ᠰᠢᠨ᠎ᠡ ᠪᠠᠷᠭᠤ ᠪᠠᠷᠠᠭᠤᠨ ᠬᠤᠰᠢᠭᠤ ᠬᠠᠤᠯᠢ ᠶᠢ ᠵᠥᠷᠢᠴᠡᠭᠰᠡᠨ ᠵᠠᠬᠢᠳᠠᠯ ᠰᠣᠷᠪᠤᠯᠵᠢᠯᠠᠭ᠎ᠠ ᠶᠢᠨ 2 ᠨᠡᠶᠢᠲᠡᠯᠢᠭ ᠬᠡᠷᠡᠭ ᠢ ᠬᠠᠤᠯᠢ ᠶᠣᠰᠣᠭᠠᠷ ᠰᠢᠢᠳᠪᠦᠷᠢᠯᠡᠪᠡ
ᠨᠡᠶᠢᠲᠡᠯᠡᠭᠰᠡᠨ ᠴᠠᠭ᠄
2024/2/21
       ᠣᠶᠢᠷ᠎ᠠ ᠶᠢᠨ ᠵᠢᠯ ᠳᠤ᠂ ᠰᠢᠨ᠎ᠡ ᠪᠠᠷᠭᠤ ᠪᠠᠷᠠᠭᠤᠨ ᠬᠤᠰᠢᠭᠤ ᠬᠠᠤᠯᠢ ᠪᠠᠷ ᠵᠠᠰᠠᠬᠤ ᠰᠡᠳᠬᠢᠬᠦᠢ ᠪᠠ ᠬᠠᠤᠯᠢ ᠪᠠᠷ ᠵᠠᠰᠠᠬᠤ ᠠᠷᠭ᠎ᠠ ᠮᠠᠶ᠋ᠢᠭ ᠢᠶᠠᠷ ᠣᠯᠠᠨ ᠲᠦᠮᠡᠨ ᠤ ᠬᠠᠤᠯᠢ ᠶᠣᠰᠣᠭᠠᠷ ᠡᠮᠬᠢ ᠵᠢᠷᠤᠮ ᠲᠠᠢ ᠪᠠᠷ ᠵᠠᠬᠢᠳᠠᠯ ᠰᠣᠷᠪᠤᠯᠵᠢᠯᠠᠭ᠎ᠠ ᠬᠢᠯᠭᠡᠵᠦ᠂ ᠭᠤᠮᠣᠳᠠᠯ ᠱᠠᠭᠠᠷᠳᠠᠯᠭ᠎ᠠ ᠪᠠᠨ ᠵᠦᠢ ᠵᠣᠬᠢᠰᠲᠠᠢ ᠢᠯᠡᠳᠬᠡᠬᠦ ᠶᠢ ᠬᠦᠲᠦᠯᠦᠨ ᠵᠢᠯᠣᠭᠤᠳᠣᠭᠰᠠᠨ ᠪᠣᠯᠪᠠᠴᠤ᠂ ᠬᠡᠰᠡᠭ ᠣᠯᠠᠨ ᠲᠦᠮᠡᠨ ᠮᠥᠨ ᠯᠡ ᠬᠠᠤᠯᠢ ᠶᠢ ᠵᠥᠷᠢᠴᠡᠨ ᠱᠠᠲᠤ ᠠᠯᠤᠰᠯᠠᠨ ᠵᠠᠬᠢᠳᠠᠯ ᠰᠣᠷᠪᠤᠯᠵᠢᠯᠠᠭ᠎ᠠ ᠬᠢᠵᠦ᠂ ᠵᠢᠭᠤᠷᠠᠯᠳᠤᠨ ᠦᠢᠮᠡᠭᠦᠯᠵᠦ᠂ ᠰᠤᠷᠪᠤᠯᠵᠢᠯᠠᠬᠤ ᠪᠠᠷ ᠳᠠᠷᠤᠯᠲᠠ ᠦᠵᠡᠭᠦᠯᠵᠦ᠂ ᠰᠤᠷᠪᠤᠯᠵᠢᠯᠠᠬᠤ ᠪᠠᠷ ᠠᠰᠢᠭ ᠲᠤᠰᠠ ᠣᠯᠬᠤ ᠦᠵᠡᠭᠳᠡᠯ ᠣᠷᠣᠰᠢᠵᠤ ᠪᠠᠶᠢᠨ᠎ᠠ᠃ ᠣᠶᠢᠷ᠎ᠠ ᠶᠢᠨ ᠬᠤᠭᠤᠴᠠᠭᠠᠨ ᠳᠤ ᠬᠠᠤᠯᠢ ᠶᠢ ᠵᠥᠷᠢᠴᠡᠭᠰᠡᠨ ᠵᠠᠬᠢᠳᠠᠯ ᠰᠣᠷᠪᠤᠯᠵᠢᠯᠠᠭ᠎ᠠ ᠶᠢᠨ 2 ᠨᠡᠶᠢᠲᠡᠯᠢᠭ ᠬᠡᠷᠡᠭ ᠢ ᠬᠠᠤᠯᠢ ᠶᠣᠰᠣᠭᠠᠷ ᠰᠢᠢᠳᠪᠦᠷᠢᠯᠡᠪᠡ᠃      ᠬᠡᠷᠡᠭ ᠤᠨ ᠵᠢᠱᠢᠶ᠎ᠡ ᠨᠢᠭᠡ       ᠢᠦᠢ ᠣᠪᠣᠭᠲᠤ᠂ ᠭᠡᠷ ᠪᠦᠯᠢ ᠶᠢᠨ ᠳᠣᠲᠣᠭᠠᠳᠤ ᠳᠠᠬᠢ ᠨᠤᠲᠤᠭ ᠪᠡᠯᠴᠢᠭᠡᠷ ᠤᠨ ᠵᠠᠭᠤᠷᠠᠯᠳᠤᠭᠠᠨ᠃ ᠵᠠᠬᠢᠳᠠᠯ ᠰᠣᠷᠪᠤᠯᠵᠢᠯᠠᠭ᠎ᠠ ᠬᠢᠬᠦ ᠪᠠᠷ ᠳᠠᠮᠵᠢᠨ᠂ ᠰᠢᠭᠦᠬᠦ ᠬᠤᠷᠢᠶᠠᠨ ᠠᠴᠠ ᠲᠡᠭᠦᠨ ᠤ ᠭᠤᠮᠣᠳᠠᠯ ᠱᠠᠭᠠᠷᠳᠠᠯᠭ᠎ᠠ ᠶᠢ ᠳᠡᠮᠵᠢᠭᠰᠡᠨ ᠦᠭᠡᠢ ᠪᠠᠶᠢᠵᠤ᠂ ᠶᠣᠰᠣ ᠪᠤᠰᠤ ᠪᠠᠷ ᠰᠤᠷᠪᠤᠯᠵᠢᠯᠠᠭᠰᠠᠨ ᠢᠶᠠᠷ ᠮᠠᠭᠠᠳᠯᠠᠨ ᠲᠣᠭᠲᠠᠭᠠᠪᠠ᠃ ᠵᠠᠬᠢᠳᠠᠯ ᠰᠣᠷᠪᠤᠯᠵᠢᠯᠠᠭ᠎ᠠ ᠬᠢᠭᠰᠡᠳ ᠱᠠᠲᠤ ᠠᠯᠤᠰᠯᠠᠨ ᠳᠡᠭᠡᠭᠰᠢ ᠰᠤᠷᠪᠤᠯᠵᠢᠯᠠᠬᠤ ᠨᠢ ︽ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠳᠦᠷᠢᠮ︾᠎ ᠢ ᠵᠥᠷᠢᠴᠡᠭᠰᠡᠨ ᠳᠤ ᠲᠣᠭᠠᠴᠠᠭᠳᠠᠬᠤ ᠶᠢ ᠲᠣᠳᠣᠷᠬᠠᠢ ᠮᠡᠳᠡᠵᠦ ᠪᠠᠶᠢᠬᠤ ᠪᠠᠶᠢᠳᠠᠯ ᠳᠣᠣᠷ᠎ᠠ᠂ ᠵᠠᠬᠢᠳᠠᠯ ᠰᠣᠷᠪᠤᠯᠵᠢᠯᠠᠭ᠎ᠠ ᠬᠢᠭᠰᠡᠳ ᠮᠥᠨ ᠰᠤᠷᠪᠤᠯᠵᠢᠯᠠᠬᠤ᠂ ᠰᠦᠯᠵᠢᠶ᠎ᠡ ᠪᠠᠷ ᠮᠡᠳᠡᠭᠦᠯᠬᠦ ᠵᠡᠷᠭᠡ ᠬᠡᠯᠪᠡᠷᠢ ᠪᠠᠷ ᠤᠷᠢᠳ ᠬᠤᠵᠢᠳ ᠦᠪᠡᠷᠲᠡᠭᠡᠨ ᠵᠠᠰᠠᠬᠤ ᠣᠷᠣᠨ ᠳᠤ 2 ᠤᠳᠠᠭ᠎ᠠ ᠬᠦᠷᠴᠦ᠂ ᠪᠡᠭᠡᠵᠢᠩ ᠳᠤ 6 ᠤᠳᠠᠭ᠎ᠠ ᠬᠦᠷᠴᠦ᠂ ᠣᠨᠴᠠᠭᠠᠶᠢᠯᠠᠨ ᠵᠠᠬᠢᠳᠠᠯ ᠰᠣᠷᠪᠤᠯᠵᠢᠯᠠᠭ᠎ᠠ ᠬᠢᠭᠰᠡᠳ ᠥᠪᠡᠷᠲᠡᠭᠡᠨ ᠵᠠᠰᠠᠬᠤ ᠣᠷᠣᠨ ᠤ ᠨᠠᠮ ᠵᠠᠰᠠᠭ ᠤᠨ ᠪᠠᠶᠢᠭᠤᠯᠭ᠎ᠠ ᠶᠢᠨ ᠡᠭᠦᠳᠡᠨ ᠳᠤ ᠬᠦᠷᠴᠦ ᠦᠨᠳᠦᠰᠦᠲᠡᠨ ᠤ ᠬᠤᠪᠴᠠᠰᠤ ᠡᠮᠦᠰᠬᠦ᠂ ᠪᠢᠴᠢᠭ ᠴᠠᠭᠠᠰᠤ ᠡᠷᠭᠦᠬᠦ᠂ ᠤᠷᠢᠶ᠎ᠠ ᠬᠠᠰᠬᠢᠷᠬᠤ᠂ ᠵᠢᠷᠤᠭ ᠲᠠᠷᠬᠠᠭᠠᠬᠤ ᠪᠠ ᠶᠠᠷᠢᠶ᠎ᠠ ᠥᠭᠦᠯᠡᠯ ᠨᠡᠶᠢᠲᠡᠯᠡᠬᠦ ᠵᠡᠷᠭᠡ ᠬᠡᠯᠪᠡᠷᠢ ᠪᠠᠷ ᠳᠡᠭᠡᠭᠰᠢ ᠰᠤᠷᠪᠤᠯᠵᠢᠯᠠᠵᠤ᠂ ᠬᠡᠪ ᠤᠨ ᠵᠠᠬᠢᠳᠠᠯ ᠰᠣᠷᠪᠤᠯᠵᠢᠯᠠᠭ᠎ᠠ ᠶᠢᠨ ᠡᠮᠬᠢ ᠵᠢᠷᠤᠮ ᠪᠠ ᠨᠡᠶᠢᠭᠡᠮ ᠤᠨ ᠡᠮᠬᠢ ᠳᠢᠭᠯᠢᠮ ᠢ ᠬᠦᠨᠳᠦ ᠨᠣᠴᠢᠲᠠᠢ ᠰᠠᠮᠠᠭᠤᠷᠠᠭᠤᠯᠪᠠ᠃ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ ᠠᠵᠢᠯ ᠤᠨ ᠬᠠᠮᠢᠶᠠᠷᠤᠯᠲᠠ ᠶᠢᠨ ᠰᠢᠢᠳᠬᠡᠯ ᠤᠨ ᠬᠠᠤᠯᠢ︾᠎ ᠶᠢᠨ ᠬᠤᠷᠢᠨ ᠭᠤᠷᠪᠠᠳᠤᠭᠠᠷ ᠵᠦᠢᠯ ᠤᠨ ᠨᠢᠭᠡᠳᠦᠭᠡᠷ ᠪᠠᠳᠠᠭ ᠤᠨ ᠬᠤᠶᠠᠳᠤᠭᠠᠷ ᠵᠦᠢᠯ ᠤᠨ ᠲᠣᠭᠲᠠᠭᠠᠯ ᠢ ᠦᠨᠳᠦᠰᠦᠯᠡᠨ᠂ ᠢᠦᠢ ᠣᠪᠣᠭᠲᠤ ᠳᠤ 2 ᠤᠳᠠᠭ᠎ᠠ ᠳᠣᠯᠣᠭᠠᠨ ᠡᠳᠦᠷ ᠤᠨ ᠵᠠᠰᠠᠭ ᠵᠠᠬᠢᠷᠭᠠᠨ ᠢᠶᠠᠷ ᠲᠦᠷ ᠬᠤᠷᠢᠬᠤ ᠪᠠ ᠠᠷᠪᠠᠨ ᠡᠳᠦᠷ ᠵᠠᠰᠠᠭ ᠵᠠᠬᠢᠷᠭᠠᠨ ᠢᠶᠠᠷ ᠲᠦᠷ ᠬᠤᠷᠢᠬᠤ ᠪᠠᠷ ᠰᠢᠢᠳᠬᠡᠪᠡ᠃       ᠬᠡᠷᠡᠭ ᠤᠨ ᠵᠢᠱᠢᠶ᠎ᠡ ᠬᠤᠶᠠᠷ       ᠸᠠᠩ ᠣᠪᠣᠭᠲᠤ᠂ ᠢᠦᠢ ᠣᠪᠣᠭᠲᠤ᠂ ᠵᠢᠶᠠᠨ ᠣᠪᠣᠭᠲᠤ ᠵᠡᠷᠭᠡ 14 ᠬᠥᠮᠥᠨ᠂ ᠨᠤᠲᠤᠭ ᠪᠡᠯᠴᠢᠭᠡᠷ ᠤᠨ ᠬᠤᠪᠢᠶᠠᠷᠢᠯᠠᠯ ᠵᠢᠴᠢ ᠡᠷᠬᠡ ᠶᠢ ᠨᠤᠲᠠᠯᠠᠬᠤ ᠲᠤᠬᠠᠢ ᠵᠢᠭᠤᠷᠠᠯᠳᠤᠭᠠᠨ᠃ ᠪᠠᠯᠭᠠᠰᠤ᠂ ᠬᠤᠰᠢᠭᠤ ᠬᠤᠶᠠᠷ ᠱᠠᠲᠤᠨ ᠤ ᠵᠠᠰᠠᠭ ᠤᠨ ᠣᠷᠳᠣᠨ ᠣᠯᠠᠨ ᠤᠳᠠᠭ᠎ᠠ ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠬᠤ ᠪᠠ ᠦᠵᠡᠯ ᠰᠠᠨᠠᠭᠠᠨ ᠤ ᠵᠢᠯᠣᠭᠤᠳᠤᠯᠭ᠎ᠠ ᠬᠢᠵᠦ᠂ ᠲᠡᠳᠡᠨ ᠳᠤ ᠬᠦᠰᠡᠯ ᠱᠠᠭᠠᠷᠳᠠᠯᠭ᠎ᠠ ᠨᠢ ᠶᠣᠰᠣ ᠪᠤᠰᠤ ᠭᠡᠳᠡᠭ ᠢ ᠲᠣᠳᠣᠷᠬᠠᠢ ᠮᠡᠳᠡᠭᠳᠡᠵᠦ᠂ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠣᠲᠣᠷ᠎ᠠ ᠦᠢᠯᠡᠳᠪᠦᠷᠢᠯᠡᠯ ᠠᠮᠢᠳᠤᠷᠠᠯ ᠤᠨ ᠬᠦᠴᠢᠷᠳᠡᠯ ᠢ ᠨᠢ ᠬᠠᠪᠰᠤᠷᠤᠨ ᠰᠢᠢᠳᠪᠦᠷᠢᠯᠡᠵᠦ ᠥᠭᠪᠡ᠃ 2023 ᠣᠨ ᠤ ᠰᠡᠭᠦᠯᠴᠢ ᠪᠠᠷ᠂ ᠵᠠᠬᠢᠳᠠᠯ ᠰᠣᠷᠪᠤᠯᠵᠢᠯᠠᠭ᠎ᠠ ᠬᠢᠭᠰᠡᠳ ᠠᠳᠠᠯᠢ ᠨᠢᠭᠡᠨ ᠱᠠᠭᠠᠷᠳᠠᠯᠭ᠎ᠠ ᠶᠢᠨ ᠲᠤᠬᠠᠢ ᠤᠷᠢᠳ ᠬᠤᠵᠢᠳ 4 ᠤᠳᠠᠭ᠎ᠠ ᠬᠤᠰᠢᠭᠤᠨ ᠤ ᠵᠠᠬᠢᠳᠠᠯ ᠰᠣᠷᠪᠤᠯᠵᠢᠯᠠᠭ᠎ᠠ ᠶᠢᠨ ᠲᠣᠪᠴᠢᠶ᠎ᠠ ᠳᠤ ᠬᠦᠷᠴᠦ ᠬᠠᠮᠲᠤ ᠪᠠᠷ ᠳᠡᠭᠡᠭᠰᠢ ᠰᠤᠷᠪᠤᠯᠵᠢᠯᠠᠵᠤ᠂ ᠵᠠᠬᠢᠳᠠᠯ ᠰᠣᠷᠪᠤᠯᠵᠢᠯᠠᠭ᠎ᠠ ᠶᠢᠨ ᠡᠮᠬᠢ ᠳᠢᠭᠯᠢᠮ ᠢ ᠬᠠᠶᠢᠬᠤᠷᠤᠯ ᠦᠭᠡᠢ ᠪᠠᠷ ᠨᠠᠮ ᠵᠠᠰᠠᠭ ᠤᠨ ᠠᠰᠠᠷ ᠤᠨ ᠡᠮᠦᠨ᠎ᠡ ᠬᠤᠷᠠᠨ ᠴᠣᠭᠯᠠᠷᠠᠪᠠ᠃ 10 ᠰᠠᠷ᠎ᠠ ᠶᠢᠨ 24᠎ ᠤ ᠡᠳᠦᠷ᠂ ᠸᠠᠩ ᠣᠪᠣᠭᠲᠤ ᠵᠡᠷᠭᠡ 10 ᠬᠥᠮᠥᠨ ᠬᠤᠳᠠ ᠳᠤ ᠬᠦᠷᠴᠦ ᠰᠤᠷᠪᠤᠯᠵᠢᠯᠠᠵᠤ᠂ ᠪᠤᠴᠠᠵᠤ ᠢᠷᠡᠬᠦ ᠶᠢ ᠢᠳᠬᠠᠭᠰᠠᠨ ᠤ ᠲᠠᠷᠠᠭ᠎ᠠ ᠮᠥᠨ ᠯᠡ ᠣᠷᠣᠨ ᠳᠤ ᠬᠦᠷᠴᠦ ᠳᠡᠭᠡᠭᠰᠢ ᠰᠤᠷᠪᠤᠯᠵᠢᠯᠠᠨ᠎ᠠ ᠭᠡᠪᠡ᠃ 11 ᠰᠠᠷ᠎ᠠ ᠶᠢᠨ 22᠎ ᠤᠨ ᠡᠳᠦᠷ᠂ ᠸᠠᠩ ᠣᠪᠣᠭᠲᠤ᠂ ᠢᠦᠢ ᠣᠪᠣᠭᠲᠤ᠂ ᠫᠧᠩ ᠣᠪᠣᠭᠲᠤ᠂ ᠦ᠋ ᠣᠪᠣᠭᠲᠤ᠂ ᠪᠦᠦ ᠣᠪᠣᠭᠲᠤ ᠵᠡᠷᠭᠡ 11 ᠬᠥᠮᠥᠨ ᠣᠷᠣᠨ ᠳᠤ ᠬᠦᠷᠴᠦ ᠱᠠᠲᠤ ᠠᠯᠤᠰᠯᠠᠨ ᠳᠡᠭᠡᠭᠰᠢ ᠰᠤᠷᠪᠤᠯᠵᠢᠯᠠᠵᠤ᠂ ᠠᠵᠢᠯᠲᠠᠨ ᠠᠴᠠ ᠪᠤᠴᠠᠭᠠᠬᠤ ᠶᠢ ᠢᠳᠬᠠᠬᠤ ᠳᠤ ᠬᠠᠮᠵᠢᠯᠴᠠᠬᠤ ᠶᠢ ᠲᠡᠪᠴᠢᠭᠰᠡᠨ ᠪᠥᠭᠡᠳ ᠰᠤᠷᠪᠤᠯᠵᠢᠯᠠᠬᠤ ᠪᠠᠷ ᠳᠠᠷᠤᠯᠲᠠ ᠦᠵᠡᠭᠦᠯᠵᠦ᠂ ᠨᠡᠶᠢᠭᠡᠮ ᠤᠨ ᠮᠠᠭᠤ ᠨᠥᠯᠥᠭᠡ ᠭᠠᠷᠭᠠᠵᠠᠢ᠃ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ ᠠᠵᠢᠯ ᠤᠨ ᠬᠠᠮᠢᠶᠠᠷᠤᠯᠲᠠ ᠶᠢᠨ ᠰᠢᠢᠳᠬᠡᠯ ᠤᠨ ᠬᠠᠤᠯᠢ︾᠎ ᠶᠢᠨ ᠬᠤᠷᠢᠨ ᠵᠢᠷᠭᠤᠳᠤᠭᠠᠷ ᠵᠦᠢᠯ ᠤᠨ ᠲᠣᠭᠲᠠᠭᠠᠯ ᠢ ᠦᠨᠳᠦᠰᠦᠯᠡᠨ᠂ ᠢᠦᠢ ᠣᠪᠣᠭᠲᠤ᠂ ᠫᠧᠩ ᠣᠪᠣᠭᠲᠤ᠂ ᠸᠠᠩ ᠣᠪᠣᠭᠲᠤ᠂ ᠦ᠋ ᠣᠪᠣᠭᠲᠤ᠂ ᠪᠦᠦ ᠣᠪᠣᠭᠲᠤ᠂ ᠪᠦᠦ ᠣᠪᠣᠭᠲᠤ ᠳᠤ ᠠᠷᠪᠠᠨ ᠡᠳᠦᠷ ᠤᠨ ᠵᠠᠰᠠᠭ ᠵᠠᠬᠢᠷᠭᠠᠨ ᠤ ᠲᠦᠷ ᠬᠤᠷᠢᠬᠤ ᠰᠢᠢᠳᠬᠡᠯ ᠥᠭᠪᠡ᠃       ᠵᠠᠬᠢᠳᠠᠯ ᠰᠣᠷᠪᠤᠯᠵᠢᠯᠠᠭ᠎ᠠ ᠶᠢᠨ ᠰᠠᠨᠠᠭᠤᠯᠤᠮᠵᠢ       ᠬᠠᠤᠯᠢ ᠶᠣᠰᠣᠭᠠᠷ ᠡᠮᠬᠢ ᠵᠢᠷᠤᠮ ᠲᠠᠢ ᠵᠠᠬᠢᠳᠠᠯ ᠰᠣᠷᠪᠤᠯᠵᠢᠯᠠᠭ᠎ᠠ ᠬᠢᠬᠦ ᠪᠣᠯ ᠬᠠᠤᠯᠢ ᠴᠠᠭᠠᠵᠠ ᠠᠴᠠ ᠠᠷᠠᠳ ᠢᠷᠭᠡᠨ ᠨᠢᠭᠡᠪᠦᠷᠢ ᠳᠤ ᠣᠯᠭᠤᠭᠰᠠᠨ ᠬᠠᠤᠯᠢ ᠶᠣᠰᠣᠨ ᠤ ᠡᠷᠬᠡ ᠮᠥᠨ᠃ ᠵᠠᠬᠢᠳᠠᠯ ᠰᠣᠷᠪᠤᠯᠵᠢᠯᠠᠭ᠎ᠠ ᠶᠢᠨ ᠶᠠᠪᠤᠴᠠ ᠳᠤ᠂ ᠠᠷᠠᠳ ᠢᠷᠭᠡᠳ ᠬᠠᠤᠯᠢ ᠴᠠᠭᠠᠵᠠ ᠬᠠᠤᠯᠢ ᠲᠣᠭᠲᠠᠭᠠᠯ ᠢ ᠴᠢᠩᠭ᠎ᠠ ᠵᠢᠷᠤᠮᠯᠠᠨ᠂ ᠭᠤᠮᠣᠳᠠᠯ ᠱᠠᠭᠠᠷᠳᠠᠯᠭ᠎ᠠ ᠪᠠᠨ ᠵᠦᠢ ᠵᠣᠬᠢᠰᠲᠠᠢ ᠢᠯᠡᠳᠬᠡᠬᠦ ᠬᠡᠷᠡᠭᠲᠡᠢ᠂ ᠶᠠᠮᠠᠷᠪᠠ ᠵᠢᠭᠤᠷᠠᠯᠳᠤᠨ ᠰᠤᠷᠪᠤᠯᠵᠢᠯᠠᠬᠤ᠂ ᠦᠢᠮᠡᠭᠦᠯᠦᠨ ᠰᠤᠷᠪᠤᠯᠵᠢᠯᠠᠬᠤ ᠵᠢᠴᠢ ᠱᠠᠲᠤ ᠠᠯᠤᠰᠯᠠᠨ ᠳᠡᠭᠡᠭᠰᠢ ᠰᠤᠷᠪᠤᠯᠵᠢᠯᠠᠬᠤ ᠨᠢ ᠪᠦᠷ ᠬᠠᠤᠯᠢ ᠴᠠᠭᠠᠵᠠ ᠶᠢᠨ ᠵᠠᠯᠬᠠᠭᠠᠯ ᠢ ᠬᠦᠯᠢᠶᠡᠬᠦ ᠪᠣᠯᠣᠨ᠎ᠠ᠃
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ