12 ᠳ᠋ᠤᠭᠠᠷ ᠰᠠᠷ᠎ᠠ ᠶᠢᠨ 29 ᠤ ᠡᠳᠦᠷ ᠮᠠᠨ ᠤ ᠣᠷᠣᠨ ᠬᠥᠳᠡᠯᠮᠦᠷᠢ ᠦᠢᠯᠡᠴᠢᠯᠡᠭᠡ ᠶᠢᠨ ᠨᠠᠷᠠᠲᠤ ᠲᠥᠷᠥᠯ ᠲᠡᠮᠳᠡᠭᠲᠦ ᠶᠢ ᠪᠡᠭᠡᠵᠢᠩ ᠳᠤ ᠬᠦᠷᠴᠦ ᠤᠬᠠᠭᠤᠯᠤᠨ ᠲᠠᠨᠢᠯᠴᠠᠭᠤᠯᠬᠤ ᠬᠢᠭᠡᠳ ᠵᠣᠯᠭᠠᠭᠤᠯᠬᠤ ᠰᠠᠭᠤᠳᠠᠯ ᠤᠨ ᠬᠤᠷᠠᠯ ᠤᠨ ᠠᠵᠢᠯᠯᠠᠭ᠎ᠠ ᠪᠡᠭᠡᠵᠢᠩ ᠬᠤᠲᠠ ᠳᠤ ᠶᠠᠪᠤᠭᠳᠠᠪᠠ
ᠨᠡᠶᠢᠲᠡᠯᠡᠭᠰᠡᠨ ᠴᠠᠭ᠄
2024/12/31
      ᠲᠣᠰ ᠤᠳᠠᠭᠠᠨ ᠤ ᠠᠵᠢᠯᠯᠠᠭ᠎ᠠ ᠨᠢ ᠪᠣᠷᠣᠲᠣᠬᠤᠶ ᠠᠷᠢᠬᠢᠨ ᠤ ᠦᠢᠯᠡᠰ ᠤᠨ ᠪᠠ ᠠᠤᠬᠠᠨ ᠤ ᠨᠠᠷᠢᠮᠤ ᠶᠢᠨ ᠲᠠᠷᠢᠶᠠᠯᠠᠩ ᠤᠨ ᠮᠡᠷᠭᠡᠵᠢᠯ ᠤᠨ ᠠᠵᠢᠯᠴᠢᠨ ᠵᠢᠴᠢ ᠴᠠᠬᠠᠷ ᠤᠨ ᠪᠣᠳᠠᠰ ᠤᠨ ᠪᠤᠰᠤ ᠰᠣᠶᠣᠯ ᠤᠨ ᠥᠪ ᠤᠨ ᠭᠠᠷ ᠤᠷᠠᠴᠦᠳ ᠵᠡᠷᠭᠡ ᠥᠪᠥᠷ ᠮᠣᠩᠭᠤᠯ ᠤᠨ ᠣᠨᠴᠠᠯᠢᠭᠲᠤ 10 ᠬᠥᠳᠡᠯᠮᠦᠷᠢ ᠦᠢᠯᠡᠴᠢᠯᠡᠭᠡ ᠶᠢᠨ ᠨᠠᠷᠠᠲᠤ ᠲᠥᠷᠥᠯ ᠲᠡᠮᠳᠡᠭᠲᠦ  ᠶᠢ ᠤᠬᠠᠭᠤᠯᠤᠨ ᠲᠠᠨᠢᠯᠴᠠᠭᠤᠯᠪᠠ᠃ ᠪᠡᠭᠡᠵᠢᠩ ᠥᠪᠥᠷ ᠮᠣᠩᠭᠤᠯ ᠤᠨ ᠬᠤᠶᠠᠷ ᠭᠠᠵᠠᠷ ᠤᠨ ᠬᠡᠷ ᠠᠬᠤᠢ ᠶᠢᠨ ᠠᠵᠢᠯ ᠲᠥᠷᠥᠯ ᠤᠨ ᠨᠡᠶᠢᠭᠡᠮᠯᠢᠭ ᠠᠴᠠ ︽ᠬᠥᠳᠡᠯᠮᠦᠷᠢ ᠦᠢᠯᠡᠴᠢᠯᠡᠭᠡ ᠶᠢ ᠭᠠᠳᠠᠭᠰᠢ ᠭᠠᠷᠭᠠᠬᠤ ᠬᠠᠮᠲᠤᠷᠠᠯᠴᠠᠭᠠᠨ ᠤ ᠵᠦᠪᠯᠡᠯᠴᠡᠭᠡᠷ︾ ᠲᠣᠭᠲᠠᠪᠠ᠃ ᠣᠶᠢᠷ᠎ᠠ ᠶᠢᠨ ᠵᠢᠯ ᠤᠳ ᠠᠴᠠ ᠨᠠᠭᠠᠰᠢ᠂ ᠮᠠᠨ ᠤ ᠣᠷᠣᠨ ︽ᠬᠢᠩᠭᠠᠨ ᠤ ᠭᠡᠷ ᠠᠬᠤᠢ︾᠂ ︽ᠪᠠᠭᠠᠷᠢᠨ ᠵᠡᠭᠦᠨ ᠬᠤᠰᠢᠭᠤᠨ ᠤ ᠱᠦᠭᠦᠷ ᠤᠨ ᠠᠵᠢᠯᠴᠢᠨ︾ ᠵᠡᠷᠭᠡ ᠬᠥᠳᠡᠯᠮᠦᠷᠢ ᠦᠢᠯᠡᠴᠢᠯᠡᠭᠡ ᠶᠢᠨ 109 ᠨᠠᠷᠠᠲᠤ ᠲᠦᠷᠦᠯ ᠲᠡᠮᠳᠡᠭᠲᠦ ᠶᠢ ᠪᠣᠶ ᠪᠣᠯᠭᠠᠵᠤ᠂ ᠠᠵᠢᠯ ᠡᠷᠬᠢᠯᠡᠭᠰᠡᠨ ᠬᠡᠪᠴᠢᠶᠡᠵᠢᠯ ᠨᠢ 60 ᠭᠠᠷᠤᠶ ᠲᠦᠮᠡᠨ ᠬᠥᠮᠦᠨ ᠳᠤ ᠬᠦᠷᠴᠦ᠂ ᠬᠥᠳᠡᠯᠮᠦᠷᠢ ᠦᠢᠯᠡᠴᠢᠯᠡᠭᠡ ᠶᠢᠨ ᠠᠵᠤ ᠠᠬᠤᠶ ᠶᠢᠨ ᠣᠷᠣᠯᠭ᠎ᠠ ᠶᠢ 150 ᠭᠠᠷᠤᠶ ᠳ᠋ᠦᠩᠰᠢᠭᠤᠷ ᠲᠥᠭᠦᠷᠢᠭ ᠡᠭᠦᠳᠪᠡ᠃ 2017 ᠣᠨ ᠠᠴᠠ ᠣᠲᠣ ᠪᠣᠯᠲᠠᠯ᠎ᠠ᠂ ᠪᠡᠭᠡᠵᠢᠩ ᠥᠪᠥᠷ ᠮᠣᠩᠭᠤᠯ ᠤᠨ ᠬᠥᠳᠡᠯᠮᠦᠷᠢ ᠦᠢᠯᠡᠴᠢᠯᠡᠭᠡ ᠶᠢᠨ ᠬᠠᠮᠵᠢᠯᠴᠠᠭᠠᠨ ᠤ ᠠᠵᠢᠯᠯᠠᠭ᠎ᠠ ᠨᠢ ᠠᠵᠢᠯ ᠮᠡᠷᠭᠡᠵᠢᠯ ᠤᠨ ᠤᠷ᠎ᠠ ᠮᠡᠷᠭᠡᠰᠢᠯ ᠤᠨ ᠪᠣᠯᠪᠠᠰᠤᠷᠠᠯ ᠤᠨ ᠠᠩᠭᠢ ᠶᠢ ᠨᠡᠶᠢᠲᠡ 1519 ᠬᠤᠭᠤᠴᠠᠭ᠎ᠠ ᠡᠷᠭᠢᠯᠡᠵᠦ᠂ ᠮᠠᠯᠵᠢᠬᠤ ᠲᠠᠷᠢᠶᠠᠯᠠᠬᠤ ᠣᠷᠣᠨ ᠤ ᠬᠥᠳᠡᠯᠮᠦᠷᠢ ᠬᠦᠴᠦᠨ ᠢ 7.1 ᠲᠦᠮᠡᠨ ᠬᠥᠮᠦᠨ ᠤᠳᠠᠭ᠎ᠠ ᠪᠣᠯᠪᠠᠰᠤᠷᠠᠭᠤᠯᠪᠠ︔ ᠮᠠᠯᠵᠢᠬᠤ ᠲᠠᠷᠢᠶᠠᠯᠠᠬᠤ ᠣᠷᠣᠨ ᠤ ᠬᠥᠳᠡᠯᠮᠦᠷᠢ ᠬᠦᠴᠦᠨ ᠢ ᠬᠠᠪᠰᠤᠷᠤᠨ 34.4 ᠲᠦᠮᠡᠨ ᠬᠥᠮᠦᠨ ᠤᠳᠠᠭ᠎ᠠ ᠶᠢ ᠰᠢᠯᠵᠢᠭᠦᠯᠦᠨ ᠠᠵᠢᠯ ᠣᠯᠭᠤᠵᠦ᠂ ᠪᠡᠭᠡᠵᠢᠩ ᠳᠤ ᠬᠦᠷᠴᠦ ᠠᠵᠢᠯ ᠣᠯᠤᠭᠰᠠᠨ ᠮᠠᠯᠵᠢᠬᠤ ᠲᠠᠷᠢᠶᠠᠯᠠᠬᠤ ᠣᠷᠣᠨ ᠤ ᠬᠥᠳᠡᠯᠮᠦᠷᠢ ᠬᠦᠴᠦᠨ ᠢ 1.2 ᠲᠦᠮᠡᠨ ᠬᠥᠮᠦᠨ ᠤᠳᠠᠭ᠎ᠠ ᠳᠤ ᠬᠦᠷᠭᠡᠪᠡ︔ ᠪᠡᠭᠡᠵᠢᠩ ᠥᠪᠥᠷ ᠮᠣᠩᠭᠤᠯ ᠤᠨ ᠬᠡᠷ ᠠᠬᠤᠶ ᠶᠢᠨ ᠦᠢᠯᠡᠴᠢᠯᠡᠭᠴᠢ ᠶᠢ ᠪᠣᠯᠪᠠᠰᠤᠷᠠᠭᠤᠯᠵᠤ ᠭᠠᠳᠠᠭᠰᠢ ᠭᠠᠷᠭᠠᠬᠤ 10 ᠰᠠᠭᠤᠷᠢᠨ ᠭᠠᠵᠠᠷ ᠢ ᠬᠦᠮᠦᠵᠢᠭᠦᠯᠦᠨ ᠪᠣᠶᠢᠵᠢᠭᠤᠯᠪᠠ᠃ ︵ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠳᠤᠯᠠᠭ᠎ᠠ ᠶᠢᠨ ᠲᠢᠩᠬᠢᠮ︶
ᠢᠷᠡᠯᠲᠡ᠄ ᠦᠪᠦᠷ ᠮᠣᠩᠭᠤᠯ ᠤᠨ ᠠᠷᠠᠳ ᠤᠨ ᠵᠠᠰᠠᠭ ᠤᠨ ᠣᠷᠳᠣᠨ