12 ᠰᠠᠷ᠎ᠠ ᠶᠢᠨ 21 ᠤ ᠡᠳᠦᠷ᠂ ︽ᠰᠧᠴᠤᠸᠠᠨ ᠤ ᠯᠦᠵᠸᠦ ᠶᠢᠨ ᠨᠠᠨ ᠲᠠᠨ ᠳᠤᠮᠳᠠᠳᠤ ᠰᠤᠷᠭᠠᠭᠤᠯᠢ ᠶᠢᠨ ᠭᠤᠷᠪᠠᠨ ᠰᠣᠷᠣᠭᠴᠢ 1 ᠬᠠᠮᠲᠤ | ᠰᠤᠷᠤᠭᠴᠢ ᠳᠤ ᠪᠠᠨ ᠬᠦᠴᠦᠷᠬᠡᠭᠯᠡᠯ ᠶᠠᠪᠤᠭᠤᠯᠤᠭᠰᠠᠨ ᠨᠢ︾ ᠭᠡᠬᠦ ᠮᠡᠳᠡᠭᠡ ᠰᠦᠯᠵᠢᠶᠡᠨ ᠳᠡᠭᠡᠷ᠎ᠡ ᠳᠠᠮᠵᠢᠭᠳᠠᠪᠠ᠃ 12 ᠰᠠᠷ᠎ᠠ ᠶᠢᠨ 24 ᠤ ᠡᠳᠦᠷ᠂ ᠯᠦᠵᠸᠦ | ᠬᠤᠳᠠ ᠶᠢᠨ ᠾᠧᠵᠢᠶᠠᠩ ᠰᠢᠶᠠᠨ ᠤ ᠬᠠᠮᠲᠤᠷᠠᠭᠰᠠᠨ ᠪᠠᠶᠢᠴᠠᠭᠠᠯᠲᠠ ᠶᠢᠨ ᠳᠤᠭᠤᠶᠢᠯᠠᠩ ᠪᠠᠶᠢᠳᠠᠯ ᠤᠨ ᠮᠡᠳᠡᠭᠡᠯᠡᠯ ᠨᠡᠶᠢᠲᠡᠯᠡᠪᠡ᠃ | ᠮᠡᠳᠡᠭᠡᠯᠡᠯ ᠳᠤ ᠬᠡᠯᠡᠭᠰᠡᠨ ᠨᠢ᠂ ᠪᠠᠶᠢᠴᠠᠭᠠᠭᠰᠠᠨ ᠢᠶᠠᠷ᠂ ᠾᠧᠵᠢᠶᠠᠩ ᠰᠢᠶᠠᠨ ᠤ ᠱᠢ ᠯᠦᠩ ᠵᠧᠨ ᠳᠤᠮᠳᠠᠳᠤ ᠰᠤᠷᠭᠠᠭᠤᠯᠢ ︵ᠤᠤᠯ ᠤᠨ ᠨᠠᠨ ᠲᠠᠨ | ᠳᠤᠮᠳᠠᠳᠤ ᠰᠤᠷᠭᠠᠭᠤᠯᠢ︶ ᠶᠢᠨ ᠨᠠᠢᠮᠠᠳᠤᠭᠠᠷ ᠣᠨ ᠤ ᠰᠤᠷᠤᠭᠴᠢ ᠴᠧᠨ ᠣᠪᠣᠭᠲᠤ ︵ᠡᠷᠡᠭᠲᠡᠢ᠂ 14 ᠨᠠᠰᠤᠲᠠᠢ︶᠂ ᠵᠠᠩ ᠣᠪᠣᠭᠲᠤ ︵ᠡᠷᠡᠭᠲᠡᠢ᠂ 14 ᠨᠠᠰᠤᠲᠠᠢ | ︶᠂ ᠯᠥᠸᠧ ᠣᠪᠣᠭᠲᠤ ︵ᠡᠷᠡᠭᠲᠡᠢ᠂ 13 ᠨᠠᠰᠤᠲᠠᠢ︶᠂ ᠽᠧᠩ ᠣᠪᠣᠭᠲᠤ ︵ᠡᠷᠡᠭᠲᠡᠢ᠂ 14 ᠨᠠᠰᠤᠲᠠᠢ︶᠂ ᠯᠢᠦ ᠣᠪᠣᠭᠲᠤ ︵ᠡᠷᠡᠭᠲᠡᠢ᠂ 14 ᠨᠠᠰᠤᠲᠠᠢ︶ | ᠵᠡᠷᠭᠡ ᠰᠤᠷᠤᠭᠴᠢ ᠬᠠᠮᠲᠤ ᠰᠤᠷᠤᠭᠴᠢ ᠸᠠᠩ ᠣᠪᠣᠭᠲᠤ ︵ᠡᠷᠡᠭᠲᠡᠢ᠂ 14 ᠨᠠᠰᠤᠲᠠᠢ︶ ᠪᠠᠨ ᠲᠦᠭᠦᠰᠢᠯᠡᠵᠦ᠂ ᠭᠠᠯ ᠢᠶᠠᠷ ᠬᠠᠯᠠᠭᠠᠵᠤ ᠰᠢᠷᠬᠠᠲᠤᠭᠤᠯᠤᠭᠰᠠᠨ | ᠪᠠᠶᠢᠨ᠎ᠠ᠃ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠢᠭᠡᠨᠲᠡ ᠬᠡᠷᠡᠭ ᠢ ᠭᠥᠯᠢᠶᠡᠨ ᠠᠪᠴᠤ ᠪᠠᠶᠢᠴᠠᠭᠠᠯᠲᠠ ᠬᠢᠵᠦ᠂ ᠪᠠᠶᠢᠴᠠᠭᠠᠭᠰᠠᠨ ᠪᠠᠶᠢᠳᠠᠯ ᠢᠶᠠᠨ ᠦᠨᠳᠦᠰᠦᠯᠡᠨ | ᠬᠠᠤᠯᠢ ᠶᠣᠰᠣᠭᠠᠷ ᠰᠢᠢᠳᠪᠦᠷᠢᠯᠡᠨ᠎ᠡ᠃ ᠡᠭᠦᠨ ᠤ ᠬᠠᠮᠲᠤ᠂ ᠬᠡᠷᠡᠭ ᠲᠤ ᠬᠤᠯᠪᠣᠭᠳᠠᠭᠰᠠᠨ ᠰᠣᠷᠣᠭᠴᠢ ᠶᠢᠨ ᠬᠢᠨᠠᠨ ᠬᠠᠮᠠᠭᠠᠯᠠᠭᠴᠢ ᠶᠢ ᠵᠢᠮᠡᠯᠡᠨ ᠴᠡᠭᠡᠷᠯᠡᠭᠦᠯᠵᠦ᠂ | ᠲᠡᠳᠡᠨ ᠢ ᠨᠠᠰᠤᠨ ᠳᠤ ᠥᠯᠥ ᠭᠦᠷᠦᠭᠰᠡᠳ ᠢ ᠴᠢᠩᠭ᠎ᠠ ᠬᠠᠮᠢᠶᠠᠷᠤᠨ ᠰᠤᠷᠭᠠᠬᠤ ᠬᠡᠷᠡᠭᠲᠡᠢ ᠭᠡᠵᠦ ᠵᠠᠷᠯᠢᠭᠳᠠᠵᠠᠢ᠃ ᠬᠡᠷᠡᠭ ᠲᠤ ᠬᠤᠯᠪᠣᠭᠳᠠᠭᠰᠠᠨ ᠰᠤᠷᠤᠭᠴᠢ ᠵᠢᠴᠢ | ᠭᠡᠷ ᠤᠨ ᠠᠬᠠᠮᠠᠳ ᠨᠢᠭᠡᠨᠲᠡ ᠸᠠᠩ ᠣᠪᠣᠭᠲᠤ ᠵᠢᠴᠢ ᠭᠡᠷ ᠤᠨ ᠠᠬᠠᠮᠠᠳ ᠲᠤ ᠪᠤᠷᠤᠭᠤ ᠬᠦᠯᠢᠶᠡᠵᠡᠢ᠃ ᠸᠠᠩ ᠣᠪᠣᠭᠲᠤ ᠰᠢᠶᠠᠨ ᠤ ᠡᠮᠨᠡᠯᠭᠡ ᠶᠢᠨ ᠬᠤᠷᠢᠶᠠᠨ ᠤ | ᠪᠠᠶᠢᠴᠠᠭᠠᠯᠲᠠ ᠪᠠᠷ ᠳᠡᠮᠵᠢᠨ᠂ ᠠᠩᠬ᠎ᠠ ᠠᠯᠬᠤᠮ ᠬᠠᠯᠠᠭᠠᠭᠰᠠᠨ ᠰᠢᠷᠬ᠎ᠠ ᠪᠠᠷ ᠣᠨᠣᠰᠢᠯᠠᠭᠰᠠᠨ ᠪᠥᠭᠡᠳ ᠡᠮᠨᠡᠭᠦᠯᠵᠦ᠂ ᠣᠳᠣ ᠭᠡᠷ ᠲᠡᠭᠡᠨ ᠠᠮᠠᠷᠠᠵᠤ ᠪᠠᠶᠢᠨ᠎ᠠ᠃ | ᠰᠢᠶᠠᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠪᠣᠯᠣᠨ ᠱᠢ ᠯᠦᠩ ᠪᠠᠯᠭᠠᠰᠤᠨ ᠤ ᠠᠵᠢᠯᠲᠠᠳ ᠸᠠᠩ ᠣᠪᠣᠭᠲᠤ ᠵᠢᠴᠢ ᠭᠡᠷ ᠤᠨ ᠠᠬᠠᠮᠠᠳ ᠲᠠᠢ | ᠢᠳᠡᠪᠬᠢᠲᠡᠢ ᠪᠠᠷ ᠰᠠᠨᠠᠯ ᠢᠶᠠᠨ ᠰᠣᠯᠢᠯᠴᠠᠵᠤ᠂ ᠰᠡᠳᠬᠢᠯ ᠰᠠᠨᠠᠭᠠᠨ ᠤ ᠲᠣᠬᠤᠨᠢᠭᠤᠯᠤᠯ ᠤᠨ ᠠᠵᠢᠯ ᠢ ᠰᠠᠶᠢᠲᠤᠷ ᠬᠢᠵᠡᠢ᠃ | ᠵᠠᠷᠯᠠᠯ ᠳᠤ ᠬᠡᠯᠡᠭᠰᠡᠨ ᠨᠢ᠂ ᠲᠣᠰ ᠬᠡᠷᠡᠭ ᠭᠠᠷᠤᠭᠰᠠᠨ ᠨᠢ ᠰᠣᠷᠣᠭᠴᠢ ᠸᠠᠩ ᠣᠪᠣᠭᠲᠤ ᠵᠢᠴᠢ ᠭᠡᠷ ᠤᠨ ᠠᠬᠠᠮᠠᠳ ᠲᠤ ᠪᠡᠶ᠎ᠡ ᠰᠡᠳᠬᠢᠯ ᠤᠨ ᠰᠢᠷᠬᠠᠯᠠᠯ | ᠤᠴᠠᠷᠠᠭᠤᠯᠵᠤ᠂ ᠰᠤᠷᠭᠠᠭᠤᠯᠢ ᠨᠢ ᠬᠠᠮᠢᠶᠠᠷᠤᠯᠲᠠ ᠶᠢᠨ ᠲᠠᠯ᠎ᠠ ᠪᠠᠷ ᠬᠠᠷᠢᠭᠤᠴᠠᠯᠭ᠎ᠠ ᠪᠠᠨ ᠠᠯᠳᠠᠭᠰᠠᠨ᠂ ᠬᠡᠷᠡᠭ ᠶᠠᠪᠤᠳᠠᠯ ᠢ ᠰᠢᠢᠳᠪᠦᠷᠢᠯᠡᠬᠦ ᠲᠠᠯ᠎ᠠ ᠪᠠᠷ ᠬᠠᠰᠢ | ᠶᠠᠰᠢ ᠪᠠᠷ ᠠᠯᠪᠠ ᠬᠠᠰᠢᠭᠰᠠᠨ ᠵᠡᠷᠭᠡ ᠬᠦᠨᠳᠦ ᠨᠣᠴᠢᠲᠠᠢ ᠠᠰᠠᠭᠤᠳᠠᠯ ᠢ ᠢᠯᠡᠷᠡᠭᠦᠯᠦᠭᠰᠡᠨ ᠪᠠᠶᠢᠨ᠎ᠠ᠃ ᠡᠭᠦᠨ ᠳᠤ ᠾᠧᠵᠢᠶᠠᠩ ᠰᠢᠶᠠᠨ ᠤ ᠬᠢᠨ ᠥᠪᠡᠷ ᠢ ᠪᠠᠨ | ᠵᠢᠮᠡᠯᠡᠵᠦ ᠪᠠᠶᠢᠬᠤ ᠪᠠ ᠭᠡᠮᠰᠢᠵᠦ ᠪᠠᠶᠢᠬᠤ ᠪᠠᠨ ᠭᠦᠨ ᠮᠡᠳᠡᠷᠡᠵᠦ ᠪᠠᠶᠢᠨ᠎ᠠ᠃ ᠰᠢᠶᠠᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠨᠢᠭᠡᠨᠲᠡ ᠲᠣᠰ | ᠰᠤᠷᠭᠠᠭᠤᠯᠢ ᠶᠢᠨ ᠵᠠᠬᠢᠷᠤᠯ ᠪᠠ ᠠᠩᠭᠢ ᠶᠢᠨ ᠡᠷᠬᠢᠯᠡᠭᠴᠢ ᠶᠢ ᠲᠤᠰᠢᠶᠠᠯ ᠠᠴᠠ ᠨᠢ ᠵᠣᠭᠰᠣᠭᠠᠵᠤ᠂ ᠰᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ | ᠪᠠᠶᠢᠴᠠᠭᠠᠬᠤ ᠵᠥᠪᠯᠡᠯ᠂ ᠰᠢᠶᠠᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠨᠢᠭᠡᠨᠲᠡ ᠬᠤᠯᠪᠣᠭᠳᠠᠯ ᠪᠦᠬᠦᠢ ᠬᠠᠷᠢᠭᠤᠴᠠᠯᠭᠠᠲᠠᠨ ᠠᠴᠠ | ᠬᠠᠷᠢᠭᠤᠴᠠᠯᠭ᠎ᠠ ᠨᠡᠬᠡᠮᠵᠢᠯᠡᠬᠦ ᠠᠵᠢᠯ ᠢ ᠡᠬᠢᠯᠡᠭᠦᠯᠪᠡ᠃ ᠲᠠᠷᠠᠭᠠᠴᠢ ᠶᠢᠨ ᠠᠯᠬᠤᠮ ᠳᠤ᠂ ᠭᠦᠨᠵᠡᠭᠡᠢ ᠰᠤᠷᠭᠠᠮᠵᠢ ᠠᠪᠴᠤ᠂ ᠨᠢᠭᠡ ᠠᠴᠠ ᠵᠦᠢᠴᠢᠯᠡᠵᠦ ᠨᠦᠬᠦᠭᠡ ᠶᠢ | ᠮᠡᠳᠡᠵᠦ᠂ ᠲᠤᠰᠬᠠᠢ ᠴᠡᠭᠴᠡᠯᠡᠨ ᠵᠠᠰᠠᠬᠤ ᠠᠵᠢᠯ ᠢ ᠥᠷᠨᠢᠭᠦᠯᠦᠨ᠂ ᠬᠠᠷᠢᠭᠤᠴᠠᠯᠭᠠᠲᠤ ᠣᠪᠣᠷ ᠪᠠ ᠪᠣᠳᠠᠲᠠᠢ ᠶᠢ ᠡᠷᠬᠢᠮᠯᠡᠬᠦ ᠠᠷᠭ᠎ᠠ ᠬᠡᠮᠵᠢᠶ᠎ᠡ ᠪᠠᠷ ᠰᠤᠷᠭᠠᠭᠤᠯᠢ ᠶᠢᠨ | ᠬᠠᠮᠢᠶᠠᠷᠤᠯᠲᠠ ᠶᠢ ᠴᠢᠩᠭᠠᠳᠬᠠᠵᠤ᠂ ᠬᠡᠥᠬᠡᠳ ᠢ ᠭᠡᠷ ᠪᠦᠯᠢ ᠪᠠ ᠰᠤᠷᠭᠠᠭᠤᠯᠢ ᠬᠠᠮᠲᠤ ᠪᠠᠷ ᠬᠦᠮᠦᠵᠢᠭᠦᠯᠬᠦ ᠠᠵᠢᠯ ᠢ ᠰᠠᠶᠢᠲᠤᠷ ᠬᠢᠵᠦ᠂ ᠰᠤᠷᠭᠠᠭᠤᠯᠢ ᠶᠢᠨ | ᠬᠦᠷᠢᠶᠡᠨ ᠤ ᠳᠠᠷᠤᠯᠠᠯ ᠬᠦᠴᠦᠷᠬᠡᠭᠯᠡᠯ ᠢ ᠡᠰᠡᠷᠭᠦᠴᠡᠬᠦ ᠤᠬᠠᠭᠤᠯᠭ᠎ᠠ ᠬᠥᠮᠦᠵᠢᠯ ᠢ ᠴᠢᠩᠭᠠᠳᠬᠠᠨ᠂ ᠡᠶᠢᠮᠦᠷᠬᠦ ᠬᠡᠷᠡᠭ ᠳᠠᠬᠢᠨᠲᠠ ᠡᠭᠦᠰᠬᠦ ᠶᠢ ᠡᠷᠡᠰ ᠰᠡᠷᠭᠡᠶᠢᠯᠡᠵᠦ᠂ | ᠨᠠᠰᠤᠨ ᠳᠤ ᠥᠯᠥ ᠭᠦᠷᠦᠭᠰᠡᠳ ᠤᠨ ᠡᠷᠡᠭᠦᠯ ᠢᠶᠠᠷ ᠦᠰᠦᠨ ᠪᠣᠶᠢᠵᠢᠬᠤ ᠶᠢ ᠬᠠᠮᠲᠤ ᠪᠠᠷ ᠬᠠᠮᠠᠭᠠᠯᠠᠨ᠎ᠠ᠃ |