ᠰᠤᠷᠭᠠᠨ ᠬᠥᠮᠦᠵᠢᠯ ᠤᠨ ᠶᠠᠮᠤᠨ᠄ ᠵᠢᠯ ᠪᠦᠷᠢ 2 ᠲᠦᠮᠡᠨ ᠦᠳᠡᠯᠦᠭᠡ ᠨᠠᠰᠤᠨ ᠤ ᠪᠠᠭᠰᠢ ᠨᠠᠷ ᠢ ᠰᠢᠯᠢᠨ ᠰᠣᠩᠭᠤᠵᠤ ᠠᠷᠠᠳ ᠠᠴᠠ ᠡᠷᠭᠢᠯᠡᠭᠰᠡᠨ ᠰᠤᠷᠭᠠᠨ ᠬᠥᠮᠦᠵᠢᠯ ᠢ ᠳᠡᠮᠵᠢᠬᠦ ᠪᠠᠷ ᠲᠥᠯᠥᠪᠯᠡᠵᠦ ᠪᠠᠶᠢᠨ᠎ᠠ
ᠨᠡᠶᠢᠲᠡᠯᠡᠭᠰᠡᠨ ᠴᠠᠭ᠄
2024/2/20
      ᠰᠤᠷᠭᠠᠨ ᠬᠥᠮᠦᠵᠢᠯ ᠤᠨ ᠶᠠᠮᠤᠨ ᠤ ᠠᠯᠪᠠᠨ ᠲᠢᠩᠬᠢᠮ ᠲᠦᠷᠦᠭᠦᠬᠡᠨ ᠮᠡᠳᠡᠭᠳᠡᠯ ᠪᠠᠭᠤᠯᠭᠠᠵᠤ᠂ ᠦᠳᠡᠯᠦᠭᠡ ᠨᠠᠰᠤᠨ ᠤ ᠪᠠᠭᠰᠢ ᠨᠠᠷ ᠤᠨ ᠠᠷᠠᠳ ᠠᠴᠠ ᠡᠷᠭᠢᠯᠡᠭᠰᠡᠨ ᠰᠤᠷᠭᠠᠨ ᠬᠥᠮᠦᠵᠢᠯ ᠢ ᠳᠡᠮᠵᠢᠬᠦ ᠠᠵᠢᠯᠯᠠᠭ᠎ᠠ ᠶᠢᠨ ᠬᠤᠯᠪᠣᠭᠳᠠᠯ ᠪᠥᠬᠦᠶ ᠠᠵᠢᠯ ᠤᠨ ᠲᠤᠬᠠᠶ ᠪᠠᠶᠢᠷᠢᠯᠠᠭᠤᠯᠤᠯᠲᠠ ᠬᠢᠪᠠ᠃ ᠨᠢᠭᠡ ᠪᠦᠯᠦᠭ ᠠᠵᠢᠯ ᠠᠴᠠ ᠪᠠᠨ ᠠᠮᠠᠷᠠᠭᠰᠠᠨ ᠰᠢᠯᠢᠳᠡᠭ ᠪᠠᠭᠰᠢ ᠶᠢ ᠰᠢᠯᠢᠨ ᠰᠣᠩᠭᠤᠬᠤ ᠠᠵᠢᠯ ᠢ ᠵᠣᠬᠢᠶᠠᠨ ᠪᠠᠶᠢᠭᠤᠯᠵᠤ᠂ ᠡᠯ᠎ᠡ ᠱᠠᠲᠤᠨ ᠤ ᠡᠯ᠎ᠡ ᠲᠥᠷᠥᠯ ᠤᠨ ᠠᠷᠠᠳ ᠠᠴᠠ ᠡᠷᠭᠢᠯᠡᠭᠰᠡᠨ ᠰᠤᠷᠭᠠᠭᠤᠯᠢ᠂ ᠢᠯᠠᠩᠭᠤᠶ᠎ᠠ ᠠᠷᠠᠳ ᠠᠴᠠ ᠡᠷᠭᠢᠯᠡᠭᠰᠡᠨ ᠳᠡᠭᠡᠳᠦ ᠰᠤᠷᠭᠠᠭᠤᠯᠢ ᠳᠤ ᠬᠠᠨᠳᠤᠭᠤᠯᠤᠨ ᠰᠤᠷᠭᠠᠨ ᠬᠥᠮᠦᠵᠢᠯ ᠢ ᠳᠡᠮᠵᠢᠬᠦ᠂ ᠰᠤᠳᠤᠯᠭᠠᠨ ᠳᠤ ᠲᠤᠰᠠᠯᠠᠬᠤ ᠠᠵᠢᠯ ᠥᠷᠨᠢᠭᠦᠯᠵᠦ᠂ ᠵᠢᠯ ᠪᠦᠷᠢ 2 ᠲᠦᠮᠡᠨ ᠪᠠᠭᠰᠢ ᠶᠢ ᠰᠣᠩᠭᠤᠨ ᠲᠣᠮᠢᠯᠠᠬᠤ ᠪᠠᠷ ᠲᠥᠯᠥᠪᠯᠡᠵᠦ ᠪᠠᠶᠢᠨ᠎ᠠ᠃      ᠰᠦᠯᠵᠢᠶᠡᠨ ᠭᠠᠳᠠᠨ᠎ᠠ ᠰᠤᠷᠭᠠᠨ ᠬᠥᠮᠦᠵᠢᠯ ᠢ ᠳᠡᠮᠵᠢᠬᠦ ᠰᠤᠳᠤᠯᠭᠠᠨ ᠢ ᠥᠷᠨᠢᠭᠦᠯᠬᠦ ᠪᠠᠷ ᠭᠤᠶᠤᠴᠢᠯᠠᠭᠰᠠᠨ ᠦᠳᠡᠯᠦᠭᠡ ᠨᠠᠰᠤᠨ ᠤ ᠪᠠᠭᠰᠢ ᠶᠢᠨ ᠨᠠᠰᠤ ᠶᠢ ᠡᠩ ᠤᠨ ᠪᠠᠶᠢᠳᠠᠯ ᠳᠤ 75 ︵ᠪᠠᠭᠲᠠᠨ᠎ᠠ︶ ᠪᠠᠷ ᠬᠢᠵᠠᠭᠠᠷᠯᠠᠵᠤ᠂ ᠰᠠᠭᠤᠷᠢ ᠰᠤᠷᠭᠠᠨ ᠬᠥᠮᠦᠵᠢᠯ ᠤᠨ ᠬᠦᠷᠢᠶ᠎ᠡ ᠴᠠᠷᠠᠭ᠎ᠠ ᠳᠤ ᠣᠷᠣᠯᠴᠠᠬᠤ ᠪᠠᠭᠰᠢ ᠶᠢᠨ ᠨᠠᠰᠤ ᠶᠢ ᠡᠩ ᠤᠨ  ᠪᠠᠶᠢᠳᠠᠯ ᠳᠤ 70  ︵ᠪᠠᠭᠲᠠᠨ᠎ᠠ︶ ᠪᠠᠷ ᠬᠢᠵᠠᠭᠠᠷᠯᠠᠨ᠎ᠠ᠃      ᠮᠡᠳᠡᠭᠳᠡᠯ ᠳᠤ᠂ ᠦᠳᠡᠯᠦᠭᠡ ᠨᠠᠰᠤᠨ ᠤ ᠪᠠᠭᠰᠢ ᠶᠢᠨ ᠪᠠᠷᠠᠭᠤᠨ ᠣᠷᠣᠨ᠂ ᠦᠨᠳᠦᠰᠦᠲᠡᠨ ᠤ ᠭᠠᠵᠠᠷ ᠣᠷᠣᠨ ᠤ ᠠᠷᠠᠳ ᠠᠴᠠ ᠡᠷᠭᠢᠯᠡᠭᠰᠡᠨ ᠰᠤᠷᠭᠠᠭᠤᠯᠢ ᠳᠤ ᠤᠴᠢᠵᠦ᠂ ᠠᠵᠢᠯ ᠲᠥᠷᠥᠯ᠂ ᠠᠵᠤ ᠦᠢᠯᠡᠰ᠂ ᠠᠵᠤ ᠠᠬᠤᠶᠢᠯᠠᠯ ᠳᠤ ᠪᠠᠴᠢᠮ ᠱᠠᠭᠠᠷᠳᠠᠭᠳᠠᠬᠤ ᠳᠤᠲᠠᠭᠳᠠᠵᠤ ᠪᠠᠶᠢᠭ᠎ᠠ ᠲᠤᠰᠬᠠᠶ ᠮᠡᠷᠭᠡᠵᠢᠯ ᠳᠤ ᠣᠷᠣᠯᠴᠠᠵᠤ᠂ ᠠᠷᠠᠳ ᠠᠴᠠ ᠡᠷᠭᠢᠯᠡᠭᠰᠡᠨ ᠰᠤᠷᠭᠠᠭᠤᠯᠢ ᠶᠢ ᠬᠠᠪᠰᠤᠷᠤᠨ ᠳᠤᠲᠠᠭᠤᠳᠠᠯ ᠢ ᠨᠢ ᠨᠥᠬᠦᠪᠥᠷᠢᠯᠡᠵᠦ᠂ ᠪᠠᠭᠤᠷᠠᠶ ᠲᠠᠯ᠎ᠠ ᠶᠢ ᠨᠢ ᠬᠦᠴᠦᠷᠬᠡᠭᠵᠢᠭᠦᠯᠵᠦ᠂ ᠶᠠᠰᠤ ᠴᠢᠨᠠᠷ ᠢ ᠨᠢ ᠳᠡᠭᠡᠭᠰᠢᠯᠡᠭᠦᠯᠬᠦ ᠶᠢ ᠵᠣᠷᠢᠭᠵᠢᠭᠤᠯᠤᠨ᠎ᠡ᠃ ᠠᠷᠠᠳ ᠠᠴᠠ ᠡᠷᠭᠢᠯᠡᠭᠰᠡᠨ ᠰᠤᠷᠭᠠᠭᠤᠯᠢ ᠶᠢᠨ ︽ᠵᠢᠯᠣᠭᠤᠳᠣᠭᠴᠢ ᠪᠠᠭᠰᠢ ᠶᠢᠨ ᠲᠦᠷᠢᠮ︾ ᠢ ᠰᠦᠪᠡᠭᠴᠢᠯᠡᠨ ᠬᠡᠷᠡᠭᠵᠢᠭᠦᠯᠵᠤ᠂ ᠥᠨᠳᠥᠷ ᠬᠡᠪ ᠴᠢᠨᠠᠷ ᠪᠥᠬᠦᠶ ᠦᠳᠡᠯᠦᠭᠡ ᠨᠠᠰᠤᠨ ᠤ ᠪᠠᠭᠰᠢ ᠶᠢᠨ  ᠵᠠᠯᠠᠭᠤ ᠪᠠᠭᠰᠢ ᠶᠢᠨ ᠵᠢᠯᠣᠭᠤᠳᠣᠭᠴᠢ ᠪᠣᠯᠵᠤ᠂ ᠪᠠᠭᠰᠢ ᠶᠢᠨ ᠤᠯᠠᠮᠵᠢᠯᠠᠨ ᠵᠠᠯᠭᠠᠮᠵᠢᠯᠠᠬᠤ ᠦᠢᠯᠡᠳᠦᠯ ᠢᠶᠠᠨ ᠪᠠᠳᠠᠷᠠᠭᠤᠯᠬᠤ ᠶᠢ ᠵᠣᠷᠢᠭᠵᠢᠭᠤᠯᠤᠨ᠎ᠠ ᠭᠡᠵᠦ ᠲᠤᠷᠠᠳᠴᠡᠢ᠃      ᠮᠡᠳᠡᠭᠳᠡᠯ ᠳᠤ᠂ ᠦᠳᠡᠯᠦᠭᠡ ᠨᠠᠰᠤᠨ ᠤ ᠪᠠᠭᠰᠢ ᠶᠢᠨ ᠲᠤᠰᠠᠯᠠᠨ ᠦᠢᠯᠡᠴᠢᠯᠡᠬᠦ ᠴᠠᠭ ᠢ ᠵᠠᠷᠴᠢᠮ ᠳᠡᠭᠡᠷ᠎ᠡ ᠪᠠᠨ 1 ᠰᠤᠷᠤᠯᠭ᠎ᠠ ᠶᠢᠨ ᠵᠢᠯ ᠠᠴᠠ ᠳᠤᠲᠠᠭᠤ ᠥᠬᠡᠶ ᠪᠠᠶᠢᠯᠭᠠᠵᠤ᠂ ᠲᠤᠰᠠᠯᠠᠮᠵᠢ ᠭᠥᠷᠳᠡᠬᠦ ᠰᠤᠷᠭᠠᠭᠤᠯᠢ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠵᠢᠴᠢ ᠬᠠᠮᠢᠶᠠᠷᠤᠯᠲᠠ ᠶᠢᠨ ᠬᠡᠷᠡᠭᠴᠡᠭᠡ ᠶᠢ ᠦᠨᠳᠦᠰᠦᠯᠡᠨ᠂ ᠳᠡᠮᠵᠢᠬᠦ  ᠠᠵᠢᠯ ᠢ ᠠᠮᠢᠳᠤᠯᠢᠭ ᠢᠶᠠᠷ ᠥᠷᠨᠢᠭᠦᠯᠵᠦ ᠪᠣᠯᠤᠨ᠎ᠠ ᠭᠡᠵᠦ ᠲᠤᠳᠤᠷᠬᠠᠶᠢᠯᠠᠪᠠ᠃
ᠢᠷᠡᠯᠲᠡ᠄ ᠠᠷᠠᠳ ᠤᠨ ᠮᠣᠩᠭᠤᠯ ᠰᠦᠯᠵᠢᠶ᠎ᠡ