ᠨᠢᠮᠠᠡᠭᠠᠷᠪᠤ
ᠨᠡᠶᠢᠲᠡᠯᠡᠭᠰᠡᠨ ᠴᠠᠭ᠄
2024/12/9
      ᠨᠢᠮᠠᠠᠭᠠᠷᠪᠤ ᠶᠢᠨ ᠲᠤᠪᠴᠢ ᠨᠠᠮᠲᠠᠷ᠄      ᠬᠦᠯᠦᠨ ᠪᠤᠶᠢᠷ ᠤᠨ ᠰᠢᠨ᠎ᠠ ᠪᠠᠷᠭᠤ ᠪᠠᠷᠠᠭᠤᠨ ᠬᠤᠰᠢᠭᠤᠨ ᠤ ᠪᠤᠶᠢᠷ ᠨᠠᠭᠤᠷ ᠤᠨ ᠬᠦᠪᠡᠭᠡᠨ ᠳᠤ ᠠᠩᠬᠠᠨ ᠤ ᠲᠠᠭᠤ ᠲᠠᠢ ᠪᠠᠨ ᠠᠪᠤ ᠡᠵᠢ ᠶᠢᠨ ᠢᠶᠠᠨ ᠤᠤᠭᠠᠨ ᠦᠬᠢᠨ ᠨᠢ ᠪᠤᠯᠵᠥ ᠵᠠᠶᠠᠭᠠᠵᠠᠢ᠃ ᠨᠢᠮᠠᠨᠭᠠᠷᠪᠤ ᠭᠡᠳᠡᠭ ᠨᠢ ᠴᠠᠭᠠᠨ ᠴᠡᠴᠡᠭ ᠭᠡᠬᠦ ᠤᠳᠬ᠎ᠠ ᠲᠠᠢ᠂ ᠨᠠᠭᠠᠴᠦ ᠡᠪᠦᠭᠡ ᠨᠢ ᠲᠡᠬᠦᠨ ᠢ ᠴᠠᠭᠠᠨ ᠴᠡᠴᠡᠭ ᠰᠢᠭ ᠠᠷᠢᠭᠤᠨ ᠴᠠᠭᠠᠨ ᠰᠡᠳᠬᠢᠯ ᠲᠠᠢ ᠶᠠᠪᠤᠭᠠᠰᠠᠢ ᠭᠡᠮᠡᠨ ᠬᠦᠰᠡᠮᠵᠢᠯᠡᠨ ᠦᠭᠬᠦᠭᠰᠡᠨ ᠭᠡᠳᠡᠭ᠃ ᠳᠡᠷᠡ ᠪᠠᠷ ᠬᠠᠷᠠᠬᠠᠨ ᠪᠠᠭ᠎ᠠ ᠠᠴᠠ ᠪᠠᠨ ᠠᠪᠤ ᠡᠵᠢ ᠶᠢᠨ ᠢᠶᠠᠨ ᠨᠦᠯᠦᠭᠡᠨ ᠲᠤᠤᠷ᠎ᠠ ᠤᠷᠠᠯᠢᠭ ᠲᠤ ᠲᠤᠷᠠᠳᠠᠢ ᠪᠤᠯᠵᠥ ᠬᠦᠡᠭᠬᠢᠨᠡᠮ᠎ᠡ ᠰᠠᠶᠢᠬᠠᠨ ᠬᠤᠭᠤᠯᠠᠢ ᠪᠠᠷ ᠢᠶᠠᠨ 1975 ᠤᠨ ᠳᠤ ᠰᠢᠨ᠎ᠠ ᠪᠠᠷᠭᠤ ᠪᠠᠷᠠᠭᠤᠨ ᠬᠤᠰᠢᠭᠤᠨ ᠤ ᠤᠯᠠᠭᠠᠨᠮᠦ᠋ᠴᠢᠷ ᠲᠤ ᠰᠢᠯᠭᠠᠭᠳᠠᠨ ᠤᠷᠤᠵᠥ᠂ ᠠᠩᠬ᠎ᠠ ︽ᠪᠤᠯᠤᠷ ᠬᠤᠨᠳᠠᠭ᠎ᠠ︾ ᠪᠠᠷ ᠢᠶᠠᠨ ᠠᠷᠠᠳ ᠤᠯᠠᠨ ᠳᠠᠭᠠᠨ ᠳᠠᠨᠢᠭᠳᠠᠭᠰᠠᠨ ᠠᠴᠠ ᠬᠤᠶᠢᠰᠢ 37 ᠵᠢᠯ ᠤᠷᠠᠯᠢᠭ ᠤᠨ ᠳᠠᠶᠢᠰᠠᠨ ᠳᠤ ᠤᠶᠠᠩᠭ᠎ᠠ ᠳᠠᠭᠤᠤ ᠪᠠᠨ ᠡᠷᠬᠦᠵᠦ᠂ ᠰᠤᠨᠤᠰᠤᠭᠴᠢ ᠳᠦᠮᠡᠨ ᠤ ᠪᠠᠨ ᠬᠠᠶᠢᠷ᠎ᠠ ᠬᠦᠨᠳᠦᠳᠭᠡᠯ ᠢ ᠬᠦᠯᠢᠶᠡᠭᠰᠡᠨ ᠰᠤᠳᠤᠨ ᠲᠠᠭᠤᠴᠢᠨ ᠪᠢᠯᠡ᠃      ᠪᠦᠬᠦ ᠤᠯᠤᠰ ᠤᠨ ᠡᠯ᠎ᠠ ᠭᠠᠵᠠᠷ ᠢᠶᠠᠷ ᠲᠤᠭᠤᠷᠢᠨ ᠶᠠᠪᠤᠵᠥ ᠲᠤᠭᠯᠠᠵᠤ᠂ ᠰᠢᠨᠵᠢᠶᠠᠩ ᠤᠨ ᠪᠠᠶᠠᠨᠭᠤᠤᠯ᠂ ᠪᠤᠷᠤᠳᠠᠯ᠎ᠠ ᠵᠧᠦ ᠪᠠᠷ ᠵᠢᠷᠠ ᠭᠠᠷᠤᠢ ᠲᠠᠯᠠᠪᠤᠷ ᠲᠤᠭᠯᠠᠯᠳᠠ ᠭᠠᠷᠭᠠᠵᠥ᠂ ᠠᠯᠤᠰ ᠲᠠᠯᠠᠢ ᠶᠢᠨ ᠠᠷᠠᠯᠳᠤ ᠤᠯᠤᠰ ᠶᠠᠫᠤᠨ ᠤ ᠤᠤᠰᠺᠠ᠂ ᠬᠤᠺᠺᠠᠶᠢᠳᠤᠣ᠋ ᠵᠡᠷᠭᠡ ᠬᠤᠳᠠ ᠤᠷᠤᠨ ᠢᠶᠠᠷ 30 ᠭᠠᠷᠤᠢ ᠲᠠᠯᠠᠪᠤᠷ ᠲᠤᠭᠯᠠᠯᠳᠠ ᠭᠠᠷᠭᠠᠵᠥ᠂ ᠦᠨᠳᠦᠰᠦᠳᠡᠨ ᠤ ᠰᠤᠶᠤᠯ ᠤᠷᠠᠯᠢᠭ ᠤᠨ ᠰᠤᠯᠢᠯᠴᠠᠭ᠎ᠠ ᠬᠢᠵᠥ ᠪᠠᠷᠭᠤ ᠶᠠᠰᠤᠳᠠᠨ ᠤ ᠤᠨᠴᠠᠯᠢᠭ ᠲᠠᠢ ᠰᠤᠶᠤᠯ ᠤᠷᠠᠯᠢᠭ ᠢ ᠤᠯᠤᠰ ᠤᠨ ᠭᠠᠳᠠᠨ᠎ᠠ ᠲᠤᠳᠤᠨ᠎ᠠ ᠲᠠᠨᠢᠭᠤᠯᠵᠥ ᠶᠠᠪᠤᠭᠰᠠᠨ ᠪᠤᠯᠤᠨ᠎ᠠ᠃ 1992 ᠤᠨ ᠳᠤ ᠮᠤᠩᠭᠤᠯ ᠤᠯᠤᠰ ᠯᠤᠭ᠎ᠠ ᠠᠩᠬᠠᠨ ᠤ ᠬᠢᠯᠢ ᠶᠢᠨ ᠨᠡᠭᠡᠭᠡᠯᠳᠡ ᠶᠢᠨ ᠰᠤᠶᠤᠯ ᠤᠷᠠᠯᠢᠭ ᠤᠨ ᠰᠤᠯᠢᠯᠴᠠᠭ᠎ᠠ ᠬᠢᠭᠰᠡᠨ ᠠᠴᠠ ᠨᠠᠭᠠᠰᠢ ᠤᠯᠠᠨ ᠤᠳᠠᠭ᠎ᠠ ᠮᠤᠩᠭᠤᠯ ᠳᠤ ᠬᠦᠷᠴᠦ ᠲᠤᠭᠯᠠᠯᠳᠠ ᠭᠠᠷᠭᠠᠭᠰᠠᠨ ᠪᠠᠶᠢᠨ᠎ᠠ᠃ 1997 ᠤᠨ ᠳᠤ ᠰᠢᠨ᠎ᠡ ᠪᠠᠷᠭᠤ ᠪᠠᠷᠠᠭᠤᠨ ᠬᠤᠰᠢᠭᠤᠨ ᠤ ᠤᠯᠠᠭᠠᠨᠮᠦ᠋ᠴᠢᠷ ᠨᠢ ᠪᠦᠬᠦ ᠤᠷᠤᠨ ᠤ ᠠᠷᠪᠠᠨ ᠰᠤᠳᠤᠨ ᠤᠯᠠᠭᠠᠨᠮᠦ᠋ᠴᠢᠷ ᠢᠶᠠᠷ ᠰᠤᠩᠭᠤᠭᠳᠠᠵᠥ᠂ 2001 ᠤᠨ ᠳᠤ ᠤᠷᠤᠨ ᠤ ᠲᠡᠰ ᠤᠨ ᠨᠢᠭᠡᠳᠦᠭᠡᠷ ᠲᠦᠷᠦᠯ ᠤᠨ ᠤᠯᠠᠭᠠᠨᠮᠦ᠋ᠴᠢᠷ ᠪᠤᠯᠵᠥ᠂ ᠲᠦᠪ ᠤᠨ ᠤᠬᠠᠭᠤᠯᠬᠤ ᠬᠡᠯᠳᠡᠰ ᠪᠤᠯᠤᠨ ᠰᠤᠶᠤᠯ ᠤᠨ ᠶᠠᠮᠤᠨ ᠤ ᠱᠠᠩᠨᠠᠯ ᠬᠦᠬᠢᠬᠦᠯᠤᠯ ᠢ ᠬᠦᠷᠲᠡᠵᠡᠢ       2018 ᠤᠨ ᠤ 1 ᠰᠠᠷ᠎ᠠ ᠳᠤ ᠨᠠᠰᠤᠨ ᠤ ᠠᠮᠠᠷᠠᠯᠳᠠ ᠠᠪᠤᠭᠠᠳ ᠵᠢᠷᠭᠤᠭᠠᠨ ᠵᠢᠯ ᠪᠤᠯᠴᠢᠬᠠᠭᠰᠠᠨ ᠴᠦ ᠬᠦᠯᠦᠨ ᠪᠤᠶᠢᠷ ᠬᠤᠳᠠ ᠠᠴᠠ ᠲᠡᠬᠦᠨ ᠢ ᠤᠯᠠᠭᠠᠨᠮᠦ᠋ᠴᠢᠷ ᠤᠨ ᠦᠢᠯᠡᠰ ᠤᠨ ᠤᠨᠴᠠᠭᠠᠢ ᠵᠢᠳᠬᠦᠯᠳᠡᠨ ᠢᠶᠠᠷ ᠱᠠᠩᠨᠠᠪᠠ᠃ ᠮᠦᠨ ᠲᠡᠷᠡ ᠵᠢᠯ ᠤᠨ 6 ᠰᠠᠷ᠎ᠠ ᠳᠤᠨᠢ ᠰᠢᠨ᠎ᠠ ᠪᠠᠷᠭᠤ ᠪᠠᠷᠠᠭᠤᠨ ᠬᠤᠰᠢᠭᠤᠨ ᠤ ︽ᠦᠬᠡᠷᠳᠦ ᠬᠦᠢᠳᠡᠨ︾ ᠤ ᠪᠤᠳᠠᠰ ᠤᠨ ᠪᠤᠰᠤ ᠰᠤᠶᠤᠯ ᠤᠨ ᠦᠪ ᠤᠨ ᠦᠪᠯᠡᠨ ᠤᠯᠠᠮᠵᠢᠯᠠᠭᠴᠢ ᠪᠠᠷ ᠰᠤᠩᠭᠤᠭᠳᠠᠪᠠ᠃
ᠢᠷᠡᠯᠲᠡ᠄ ᠬᠦᠯᠦᠨ ᠪᠣᠶᠢᠷ ᠮᠣᠩᠭᠤᠯ ᠰᠦᠯᠵᠢᠶ᠎ᠡ