ᠣᠨᠴᠠᠭᠠᠶ ᠢᠳᠡᠭᠡᠨ ᠦᠢᠯᠡᠳᠪᠦᠷᠢᠯᠡᠯ ᠪᠠ ᠡᠵᠡᠩᠨᠡᠯᠲᠡ ᠲᠠᠢ ᠬᠤᠯᠪᠤᠬᠳᠠᠬᠤ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯᠲᠠᠨ ᠢ ᠬᠢᠨᠠᠨ ᠰᠢᠯᠭᠠᠬᠤ ᠰᠢᠨ᠎ᠡ ᠲᠣᠭᠲᠠᠭᠠᠯ ᠢ ᠡᠨᠡ ᠵᠢᠯ ᠤᠨ 3 ᠰᠠᠷ᠎ᠠ ᠳᠤ ᠬᠡᠷᠡᠭᠵᠢᠭᠦᠯᠦᠨ᠎ᠡ
ᠨᠡᠶᠢᠲᠡᠯᠡᠭᠰᠡᠨ ᠴᠠᠭ᠄
2024/2/26
      ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ  ᠲᠣᠪᠴᠢᠶ᠎ᠠ  ᠣᠶᠢᠷ᠎ᠠ ᠳᠤ  ︽ᠠᠵᠤ ᠠᠬᠤᠶᠢᠯᠠᠯ ᠤᠨ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯᠲᠠᠨ ᠳᠤ ᠬᠢᠨᠠᠯᠲᠠ ᠲᠠᠯᠪᠢᠵᠤ  ᠰᠤᠭᠤᠴᠢᠨ ᠪᠠᠶᠢᠴᠠᠭᠠᠵᠤ ᠰᠢᠯᠭᠠᠨ ᠬᠢᠨᠠᠬᠤ ᠵᠦᠭᠯᠡᠭᠦᠷ︾ ᠪᠠ ︽ᠠᠵᠤ ᠠᠬᠤᠶᠢᠯᠠᠯ ᠤᠨ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯᠲᠠᠨ ᠳᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠵᠤ ᠰᠢᠯᠭᠠᠨ ᠬᠢᠨᠠᠬᠤ ᠬᠥᠲᠥᠯᠪᠦᠷᠢ︾ ᠶᠢ ᠨᠡᠶᠢᠲᠡᠯᠡᠵᠦ᠂ 2024 ᠣᠨ ᠤ 3 ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠬᠦ ᠪᠠᠷ ᠪᠤᠢ᠃ ᠡᠨᠡ ᠨᠢ ᠣᠨᠴᠠᠭᠠᠢ ᠢᠳᠡᠭᠡᠨ ᠦᠢᠯᠡᠳᠪᠦᠷᠢᠯᠡᠬᠦ ᠪᠠ ᠡᠵᠡᠩᠨᠡᠬᠦ ᠠᠵᠤ ᠠᠬᠤᠶᠢᠯᠠᠯ ᠤᠨ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯᠳᠠᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠤᠯᠠᠮ ᠴᠢᠨᠠᠭᠰᠢᠳᠠ ᠲᠣᠳᠣᠷᠬᠠᠶᠢᠯᠠᠬᠤ ᠪᠣᠯᠤᠨ᠎ᠠ᠃      ᠣᠨᠴᠠᠭᠠᠶ ᠢᠳᠡᠭᠡᠨ ᠳᠤ ᠡᠷᠡᠭᠦᠯᠵᠢᠯ ᠤᠨ ᠢᠳᠡᠭᠡᠨ᠂ ᠠᠨᠠᠭᠠᠬᠤ ᠤᠬᠠᠭᠠᠨ ᠤ ᠣᠨᠴᠠᠭᠠᠶ ᠬᠡᠷᠡᠭᠴᠡᠭᠡᠲᠦ ᠨᠠᠶᠢᠷᠠᠯᠭ᠎ᠠ ᠲᠠᠢ ᠢᠳᠡᠭᠡᠨ ᠪᠠ ᠨᠢᠯᠬ᠎ᠠ ᠬᠡᠦᠬᠡᠳ ᠤᠨ ᠨᠠᠶᠢᠷᠠᠯᠭ᠎ᠠ ᠲᠠᠢ ᠢᠳᠡᠭᠡᠨ ᠪᠠᠭᠲᠠᠵᠤ ᠪᠤᠢ᠂ ᠡᠨᠡ ᠨᠢ ︽ᠨᠠᠰᠤᠳᠠᠶᠢᠴᠤᠳ ᠪᠠ ᠨᠢᠯᠬ᠎ᠠ ᠬᠡᠦᠬᠡᠳ︾ ᠵᠡᠷᠭᠡ ᠭᠤᠤᠯᠳᠠᠯᠭ᠎ᠠ ᠲᠠᠢ ᠬᠥᠮᠦᠰ ᠤᠨ ᠪᠡᠶ᠎ᠡ ᠮᠠᠬᠠᠪᠣᠳ ᠤᠨ ᠡᠷᠡᠭᠦᠯ ᠮᠡᠨᠳᠦ ᠪᠠ ᠠᠮᠢ ᠨᠠᠰᠤᠨ ᠤ ᠠᠮᠤᠷ ᠲᠦᠪᠰᠢᠨ ᠲᠠᠢ ᠬᠤᠯᠪᠣᠭᠳᠠᠨ᠎ᠠ᠃      ᠵᠦᠭᠯᠡᠭᠦᠷ ᠪᠠ ᠬᠥᠲᠥᠯᠪᠦᠷᠢ ᠶᠢᠨ ᠬᠠᠮᠢᠶ᠎ᠠ ᠪᠦᠬᠦᠢ ᠱᠠᠭᠠᠷᠳᠠᠯᠭ᠎ᠠ ᠶᠢ ᠦᠨᠳᠦᠰᠦᠯᠡᠨ᠂ ᠣᠨᠴᠠᠭᠠᠶ ᠢᠳᠡᠭᠡᠨ ᠦᠢᠯᠡᠳᠪᠦᠷᠢᠯᠡᠬᠦ ᠪᠠ ᠡᠵᠡᠩᠨᠡᠬᠦ ᠠᠵᠤ ᠠᠬᠤᠶᠢᠯᠠᠯ ᠤᠨ ᠭᠤᠣᠯ ᠬᠠᠷᠢᠭᠤᠴᠠᠯᠭᠠᠲᠠᠨ ᠨᠢ ᠣᠨᠴᠠᠭᠠᠶ ᠢᠳᠡᠭᠡᠨ ᠤ ᠦᠢᠯᠡᠳᠪᠦᠷᠢᠯᠡᠯ᠂ ᠡᠵᠡᠩᠨᠡᠯᠲᠡ ᠯᠦᠭᠡ ᠬᠤᠯᠪᠣᠭᠳᠠᠬᠤ ᠢᠳᠡᠭᠡᠨ ᠤ ᠠᠮᠤᠷ ᠲᠦᠪᠰᠢᠨ ᠤ ᠬᠠᠤᠯᠢ ᠴᠠᠭᠠᠵᠠ ᠬᠠᠤᠯᠢ ᠲᠣᠭᠲᠠᠭᠠᠯ ᠪᠠ ᠪᠠᠷᠢᠮᠵᠢᠶ᠎ᠠ ᠴᠢᠬᠤᠯᠠ ᠲᠣᠭᠲᠠᠭᠠᠯ ᠢ ᠡᠵᠡᠮᠰᠢᠵᠦ᠂ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢᠨ ᠳᠦᠷᠢᠮ ᠤᠨ ᠲᠣᠭᠲᠠᠭᠠᠯ ᠢ ᠨᠠᠶᠢᠳᠠᠪᠤᠷᠢᠵᠢᠭᠤᠯᠬᠤ ᠵᠢᠴᠢ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠳᠤ ᠰᠠᠭᠤᠷᠢᠯᠠᠭᠰᠠᠨ ᠬᠥᠳᠡᠯᠦᠩᠭᠦᠶ ᠬᠠᠮᠢᠶᠠᠷᠤᠯᠲᠠ ᠶᠢᠨ ᠲᠣᠭᠲᠠᠴᠠ ᠵᠡᠷᠭᠡ ᠬᠤᠯᠪᠣᠭᠳᠠᠯ ᠪᠦᠬᠦᠢ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠶ᠃      ᠣᠨᠴᠠᠭᠠᠶ ᠢᠳᠡᠭᠡᠨ ᠦᠢᠯᠡᠳᠪᠦᠷᠢᠯᠡᠬᠦ ᠠᠵᠤ ᠠᠬᠤᠶᠢᠯᠠᠯ ᠤᠨ ᠭᠤᠣᠯ ᠬᠠᠷᠢᠭᠤᠴᠠᠯᠭᠠᠲᠠᠨ ᠨᠢ ᠦᠢᠯᠡᠳᠪᠦᠷᠢᠯᠡᠯ ᠤᠨ ᠶᠠᠪᠤᠴᠠ ᠶᠢᠨ ᠵᠠᠩᠭᠢᠯᠠᠭ᠎ᠠ ᠶᠢᠨ ᠲᠦᠭᠰᠢᠭᠦᠷᠢ ᠶᠢᠨ ᠴᠢᠭ ᠪᠣᠯᠤᠨ ᠡᠵᠡᠮᠳᠡᠬᠦ ᠠᠷᠭ᠎ᠠ ᠬᠡᠮᠵᠢᠶ᠎ᠡ ᠶᠢ ᠣᠶᠢᠯᠠᠭᠠᠵᠤ᠂ ᠲᠤᠰ ᠠᠵᠤ ᠠᠬᠤᠶᠢᠯᠠᠯ ᠤᠨ ᠢᠳᠡᠭᠡᠨ ᠤ ᠠᠶᠤᠯᠬᠦᠢ ᠶᠢᠨ ᠬᠠᠮᠢᠶᠠᠷᠤᠯᠲᠠ ᠶᠢᠨ ᠳᠦᠷᠢᠮ᠂ ᠲᠤᠰ ᠠᠵᠤ ᠠᠬᠤᠶᠢᠯᠠᠯ ᠯᠤᠭ᠎ᠠ ᠬᠤᠯᠪᠣᠭᠳᠠᠬᠤ ᠬᠠᠤᠯᠢ ᠶᠢᠨ ᠬᠠᠷᠢᠭᠤᠴᠠᠯᠭ᠎ᠠ ᠪᠣᠯᠤᠨ ᠰᠢᠢᠳᠭᠡᠵᠦ ᠲᠣᠷᠭᠠᠬᠤ ᠲᠣᠭᠲᠠᠭᠠᠯ ᠵᠢᠴᠢ ᠢᠳᠡᠭᠡᠨ ᠤ ᠠᠶᠤᠯᠬᠦᠢ ᠶᠢᠨ ᠰᠠᠭᠤᠷᠢ ᠮᠡᠳᠡᠯᠭᠡ ᠵᠡᠷᠭᠡ ᠠᠭᠤᠯᠭ᠎ᠠ ᠶᠢ ᠣᠶᠢᠯᠠᠭᠠᠬᠤ ᠬᠡᠷᠡᠭᠲᠡᠶ᠃ ᠣᠨᠴᠠᠭᠠᠶ ᠢᠳᠡᠭᠡᠨ ᠡᠵᠡᠩᠨᠡᠬᠦ ᠠᠵᠤ ᠠᠬᠤᠶᠢᠯᠠᠯ ᠤᠨ ᠭᠤᠣᠯ ᠬᠠᠷᠢᠭᠤᠴᠠᠯᠭᠠᠲᠠᠨ ᠨᠢ ᠲᠤᠰ ᠠᠵᠤ ᠠᠬᠤᠶᠢᠯᠠᠯ ᠤᠨ ᠡᠵᠡᠩᠨᠡᠵᠦ ᠪᠠᠶᠢᠭ᠎ᠠ ᠣᠨᠴᠠᠭᠠᠶ ᠢᠳᠡᠭᠡᠨ ᠤ ᠳᠠᠩᠰᠠᠯᠠᠨ ᠲᠡᠮᠳᠡᠭᠯᠡᠭᠰᠡᠨ ᠪᠠᠶᠢᠳᠠᠯ᠂ ᠣᠨᠴᠠᠭᠠᠶ ᠢᠳᠡᠭᠡᠨ ᠢ ᠣᠨᠴᠠᠭᠠᠶ ᠪᠣᠷᠣᠯᠠᠭᠤᠯᠬᠤ ᠱᠠᠭᠠᠷᠳᠠᠯᠭ᠎ᠠ ᠵᠢᠴᠢ ᠪᠠᠷᠠᠭ᠎ᠠ  ᠣᠷᠣᠭᠤᠯᠬᠤ᠂ ᠬᠤᠳᠠᠯᠳᠤᠬᠤ᠂ ᠬᠠᠳᠠᠭᠠᠯᠠᠬᠤ᠂ ᠲᠡᠭᠡᠭᠡᠪᠦᠷᠢᠯᠡᠬᠦ ᠵᠡᠷᠭᠡ ᠡᠵᠡᠩᠨᠡᠯᠳᠡ ᠶᠢᠨ ᠶᠠᠪᠤᠴᠠ ᠶᠢᠨ ᠵᠠᠩᠭᠢᠯᠠᠭ᠎ᠠ ᠶᠢᠨ ᠲᠦᠭᠰᠢᠭᠦᠷᠢ ᠶᠢᠨ ᠴᠢᠭ ᠪᠣᠯᠤᠨ ᠡᠵᠡᠮᠳᠡᠬᠦ ᠠᠷᠭ᠎ᠠ ᠬᠡᠮᠵᠢᠶ᠎ᠡ ᠶᠢ ᠲᠣᠳᠣᠷᠬᠠᠶ ᠣᠶᠢᠯᠠᠭᠠᠬᠤ ᠬᠡᠷᠡᠭᠲᠡᠶ᠃
ᠢᠷᠡᠯᠲᠡ᠄ ᠠᠷᠠᠳ ᠤᠨ ᠮᠣᠩᠭᠤᠯ ᠰᠦᠯᠵᠢᠶ᠎ᠡ