2024 ᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ︵ᠭᠤᠷᠪᠠ︶
ᠨᠡᠶᠢᠲᠡᠯᠡᠭᠰᠡᠨ ᠴᠠᠭ᠄
2024/2/1
      ᠭᠤᠷᠪᠠ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ      ᠲᠦᠯᠦᠭᠡᠯᠡᠭᠴᠢᠳ ᠡ᠂ ᠬᠦᠨᠳᠦ ᠬᠡᠴᠡᠭᠦᠦ ᠡᠭᠦᠷᠭᠡ ᠶᠢᠨ ᠡᠮᠦᠨ᠎ᠡ᠂ ᠬᠠᠷᠢᠭᠤᠴᠠᠯᠭ᠎ᠠ ᠪᠠᠨ ᠲᠣᠳᠣᠳᠬᠠᠨ ᠴᠢᠩᠭᠠᠳᠬᠠᠵᠤ᠂ ᠦᠪᠡᠷ ᠢ ᠪᠠᠨ ᠳᠠᠪᠲᠠᠨ ᠪᠣᠯᠪᠠᠰᠤᠷᠠᠭᠤᠯᠬᠤ ᠬᠡᠷᠡᠭᠲᠡᠢ᠃ ᠪᠥᠬᠦ ᠬᠤᠰᠢᠭᠤᠨ ᠤ ᠵᠠᠰᠠᠭ ᠤᠨ ᠣᠷᠳᠣᠨ ᠤ ᠰᠢᠰᠲ᠋ᠧᠮ ᠵᠠᠰᠠᠭ ᠤᠨ ᠣᠷᠳᠣᠨ ᠤ ᠡᠭᠦᠷᠭᠡ ᠬᠠᠷᠢᠭᠤᠴᠠᠯᠭ᠎ᠠ ᠶᠢ ᠬᠢᠴᠢᠶᠡᠩᠭᠦᠶᠢᠯᠡᠨ ᠭᠦᠢᠴᠡᠳᠬᠡᠵᠦ᠂ ᠵᠠᠰᠠᠭ ᠤᠨ ᠣᠷᠳᠣᠨ ᠤ ᠦᠢᠯᠡᠳᠦᠯ ᠢ ᠭᠦᠢᠴᠡᠳ ᠪᠠᠳᠠᠷᠠᠭᠤᠯᠤᠨ᠂ ᠵᠠᠰᠠᠭ ᠤᠨ ᠣᠷᠳᠣᠨ ᠤ ᠴᠢᠳᠠᠪᠤᠷᠢ ᠶᠢ ᠳᠡᠭᠡᠭᠰᠢᠯᠡᠭᠦᠯᠵᠦ᠂ ᠰᠢᠨ᠎ᠡ ᠠᠶᠠᠨ ᠵᠠᠮ ᠳᠠᠬᠢ ᠬᠥᠭᠵᠢᠯᠲᠡ ᠶᠢᠨ ᠰᠡᠳᠦᠪ᠂ ᠠᠷᠠᠳ ᠲᠦᠮᠡᠨ ᠤ ᠰᠡᠳᠦᠪ ᠪᠠ ᠴᠠᠭ ᠦᠶ᠎ᠡ ᠶᠢᠨ ᠰᠡᠳᠦᠪ ᠢ ᠰᠠᠶᠢᠲᠤᠷ ᠬᠠᠷᠢᠭᠤᠯᠬᠤ ᠬᠡᠷᠡᠭᠲᠡᠢ᠃     ᠪᠢᠳᠡ ᠬᠦᠰᠡᠯᠡᠩ ᠢᠲᠡᠭᠡᠯ ᠪᠢᠰᠢᠷᠡᠯ ᠤᠨ ︽ᠤᠯᠤᠰ ᠲᠦᠷᠦ ᠶᠢᠨ ᠰᠡᠳᠦᠪ︾ ᠢ ᠰᠠᠶᠢᠲᠤᠷ ᠬᠠᠷᠢᠭᠤᠯᠵᠤ᠂ ᠦᠨᠡᠨᠴᠢ ᠰᠢᠳᠤᠷᠭᠤ ᠵᠠᠰᠠᠭ ᠤᠨ ᠣᠷᠳᠣᠨ ᠢ ᠪᠠᠶᠢᠭᠤᠯᠤᠨ᠎ᠠ᠃ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠵᠠᠰᠠᠭ ᠤᠨ ᠣᠷᠳᠣᠨ ᠤ ᠠᠵᠢᠯ ᠤᠨ ᠡᠯ᠎ᠡ ᠲᠠᠯ᠎ᠠ ᠪᠠ ᠪᠦᠬᠦ ᠶᠠᠪᠤᠴᠠ ᠳᠤ ᠲᠤᠭᠤᠰᠢᠯᠠᠭᠤᠯᠬᠤ ᠶᠢ ᠪᠠᠷᠢᠮᠲᠠᠯᠠᠨ᠂ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠦᠨ᠎ᠡ᠃ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠦᠷᠬᠦᠯᠵᠢᠯᠡᠨ ᠪᠠᠬᠢᠵᠢᠭᠦᠯᠵᠦ᠂ ︽ᠨᠠᠮ ᠤᠨ ᠠᠴᠢ ᠳᠤ ᠲᠠᠯᠠᠷᠬᠠᠨ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠦᠷᠨᠢᠭᠦᠯᠦᠨ᠂ ᠰᠠᠶᠢᠨ ᠰᠠᠶᠢᠬᠠᠨ ᠤᠯᠤᠰ ᠲᠥᠷᠥ ᠶᠢᠨ ᠠᠮᠢ ᠠᠬᠤᠢ ᠶᠢ ᠪᠣᠶ ᠪᠣᠯᠭᠠᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ᠂ ᠬᠥᠯᠥᠨ ᠪᠤᠶᠢᠷ ᠬᠤᠲᠠ᠂ ᠬᠤᠰᠢᠭᠤᠨ ᠤ ᠨᠠᠮ ᠤᠨ ᠬᠤᠷᠢᠶᠠᠨ ᠤ ᠠᠵᠢᠯ ᠤᠨ ᠲᠣᠬᠢᠷᠠᠭᠤᠯᠤᠯᠲᠠ ᠶᠢ ᠨᠢᠭᠡ ᠨᠢᠭᠡ ᠵᠤᠷᠪᠤᠰ ᠢᠶᠠᠷ ᠨᠠᠶᠢᠳᠠᠪᠤᠷᠢᠵᠢᠭᠤᠯᠵᠤ᠂ ᠨᠢᠭᠡ ᠨᠢᠭᠡ ᠶᠠᠪᠤᠳᠠᠯ ᠢᠶᠠᠷ ᠬᠢᠵᠦ᠂ ᠶᠠᠪᠤᠳᠠᠯ ᠪᠣᠯᠭᠠᠨ ᠳᠤ ᠦᠷ᠎ᠡ ᠪᠦᠲᠦᠮᠵᠢ ᠣᠯᠬᠤ ᠶᠢ ᠪᠠᠲᠤᠯᠠᠨ᠎ᠠ᠃     ᠪᠢᠳᠡ ᠬᠠᠤᠯᠢ ᠶᠣᠰᠣᠭᠠᠷ ᠵᠠᠰᠠᠭ ᠶᠠᠪᠤᠭᠤᠯᠬᠤ ᠠᠵᠢᠯ ᠤᠨ ︽ᠳᠦᠷᠢᠮᠵᠢᠯ ᠤᠨ ᠰᠡᠳᠦᠪ︾ ᠢ ᠰᠠᠶᠢᠲᠤᠷ ᠬᠠᠷᠢᠭᠤᠯᠵᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠢ ᠪᠠᠶᠢᠭᠤᠯᠤᠨ᠎ᠠ᠃ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠭᠦᠨᠵᠡᠭᠡᠢ ᠦᠢᠯᠡᠳᠦᠯᠭᠡᠵᠢᠭᠦᠯᠦᠨ᠂ ︽ᠬᠠᠤᠯᠢ ᠪᠠᠷ ᠵᠠᠰᠠᠬᠤ ᠰᠢᠨ᠎ᠡ ᠪᠠᠷᠭᠤ ᠪᠠᠷᠠᠭᠤᠨ ᠬᠤᠰᠢᠭᠤ︾ ᠶᠢᠨ ᠪᠠᠶᠢᠭᠤᠯᠤᠯᠲᠠ ᠶᠢ ᠴᠢᠩᠭᠠᠳᠬᠠᠵᠤ᠂ ᠬᠠᠤᠯᠢ ᠴᠠᠭᠠᠵᠠ ᠶᠢᠨ ᠵᠥᠪᠯᠡᠭᠴᠢ ᠶᠢᠨ ᠪᠦᠯᠬᠦᠮ ᠤᠨ ᠦᠢᠯᠡᠳᠦᠯ ᠢ ᠭᠦᠢᠴᠡᠳ ᠪᠠᠳᠠᠷᠠᠭᠤᠯᠤᠨ᠂ ᠳᠦᠷᠢᠮᠵᠢᠭᠰᠡᠨ᠂ ᠰᠢᠨᠵᠢᠯᠡᠬᠦ ᠤᠬᠠᠭᠠᠨᠴᠢ᠂ ᠬᠠᠤᠯᠢ ᠶᠣᠰᠣᠭᠠᠷ ᠰᠢᠢᠳᠪᠦᠷᠢᠲᠦ ᠪᠣᠳᠣᠯᠭ᠎ᠠ ᠲᠣᠭᠲᠠᠭᠠᠵᠤ᠂ ᠵᠠᠰᠠᠭ ᠤᠨ ᠣᠷᠳᠣᠨ ᠤ ᠤᠯᠠᠨ ᠨᠡᠶᠢᠲᠡ ᠶᠢᠨ ᠢᠲᠡᠭᠡᠭᠦᠯᠬᠦ ᠬᠦᠴᠦᠨ ᠢ ᠳᠡᠭᠡᠭᠰᠢᠯᠡᠭᠦᠯᠦᠨ᠎ᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ ᠬᠢᠨᠠᠯᠲᠠ ᠶᠢ ᠬᠠᠤᠯᠢ ᠶᠣᠰᠣᠭᠠᠷ ᠬᠦᠯᠢᠶᠡᠵᠦ᠂ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠨ᠂ ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠬᠢᠨᠠᠨ ᠪᠣᠳᠣᠯᠲᠠ ᠶᠢᠨ ᠬᠢᠨᠠᠯᠲᠠ ᠶᠢ ᠴᠢᠩᠭᠠᠳᠬᠠᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠯ ᠵᠥᠪᠯᠡᠯᠭᠡ ᠪᠠ ᠤᠯᠤᠰ ᠲᠦᠷᠥ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ ᠨᠠᠷᠢᠨ ᠬᠢᠨᠠᠮᠠᠭᠠᠢ ᠭᠦᠢᠴᠡᠳᠬᠡᠨ᠎ᠡ᠃ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠭᠦᠨᠵᠡᠭᠡᠶᠢᠷᠡᠭᠦᠯᠦᠨ᠂ ᠲᠥᠪ ᠭᠤᠣᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠵᠦ᠂ ᠡᠷᠬᠡ ᠶᠢᠨ ᠠᠵᠢᠯᠯᠠᠭᠠᠨ ᠢ ᠨᠡᠩ ᠢᠯᠡ ᠲᠣᠳᠣ ᠪᠣᠯᠭᠠᠨ᠎ᠠ᠃     ᠪᠢᠳᠡ ᠵᠣᠷᠢᠭᠲᠠᠢ ᠪᠠᠷ ᠡᠭᠦᠷᠭᠡᠯᠡᠬᠦ ︽ᠬᠠᠷᠢᠭᠤᠴᠠᠯᠭ᠎ᠠ ᠶᠢᠨ ᠰᠡᠳᠦᠪ︾ ᠢ ᠰᠠᠶᠢᠲᠤᠷ ᠬᠠᠷᠢᠭᠤᠯᠵᠤ᠂ ᠪᠣᠳᠠᠲᠠᠢ ᠪᠠᠷ ᠠᠵᠢᠯᠯᠠᠬᠤ ᠵᠠᠰᠠᠭ ᠤᠨ ᠣᠷᠳᠣᠨ ᠢ ᠪᠠᠶᠢᠭᠤᠯᠤᠨ᠎ᠠ᠃ ᠬᠠᠷᠢᠭᠤᠴᠠᠯᠭ᠎ᠠ ᠡᠭᠦᠷᠭᠡᠯᠡᠨ ᠪᠣᠳᠠᠲᠠᠢ ᠪᠠᠷ ᠠᠵᠢᠯᠯᠠᠵᠤ ᠨᠠᠶᠢᠳᠠᠪᠤᠷᠢᠵᠢᠭᠤᠯᠤᠯᠲᠠ ᠶᠢ ᠠᠳᠬᠤᠬᠤ ᠶᠢ ᠵᠠᠰᠠᠭ ᠤᠨ ᠣᠷᠳᠣᠨ ᠤ ᠠᠵᠢᠯ ᠤᠨ ᠠᠮᠢᠨ ᠰᠤᠳᠠᠰᠤ ᠪᠣᠯᠭᠠᠵᠤ᠂ ᠱᠠᠲᠤ ᠦᠶ᠎ᠡ ᠠᠴᠠ ᠳᠠᠪᠠᠭᠰᠠᠨ ᠭᠤᠶᠣ ᠬᠡᠭᠡᠨᠴᠢᠷ ᠤᠷᠢᠶ᠎ᠠ ᠳᠤᠷᠠᠳᠬᠤ ᠦᠭᠡᠢ᠂ ᠪᠣᠳᠠᠲᠤ ᠪᠠᠶᠢᠳᠠᠯ ᠠᠴᠠ ᠰᠠᠯᠤᠩᠭᠢᠷᠠᠭᠰᠠᠨ ᠥᠨᠳᠥᠷ ᠭᠦᠢᠴᠡᠳᠬᠡᠬᠦ ᠲᠤᠭ᠎ᠠ ᠲᠣᠭᠲᠠᠭᠠᠬᠤ ᠦᠭᠡᠢ ᠪᠦᠭᠡᠳ ᠬᠥᠭᠵᠢᠯᠲᠡ ᠶᠢᠨ ᠳᠠᠭᠠᠭᠠᠮᠠᠭᠠᠢ ᠬᠦᠴᠦᠨ ᠦᠭᠡᠢ ︽ᠰᠢᠨ᠎ᠡ ᠳᠦᠷᠢ ᠲᠥᠷᠬᠦ ᠶᠢᠨ ᠢᠨᠵᠧᠨᠧᠷᠢᠩ︾ ᠭᠠᠷᠭᠠᠬᠤ ᠦᠭᠡᠢ ᠪᠠᠶᠢᠵᠤ᠂ ᠦᠷᠭᠡᠨ ᠣᠯᠠᠨ ᠺᠠᠳ᠋ᠷᠴᠤᠳ ᠢ ᠬᠥᠲᠥᠯᠥᠨ ᠵᠢᠯᠤᠭᠤᠳᠴᠤ ᠠᠵᠢᠯ ᠤᠨ ᠪᠦᠲᠦᠮᠵᠢ ᠶᠢᠨ ᠵᠥᠪ ᠦᠵᠡᠯᠲᠡ ᠶᠢ ᠪᠠᠲᠤ ᠪᠠᠬᠢ ᠪᠤᠢ ᠪᠣᠯᠭᠠᠵᠤ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠬᠦ ᠰᠤᠷᠲᠠᠯ ᠢ ᠪᠠᠳᠠᠷᠠᠭᠤᠯᠤᠨ᠂ ᠪᠣᠳᠠᠲᠠᠢ ᠪᠠᠷ ᠠᠵᠢᠯᠯᠠᠬᠤ ᠬᠦᠴᠦᠨ ᠴᠢᠳᠠᠯ ᠢ ᠨᠦᠬᠡᠴᠡᠯᠡᠵᠦ᠂ ᠲᠣᠭᠲᠠᠭᠠᠭᠰᠠᠨ ᠶᠠᠪᠤᠳᠠᠯ ᠂ ᠠᠮᠠᠯᠠᠭᠰᠠᠨ ᠬᠡᠷᠡᠭ ᠵᠦᠢᠯᠡᠰ ᠢ ᠡᠷᠡᠰ ᠰᠢᠭᠤᠷᠬᠠᠢ ᠬᠢᠵᠦ᠂ ᠡᠴᠦᠰ ᠲᠤᠨᠢ ᠲᠤᠯᠲᠠᠯ᠎ᠠ ᠠᠳᠬᠤᠵᠤ᠂ ᠲᠦᠷᠭᠡᠨ ᠬᠦᠭ ᠠᠶᠢᠵᠠᠮ ᠢᠶᠠᠷ ᠲᠦᠷᠭᠡᠨ ᠬᠥᠭᠵᠢᠯᠲᠡ ᠶᠢ ᠰᠣᠯᠢᠵᠤ ᠠᠪᠴᠢᠷᠠᠨ᠎ᠠ᠃     ᠪᠢᠳᠡ ᠰᠤᠷᠲᠠᠯ ᠴᠢᠬᠡᠴᠢ ᠣᠪᠣᠷ ᠲᠥᠪ ︽ᠠᠷᠢᠭᠤᠨ ᠴᠢᠬᠡᠴᠢ ᠶᠢᠨ ᠰᠡᠳᠦᠪ︾ ᠢ ᠰᠠᠶᠢᠲᠤᠷ ᠬᠠᠷᠢᠭᠤᠯᠵᠤ᠂ ᠠᠷᠢᠭᠤᠨ ᠴᠢᠬᠡᠴᠢ ᠵᠠᠰᠠᠭ ᠤᠨ ᠣᠷᠳᠣᠨ ᠢ ᠪᠠᠶᠢᠭᠤᠯᠤᠨ᠎ᠠ᠃ ᠲᠥᠪ ᠬᠤᠷᠢᠶᠠᠨ ᠤ ᠨᠠᠢᠮᠠᠨ ᠵᠣᠷᠪᠣᠰ ᠲᠣᠭᠲᠠᠭᠠᠯ ᠵᠢᠴᠢ ᠲᠡᠭᠦᠨ ᠢ ᠬᠡᠷᠡᠭᠵᠢᠭᠦᠯᠬᠦ ᠨᠠᠷᠢᠯᠢᠭ ᠳᠦᠷᠢᠮ ᠤᠨ ᠵᠣᠷᠢᠭ ᠰᠠᠨᠠᠭ᠎ᠠ ᠶᠢ ᠴᠥᠬᠦᠷᠡᠰᠢ ᠦᠭᠡᠢ ᠨᠠᠶᠢᠳᠠᠪᠤᠷᠢᠵᠢᠭᠤᠯᠵᠤ᠂ ︽ᠲᠦᠷᠪᠡᠨ ᠰᠤᠷᠲᠠᠯ︾ ᠢ ᠦᠷᠭᠦᠯᠵᠢᠯᠡᠨ ᠵᠠᠯᠠᠷᠠᠭᠤᠯᠤᠨ ᠵᠠᠰᠠᠨ᠎ᠠ᠃ ︽ᠭᠤᠷᠪᠠᠨ ᠵᠦᠢᠯ ᠤᠨ ᠠᠯᠪᠠᠨ ᠤ ᠵᠠᠷᠤᠳᠠᠯ︾ ᠪᠠ ᠡᠩ ᠤᠨ ᠴᠢᠨᠠᠷᠲᠠᠢ ᠵᠠᠷᠤᠯᠭ᠎ᠠ ᠶᠢ ᠴᠢᠩᠭ᠎ᠠ ᠡᠵᠡᠮᠳᠡᠨ᠂ ︽ᠵᠠᠰᠠᠭ ᠤᠨ ᠣᠷᠳᠣᠨ ᠤ ᠶᠡᠭᠡ ᠬᠦᠷᠢᠶᠡᠨ ᠳᠤ ᠢᠨᠵᠧᠨᠧᠷᠢᠩ ᠦᠭᠡᠢ ᠣᠨ︾ ᠤ ᠠᠵᠢᠯᠯᠠᠭ᠎ᠠ ᠶᠢ ᠥᠷᠨᠢᠭᠦᠯᠵᠦ᠂ ᠬᠢᠵᠠᠭᠠᠷ ᠲᠠᠢ ᠡᠬᠢ ᠪᠠᠶᠠᠯᠢᠭ ᠪᠠ ᠡᠳ᠋ ᠤᠨ ᠬᠦᠴᠦᠨ ᠢ ᠬᠥᠭᠵᠢᠯᠲᠡ ᠶᠢ ᠠᠬᠢᠭᠤᠯᠬᠤ ᠪᠠ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠠᠵᠢᠯ ᠳᠡᠭᠡᠷ᠎ᠡ ᠨᠠᠩ ᠣᠨᠣᠪᠴᠢᠲᠠᠶ ᠬᠡᠷᠡᠭᠯᠡᠨ᠂ ᠵᠠᠰᠠᠭ ᠤᠨ ᠣᠷᠳᠣᠨ ᠢ ︽ᠠᠷᠪᠢᠴᠢ ᠭᠠᠮᠲᠠᠢ ᠠᠮᠢᠳᠤᠷᠠᠬᠤ︾ ᠳᠠᠳᠬᠠᠯ ᠲᠠᠢ ᠪᠣᠯᠭᠠᠵᠤ᠂ ᠣᠯᠠᠨ ᠲᠦᠮᠡᠨ ᠢ ᠪᠦᠬᠦᠨ ᠢ ᠰᠠᠶᠢᠬᠠᠨ ᠠᠮᠢᠳᠤᠷᠠᠭᠤᠯᠤᠨ᠎ᠠ᠃      ᠲᠥᠯᠥᠭᠡᠯᠡᠭᠴᠢᠳ ᠠ᠋᠂ ᠪᠣᠳᠠᠲᠠᠢ ᠪᠠᠷ ᠠᠵᠢᠯᠯᠠᠪᠠᠯ ᠰᠠᠶ᠋ᠢ ᠬᠦᠰᠡᠯ ᠵᠡᠭᠦᠳᠦ ᠪᠠᠨ ᠲᠡᠷᠭᠡᠯᠰᠢᠭᠦᠯᠵᠦ᠂ ᠰᠢᠷᠭᠠᠭᠤ ᠬᠠᠲᠠᠭᠤᠵᠢᠯᠲᠠᠢ ᠲᠡᠮᠡᠴᠡᠪᠡᠯ ᠰᠠᠶ᠋ᠢ ᠠᠯᠤᠰ ᠢᠷᠡᠭᠡᠳᠦᠢ ᠪᠠᠨ ᠴᠣᠭᠴᠠᠯᠠᠬᠤ ᠪᠢᠯᠡ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠢᠭᠲᠠᠷᠠᠨ ᠪᠦᠯᠬᠦᠮᠳᠡᠵᠦ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠪᠠ ᠬᠤᠰᠢᠭᠤᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠬᠥᠭᠵᠢᠯᠲᠡ ᠶᠢᠨ ᠪᠠᠶᠢᠳᠠᠯ ᠢᠶᠠᠨ ᠢᠮᠠᠭᠲᠠ ᠰᠤᠯᠠᠷᠠᠭᠤᠯᠤᠯ ᠦᠭᠡᠢ ᠪᠠᠷᠢᠮᠲᠠᠯᠠᠨ᠂ ᠢᠯᠠᠯᠲᠠ ᠶᠢᠨ ᠡᠷᠴᠢᠨ ᠳᠡᠭᠡᠷ᠎ᠡ ᠳᠠᠬᠢᠨ ᠠᠶᠠᠨ ᠢᠶᠠᠨ ᠡᠬᠢᠯᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠰᠢᠨ᠎ᠡ ᠪᠠᠷᠭᠤ ᠪᠠᠷᠠᠭᠤᠨ ᠬᠤᠰᠢᠭᠤᠨ ᠤ ᠰᠢᠨ᠎ᠡ ᠬᠠᠭᠤᠳᠠᠰᠤ ᠶᠢ ᠪᠢᠴᠢᠭᠯᠡᠬᠦ ᠶᠢᠨ ᠲᠥᠯᠥᠭᠡ ᠪᠦᠯᠬᠦᠮᠳᠡᠨ ᠲᠡᠮᠡᠴᠡᠵᠡᠭᠡᠶ᠎ᠡ︕      ᠨᠡᠷᠡᠰ ᠦᠭᠡ ᠶᠢᠨ ᠲᠠᠶᠢᠯᠪᠤᠷᠢ     1. ᠲᠠᠪᠤᠨ ᠶᠡᠭᠡ ᠠᠵᠢᠯᠯᠠᠭᠠᠨ ᠤ ᠲᠦᠯᠦᠪᠯᠡᠭᠡ᠄ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠪᠠᠷᠢᠮᠵᠢᠶ᠎ᠠ ᠶᠢ ᠳᠡᠭᠡᠭᠰᠢᠯᠡᠭᠦᠯᠬᠦ ᠦᠷ᠎ᠡ ᠠᠰᠢᠭ ᠢ ᠨᠡᠮᠡᠭᠳᠡᠭᠦᠯᠦᠨ ᠬᠦᠭᠵᠢᠭᠦᠯᠬᠦ ᠠᠵᠢᠯᠯᠠᠭᠠᠨ ᠤ ᠲᠥᠯᠥᠪᠯᠡᠭᠡ᠂ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠲᠤᠭ᠎ᠠ ᠬᠡᠮᠵᠢᠶ᠎ᠡ ᠶᠢ ᠨᠡᠮᠡᠭᠳᠡᠭᠦᠯᠦᠨ ᠶᠠᠰᠤ ᠴᠢᠨᠠᠷ ᠢ ᠰᠠᠶᠢᠵᠢᠷᠠᠭᠤᠯᠤᠨ ᠬᠦᠭᠵᠢᠭᠦᠯᠬᠦ ᠠᠵᠢᠯᠯᠠᠭᠠᠨ ᠤ ᠲᠥᠯᠥᠪᠯᠡᠭᠡ᠂ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠡᠷᠴᠢᠮᠵᠢᠭᠦᠯᠵᠦ ᠲᠦᠪᠯᠡᠷᠡᠭᠦᠯᠦᠨ ᠬᠦᠭᠵᠢᠭᠦᠯᠬᠦ ᠠᠵᠢᠯᠯᠠᠭᠠᠨ ᠤ ᠲᠥᠯᠥᠪᠯᠡᠭᠡ᠂ ᠠᠮᠢ ᠠᠬᠤᠢ ᠶᠢᠨ ᠠᠵᠤ ᠦᠢᠯᠡᠰ ᠤᠨ ᠴᠠᠭ ᠳᠣᠬᠢᠶᠠᠯ ᠢ ᠠᠮᠵᠢᠨ ᠬᠥᠭᠵᠢᠭᠦᠯᠬᠦ ᠠᠵᠢᠯᠯᠠᠭᠠᠨ ᠤ ᠲᠥᠯᠥᠪᠯᠡᠭᠡ᠂ ᠤᠯᠠᠮᠵᠢᠯᠠᠯᠲᠤ ᠠᠵᠤ ᠦᠢᠯᠡᠰ ᠤᠨ ᠰᠢᠨ᠎ᠡ ᠶᠢ ᠡᠭᠦᠳᠦᠨ ᠰᠢᠯᠢᠳᠡᠭ ᠢ ᠡᠭᠦᠳᠴᠦ ᠬᠦᠭᠵᠢᠭᠦᠯᠬᠦ ᠠᠵᠢᠯᠯᠠᠭᠠᠨ ᠤ ᠲᠥᠯᠥᠪᠯᠡᠭᠡ ᠶᠢ ᠵᠢᠭᠠᠵᠤ ᠪᠣᠶ᠃     2. ᠲᠠᠯ᠎ᠠ ᠨᠤᠲᠤᠭ ᠤᠨ ᠰᠣᠶᠣᠯ ᠢ ᠭᠦᠨᠵᠡᠭᠡᠶᠢᠷᠡᠨ ᠪᠡᠶᠡᠴᠢᠯᠡᠨ ᠣᠶᠢᠯᠠᠭᠠᠬᠤ 3 ᠵᠣᠷᠪᠣᠰ ᠰᠣᠳᠣᠨ ᠵᠢᠭᠤᠯᠴᠢᠯᠠᠯ ᠤᠨ ᠵᠠᠮ ᠱᠤᠭᠤᠮ᠄ ᠮᠠᠨᠵᠤᠤᠷ ᠠᠴᠠ ᠷᠠᠰᠢᠶᠠᠨ ᠬᠦᠷᠬᠦ ᠬᠥᠯᠥᠨ ᠪᠤᠶᠢᠷ ᠤᠨ ᠪᠠᠷᠠᠭᠤᠨ ᠱᠤᠭᠤᠮ ᠤᠨ ᠲᠠᠯ᠎ᠠ ᠨᠤᠲᠤᠭ ᠤᠨ ᠰᠣᠶᠣᠯ ᠢ ᠭᠦᠨᠵᠡᠭᠡᠶᠢᠷᠡᠨ ᠪᠡᠶᠡᠴᠢᠯᠡᠨ ᠣᠶᠢᠯᠠᠭᠠᠬᠤ ᠰᠣᠳᠣᠨ ᠵᠢᠭᠤᠯᠴᠢᠯᠠᠯ᠂ ᠪᠠᠷᠭᠤ ᠨᠡᠭᠦᠳᠡᠯ ᠮᠠᠯᠵᠢᠯ ᠤᠨ ᠡᠴᠢᠨ᠎ᠡ ᠭᠦᠨ ᠵᠢᠭᠤᠯᠴᠢᠯᠠᠯ᠂ ᠬᠥᠯᠥᠨ ᠨᠠᠭᠤᠷ ᠤᠨ ᠠᠮᠢ ᠠᠬᠤᠢ ᠶᠢᠨ ᠵᠢᠭᠤᠯᠴᠢᠯᠠᠯ ᠵᠡᠷᠭᠡ 3 ᠵᠤᠷᠪᠤᠰ ᠰᠣᠳᠣᠨ ᠵᠢᠭᠤᠯᠴᠢᠯᠠᠯ ᠤᠨ ᠵᠠᠮ ᠱᠤᠭᠤᠮ ᠢ ᠵᠢᠭᠠᠵᠤ ᠪᠣᠶ᠃     3. ︽ᠳᠥᠷᠪᠡ ᠶᠢ ᠭᠦᠢᠴᠡᠳᠬᠡᠬᠦ︾ ᠠᠵᠢᠯ᠄ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠳᠠᠷᠤᠢ ᠳᠤᠨᠢ ᠭᠦᠢᠴᠡᠳᠬᠡᠬᠦ᠂ ᠰᠦᠯᠵᠢᠶᠡᠨ ᠳᠡᠭᠡᠷ᠎ᠡ ᠭᠦᠢᠴᠡᠳᠬᠡᠬᠦ᠂ ᠣᠶᠢᠷ᠎ᠠ ᠬᠠᠪᠢ ᠳᠠᠭᠠᠨ ᠭᠦᠢᠴᠡᠳᠬᠡᠬᠦ᠂ ᠨᠢᠭᠡ ᠯᠡ ᠤᠳᠠᠭ᠎ᠠ ᠳᠤ ᠭᠦᠢᠴᠡᠳᠬᠡᠬᠦ ᠶᠢ ᠵᠢᠭᠠᠵᠤ ᠪᠣᠶ᠃      4. ᠣᠷᠣᠨ ᠠᠯᠤᠰᠯᠠᠭᠰᠠᠨ ᠠᠵᠤ ᠠᠬᠤᠢ᠄ ᠣᠷᠣᠨ ᠬᠡᠪᠴᠢᠶᠡᠨ ᠤ ᠬᠢᠵᠠᠭᠠᠷᠯᠠᠯ ᠢ ᠡᠪᠳᠡᠵᠦ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ᠂ ᠠᠵᠤ ᠠᠬᠤᠢ ᠶᠢᠨ ᠭᠦᠢᠴᠡᠳᠬᠡᠬᠦ ᠲᠤᠭ᠎ᠠ ᠶᠢ ᠬᠤᠪᠢᠶᠠᠨ ᠡᠳ᠋ᠯᠡᠬᠦ ᠪᠠ ᠭᠠᠶᠢᠯᠢ ᠲᠠᠲᠠᠪᠤᠷᠢ ᠠᠴᠠ ᠪᠤᠶ ᠪᠣᠯᠤᠭᠰᠠᠨ ᠡᠳ᠋ ᠤᠨ ᠵᠠᠰᠠᠭ ᠤᠨ ᠣᠷᠣᠯᠭ᠎ᠠ ︵ᠬᠤᠰᠢᠭᠤ ᠬᠤᠲᠠ ᠲᠣᠭᠤᠷᠢᠭ᠂ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠬᠤᠪᠢᠳᠠᠨ ᠦᠯᠡᠳᠡᠭᠡᠬᠦ ᠬᠡᠰᠡᠭ︶ ᠶᠢᠨ ᠨᠣᠭᠳᠠᠪᠤᠷᠢ ᠬᠤᠪᠢ ᠣᠯᠬᠤ ᠵᠡᠷᠭᠡ ᠬᠠᠮᠲᠤᠷᠠᠯᠴᠠᠭᠠᠨ ᠤ ᠲᠣᠭᠲᠠᠴᠠ ᠪᠠᠷ ᠳᠠᠮᠵᠢᠭᠤᠯᠤᠨ᠂ ᠣᠷᠣᠨ ᠪᠠᠶᠢᠷᠢ ᠶᠢᠨ ᠠᠳᠠᠯᠢ ᠪᠤᠰᠤ᠂ ᠡᠬᠢ ᠪᠠᠶᠠᠯᠢᠭ ᠤᠨ ᠬᠦᠯᠢᠶᠡᠰᠦᠯᠡᠯ᠂ ᠲᠥᠯᠦᠪᠵᠢᠭᠦᠯᠭᠡ ᠶᠢᠨ ᠬᠢᠵᠠᠭᠠᠷᠯᠠᠯ᠂ ᠠᠵᠤ ᠦᠢᠯᠡᠰ ᠤᠨ ᠬᠡᠯᠬᠢᠶ᠎ᠡ ᠶᠢᠨ ᠢᠵᠢ ᠪᠦᠷᠢᠳᠦᠭᠦᠯᠦᠯ᠂ ᠰᠠᠭᠤᠷᠢ ᠲᠦᠬᠦᠭᠡᠷᠦᠮᠵᠢ ᠵᠡᠷᠭᠡ ᠬᠦᠴᠦᠨ ᠵᠦᠢᠯ ᠠᠴᠠ ᠪᠣᠯᠵᠤ ᠤᠤᠯ ᠤᠨ ᠣᠷᠣᠨ ᠪᠦᠰᠡ ︵ᠭᠠᠷᠴᠤ ᠶᠠᠪᠤᠭᠰᠠᠨ ᠭᠠᠵᠠᠷ︶ ᠳᠤ ᠨᠠᠶᠢᠳᠠᠪᠤᠷᠢᠵᠢᠭᠤᠯᠤᠨ ᠬᠥᠭᠵᠢᠭᠦᠯᠬᠦ ᠳᠤ ᠲᠣᠬᠢᠷᠠᠬᠤ ᠦᠭᠡᠢ ᠪᠣᠯᠣᠭᠰᠠᠨ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠲᠥᠷᠥᠯ ᠵᠦᠢᠯ ᠪᠤᠶᠤ ᠤᠤᠯ ᠤᠨ ᠣᠷᠣᠨ ᠪᠦᠰᠡ ᠳᠤ ᠦᠷᠭᠦᠯᠵᠢᠯᠡᠨ ᠡᠵᠡᠩᠨᠡᠬᠦ ᠳᠤ ᠲᠣᠬᠢᠷᠠᠬᠤ ᠦᠭᠡᠢ ᠪᠣᠯᠣᠭᠰᠠᠨ ᠠᠵᠤ ᠠᠬᠤᠶᠢᠯᠠᠯ ᠢ ᠵᠠᠯᠭᠠᠨ ᠵᠣᠯᠭᠠᠭᠤᠯᠬᠤ ᠣᠷᠣᠨ ᠪᠦᠰᠡ ︵ᠣᠷᠤᠭᠤᠯᠤᠨ ᠠᠪᠴᠢᠷᠠᠭᠰᠠᠨ ᠭᠠᠵᠠᠷ︶ ᠳᠤ ᠪᠠᠲᠤᠯᠠᠨ ᠲᠠᠨᠢᠯᠴᠠᠭᠤᠯᠬᠤ ᠪᠣᠶᠤ ᠰᠢᠯᠵᠢᠭᠦᠯᠦᠨ ᠣᠷᠤᠭᠤᠯᠬᠤ ᠠᠵᠤ ᠠᠬᠤᠢ ᠶᠢᠨ ᠬᠠᠮᠲᠤᠷᠠᠯᠴᠠᠭᠠᠨ ᠤ ᠵᠠᠭᠪᠤᠷ ᠢ ᠵᠢᠭᠠᠵᠤ ᠪᠤᠢ᠃      5. ᠭᠤᠷᠪᠠᠨ ᠤᠯᠠᠨ ᠭᠤᠷᠪᠠᠨ ᠴᠥᠭᠡᠨ ᠭᠤᠷᠪᠠᠨ ᠤᠳᠠᠭᠠᠨ᠄ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠠᠴᠠ ᠳᠤᠷᠠᠳᠤᠭᠰᠠᠨ ᠬᠡᠯᠪᠡᠷᠢᠴᠢ ᠦᠵᠡᠯ᠂ ᠨᠣᠶᠠᠨᠴᠢ ᠰᠤᠷᠲᠠᠯ ᠤᠨ ᠠᠰᠠᠭᠤᠳᠠᠯ ᠤᠨ ᠪᠣᠳᠠᠲᠠᠢ ᠢᠯᠡᠷᠡᠬᠦ ᠬᠡᠯᠪᠡᠷᠢ ᠶᠢ ᠵᠢᠭᠠᠵᠤ ᠪᠤᠢ᠃ ︽ᠭᠤᠷᠪᠠᠨ ᠣᠯᠠᠨ︾ ᠭᠡᠳᠡᠭ ᠨᠢ ᠬᠤᠷᠠᠯ ᠣᠯᠠᠨ᠂ ᠠᠵᠢᠯᠯᠠᠭ᠎ᠠ ᠣᠯᠠᠨ᠂ ᠭᠠᠳᠠᠭᠰᠢ ᠭᠠᠷᠬᠤ ᠣᠯᠠᠨ︔    ︽ᠭᠤᠷᠪᠠᠨ ᠴᠥᠭᠡᠨ︾ ᠭᠡᠳᠡᠭ ᠨᠢ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ ᠴᠥᠭᠡᠨ᠂ ᠠᠵᠢᠯ ᠤᠨ ᠰᠡᠳᠬᠢᠴᠡ ᠴᠥᠭᠡᠨ᠂ ᠪᠣᠳᠠᠲᠠᠢ ᠠᠰᠠᠭᠤᠳᠠᠯ ᠢ ᠰᠢᠢᠳᠪᠦᠷᠢᠯᠡᠬᠦ ᠲᠤᠭ᠎ᠠ ᠨᠢ ᠴᠥᠭᠡᠨ︔ ︽ᠭᠤᠷᠪᠠᠨ ᠤᠳᠠᠭᠠᠨ︾ ᠭᠡᠳᠡᠭ ᠨᠢ ᠰᠢᠢᠳᠪᠦᠷᠢᠲᠦ ᠪᠣᠳᠣᠯᠭ᠎ᠠ ᠲᠣᠭᠲᠠᠭᠠᠬᠤ ᠨᠢ ᠤᠳᠠᠭᠠᠨ᠂ ᠠᠵᠢᠯᠯᠠᠭᠠᠨ ᠨᠢ ᠤᠳᠠᠭᠠᠨ᠂ ᠦᠷ᠎ᠡ ᠳ᠋ᠦᠩ ᠭᠠᠷᠬᠤ ᠨᠢ ᠤᠳᠠᠭᠠᠨ᠃      6. ᠬᠤᠶᠠᠷ ︽ᠰᠠᠨᠠᠯ︾᠄ ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠶᠢᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ︵ᠲᠥᠷᠥ ᠲᠠᠷᠬᠠᠭᠠᠭᠰᠠᠨ ﹇2023﹈ 16 ᠳ᠋ᠤᠭᠠᠷ ᠲᠣᠭᠠᠲᠤ︶ ᠪᠠ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶ᠎ᠠ ᠶᠢᠨ ᠬᠢᠨᠠᠨ ᠵᠥᠪᠯᠡᠭᠰᠡᠨ ︽ᠰᠢᠨ᠎ᠡ ᠴᠠᠭ ᠦᠶ᠎ᠡ ᠶᠢᠨ ᠵᠡᠭᠦᠨ ᠬᠤᠶᠢᠲᠤ ᠣᠷᠣᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠠᠵᠢᠯ ᠳᠤ ᠰᠢᠨ᠎ᠡ ᠰᠢᠪᠲᠤᠯᠤᠯᠲᠠ ᠲᠠᠢ ᠪᠣᠯᠬᠤ ᠶᠢ ᠤᠯᠠᠮ ᠴᠢᠨᠠᠭᠰᠢᠳᠠ ᠠᠬᠢᠭᠤᠯᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠨᠦᠭᠦᠳ ᠤᠨ ᠲᠤᠬᠠᠢ ᠰᠠᠨᠠᠯ︾ ᠢ ᠵᠢᠭᠠᠵᠤ ᠪᠣᠶ᠃      7. ᠵᠢᠷᠭᠤᠭᠠᠨ ᠢᠨᠵᠧᠨᠧᠷᠢᠩ᠄ ᠰᠦᠨ ᠱᠣᠸ ᠴᠧᠩ ᠨᠥᠬᠦᠷ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠳᠣᠯᠣᠳᠤᠭᠠᠷ ᠪᠥᠬᠦᠳᠡ ᠬᠤᠷᠠᠯ ᠵᠢᠴᠢ ᠪᠥᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠳᠡᠭᠡᠷ᠎ᠡ ᠳᠤᠷᠠᠳᠤᠭᠰᠠᠨ ᠪᠥᠬᠦ ᠣᠷᠣᠨ ᠤ ᠠᠵᠤ ᠠᠬᠤᠢ ᠶᠢᠨ ᠬᠥᠭᠵᠢᠯᠲᠡ ᠪᠠ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠳᠤ ᠲᠤᠯᠭᠠᠭᠤᠷᠢᠯᠠᠬᠤ ᠴᠢᠨᠠᠷᠲᠠᠢ᠂ ᠬᠦᠲᠦᠯᠦᠨ ᠳᠠᠭᠠᠭᠤᠯᠬᠤ ᠴᠢᠨᠠᠷᠲᠠᠢ ᠪᠠ ᠬᠦᠰᠢᠭᠦᠷᠭᠡ ᠶᠢᠨ ᠴᠢᠨᠠᠷᠲᠠᠢ ᠦᠢᠯᠡᠳᠦᠯ ᠪᠦᠬᠦᠢ ᠵᠢᠷᠭᠤᠭᠠᠨ ᠵᠦᠢᠯ ᠤᠨ ᠭᠤᠣᠯᠳᠠᠯᠭ᠎ᠠ ᠲᠠᠢ ᠠᠵᠢᠯ ᠢ ᠵᠢᠭᠠᠵᠤ ᠪᠣᠶ᠂ ᠳᠠᠷᠤᠢ᠄ ᠨᠢᠭᠡ ᠳᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ︔ ᠬᠤᠶᠠᠷ ᠲᠤ ᠡᠯᠡᠰᠦ ᠶᠢ ᠰᠡᠷᠭᠡᠶᠢᠯᠡᠨ ᠵᠠᠰᠠᠬᠤ ᠪᠠ ᠰᠠᠯᠬᠢᠨ ᠤ ᠬᠦᠴᠦ ᠨᠠᠷᠠᠨ ᠤ ᠬᠡᠷᠡᠯ ᠢ ᠨᠢᠭᠡ ᠴᠣᠭᠴᠠᠵᠢᠭᠤᠯᠬᠤ ᠢᠨᠵᠧᠨᠧᠷᠢᠩ︔ ᠭᠤᠷᠪᠠ ᠳᠤ ᠳᠤᠯᠠᠭᠠᠯᠠᠬᠤ ᠢᠨᠵᠧᠨᠧᠷᠢᠩ︔ ᠳᠥᠷᠪᠡ ᠳᠤ ᠦᠨᠡᠨᠴᠢ ᠢᠲᠡᠭᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ︔ ᠲᠠᠪᠤ ᠳᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠢᠨᠵᠧᠨᠧᠷᠢᠩ︔ ᠵᠢᠷᠭᠤᠭ᠎ᠠ ᠳᠤ ᠴᠢᠯᠦᠭᠡᠲᠦ ᠠᠷᠠᠯᠵᠢᠶᠠᠨ ᠤ ᠣᠷᠣᠨ ᠢ ᠡᠭᠦᠳᠦᠨ ᠪᠠᠶᠢᠭᠤᠯᠬᠤ ᠢᠨᠵᠧᠨᠧᠷᠢᠩ ᠪᠣᠯᠣᠨ᠎ᠠ᠃      8. ᠲᠠᠪᠤ ᠶᠢ ᠪᠠᠷᠢᠮᠲᠠᠯᠠᠬᠤ ᠪᠠ ᠬᠠᠮᠵᠢᠯᠴᠠᠬᠤ᠄ ᠭᠤᠤ ᠷᠦᠨ ᠰᠢ ᠨᠥᠬᠦᠷ ᠤᠨ ᠬᠥᠯᠥᠨ ᠪᠤᠶᠢᠷ ᠬᠤᠳᠠ ᠶᠢᠨ ᠨᠠᠮ ᠤᠨ ᠬᠤᠷᠢᠶ᠎ᠠ ᠶᠢᠨ ᠲᠠᠪᠤᠳᠤᠭᠠᠷ ᠬᠤᠭᠤᠴᠠᠭᠠᠨ ᠤ ᠳᠣᠯᠣᠳᠤᠭᠠᠷ ᠪᠦᠬᠦᠳᠡ ᠬᠤᠷᠠᠯ ᠵᠢᠴᠢ ᠪᠦᠬᠦ ᠬᠤᠳᠠ ᠶᠢᠨ ᠠᠵᠤ ᠠᠬᠤᠢ ᠶᠢᠨ ᠠᠵᠢᠯ ᠤᠨ ᠬᠤᠷᠠᠯ ᠳᠡᠭᠡᠷ᠎ᠡ ᠳᠤᠷᠠᠳᠤᠭᠰᠠᠨ ᠪᠣᠳᠠᠲᠠᠢ ᠠᠵᠢᠯ ᠤᠨ ᠳᠤᠮᠳᠠ ᠡᠵᠡᠮᠰᠢᠬᠦ ᠴᠢᠬᠤᠯᠠᠲᠠᠢ ᠲᠠᠪᠤᠨ ᠵᠦᠢᠯ ᠤᠨ ᠬᠠᠷᠢᠴᠠᠭ᠎ᠠ ᠶᠢ ᠵᠢᠭᠠᠵᠤ ᠪᠤᠢ᠂ ᠳᠠᠷᠤᠢ᠄ ᠨᠢᠭᠡ ᠳᠤ ︽ᠲᠣᠭᠲᠠᠭᠤᠨ ᠢᠶᠠᠷ ᠤᠷᠤᠭᠰᠢᠯᠠᠬᠤ︾ ᠶᠢ ︽ᠰᠢᠯᠢᠳᠡᠭ ᠢᠶᠠᠷ ᠤᠷᠤᠭᠰᠢᠯᠠᠬᠤ︾ ᠲᠠᠢ ᠨᠢᠭᠡᠳᠦᠯᠲᠡᠢ ᠲᠥᠯᠥᠪᠵᠢᠭᠦᠯᠬᠦ ᠶᠢ ᠪᠠᠷᠢᠮᠲᠠᠯᠠᠵᠤ᠂ ᠲᠣᠭᠲᠠᠭᠤᠨ ᠢᠶᠠᠷ ᠠᠵᠢᠯᠯᠠᠬᠤ ᠪᠠ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠬᠠᠮᠵᠢᠯᠴᠠᠨ ᠠᠬᠢᠭᠤᠯᠤᠨ᠎ᠠ︔ ᠬᠤᠶᠠᠷ ᠲᠤ ︽ᠤᠷᠢᠳᠠᠪᠠᠷ ᠳᠦᠷᠢᠮ ᠲᠣᠭᠲᠠᠭᠠᠬᠤ︾ ᠶᠢ ︽ᠳᠠᠬᠢᠨ ᠰᠢᠪᠲᠤᠯᠤᠯᠲᠠ ᠭᠠᠷᠭᠠᠬᠤ︾  ᠲᠠᠢ ᠵᠣᠯᠭᠠᠭᠤᠯᠬᠤ ᠶᠢ ᠪᠠᠷᠢᠮᠲᠠᠯᠠᠵᠤ᠂ ᠬᠥᠳᠡᠯᠭᠡᠬᠦ ᠬᠦᠴᠦᠨ ᠢ ᠪᠣᠢ ᠪᠣᠯᠭᠠᠬᠤ ᠪᠠ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠶᠢ ᠬᠠᠮᠵᠢᠯᠴᠠᠨ ᠠᠬᠢᠭᠤᠯᠤᠨ᠎ᠠ︔ ᠭᠤᠷᠪᠠ ᠳᠤ ︽ᠬᠠᠩᠭᠠᠯᠭ᠎ᠠ︾ ᠪᠠ ︽ᠬᠡᠷᠡᠭᠴᠡᠭᠡ︾ ᠶᠢ ᠬᠠᠷᠢᠯᠴᠠᠨ ᠵᠣᠬᠢᠴᠠᠭᠤᠯᠬᠤ ᠶᠢ ᠪᠠᠷᠢᠮᠲᠠᠯᠠᠵᠤ᠂ ᠪᠦᠲᠦᠴᠡ ᠶᠢ ᠰᠢᠯᠢᠳᠡᠭᠵᠢᠭᠦᠯᠬᠦ ᠪᠠ ᠳᠣᠲᠣᠭᠠᠳᠤ ᠬᠡᠷᠡᠭᠴᠡᠭᠡ ᠶᠢ ᠳᠠᠶᠢᠴᠢᠯᠠᠬᠤ ᠶᠢ ᠬᠠᠮᠵᠢᠯᠴᠠᠨ ᠠᠬᠢᠭᠤᠯᠤᠨ᠎ᠠ︔ ᠳᠥᠷᠪᠡ ᠳᠤ ︽ᠳᠣᠲᠣᠭᠠᠳᠤ ︾ ᠪᠠ ︽ᠭᠠᠳᠠᠭᠠᠳᠤ︾ ᠶᠢ ᠬᠠᠷᠢᠯᠴᠠᠨ ᠬᠤᠯᠪᠣᠯᠳᠤᠭᠤᠯᠬᠤ ᠶᠢ ᠪᠠᠷᠢᠮᠲᠠᠯᠠᠵᠤ᠂ ᠤᠮᠠᠷᠠᠰᠢ ᠨᠡᠭᠡᠭᠡᠯᠲᠡ ᠬᠢᠬᠦ ᠪᠠ ᠣᠷᠣᠨ ᠪᠦᠰᠡ ᠶᠢᠨ ᠬᠠᠮᠲᠤᠷᠠᠯᠴᠠᠭ᠎ᠠ ᠶᠢ ᠬᠠᠮᠵᠢᠯᠴᠠᠨ ᠠᠬᠢᠭᠤᠯᠤᠨ᠎ᠠ︔ ᠲᠠᠪᠤ ᠳᠤ ︽ᠪᠦᠬᠦᠯᠢ ᠴᠣᠭᠴᠠ︾ ᠪᠠ ︽ᠬᠡᠰᠡᠭ ᠲᠠᠯ᠎ᠠ︾ ᠶᠢ ᠬᠠᠷᠢᠯᠴᠠᠨ ᠠᠬᠢᠭᠤᠯᠬᠤ ᠶᠢ ᠪᠠᠷᠢᠮᠲᠠᠯᠠᠵᠤ᠂ ᠪᠦᠬᠦ ᠬᠦᠷᠢᠶ᠎ᠡ ᠴᠠᠷᠠᠭᠠᠨ ᠳᠤ ᠭᠡᠷᠡᠯ ᠭᠢᠯᠪᠠᠭ᠎ᠠ ᠭᠠᠷᠭᠠᠬᠤ ᠪᠠ ᠭᠤᠣᠯᠳᠠᠯᠭ᠎ᠠ ᠲᠠᠢ ᠰᠢᠪᠲᠤᠯᠤᠯᠲᠠ ᠬᠢᠬᠦ ᠶᠢ ᠬᠠᠮᠵᠢᠯᠴᠠᠨ ᠠᠬᠢᠭᠤᠯᠤᠨ᠎ᠠ︔      9. ᠵᠢᠷᠭᠤᠭᠠᠨ ᠦᠭᠡ ᠥᠭᠦᠯᠡᠪᠦᠷᠢ ᠶᠢᠨ ᠪᠣᠳᠠᠲᠤ ᠬᠡᠷᠡᠭ ᠪᠠ ᠶᠣᠰᠣ ᠤᠴᠢᠷ᠄ ᠥᠪᠥᠷ ᠮᠣᠩᠭᠤᠯ ᠣᠷᠣᠨ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠬᠠᠮᠤᠭ ᠡᠷᠲᠡ ᠨᠠᠮ ᠤᠨ ᠵᠣᠬᠢᠶᠠᠨ ᠪᠠᠶᠢᠭᠤᠯᠤᠯᠲᠠ ᠪᠠᠶᠢᠭᠤᠯᠤᠭᠰᠠᠨ ᠦᠨᠳᠦᠰᠦᠲᠡᠨ ᠤ ᠭᠠᠵᠠᠷ ᠣᠷᠣᠨ ᠶᠤᠮ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠰᠢᠭᠤᠳ ᠤᠳᠤᠷᠢᠳᠤᠯᠭ᠎ᠠ ᠳᠣᠣᠷ᠎ᠠ ᠪᠠᠶᠢᠭᠤᠯᠤᠭᠳᠠᠭᠰᠠᠨ ᠶᠤᠮ᠂ ᠦᠪᠦᠷ ᠮᠣᠩᠭᠤᠯ ᠪᠣᠯ ᠨᠠᠮ ᠤᠨ ᠲᠥᠪ ᠬᠤᠷᠢᠶᠠᠨ ᠤ ᠳᠡᠮᠵᠢᠯᠭᠡ ᠳᠣᠣᠷ᠎ᠠ ᠬᠥᠭᠵᠢᠵᠦ ᠡᠬᠢᠯᠡᠭᠰᠡᠨ ᠶᠤᠮ᠂ ᠥᠪᠥᠷ ᠮᠣᠩᠭᠤᠯ ᠤᠨ ᠠᠵᠢᠯ ᠤᠨ ᠶᠠᠪᠤᠴᠠ ᠳᠤ ᠭᠠᠷᠤᠭᠰᠠᠨ ᠬᠦᠨᠳᠦ ᠶᠡᠭᠡ ᠠᠯᠳᠠᠭᠳᠠᠯ ᠢ ᠴᠥᠮ ᠨᠠᠮ ᠤᠨ ᠲᠥᠪ ᠬᠤᠷᠢᠶ᠎ᠠ ᠬᠠᠪᠰᠤᠷᠤᠨ ᠵᠠᠯᠠᠷᠠᠭᠤᠯᠤᠭᠰᠠᠨ ᠶᠤᠮ᠂ ᠥᠪᠥᠷ ᠮᠣᠩᠭᠤᠯ ᠤᠨ ᠰᠢᠨ᠎ᠡ ᠴᠠᠭ ᠦᠶ᠎ᠡ ᠶᠢᠨ ᠬᠥᠭᠵᠢᠯᠲᠡ ᠶᠢᠨ ᠠᠮᠵᠢᠯᠲᠠ ᠪᠦᠲᠦᠮᠵᠢ ᠪᠣᠯ ᠶᠡᠷᠦᠩᠬᠡᠢ ᠱᠦᠵᠢ ᠰᠢ ᠶᠢᠨ ᠫᠢᠩ ᠤᠨ ᠳᠣᠲᠣᠨᠣ ᠬᠠᠯᠠᠮᠵᠢᠯᠠᠯ ᠪᠠ ᠵᠢᠯᠣᠭᠤᠳᠤᠯᠭ᠎ᠠ ᠳᠣᠣᠷ᠎ᠠ ᠣᠯᠣᠭᠰᠠᠨ ᠶᠤᠮ᠂ ᠥᠪᠥᠷ ᠮᠣᠩᠭᠤᠯ ᠵᠢᠱᠢᠶᠡᠴᠢ ᠥᠪᠡᠷᠲᠡᠭᠡᠨ ᠵᠠᠰᠠᠬᠤ ᠣᠷᠣᠨ ᠪᠣᠯᠤᠭᠰᠠᠨ ᠤ ᠬᠤᠪᠢ ᠳᠤ᠂ ᠵᠢᠱᠢᠶᠡᠴᠢ ᠭᠡᠳᠡᠭ ᠨᠢ ᠨᠠᠮ ᠤᠨ ᠦᠭᠡ ᠶᠢ ᠰᠣᠨᠣᠰᠬᠤ ᠳᠤ ᠪᠣᠢ᠃      10. ᠳᠣᠯᠣᠭᠠᠨ ᠲᠠᠯ᠎ᠠ ᠪᠠᠷ ᠵᠢᠱᠢᠶ᠎ᠡ ᠦᠵᠡᠭᠦᠯᠬᠦ᠄ ᠨᠠᠮ ᠤᠨ ᠠᠴᠢ ᠶᠢ ᠮᠡᠳᠡᠷᠡᠨ ᠨᠠᠮ ᠤᠨ ᠦᠭᠡ ᠶᠢ ᠰᠣᠨᠣᠰᠬᠤ᠂ ᠶᠡᠷᠦᠩᠬᠡᠢ ᠱᠦᠵᠢ ᠰᠢ ᠶᠢᠨ ᠫᠢᠩ ᠢ ᠰᠠᠯᠤᠯ ᠦᠭᠡᠢ ᠲᠠᠭᠠᠨ ᠰᠢᠨ᠎ᠡ ᠠᠶᠠᠨ ᠵᠠᠮ ᠳᠤ ᠡᠷᠡᠯᠬᠡᠭᠯᠡᠨ ᠤᠷᠤᠭᠰᠢᠯᠠᠬᠤ ᠲᠠᠯ᠎ᠠ ᠪᠠᠷ ᠵᠢᠱᠢᠶ᠎ᠡ ᠦᠵᠡᠭᠦᠯᠬᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠲᠠᠯ᠎ᠠ ᠪᠠᠷ ᠵᠢᠱᠢᠶ᠎ᠡ ᠦᠵᠡᠭᠦᠯᠬᠦ᠂ ᠦᠨᠳᠦᠰᠦᠲᠡᠨ ᠤ ᠭᠠᠵᠠᠷ ᠣᠷᠣᠨ ᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠲᠠᠯ᠎ᠠ ᠪᠠᠷ ᠵᠢᠱᠢᠶ᠎ᠡ ᠦᠵᠡᠭᠦᠯᠬᠦ᠂ ᠬᠢᠯᠢ ᠬᠢᠵᠠᠭᠠᠷ ᠤᠨ ᠦᠨᠳᠦᠰᠦᠲᠡᠨ ᠤ ᠭᠠᠵᠠᠷ ᠣᠷᠣᠨ ᠤ ᠬᠠᠮᠲᠤ ᠪᠠᠷ ᠴᠢᠨᠡᠭᠡᠯᠢᠭᠵᠢᠬᠦ ᠵᠠᠮ ᠢᠶᠠᠷ ᠵᠠᠮᠨᠠᠬᠤ ᠲᠠᠯ᠎ᠠ ᠪᠠᠷ ᠵᠢᠱᠢᠶ᠎ᠡ ᠦᠵᠡᠭᠦᠯᠬᠦ᠂ ᠬᠢᠯᠢ ᠬᠢᠵᠠᠭᠠᠷ ᠣᠷᠣᠨ ᠢ ᠬᠥᠭᠵᠢᠭᠦᠯᠵᠦ ᠲᠣᠭᠲᠠᠭᠤᠨ ᠪᠠᠶᠢᠯᠭᠠᠬᠤ ᠶᠢᠨ ᠳᠠᠭᠠᠤ ᠬᠢᠯᠢ ᠬᠢᠵᠠᠭᠠᠷ ᠣᠷᠣᠨ ᠢ ᠪᠠᠬᠢᠵᠢᠭᠦᠯᠬᠦ ᠲᠠᠯ᠎ᠠ ᠪᠠᠷ ᠵᠢᠱᠢᠶ᠎ᠡ ᠦᠵᠡᠭᠦᠯᠬᠦ᠂ ᠬᠢᠯᠢ ᠬᠢᠵᠠᠭᠠᠷ ᠣᠷᠣᠨ ᠤ ᠤᠯᠤᠰ ᠤᠨ ᠳᠣᠲᠣᠭᠠᠳᠤ ᠭᠠᠳᠠᠭᠠᠳᠤ ᠶᠢᠨ ᠬᠤᠣᠰ ᠣᠷᠴᠢᠯ ᠢ ᠬᠤᠯᠪᠣᠬᠤ ᠲᠠᠯ᠎ᠠ ᠪᠠᠷ ᠵᠢᠱᠢᠶ᠎ᠡ ᠦᠵᠡᠭᠦᠯᠬᠦ᠂ ᠰᠢᠨ᠎ᠡ ᠰᠤᠷᠲᠠᠯ ᠲᠥᠪ ᠰᠤᠷᠲᠠᠯ ᠢ ᠪᠠᠳᠠᠷᠠᠭᠤᠯᠬᠤ ᠲᠠᠯ᠎ᠠ ᠪᠠᠷ ᠵᠢᠱᠢᠶ᠎ᠡ ᠦᠵᠡᠭᠦᠯᠬᠦ ᠶᠢ ᠵᠢᠭᠠᠵᠤ ᠪᠤᠢ᠃      11. ︽ᠭᠤᠷᠪᠠ ᠶᠢ ᠬᠤᠪᠢᠷᠠᠭᠤᠯᠬᠤ︾ ᠥᠭᠡᠷᠡᠴᠢᠯᠡᠯᠲᠡ᠄ ᠡᠬᠢ ᠪᠠᠶᠠᠯᠢᠭ ᠢ ᠡᠳ᠋ ᠬᠥᠷᠥᠩᠭᠡ ᠪᠣᠯᠭᠠᠨ ᠬᠤᠪᠢᠷᠠᠭᠤᠯᠬᠤ᠂ ᠪᠡᠯᠡ ᠮᠥᠩᠭᠦ ᠶᠢ ᠬᠤᠪᠢ ᠣᠷᠣᠭᠤᠯᠤᠭᠰᠠᠨ ᠮᠥᠩᠭᠦ ᠪᠣᠯᠭᠠᠨ ᠬᠤᠪᠢᠷᠠᠭᠤᠯᠬᠤ᠂ ᠲᠠᠷᠢᠶᠠᠴᠢᠳ ᠢ ᠬᠤᠪᠢ ᠣᠷᠣᠭᠤᠯᠤᠭᠴᠢ ᠪᠣᠯᠭᠠᠨ ᠬᠤᠪᠢᠷᠠᠭᠤᠯᠬᠤ ᠶᠢ ᠵᠢᠭᠠᠵᠤ ᠪᠤᠢ᠃       12. ︽ᠮᠢᠩᠭᠠᠨ ᠲᠦᠮᠡ ᠶᠢᠨ ᠢᠨᠵᠧᠨᠧᠷᠢᠩ︾᠄ ︽ᠮᠢᠩᠭᠠᠨ ᠲᠣᠰᠬᠤᠨ ᠢᠶᠠᠷ ᠦᠯᠢᠭᠡᠷ ᠵᠢᠱᠢᠶ᠎ᠡ ᠦᠵᠡᠭᠦᠯᠵᠦ᠂ ᠲᠦᠮᠡᠨ ᠲᠣᠰᠬᠤᠨ ᠢ ᠴᠡᠭᠴᠡᠯᠡᠨ ᠵᠠᠰᠠᠬᠤ︾ ᠢᠨᠵᠧᠨᠧᠷᠢᠩ ᠢ ᠵᠢᠭᠠᠵᠤ ᠪᠤᠢ᠂ ᠡᠨᠡ ᠪᠣᠯ ᠶᠡᠷᠦᠩᠬᠡᠢ ᠱᠦᠵᠢ ᠰᠢ ᠶᠢᠨ ᠫᠢᠩ ᠵᠧᠵᠢᠶᠠᠩ ᠳᠤ ᠠᠵᠢᠯᠯᠠᠵᠤ ᠪᠠᠶᠢᠬᠤ ᠳᠠᠭᠠᠨ ᠪᠡᠶ᠎ᠡ ᠪᠠᠷ ᠢᠶᠠᠨ ᠲᠥᠯᠥᠪᠯᠡᠵᠦ ᠂ ᠪᠡᠶ᠎ᠡ ᠪᠠᠷ ᠢᠶᠠᠨ ᠪᠠᠶᠢᠷᠢᠯᠠᠭᠤᠯᠵᠤ᠂ ᠪᠡᠶ᠎ᠡ ᠪᠠᠷ ᠢᠶᠠᠨ ᠲᠦᠯᠬᠢᠨ ᠠᠬᠢᠭᠤᠯᠤᠭᠰᠠᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠮᠥᠨ᠂ ᠡᠨᠡ ᠨᠢ ᠲᠠᠷᠢᠶᠠᠯᠠᠩ ᠠᠵᠤ ᠠᠬᠤᠢ ᠬᠥᠳᠡᠭᠡ ᠲᠣᠰᠬᠤᠨ ᠤ ᠣᠳᠣᠬᠢᠴᠢᠯᠠᠯᠲᠠ ᠶᠢᠨ ᠠᠮᠵᠢᠯᠲᠠᠲᠠᠢ ᠲᠤᠷᠰᠢᠯᠭ᠎ᠠ ᠪᠠ ᠦᠢᠯᠡᠳᠦᠯᠭᠡ ᠶᠢᠨ ᠦᠯᠢᠭᠡᠷ ᠵᠢᠱᠢᠶ᠎ᠡ ᠶᠢ ᠡᠭᠦᠳᠪᠡ᠃      13. ᠠᠮᠢᠳᠤᠷᠠᠯ ᠤᠨ ᠬᠤᠭ ᠨᠣᠪᠰᠢ ᠪᠠ ᠪᠣᠬᠢᠷ ᠤᠰᠤ ᠶᠢ ᠲᠥᠪᠯᠡᠷᠡᠭᠦᠯᠦᠨ ᠵᠠᠰᠠᠬᠤ ︽135︾ ᠶᠢᠨ ᠠᠵᠢᠯᠯᠠᠭ᠎ᠠ᠄ ᠬᠤᠭ ᠨᠣᠪᠰᠢ ᠶᠢ ᠲᠥᠪᠯᠡᠷᠡᠭᠦᠯᠦᠨ ᠵᠠᠰᠠᠬᠤ ᠠᠵᠢᠯ ᠢ ᠬᠡᠷᠡᠭᠵᠢᠭᠦᠯᠦᠭᠡᠳᠦᠢ 1000 ᠠᠴᠠ ᠳᠡᠭᠡᠭᠰᠢᠬᠢ ᠪᠠᠶᠢᠩᠭᠤ ᠰᠠᠭᠤᠭ᠎ᠠ ᠬᠦᠮᠦᠨ ᠠᠮᠠ ᠲᠠᠢ ᠵᠠᠰᠠᠭ ᠵᠠᠬᠢᠷᠭᠠᠨ ᠤ ᠲᠣᠰᠬᠤᠨ ᠪᠠ ᠪᠣᠬᠢᠷ ᠤᠰᠤ ᠶᠢ ᠲᠥᠪᠯᠡᠷᠡᠭᠦᠯᠦᠨ ᠵᠠᠰᠠᠬᠤ ᠠᠵᠢᠯ ᠢ ᠬᠡᠷᠡᠭᠵᠢᠭᠦᠯᠦᠭᠡᠳᠦᠢ 3000 ᠠᠴᠠ ᠳᠡᠭᠡᠭᠰᠢᠬᠢ ᠬᠦᠮᠦᠨ ᠠᠮᠠ ᠲᠠᠢ ᠵᠠᠰᠠᠭ ᠵᠠᠬᠢᠷᠭᠠᠨ ᠤ ᠲᠣᠰᠬᠤᠨ ᠢ ᠵᠠᠷᠴᠢᠮ ᠳᠡᠭᠡᠷ᠎ᠡ ᠪᠠᠨ 5 ᠵᠢᠯ ᠤᠨ ᠳᠣᠲᠣᠷ᠎ᠠ ᠲᠥᠪᠯᠡᠷᠡᠭᠦᠯᠦᠨ ᠵᠠᠰᠠᠬᠤ ᠶᠢ ᠪᠡᠶᠡᠯᠡᠭᠦᠯᠦᠨ᠎ᠡ᠃ 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ