᠭᠤᠴᠢ ᠶᠢᠨ ᠦᠨᠡᠮᠯᠡᠯ ᠭᠤᠶᠤᠴᠢᠯᠠᠬᠤ ᠨᠠᠰᠤᠨ ᠤ ᠳᠡᠭᠡᠳᠦ ᠬᠢᠵᠠᠭᠠᠷ ᠢ ᠪᠦᠬᠦᠯᠢ 60 ᠨᠠᠰᠤ ᠪᠠᠶᠢᠬᠰᠠᠨ ᠢ ᠪᠦᠬᠦᠯᠢ 63 ᠨᠠᠰᠤ ᠪᠤᠯᠳᠠᠯ᠎ᠠ ᠤᠷᠲᠤᠳᠬᠠᠵᠤ᠂ ᠲᠣᠮᠣ ᠳᠤᠮᠳᠠ ᠬᠡᠯᠪᠡᠷᠢ ᠶᠢᠨ ᠠᠶᠠᠨᠴᠢᠳ ᠤᠨ ᠲᠡᠷᠭᠡ ᠪᠠ ᠪᠠᠷᠠᠭᠠᠨ ᠤ ᠲᠡᠷᠭᠡ ᠶᠢᠨ ᠲᠡᠷᠭᠡ ᠵᠢᠯᠣᠭᠤᠳᠬᠤ ᠶᠢ ᠵᠦᠪᠰᠢᠶᠡᠷᠡᠬᠦ ᠨᠠᠰᠤᠨ ᠤ ᠳᠡᠭᠡᠳᠦ ᠬᠢᠵᠠᠭᠠᠷ ᠢ ᠪᠦᠬᠦᠯᠢ 60 ᠨᠠᠰᠤ ᠪᠠᠶᠢᠬᠰᠠᠨ ᠢ ᠪᠦᠬᠦᠯᠢ 63 ᠨᠠᠰᠤ ᠪᠤᠯᠳᠠᠯ᠎ᠠ ᠤᠷᠲᠤᠳᠬᠠᠨ᠎ᠠ᠃ ᠵᠠᠰᠠᠪᠤᠷᠢ ᠣᠷᠣᠭᠤᠯᠤᠭᠰᠠᠨ ᠤ ᠳᠠᠷᠠᠭᠠᠬᠢ ︽ᠮᠠᠰᠢᠨ ᠲᠡᠷᠭᠡᠨ ᠤ ᠵᠢᠯᠣᠭᠤᠴᠢ ᠶᠢᠨ ᠦᠨᠡᠮᠯᠡᠯ ᠠᠪᠬᠤ ᠪᠠ ᠬᠡᠷᠡᠭᠯᠡᠬᠦ ᠲᠣᠭᠲᠠᠭᠠᠯ︾ ᠢ 2025 ᠣᠨ ᠤ 1 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ ᠬᠡᠪᠡ᠃      ᠲᠣᠰ ᠤᠳᠠᠭ᠎ᠠ ᠵᠠᠰᠠᠪᠤᠷᠢ ᠣᠷᠣᠭᠤᠯᠬᠤ ᠳᠠᠭᠠᠨ ᠪᠠᠰᠠ ᠲᠣᠮᠣ ᠳᠤᠮᠳᠠ ᠬᠡᠯᠪᠡᠷᠢ ᠶᠢᠨ ᠠᠶᠠᠨᠴᠢᠳ ᠤᠨ ᠲᠡᠷᠭᠡ ᠪᠠ ᠪᠠᠷᠠᠭᠠᠨ ᠤ ᠲᠡᠷᠭᠡ ᠶᠢᠨ ᠵᠢᠯᠣᠭᠤᠴᠢ ᠶᠢᠨ ᠲᠡᠷᠭᠡ ᠵᠢᠯᠣᠭᠤᠳᠬᠤ ᠴᠠᠭ ᠢ ᠤᠷᠲᠤᠳᠬᠠᠬᠤ ᠪᠠᠷ ᠭᠤᠶᠤᠴᠢᠯᠠᠬᠤ ᠲᠣᠭᠲᠠᠭᠠᠯ ᠢ ᠲᠤᠳᠤᠷᠬᠠᠢ ᠲᠤᠬᠳᠠᠭᠠᠵᠤ᠂ ᠪᠦᠬᠦᠯᠢ 63 ᠨᠠᠰᠤᠨ ᠠᠴᠠ ᠳᠡᠭᠡᠭᠰᠢᠬᠢ ᠠᠶᠠᠨᠴᠢᠳ  ᠤᠨ ᠲᠡᠷᠭᠡ ᠪᠠ ᠪᠠᠷᠠᠭᠠᠨ ᠤ ᠲᠡᠷᠭᠡ ᠶᠢ ᠦᠷᠭᠦᠯᠵᠢᠯᠡᠨ ᠵᠢᠯᠣᠭᠤᠳᠬᠤ ᠴᠢᠬᠤᠯᠠᠲᠠᠢ ᠬᠦᠮᠦᠰ ᠪᠡᠶ᠎ᠡ ᠶᠢᠨ ᠪᠠᠶᠢᠴᠠᠭᠠᠯᠲᠠ ᠪᠠ ᠴᠡᠭᠡᠵᠢᠯᠡᠬᠦ ᠴᠢᠳᠠᠪᠤᠷᠢ᠂ ᠮᠠᠭᠠᠳᠯᠠᠬᠤ ᠴᠢᠳᠠᠪᠤᠷᠢ᠂ ᠲᠤᠰᠬᠠᠬᠤ ᠴᠢᠳᠠᠪᠤᠷᠢ ᠵᠡᠷᠭᠡ ᠴᠢᠳᠠᠪᠤᠷᠢ ᠶᠢᠨ ᠰᠢᠯᠭᠠᠯᠳᠠ ᠳᠤ ᠬᠢᠷᠢ ᠲᠠᠩᠴᠡᠪᠡᠯ᠂ ᠲᠡᠷᠭᠡ ᠵᠢᠯᠣᠭᠤᠳᠬᠤ ᠬᠠᠮᠢᠶᠠᠷᠤᠯᠲᠠ ᠶᠢᠨ ᠭᠠᠵᠠᠷ ᠲᠤ ᠤᠤᠯ ᠤᠨ ᠮᠠᠰᠢᠨ ᠲᠡᠷᠭᠡ ᠵᠢᠯᠣᠭᠤᠳᠬᠤ ᠬᠢᠷᠢ ᠬᠡᠮ ᠤᠨ ᠬᠤᠭᠤᠴᠠᠭ᠎ᠠ ᠪᠠᠨ ᠤᠷᠲᠤᠳᠬᠠᠬᠤ ᠪᠠᠷ ᠭᠤᠶᠤᠴᠢᠯᠠᠵᠤ ᠪᠣᠯᠤᠨ᠎ᠠ᠂ ᠬᠤᠭᠤᠴᠠᠭ᠎ᠠ ᠶᠢ ᠬᠠᠮᠤᠭ ᠤᠨ ᠤᠷᠲᠤ ᠳᠠᠭᠠᠨ 3 ᠵᠢᠯ ᠠᠴᠠ ᠬᠡᠲᠦᠷᠡᠭᠦᠯᠵᠦ ᠪᠣᠯᠬᠤ ᠦᠭᠡᠢ ᠬᠡᠪᠡ᠃
ᠢᠷᠡᠯᠲᠡ᠄ ᠠᠷᠠᠳ ᠤᠨ ᠮᠣᠩᠭᠤᠯ ᠰᠦᠯᠵᠢᠶ᠎ᠡ