ᠥᠪᠥᠷ ᠮᠣᠩᠭᠤᠯ ᠤᠨ ᠡᠳ᠋ ᠤᠨ ᠵᠠᠰᠠᠭ ᠤᠨ 26 ᠤ ᠡᠳᠦᠷ ᠤᠨ ᠮᠡᠳᠡᠭᠡ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ | ᠲᠢᠩᠬᠢᠮ 2025 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ ᠳᠠᠭᠠᠳᠬᠠᠯ ᠤᠨ ᠨᠥᠬᠦᠪᠥᠷᠢ ᠮᠥᠩᠭᠦ ᠶᠢ 91.71 | ᠳ᠋ᠦᠩᠰᠢᠭᠤᠷ ᠲᠥᠭᠦᠷᠢᠭ ᠤᠷᠢᠳᠴᠢᠯᠠᠨ ᠪᠠᠭᠤᠯᠭᠠᠵᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ ᠳᠠᠭᠠᠳᠬᠠᠯ ᠤᠨ ᠡᠳ᠋ ᠤᠨ | ᠵᠠᠰᠠᠭ ᠤᠨ ᠨᠥᠬᠦᠪᠥᠷᠢ ᠥᠭᠬᠦ ᠡᠷᠴᠢᠮ ᠢ ᠦᠷᠭᠦᠯᠵᠢᠯᠡᠨ ᠴᠢᠩᠭᠠᠷᠠᠭᠤᠯᠵᠤ᠂ ᠡᠮᠴᠢᠯᠡᠭᠡᠨ ᠤ ᠪᠠᠲᠤᠯᠠᠭ᠎ᠠ ᠶᠢᠨ ᠬᠠᠷᠠᠭᠠᠯᠵᠠᠯ ᠤᠨ ᠲᠦᠪᠰᠢᠨ ᠢ ᠲᠠᠰᠤᠷᠠᠯᠲᠠ ᠥᠬᠡᠶ | ᠳᠡᠭᠡᠭᠰᠢᠯᠡᠭᠦᠯᠵᠦ ᠪᠤᠢ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡ ᠶᠢᠨ ᠳᠠᠭᠠᠳᠬᠠᠯ ᠤᠨ ᠣᠯᠭᠤᠮᠵᠢ ᠶᠢᠨ ᠲᠦᠪᠰᠢᠨ ᠢ ᠲᠠᠰᠤᠷᠠᠯᠲᠠ | ᠥᠬᠡᠶ ᠳᠡᠭᠡᠭᠰᠢᠯᠡᠭᠦᠯᠵᠦ᠂ ᠡᠩ ᠤᠨ ᠡᠭᠦᠳᠡᠨ ᠡᠮᠨᠡᠯᠭᠡ ᠶᠢᠨ ᠲᠠᠩᠰᠠ ᠲᠡᠶᠢᠯᠬᠤ ᠶᠢ ᠥᠬᠡᠶ ᠪᠠᠶᠢᠭᠰᠠᠨ ᠠᠴᠠ ᠨᠢ ᠪᠠᠶᠢᠬᠤ ᠪᠣᠯᠭᠠᠵᠤ᠂ ᠲᠣᠭᠠᠴᠠᠭ᠎ᠠ ᠬᠢᠬᠦ ᠬᠠᠷᠢᠴᠠᠯ ᠢ | 50% ᠠᠴᠠ ᠳᠤᠤᠷ᠎ᠠ ᠥᠬᠡᠶ ᠪᠠᠶᠢᠯᠭᠠᠵᠤ᠂ ᠡᠮᠨᠡᠯᠭᠡ ᠳᠤ ᠰᠠᠭᠤᠵᠤ ᠨᠢᠭᠡᠳᠦᠯᠲᠡᠶ ᠲᠥᠯᠥᠪᠯᠡᠨ ᠲᠣᠭᠠᠴᠠᠭ᠎ᠠ ᠬᠢᠬᠦ ᠬᠠᠷᠢᠴᠠᠯ ᠢ 30% — 50% | ᠪᠠᠶᠢᠭᠰᠠᠨ ᠠᠴᠠ ᠨᠢ 70% ᠣᠷᠴᠢᠮ ᠪᠣᠯᠭᠠᠨ ᠳᠡᠭᠡᠭᠰᠢᠯᠡᠭᠦᠯᠵᠦ᠂ ᠬᠤᠪᠢ ᠬᠥᠮᠦᠨ ᠤ ᠡᠮᠴᠢᠯᠡᠭᠡ ᠶᠢᠨ ᠵᠠᠷᠤᠳᠠᠯ ᠤᠨ ᠳᠠᠷᠤᠭᠠᠰᠤ ᠶᠢ ᠲᠠᠰᠤᠷᠠᠯᠲᠠ ᠥᠬᠡᠶ | ᠬᠥᠩᠭᠡᠷᠡᠭᠦᠯᠵᠦ ᠪᠠᠶᠢᠨ᠎ᠠ᠃ |