ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠨᠠᠶᠢᠳᠠᠯᠭ᠎ᠠ ᠶᠢᠨ ᠲᠤᠬᠠᠢ ᠠᠯᠪᠠᠨ ᠵᠠᠷ
ᠨᠡᠶᠢᠲᠡᠯᠡᠭᠰᠡᠨ ᠴᠠᠭ᠄
2024/2/7
      ᠰᠢᠨ᠎ᠡ ᠪᠠᠷᠭᠤ ᠪᠠᠷᠠᠭᠤᠨ ᠬᠤᠰᠢᠭᠤᠨ ᠤ ᠭᠡᠷ ᠪᠠᠶᠢᠰᠢᠩ ᠤᠨ ᠪᠠᠷᠢᠯᠭ᠎ᠠ ᠪᠠ ᠬᠤᠲᠠ ᠶᠢᠨ ᠶᠠᠪᠤᠳᠠᠯ ᠤᠨ ᠰᠠᠭᠤᠷᠢ ᠲᠥᠬᠦᠭᠡᠷᠦᠮᠵᠢ ᠶᠢᠨ ᠪᠠᠷᠢᠯᠭ᠎ᠠ ᠶᠢᠨ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠂ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠡᠩᠨᠡᠭᠡ ᠪᠠ ᠬᠠᠤᠯᠢ ᠬᠡᠷᠡᠭᠵᠢᠭᠦᠯᠬᠦ ᠡᠭᠦᠷᠭᠡ ᠶᠢᠨ ᠬᠠᠷᠢᠯᠴᠠᠨ ᠲᠣᠬᠢᠷᠠᠯᠴᠠᠬᠤ ᠶᠢ ᠦᠨᠡᠨᠬᠦ ᠪᠠᠲᠤᠯᠠᠵᠤ᠂ ᠣᠳᠣ ᠦᠶ᠎ᠡ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠶᠠᠰᠤ ᠴᠢᠨᠠᠷ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠬᠡᠷᠡᠭᠴᠡᠭᠡ ᠶᠢ ᠨᠡᠩ ᠰᠠᠶᠢᠨ ᠲᠣᠬᠢᠷᠠᠭᠤᠯᠬᠤ ᠶᠢᠨ ᠲᠦᠯᠦᠭᠡ᠂ ᠥᠪᠡᠷᠲᠡᠭᠡᠨ ᠵᠠᠰᠠᠬᠤ ᠣᠷᠣᠨ ᠤ ︽ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠶᠢ ᠰᠢᠯᠢᠳᠡᠭᠵᠢᠭᠦᠯᠦᠨ᠂ ᠠᠵᠢᠯ ᠤᠨ ᠶᠠᠪᠤᠴᠠ ᠶᠢ ᠰᠢᠯᠢᠳᠡᠭᠵᠢᠭᠦᠯᠬᠦ︾ ᠲᠤᠰᠬᠠᠢ ᠵᠦᠢᠯ ᠤᠨ ᠠᠵᠢᠯᠯᠠᠭ᠎ᠠ ᠶᠢᠨ ᠵᠣᠷᠢᠭ ᠰᠠᠨᠠᠭ᠎ᠠ ᠵᠢᠴᠢ ︽ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠨᠠᠶᠢᠳᠠᠯᠭ᠎ᠠ ᠶᠢᠨ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠠᠯᠪᠠᠨ ᠵᠠᠷ︾ ︵︵2023︶ 143 ᠳ᠋ᠤᠭᠠᠷ ᠲᠣᠭᠠᠲᠤ︶ ᠢ ᠦᠨᠳᠦᠰᠦᠯᠡᠨ᠂ ᠰᠢᠨ᠎ᠡ ᠪᠠᠷᠭᠤ ᠪᠠᠷᠠᠭᠤᠨ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠪᠠᠷᠢᠯᠭ᠎ᠠ ᠶᠢᠨ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠪᠠᠶᠢᠴᠠᠭᠠᠯᠲᠠ ᠶᠢᠨ ᠡᠭᠦᠷᠭᠡ ᠴᠢᠳᠠᠪᠤᠷᠢ ᠶᠢ ᠰᠢᠯᠢᠳᠡᠭᠵᠢᠭᠦᠯᠵᠦ᠂ ᠬᠠᠷᠢᠯᠴᠠᠨ ᠬᠠᠮᠵᠢᠯᠴᠠᠬᠤ᠂ ᠥᠨᠳᠥᠷ ᠪᠦᠲᠦᠮᠵᠢᠲᠡᠶ ᠪᠠᠷ ᠡᠭᠦᠷᠭᠡ ᠲᠤᠰᠢᠶᠠᠯ ᠢᠶᠠᠨ ᠭᠦᠢᠴᠡᠳᠬᠡᠬᠦ ᠦᠢᠯᠡᠳᠦᠯ ᠢ ᠨᠠᠩ ᠰᠠᠶᠢᠨ ᠪᠠᠳᠠᠷᠠᠭᠤᠯᠬᠤ ᠶᠢᠨ ᠲᠦᠯᠦᠭᠡ᠂ ᠡᠳᠦᠭᠡ ᠰᠢᠨ᠎ᠡ ᠪᠠᠷᠭᠤ ᠪᠠᠷᠠᠭᠤᠨ ᠬᠤᠰᠢᠭᠤᠨ ᠤ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠶᠠᠰᠤ ᠴᠢᠨᠠᠷ ᠤᠨ ᠠᠮᠤᠷ ᠲᠦᠪᠰᠢᠨ ᠤ ᠮᠡᠷᠭᠡᠵᠢᠯ ᠤᠨ ᠦᠢᠯᠡᠴᠢᠯᠡᠭᠡᠨ ᠤ ᠲᠥᠪ ᠲᠤ ᠨᠠᠶᠢᠳᠠᠵᠤ᠂ ᠳᠣᠣᠷᠠᠬᠢ ᠱᠠᠭᠠᠷᠳᠠᠯᠭ᠎ᠠ ᠶᠣᠰᠣᠭᠠᠷ ᠬᠠᠮᠢᠶ᠎ᠠ ᠪᠦᠬᠦᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠷᠬᠡ ᠶᠢ ᠬᠠᠮᠵᠢᠨ ᠬᠡᠷᠡᠭᠵᠢᠭᠦᠯᠬᠦ ᠪᠠᠷ ᠲᠣᠭᠲᠠᠪᠠ᠄       ᠨᠢᠭᠡ᠂ ᠨᠠᠶᠢᠳᠠᠯᠭ᠎ᠠ ᠪᠠᠷ ᠬᠠᠤᠯᠢ ᠬᠡᠷᠡᠭᠵᠢᠭᠦᠯᠬᠦ ᠵᠦᠢᠯᠡᠰ      ᠰᠢᠨ᠎ᠡ ᠪᠠᠷᠭᠤ ᠪᠠᠷᠠᠭᠤᠨ ᠬᠤᠰᠢᠭᠤᠨ ᠤ ᠪᠠᠯᠭᠠᠰᠤᠨ ᠤ ᠲᠣᠭᠤᠷᠢᠭ ᠲᠠᠬᠢ ᠭᠡᠷ ᠪᠠᠶᠢᠰᠢᠩ ᠤᠨ ᠪᠠᠷᠢᠯᠭ᠎ᠠ ᠪᠠ ᠬᠤᠲᠠ ᠶᠢᠨ ᠶᠠᠪᠤᠳᠠᠯ ᠤᠨ ᠰᠠᠭᠤᠷᠢ ᠲᠥᠬᠦᠭᠡᠷᠦᠮᠵᠢ ᠶᠢᠨ ᠪᠠᠷᠢᠯᠭ᠎ᠠ ᠶᠢ ᠰᠢᠨ᠎ᠡ ᠪᠠᠷ ᠪᠠᠶᠢᠭᠤᠯᠬᠤ᠂ ᠥᠷᠭᠡᠳᠬᠡᠨ ᠪᠠᠶᠢᠭᠤᠯᠬᠤ ᠪᠠ ᠥᠭᠡᠷᠡᠴᠢᠯᠡᠨ ᠪᠠᠶᠢᠭᠤᠯᠬᠤ ᠵᠡᠷᠭᠡ ᠬᠠᠮᠢᠶ᠎ᠠ ᠪᠦᠬᠦᠢ ᠠᠵᠢᠯᠯᠠᠭ᠎ᠠ ᠳᠤ ᠬᠢᠨᠠᠯᠲᠠ ᠲᠠᠯᠪᠢᠵᠤ ᠬᠠᠮᠢᠶᠠᠷᠬᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠵᠦᠢᠯᠡᠰ ᠪᠣᠯ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠠᠷᠢᠯᠭ᠎ᠠ ᠶᠢᠨ ᠬᠠᠤᠯᠢ︾ ︽ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠶᠠᠰᠤ ᠴᠢᠨᠠᠷ ᠤᠨ ᠬᠠᠮᠢᠶᠠᠷᠤᠯᠲᠠ ᠶᠢᠨ ᠳᠦᠷᠢᠮ︾ ︽ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠳᠦᠷᠢᠮ︾ ︽ᠭᠡᠷ ᠪᠠᠶᠢᠰᠢᠩ ᠤᠨ ᠪᠠᠷᠢᠯᠭ᠎ᠠ ᠪᠠ ᠬᠤᠲᠠ ᠶᠢᠨ ᠶᠠᠪᠤᠳᠠᠯ ᠤᠨ ᠰᠠᠭᠤᠷᠢ ᠲᠥᠬᠦᠭᠡᠷᠦᠮᠵᠢ ᠶᠢᠨ ᠪᠠᠷᠢᠯᠭ᠎ᠠ ᠶᠢᠨ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢᠨ ᠲᠣᠭᠲᠠᠭᠠᠯ︾ ︽ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠶᠠᠰᠤ ᠴᠢᠨᠠᠷ ᠢ ᠪᠠᠶᠢᠴᠠᠭᠠᠨ ᠰᠢᠯᠭᠠᠬᠤ ᠬᠠᠮᠢᠶᠠᠷᠤᠯᠲᠠ ᠶᠢᠨ ᠠᠷᠭ᠎ᠠ︾ ᠵᠡᠷᠭᠡ ᠬᠤᠯᠪᠣᠭᠳᠠᠯ ᠪᠦᠬᠦᠢ ᠬᠠᠤᠯᠢ ᠴᠠᠭᠠᠵᠠ ᠳᠦᠷᠢᠮ ᠲᠣᠭᠲᠠᠭᠠᠯ ᠳᠤ ᠲᠣᠭᠲᠠᠭᠠᠭᠰᠠᠨ ᠨᠠᠶᠢᠳᠠᠭᠴᠢ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠷᠬᠡ ᠲᠤᠰᠢᠶᠠᠯ ᠤᠨ ᠳᠣᠲᠣᠷ᠎ᠠ᠂ ᠨᠠᠶᠢᠳᠠᠭᠳᠠᠭᠴᠢ ᠨᠢ ᠨᠠᠶᠢᠳᠠᠭᠴᠢ ᠶᠢ ᠬᠠᠪᠰᠤᠷᠤᠨ ᠳᠣᠣᠷᠠᠬᠢ ᠵᠦᠢᠯᠡᠰ ᠢ ᠥᠷᠨᠢᠭᠦᠯᠦᠨ᠎ᠡ᠄      ︵ᠨᠢᠭᠡ︶ ᠪᠥᠬᠦ ᠬᠤᠰᠢᠭᠤᠨ ᠤ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠪᠠ ᠪᠠᠷᠢᠯᠭ᠎ᠠ ᠶᠢᠨ ᠲᠤᠬᠠᠢ ᠶᠢᠨ ᠭᠠᠵᠠᠷ ᠤᠨ ᠠᠮᠤᠷ ᠲᠦᠪᠰᠢᠨ ᠤ ᠬᠢᠨᠠᠯᠲᠠ ᠪᠠᠶᠢᠴᠠᠭᠠᠯᠲᠠ ᠬᠢᠨ᠎ᠡ᠃      ︵ᠬᠤᠶᠠᠷ︶ ᠪᠥᠬᠦ ᠬᠤᠰᠢᠭᠤᠨ ᠤ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠶᠠᠰᠤ ᠴᠢᠨᠠᠷ ᠢ ᠪᠠᠶᠢᠴᠠᠭᠠᠨ ᠰᠢᠯᠭᠠᠬᠤ ᠠᠵᠢᠯᠯᠠᠭ᠎ᠠ ᠳᠤ ᠬᠢᠨᠠᠯᠲᠠ ᠲᠠᠯᠪᠢᠵᠤ ᠬᠠᠮᠢᠶᠠᠷᠤᠨ᠎ᠠ᠃      ︵ᠭᠤᠷᠪᠠ︶ ᠪᠥᠬᠦ ᠬᠤᠰᠢᠭᠤᠨ ᠤ ᠪᠠᠷᠢᠯᠭ᠎ᠠ ᠶᠢᠨ ᠵᠠᠬ᠎ᠠ ᠳᠡᠯᠭᠡᠭᠦᠷ ᠤᠨ ᠬᠠᠤᠯᠢ ᠠᠴᠠ ᠵᠥᠷᠢᠴᠡᠨ ᠬᠤᠪᠢᠶᠠᠨ ᠳᠠᠭᠠᠭᠠᠴᠢᠯᠠᠭᠤᠯᠤᠭᠰᠠᠨ᠂ ᠰᠢᠯᠵᠢᠭᠦᠯᠦᠨ ᠳᠠᠭᠠᠭᠠᠴᠢᠯᠠᠭᠤᠯᠤᠭᠰᠠᠨ᠂ ᠲᠦᠰᠢᠭᠦᠯᠦᠭᠰᠡᠨ᠂ ᠪᠠᠷᠢᠯᠭ᠎ᠠ ᠶᠢᠨ ᠲᠤᠬᠠᠢ ᠶᠢᠨ ᠭᠠᠵᠠᠷ ᠤᠨ ᠵᠠᠩᠭᠢᠯᠠᠭ᠎ᠠ ᠶᠢᠨ ᠠᠵᠢᠯ ᠤᠨ ᠪᠠᠶᠢᠷᠢ ᠶᠢᠨ ᠠᠵᠢᠯᠲᠠᠨ ᠤ ᠠᠵᠢᠯ ᠤᠨ ᠪᠠᠶᠢᠷᠢ ᠳᠠᠭᠠᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠨ᠎ᠠ᠃      ᠬᠤᠶᠠᠷ᠂ ᠨᠠᠶᠢᠳᠠᠯᠭ᠎ᠠ ᠪᠠᠷ ᠬᠠᠤᠯᠢ ᠬᠡᠷᠡᠭᠵᠢᠭᠦᠯᠬᠦ ᠡᠷᠬᠡ ᠶᠢᠨ ᠬᠡᠪᠴᠢᠶ᠎ᠡ      ᠨᠠᠶᠢᠳᠠᠯᠭ᠎ᠠ ᠬᠦᠯᠢᠶᠡᠭᠴᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠰᠢᠢᠳᠬᠡᠯ ᠤᠨ ᠬᠠᠤᠯᠢ︾ ᠶᠢᠨ ᠬᠠᠮᠢᠶ᠎ᠠ ᠪᠦᠬᠦᠢ ᠲᠣᠭᠲᠠᠭᠠᠯ ᠢ ᠦᠨᠳᠦᠰᠦᠯᠡᠨ᠂ ᠨᠠᠶᠢᠳᠠᠭᠴᠢ ᠶᠢ ᠬᠠᠮᠵᠢᠨ ᠳᠣᠣᠷ᠎ᠠ ᠵᠢᠭᠰᠠᠭᠠᠭᠰᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠷᠬᠡ ᠶᠢᠨ ᠬᠢᠵᠠᠭᠠᠷ ᠢ ᠬᠡᠷᠡᠭᠵᠢᠭᠦᠯᠦᠨ᠎ᠡ᠄      ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠠᠷᠢᠯᠭ᠎ᠠ ᠶᠢᠨ ᠬᠠᠤᠯᠢ︾ ︽ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠶᠠᠰᠤ ᠴᠢᠨᠠᠷ ᠤᠨ ᠬᠠᠮᠢᠶᠠᠷᠤᠯᠲᠠ ᠶᠢᠨ ᠳᠦᠷᠢᠮ︾ ︽ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠳᠦᠷᠢᠮ︾ ︽ᠭᠡᠷ ᠪᠠᠶᠢᠰᠢᠩ ᠤᠨ ᠪᠠᠷᠢᠯᠭ᠎ᠠ ᠪᠠ ᠬᠤᠲᠠ ᠶᠢᠨ ᠶᠠᠪᠤᠳᠠᠯ ᠤᠨ ᠰᠠᠭᠤᠷᠢ ᠲᠥᠬᠦᠭᠡᠷᠦᠮᠵᠢ ᠶᠢᠨ ᠪᠠᠷᠢᠯᠭ᠎ᠠ ᠶᠢᠨ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢᠨ ᠲᠣᠭᠲᠠᠭᠠᠯ︾ ︽ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠶᠠᠰᠤ ᠴᠢᠨᠠᠷ ᠢ ᠪᠠᠶᠢᠴᠠᠭᠠᠨ ᠰᠢᠯᠭᠠᠬᠤ ᠬᠠᠮᠢᠶᠠᠷᠤᠯᠲᠠ ᠶᠢᠨ ᠠᠷᠭ᠎ᠠ︾ ᠵᠡᠷᠭᠡ ᠬᠠᠤᠯᠢ ᠲᠣᠭᠲᠠᠭᠠᠯ ᠶᠣᠰᠣᠭᠠᠷ᠂ ᠰᠢᠨ᠎ᠡ ᠪᠠᠷᠭᠤ ᠪᠠᠷᠠᠭᠤᠨ ᠬᠤᠰᠢᠭᠤᠨ ᠤ ᠪᠠᠯᠭᠠᠰᠤ ᠶᠢᠨ ᠳᠣᠲᠣᠷᠠᠬᠢ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠶᠠᠰᠤ ᠴᠢᠨᠠᠷ ᠪᠠ ᠪᠠᠷᠢᠯᠭ᠎ᠠ ᠶᠢᠨ ᠲᠤᠬᠠᠢ ᠶᠢᠨ ᠭᠠᠵᠠᠷ ᠤᠨ ᠠᠮᠤᠷ ᠲᠦᠪᠰᠢᠨ᠂ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠶᠠᠰᠤ ᠴᠢᠨᠠᠷ ᠢ ᠪᠠᠶᠢᠴᠠᠭᠠᠨ ᠰᠢᠯᠭᠠᠬᠤ ᠠᠵᠢᠯᠯᠠᠭ᠎ᠠ᠂ ᠪᠠᠷᠢᠯᠭ᠎ᠠ ᠶᠢᠨ ᠵᠠᠬ᠎ᠠ ᠳᠡᠯᠭᠡᠭᠦᠷ ᠤᠨ ᠬᠠᠤᠯᠢ ᠠᠴᠠ ᠵᠥᠷᠢᠴᠡᠨ ᠬᠤᠪᠢᠶᠠᠨ ᠳᠠᠭᠠᠭᠠᠴᠢᠯᠠᠭᠰᠠᠨ᠂ ᠰᠢᠯᠵᠢᠭᠦᠯᠦᠨ ᠳᠠᠭᠠᠭᠠᠴᠢᠯᠠᠭᠤᠯᠤᠭᠰᠠᠨ᠂ ᠲᠦᠰᠢᠭᠯᠡᠭᠰᠡᠨ᠂ ᠪᠠᠷᠢᠯᠭ᠎ᠠ ᠶᠢᠨ ᠲᠤᠬᠠᠢ ᠶᠢᠨ ᠭᠠᠵᠠᠷ ᠤᠨ ᠵᠠᠩᠭᠢᠯᠠᠭ᠎ᠠ ᠶᠢᠨ ᠠᠵᠢᠯ ᠤᠨ ᠪᠠᠶᠢᠷᠢ ᠶᠢᠨ ᠠᠵᠢᠯᠲᠠᠨ ᠤ ᠠᠵᠢᠯ ᠤᠨ ᠪᠠᠶᠢᠷᠢ ᠳᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ ᠳᠤ ᠵᠠᠰᠠᠭ ᠵᠠᠬᠢᠷᠭᠠᠨ ᠤ ᠪᠠᠶᠢᠴᠠᠭᠠᠬᠤ ᠡᠷᠬᠡ ᠶᠢ ᠬᠡᠷᠡᠭᠵᠢᠭᠦᠯᠦᠨ᠎ᠡ᠃      ᠭᠤᠷᠪᠠ᠂ ᠨᠠᠶᠢᠳᠠᠯᠭ᠎ᠠ ᠪᠠᠷ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ      ︵ᠨᠢᠭᠡ︶ ᠨᠠᠶᠢᠳᠠᠭᠴᠢ ᠶᠢᠨ ᠬᠠᠷᠢᠭᠤᠴᠠᠯᠭ᠎ᠠ      1. ᠨᠠᠶᠢᠳᠠᠯᠭ᠎ᠠ ᠬᠦᠯᠢᠶᠡᠭᠴᠢ ᠶᠢᠨ ᠨᠠᠶᠢᠳᠠᠭᠰᠠᠨ ᠤᠴᠢᠷ ᠶᠠᠪᠤᠳᠠᠯ ᠤᠨ ᠡᠷᠬᠡ ᠶᠢᠨ ᠬᠡᠪᠴᠢᠶᠡᠨ ᠳᠣᠲᠣᠷ᠎ᠠ ᠨᠠᠶᠢᠳᠠᠭᠴᠢ ᠶᠢᠨ ᠨᠡᠷ᠎ᠡ ᠪᠠᠷ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠢᠯᠡ ᠠᠵᠢᠯᠯᠠᠭ᠎ᠠ ᠬᠢᠬᠦ ᠶᠢ ᠵᠢᠭᠠᠨ ᠵᠢᠯᠤᠭᠤᠳᠬᠤ ᠪᠠ ᠲᠡᠭᠦᠨ ᠳᠤ ᠬᠢᠨᠠᠯᠲᠠ ᠲᠠᠯᠪᠢᠨ᠎ᠠ᠃       2. ᠨᠠᠶᠢᠳᠠᠭᠳᠠᠭᠴᠢ ᠶᠢᠨ ᠬᠠᠤᠯᠢ ᠠᠴᠠ ᠵᠥᠷᠢᠴᠡᠭᠰᠡᠨ ᠪᠤᠶᠤ ᠵᠦᠢ ᠵᠣᠬᠢᠰ ᠦᠭᠡᠢ ᠵᠠᠰᠠᠭ ᠵᠠᠬᠢᠷᠭᠠᠨ ᠤ ᠦᠢᠯᠡ ᠠᠵᠢᠯᠯᠠᠭ᠎ᠠ ᠶᠢ ᠵᠠᠯᠠᠷᠠᠭᠤᠯᠬᠤ ᠪᠤᠶᠤ ᠬᠦᠴᠦᠨ ᠦᠭᠡᠢ ᠪᠣᠯᠭᠠᠬᠤ︔ ᠨᠠᠶᠢᠳᠠᠭᠴᠢ ᠶᠢᠨ ᠬᠠᠤᠯᠢ ᠶᠢ ᠵᠥᠷᠢᠴᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠶᠯᠡ ᠠᠵᠢᠯᠯᠠᠭ᠎ᠠ ᠶᠢ ᠬᠡᠷᠡᠭᠵᠢᠭᠦᠯᠦᠭᠡᠳ ᠬᠦᠨᠳᠦ ᠨᠣᠴᠢᠲᠠᠢ ᠦᠷ᠎ᠡ ᠳ᠋ᠦᠩ ᠳᠤ ᠤᠴᠠᠷᠠᠭᠤᠯᠤᠭᠰᠠᠨ ᠪᠠᠶᠢᠪᠠᠯ ᠬᠠᠤᠯᠢ ᠶᠣᠰᠣᠭᠠᠷ ᠨᠡᠬᠡᠮᠵᠢᠯᠡᠵᠦ᠂ ᠴᠢᠨᠠᠭᠰᠢᠯᠠᠪᠠᠯ ᠬᠠᠤᠯᠢ ᠬᠡᠷᠡᠭᠵᠢᠭᠦᠯᠬᠦ ᠨᠠᠶᠢᠳᠠᠯᠭ᠎ᠠ ᠶᠢ ᠬᠦᠴᠦᠨ ᠦᠭᠡᠢ ᠪᠣᠯᠭᠠᠨ᠎ᠠ᠃      3. ᠨᠠᠶᠢᠳᠠᠯᠭ᠎ᠠ ᠬᠦᠯᠢᠶᠡᠭᠰᠡᠨ ᠨᠢᠭᠡᠴᠡ ᠳᠠᠬᠢ ᠬᠠᠤᠯᠢ ᠬᠡᠷᠡᠭᠵᠢᠭᠦᠯᠬᠦ ᠠᠵᠢᠯᠲᠠᠨ ᠢ ᠵᠣᠬᠢᠶᠠᠨ ᠪᠠᠶᠢᠭᠤᠯᠤᠨ ᠬᠠᠤᠯᠢ ᠬᠡᠷᠡᠭᠵᠢᠭᠦᠯᠬᠦ ᠬᠢᠷᠢ ᠬᠡᠮ ᠤᠨ ᠪᠣᠯᠪᠠᠰᠤᠷᠠᠯ ᠵᠢᠴᠢ ᠲᠤᠬᠠᠶᠢᠯᠠᠭᠰᠠᠨ ᠠᠵᠢᠯ ᠤᠨ ᠰᠤᠷᠤᠯᠴᠠᠯᠭ᠎ᠠ ᠳᠤ ᠣᠷᠣᠯᠴᠠᠭᠤᠯᠬᠤ ᠶᠢᠨ ᠬᠠᠮᠲᠤ᠂ ᠲᠡᠭᠦᠨ ᠳᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠨᠡᠮᠯᠡᠯ ᠭᠤᠶᠤᠴᠢᠯᠠᠨ ᠭᠦᠢᠴᠡᠳᠬᠡᠨ᠎ᠡ᠃       ︵ᠬᠤᠶᠠᠷ︶ ᠨᠠᠶᠢᠳᠠᠭᠳᠠᠭᠴᠢ ᠶᠢᠨ ᠬᠠᠷᠢᠭᠤᠴᠠᠯᠭ᠎ᠠ      1. ᠨᠠᠶᠢᠳᠠᠭᠰᠠᠨ ᠵᠦᠢᠯ ᠪᠠ ᠡᠷᠬᠡ ᠮᠡᠳᠡᠯ ᠤᠨ ᠬᠡᠪᠴᠢᠶᠡᠨ ᠳᠣᠲᠣᠷ᠎ᠠ ᠨᠠᠶᠢᠳᠠᠭᠴᠢ ᠶᠢᠨ ᠨᠡᠷ᠎ᠡ ᠪᠠᠷ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠢ ᠬᠡᠷᠡᠭᠵᠢᠭᠦᠯᠦᠨ᠎ᠡ᠃      2. ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠲᠠᠭᠠᠯ ᠪᠠ ᠬᠠᠤᠯᠢ ᠪᠠᠷ ᠲᠣᠭᠲᠠᠭᠠᠭᠰᠠᠨ ᠲᠠᠰ ᠳᠠᠷᠠᠭᠠᠯᠠᠯ ᠤᠨ ᠶᠣᠰᠣᠭᠠᠷ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠢ ᠬᠡᠷᠡᠭᠵᠢᠭᠦᠯᠦᠨ᠎ᠡ᠃      3. ᠳᠠᠭᠢᠵᠤ ᠪᠤᠰᠤᠳ ᠵᠣᠬᠢᠶᠠᠨ ᠪᠠᠶᠢᠭᠤᠯᠤᠯᠲᠠ ᠪᠤᠶᠤ ᠬᠤᠪᠢ ᠬᠥᠮᠥᠨ ᠳᠤ ᠨᠠᠶᠢᠳᠠᠵᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠵᠦ ᠪᠣᠯᠬᠤ ᠦᠭᠡᠢ᠃       4. ᠨᠠᠶᠢᠳᠠᠭᠴᠢ ᠶᠢᠨ ᠵᠢᠯᠣᠭᠤᠳᠤᠯᠭ᠎ᠠ ᠪᠠ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠨᠠᠶᠢᠳᠠᠭᠴᠢ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠳᠤ ᠢᠳᠡᠪᠬᠢᠲᠡᠢ ᠣᠷᠣᠯᠴᠠᠬᠤ ᠪᠠ ᠬᠠᠮᠵᠢᠯᠴᠠᠨ᠎ᠠ᠃      5. ᠬᠠᠮᠢᠶ᠎ᠠ ᠪᠦᠬᠦᠢ ᠬᠡᠷᠡᠭᠵᠢᠭᠦᠯᠬᠦ ᠠᠷᠭ᠎ᠠ ᠪᠠ ᠳᠦᠷᠢᠮ ᠢ ᠪᠠᠶᠢᠭᠤᠯᠤᠨ ᠪᠦᠷᠢᠨᠰᠢᠭᠦᠯᠬᠦ ᠶᠢᠨ ᠬᠠᠮᠲᠤ ᠨᠠᠶᠢᠳᠠᠪᠤᠷᠢᠵᠢᠭᠤᠯᠤᠨ᠎ᠠ᠃      ︵ᠭᠤᠷᠪᠠ︶ ᠨᠠᠶᠢᠳᠠᠯᠭ᠎ᠠ ᠶᠢᠨ ᠬᠤᠭᠤᠴᠠᠭ᠎ᠠ      ᠨᠠᠶᠢᠳᠠᠯᠭ᠎ᠠ ᠶᠢᠨ ᠬᠤᠭᠤᠴᠠᠭ᠎ᠠ ᠨᠢ ᠲᠠᠪᠤᠨ ᠵᠢᠯ ᠪᠣᠯᠣᠨ᠎ᠠ᠃ ᠳᠠᠷᠤᠢ 2024 ᠣᠨ ᠤ 2 ᠰᠠᠷ᠎ᠠ ᠶᠢᠨ 1 ᠤ ᠡᠳᠦᠷ ᠠᠴᠠ 2029 ᠣᠨ ᠤ 1 ᠰᠠᠷ᠎ᠠ ᠶᠢᠨ 31 ᠤ ᠡᠳᠦᠷ ᠬᠦᠷᠲᠡᠯ᠎ᠡ᠃                                               2024 ᠣᠨ ᠤ 2 ᠰᠠᠷ᠎ᠠ ᠶᠢᠨ 4 ᠡᠳᠦᠷ 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ