ᠰᠤᠷᠭᠠᠭᠤᠯᠢ ᠶᠢᠨ ᠬᠦᠷᠢᠶᠡᠨ ᠳᠤ ᠠᠪᠴᠤ ᠣᠷᠣᠵᠤ ᠪᠣᠯᠬᠤ ᠦᠭᠡᠢ︕ ᠭᠤᠷᠪᠠᠨ ᠰᠠᠯᠠᠭ᠎ᠠ ᠮᠥᠴᠢᠷ ᠬᠠᠮᠲᠤᠷᠠᠨ ᠠᠯᠪᠠᠨ ᠵᠠᠷ ᠨᠡᠶᠢᠲᠡᠯᠡᠪᠡ
ᠨᠡᠶᠢᠲᠡᠯᠡᠭᠰᠡᠨ ᠴᠠᠭ᠄
2024/2/8
      ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ᠂ ᠰᠤᠷᠭᠠᠨ ᠬᠥᠮᠦᠵᠢᠯ ᠤᠨ ᠶᠠᠮᠤᠨ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠬᠠᠮᠲᠤᠷᠠᠨ ᠣᠶᠢᠷ᠎ᠠ ᠳᠤ ᠠᠯᠪᠠᠨ ᠵᠠᠷ ᠨᠡᠶᠢᠲᠡᠯᠡᠵᠦ᠂ ᠬᠡᠦᠬᠡᠳ ᠪᠠ ᠰᠤᠷᠤᠬᠴᠢ ᠶᠢᠨ ᠭᠤᠤᠯ ᠬᠡᠷᠡᠭᠰᠡᠯ ᠤᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠬᠤ ᠪᠠᠷ ᠪᠤᠢ᠃ ᠬᠡᠦᠬᠡᠳ ᠪᠣᠯᠤᠨ ᠰᠤᠷᠤᠬᠴᠢ ᠶᠢᠨ ᠬᠡᠷᠡᠭᠰᠡᠯ ᠦᠢᠯᠡᠳᠪᠦᠷᠢᠯᠡᠬᠦ ᠨᠢᠭᠡᠴᠡ ᠨᠦᠭᠦᠳ ᠤᠯᠤᠰ ᠤᠨ ᠬᠤᠯᠪᠣᠭᠳᠠᠯ ᠪᠦᠬᠦᠢ ᠠᠯᠪᠠᠳᠠᠯᠭ᠎ᠠ ᠶᠢᠨ ᠴᠢᠨᠠᠷᠲᠠᠶ ᠪᠠᠷᠢᠮᠵᠢᠶ᠎ᠠ ᠶᠢᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠵᠣᠬᠢᠶᠠᠨ ᠪᠠᠶᠢᠭᠤᠯᠤᠨ ᠦᠢᠯᠡᠳᠪᠦᠷᠢᠯᠡᠵᠦ᠂ ᠬᠡᠷᠡᠭᠯᠡᠬᠦ ᠦᠶ᠎ᠡ ᠳᠤ ᠠᠮᠤᠷ ᠲᠦᠪᠰᠢᠨ ᠤ ᠲᠦᠭᠰᠢᠭᠦᠷᠢ ᠲᠠᠢ ᠪᠤᠶᠤ ᠬᠦᠴᠦᠷᠬᠡᠭᠯᠡᠯ ᠤᠨ ᠬᠡᠯᠪᠡᠷᠢᠯ ᠢ ᠠᠮᠠᠷᠬᠠᠨ ᠡᠭᠦᠰᠭᠡᠬᠦ ᠬᠡᠦᠬᠡᠳ ᠪᠠ ᠰᠤᠷᠤᠭᠴᠢ ᠶᠢᠨ ᠬᠡᠷᠡᠭᠰᠡᠯ ᠵᠢᠴᠢ ᠲᠤᠰᠤᠨ ᠪᠢᠷ ᠤᠨ ᠬᠢᠲᠤᠭ᠎ᠠ᠂ ᠯᠤᠤᠪᠠᠩ ᠤᠨ ᠬᠢᠲᠤᠭ᠎ᠠ᠂ ᠯᠠᠶᠢᠰᠧᠷ ᠪᠢᠷ᠂ ᠪᠣᠯᠣᠷ ᠰᠢᠪᠠᠷ᠂ ᠰᠣᠷᠢᠨᠵᠢᠨ ᠬᠦᠴᠦᠨ ᠤ ᠪᠦᠮᠪᠦᠭᠡᠯᠢᠭ᠂ ᠬᠠᠮᠠᠷ ᠢᠶᠠᠷ ᠢᠶᠠᠨ ᠰᠣᠷᠣᠬᠤ ᠮᠠᠶ᠋ᠢᠭ ᠤᠨ ᠲᠤᠬᠯᠠᠭᠠᠮ᠂ ᠯᠠᠴᠠ ᠲᠠᠮᠠᠭ᠎ᠠ᠂ ᠬᠡᠦᠬᠡᠳ ᠤᠨ ᠲᠣᠭᠤᠭᠠᠨ ᠭᠡᠷ ᠤᠨ ᠭᠡᠷᠡᠭᠰᠡᠯ ᠤᠨ ᠲᠤᠬᠯᠠᠭᠠᠮ ᠵᠡᠷᠭᠡ ᠰᠢᠨ᠎ᠡ ᠦᠢᠯᠡᠳᠬᠦᠨ ᠢ ᠡᠵᠡᠩᠨᠡᠨ ᠪᠣᠷᠣᠯᠠᠭᠤᠯᠬᠤ ᠳᠠᠭᠠᠨ ᠬᠦᠴᠦᠷᠬᠡᠭᠯᠡᠯ ᠤᠨ ᠠᠭᠤᠯᠭ᠎ᠠ ᠶᠢ ᠤᠬᠠᠭᠤᠯᠬᠤ ᠪᠠ ᠪᠤᠷᠤᠭᠤ ᠪᠠᠷ ᠬᠥᠲᠥᠯᠬᠦ ᠴᠢᠨᠠᠷᠲᠠᠶ ᠵᠢᠱᠢᠶ᠎ᠡ ᠦᠵᠡᠭᠦᠯᠵᠦ ᠪᠣᠯᠬᠤ ᠦᠭᠡᠶ᠃ ᠰᠤᠷᠭᠠᠭᠤᠯᠢ ᠶᠢᠨ ᠡᠷᠭᠢᠨ ᠲᠣᠭᠤᠷᠢᠨ ᠳᠠᠬᠢ ᠲᠡᠯᠭᠡᠭᠦᠷ  ᠤᠨ ᠶᠠᠰᠤ ᠴᠢᠨᠠᠷ ᠤᠨ ᠠᠮᠤᠷ ᠲᠦᠪᠰᠢᠨ ᠤ ᠲᠦᠭᠰᠢᠭᠦᠷᠢ ᠶᠢᠨ ᠳᠠᠯᠳᠠ ᠭᠡᠮ ᠣᠷᠣᠰᠢᠵᠤ ᠮᠡᠳᠡᠬᠦ ᠬᠡᠦᠬᠡᠳ ᠪᠠ ᠰᠤᠷᠤᠭᠴᠢ ᠶᠢᠨ ᠬᠡᠷᠡᠭᠰᠡᠯ ᠢ ᠬᠤᠳᠠᠯᠳᠤᠨ ᠪᠣᠷᠣᠯᠠᠭᠤᠯᠬᠤ ᠶᠠᠪᠤᠳᠠᠯ ᠳᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠢᠨ ᠭᠤᠣᠯᠳᠠᠯᠭ᠎ᠠ ᠲᠠᠢ ᠬᠢᠨᠠᠯᠲᠠ ᠬᠠᠮᠢᠶᠠᠷᠤᠯᠲᠠ ᠬᠢᠬᠦ ᠬᠡᠷᠡᠭᠲᠡᠶ᠃      ᠡᠯ᠎ᠡ ᠭᠠᠵᠠᠷ ᠤᠨ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠨᠢ ᠰᠤᠷᠭᠠᠭᠤᠯᠢ ᠶᠢ ᠬᠦᠳᠦᠯᠦᠨ ᠵᠢᠯᠤᠭᠤᠳᠴᠤ ᠪᠠᠶᠢᠭᠠᠳ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠠᠮᠢᠶᠠᠷᠤᠯᠲᠠ ᠶᠢ ᠴᠢᠩᠳᠠᠯᠠᠵᠤ᠂ ᠤᠬᠠᠭᠤᠯᠭ᠎ᠠ ᠬᠥᠮᠦᠵᠢᠯ ᠢ ᠴᠢᠩᠭᠠᠳᠬᠠᠵᠦ᠂ ᠰᠤᠷᠤᠭᠴᠢᠳ ᠤᠨ ᠦᠢᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠪᠠᠷᠢᠮᠵᠢᠶ᠎ᠠ ᠳᠤ ᠨᠡᠶᠢᠴᠡᠬᠦ ᠦᠭᠡᠶ᠂ ᠬᠦᠴᠦᠷᠬᠡᠭᠯᠡᠯ ᠠᠮᠠᠷᠬᠠᠨ ᠡᠭᠦᠰᠭᠡᠬᠦ ᠵᠡᠷᠭᠡ ᠮᠠᠭᠤ ᠦᠢᠯᠡ ᠠᠵᠢᠯᠯᠠᠭ᠎ᠠ ᠶᠢᠨ ᠬᠡᠯᠪᠡᠷᠢᠯ ᠲᠠᠢ ᠬᠡᠦᠬᠡᠳ ᠪᠠ ᠰᠤᠷᠤᠬᠴᠢ  ᠶᠢᠨ ᠬᠡᠷᠡᠭᠰᠡᠯ ᠢ ᠠᠪᠴᠤ ᠰᠤᠷᠭᠠᠭᠤᠯᠢ ᠶᠢᠨ ᠬᠦᠷᠢᠶᠡᠨ ᠳᠤ ᠣᠷᠣᠬᠤ ᠶᠢ ᠬᠤᠷᠢᠬᠯᠠᠬᠤ ᠬᠡᠷᠡᠭᠲᠡᠶ᠃ ᠡᠯ᠎ᠡ ᠱᠠᠲᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠬᠡᠦᠬᠡᠳ ᠪᠠ ᠰᠤᠷᠤᠬᠴᠢ ᠶᠢᠨ ᠭᠤᠤᠯ ᠬᠡᠷᠡᠭᠰᠡᠯ ᠢ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠲᠥᠯᠥᠪᠯᠡᠭᠡ ᠳᠤ ᠣᠷᠣᠭᠤᠯᠬᠤ ᠭᠡᠷᠡᠭᠳᠡᠢ ᠭᠡᠵᠦ ᠱᠠᠭᠠᠷᠳᠠᠵᠠᠢ᠃
ᠢᠷᠡᠯᠲᠡ᠄ ᠠᠷᠠᠳ ᠤᠨ ᠮᠣᠩᠭᠤᠯ ᠰᠦᠯᠵᠢᠶ᠎ᠡ