﹇2024 ᠣᠨ ᠤ ᠨᠢᠭᠡᠳᠦᠭᠡᠷ ᠬᠤᠭᠤᠴᠠᠭ᠎ᠠ﹈ ᠰᠢᠨ᠎ᠡ ᠪᠠᠷᠭᠤ ᠪᠠᠷᠠᠭᠤᠨ ᠬᠤᠰᠢᠭᠤᠨ ᠤ ᠬᠠᠤᠯᠢ ᠴᠠᠭᠠᠵᠠ ᠶᠢᠨ ᠲᠤᠪᠴᠢᠶ᠎ᠠ ᠶᠢᠨ ︽ᠨᠢᠳᠤᠨᠤᠨ ᠵᠢᠯ ᠤᠨ ᠰᠡᠭᠦᠯᠴᠢ ᠥᠨᠥ ᠵᠢᠯ ᠤᠨ ᠡᠬᠢᠨ ᠤ ᠠᠮᠤᠷ ᠲᠦᠪᠰᠢᠨ ᠤ ᠬᠡᠮ ᠢ ᠶᠡᠬᠡᠪᠡᠷ ᠪᠠᠶᠢᠴᠠᠭᠠᠵᠤ ᠶᠡᠬᠡᠪᠡᠷ ᠴᠡᠭᠴᠡᠯᠡᠨ ᠵᠠᠰᠠᠬᠤ︾ ᠬᠡᠷᠡᠭᠵᠢᠭᠦᠯᠬᠦ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2024/2/8
ᠡᠯ᠎ᠡ ᠲᠠᠰᠤᠭ᠂ ᠬᠠᠤᠯᠢ ᠴᠠᠭᠠᠵᠠ ᠶᠢᠨ ᠭᠠᠵᠠᠷ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠲᠥᠪ᠂ ᠠᠯᠪᠠᠨ ᠭᠡᠷᠡᠴᠢᠯᠡᠭᠡ ᠶᠢᠨ ᠭᠠᠵᠠᠷ ᠲᠤ᠄      ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ᠂ ᠬᠥᠯᠥᠨ ᠪᠤᠶᠢᠷ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ ᠪᠠ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠶᠤᠯᠭᠦᠢ ᠦᠢᠯᠡᠳᠪᠦᠷᠢᠯᠡᠯ ᠤᠨ ᠳᠠᠯᠳᠠ ᠬᠡᠮ ᠢ ᠵᠢᠭᠰᠠᠭᠠᠨ ᠪᠠᠶᠢᠴᠠᠭᠠᠬᠤ ᠬᠠᠮᠢᠶ᠎ᠠ ᠪᠥᠬᠦᠶ ᠱᠠᠭᠠᠷᠳᠠᠯᠭ᠎ᠠ ᠶᠣᠰᠣᠭᠠᠷ᠂ ᠬᠥᠯᠥᠨ ᠪᠤᠶᠢᠷ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ ᠶᠢᠨ ︽ᠬᠥᠯᠥᠨ ᠪᠤᠶᠢᠷ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ ᠶᠢᠨ ︿ᠵᠢᠯ ᠤᠨ ᠰᠡᠭᠦᠯᠴᠢ ᠵᠢᠯ ᠤᠨ ᠡᠬᠢᠨ ᠤ ᠠᠮᠤᠷ ᠲᠦᠪᠰᠢᠨ ᠤ ᠳᠠᠯᠳᠠ ᠬᠡᠮ ᠢ ᠶᠡᠬᠡᠪᠡᠷ ᠵᠢᠭᠰᠠᠭᠠᠨ ᠪᠠᠶᠢᠴᠠᠭᠠᠵᠤ ᠶᠡᠬᠡᠪᠡᠷ ᠴᠡᠭᠴᠡᠯᠡᠨ ᠵᠠᠰᠠᠬᠤ︾ ᠬᠡᠷᠡᠭᠵᠢᠭᠦᠯᠬᠦ ᠲᠥᠰᠦᠯ ᠢ ᠦᠨᠳᠦᠰᠦᠯᠡᠨ᠂ ᠮᠠᠨ ᠤ ᠬᠤᠰᠢᠭᠤᠨ ᠤ ᠪᠣᠳᠠᠲᠠᠶ ᠲᠠᠢ ᠪᠠᠨ ᠤᠶᠠᠯᠳᠤᠭᠤᠯᠤᠨ ᠲᠣᠰ ᠲᠥᠰᠦᠯ ᠢ ᠲᠣᠭᠲᠠᠭᠠᠪᠠ᠂ ᠣᠯᠠᠨ ᠢᠶᠠᠷ ᠢᠶᠠᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠶ᠃                    ᠰᠢᠨ᠎ᠡ ᠪᠠᠷᠭᠤ ᠪᠠᠷᠠᠭᠤᠨ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ                              2024 ᠣᠨ ᠤ 2 ᠰᠠᠷ᠎ᠠ ᠶᠢᠨ 5 ᠤ ᠡᠳᠦᠷ         ᠰᠢᠨ᠎ᠡ ᠪᠠᠷᠭᠤ ᠪᠠᠷᠠᠭᠤᠨ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ︽ᠵᠢᠯ ᠤᠨ ᠰᠡᠭᠦᠯᠴᠢ ᠵᠢᠯ ᠤᠨ ᠡᠬᠢᠨ ᠤ      ᠠᠮᠤᠷ ᠲᠦᠪᠰᠢᠨ ᠤ ᠳᠠᠯᠳᠠ ᠭᠡᠮ ᠢ ᠶᠡᠬᠡᠪᠡᠷ ᠵᠢᠭᠰᠠᠭᠠᠨ ᠪᠠᠶᠢᠴᠠᠭᠠᠵᠤ ᠶᠡᠬᠡᠪᠡᠷ ᠴᠡᠭᠴᠡᠯᠡᠨ ᠵᠠᠰᠠᠬᠤ︾ ᠬᠡᠷᠡᠭᠵᠢᠭᠦᠯᠬᠦ ᠲᠥᠰᠦᠯ     ᠶᠡᠷᠦᠩᠬᠡᠶ ᠱᠦᠵᠢ ᠰᠢ ᠶᠢᠨ ᠫᠢᠩ ᠤᠨ ᠠᠶᠤᠯᠭᠦᠶ ᠦᠢᠯᠡᠳᠪᠦᠷᠢᠯᠡᠯ ᠤᠨ ᠲᠤᠬᠠᠶ ᠴᠢᠬᠤᠯᠠ ᠵᠢᠭᠠᠪᠤᠷᠢ ᠵᠢᠴᠢ ᠪᠦᠬᠦ ᠤᠯᠤᠰ᠂ ᠪᠦᠬᠦ ᠣᠷᠣᠨ᠂ ᠪᠦᠬᠦ ᠬᠤᠲᠠ ᠪᠠ ᠪᠦᠬᠦ ᠬᠤᠰᠢᠭᠤᠨ ᠤ ᠠᠶᠤᠯᠭᠦᠶ ᠦᠢᠯᠡᠳᠪᠦᠷᠢᠯᠡᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠬᠤ ᠶᠢᠨ ᠲᠥᠯᠥᠭᠡ᠂ ᠬᠠᠤᠯᠢ ᠴᠠᠭᠠᠵᠠ ᠶᠢᠨ ᠲᠢᠩᠬᠢᠮ ᠤᠨ ︽ᠠᠶᠤᠯᠭᠦᠶ ᠦᠢᠯᠡᠳᠪᠦᠷᠢᠯᠡᠯ ᠤᠨ ᠳᠠᠯᠳᠠ ᠭᠡᠮ ᠢ ᠶᠡᠬᠡᠪᠡᠷ ᠵᠢᠭᠰᠠᠭᠠᠨ ᠪᠠᠶᠢᠴᠠᠭᠠᠵᠤ ᠶᠡᠬᠡᠪᠡᠷ ᠴᠡᠭᠴᠡᠯᠡᠨ ᠵᠠᠰᠠᠬᠤ ᠠᠵᠢᠯ ᠢ ᠥᠷᠨᠢᠭᠦᠯᠬᠦ ᠲᠤᠬᠠᠶ ᠮᠡᠳᠡᠭᠳᠡᠯ︾ ᠪᠠ ᠬᠤᠲᠠ ᠶᠢᠨ ᠠᠶᠤᠯᠭᠦᠶ ᠦᠢᠯᠡᠳᠪᠦᠷᠢᠯᠡᠯ ᠤᠨ ᠵᠥᠪᠯᠡᠯ ᠤᠨ ︽ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠵᠢᠯ ᠤᠨ ᠡᠴᠦᠰ ᠵᠢᠯ ᠤᠨ ᠡᠬᠢᠨ ᠤ ᠠᠮᠤᠷ ᠲᠦᠪᠰᠢᠨ ᠤ ᠳᠠᠯᠳᠠ ᠭᠡᠮ ᠢ ᠶᠡᠬᠡᠪᠡᠷ ᠵᠢᠭᠰᠠᠭᠠᠨ ᠪᠠᠶᠢᠴᠠᠭᠠᠵᠤ ᠶᠡᠬᠡᠪᠡᠷ ᠴᠡᠭᠴᠡᠯᠡᠨ ᠵᠠᠰᠠᠬᠤ ᠠᠵᠢᠯ ᠢ ᠭᠦᠨᠵᠡᠭᠡᠶ ᠥᠷᠨᠢᠭᠦᠯᠵᠦ᠂ ᠠᠳᠡᠯ ᠤᠨ ᠰᠤᠷᠭᠠᠮᠵᠢ ᠶᠢ ᠦᠨᠡᠨᠬᠦ ᠬᠦᠯᠢᠶᠡᠨ ᠠᠪᠴᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠵᠢᠯ ᠤᠨ ᠰᠡᠭᠦᠯᠴᠢ ᠵᠢᠯ ᠤᠨ ᠡᠬᠢᠨ ᠤ ᠠᠶᠤᠯᠭᠦᠶ ᠦᠢᠯᠡᠳᠪᠦᠷᠢᠯᠡᠯ ᠤᠨ ᠠᠵᠢᠯ ᠢ ᠡᠷᠡᠰ ᠰᠠᠶᠢᠲᠤᠷ ᠬᠢᠵᠦ᠂ ᠠᠮᠤᠷ ᠲᠦᠪᠰᠢᠨ ᠤ ᠳᠠᠯᠳᠠ ᠭᠡᠮ ᠢ ᠶᠡᠬᠡᠪᠡᠷ ᠵᠢᠭᠰᠠᠭᠠᠨ ᠪᠠᠶᠢᠴᠠᠭᠠᠵᠤ ᠶᠡᠬᠡᠪᠡᠷ ᠴᠡᠭᠴᠡᠯᠡᠨ ᠵᠠᠰᠠᠬᠤ ᠶᠢ ᠬᠦᠴᠦᠲᠡᠶ ᠪᠦᠲᠦᠮᠵᠢᠲᠡᠶ ᠰᠠᠶᠢᠲᠤᠷ ᠠᠳᠬᠤᠵᠤ᠂ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠲᠦᠯᠬᠢᠨ ᠠᠬᠢᠭᠤᠯᠵᠤ᠂ ᠠᠮᠤᠷ ᠲᠦᠪᠰᠢᠨ ᠲᠣᠭᠲᠠᠭᠤᠨ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠶ᠃ ᠣᠳᠤ ᠳᠣᠤᠷᠠᠬᠢ ᠲᠥᠰᠦᠯ ᠢ ᠲᠣᠭᠲᠠᠭᠠᠵᠤ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠶ᠃     ᠨᠢᠭᠡ᠂ ᠶᠡᠷᠦᠩᠬᠡᠢ ᠱᠠᠭᠠᠷᠳᠠᠯᠭ᠎ᠠ     ᠴᠠᠭᠠᠨ ᠰᠠᠷ᠎ᠠ ᠣᠶᠢᠷᠠᠲᠤᠵᠤ᠂ ᠵᠠᠷᠢᠮ ᠭᠠᠵᠠᠷ ᠣᠷᠣᠨ ᠪᠠ ᠠᠵᠢᠯ ᠲᠥᠷᠥᠯ ᠤᠨ ᠬᠦᠷᠢᠶᠡᠨ ᠳᠤ ᠣᠨᠴᠠ ᠬᠦᠨᠳᠦ ᠪᠥᠭᠡᠳ ᠨᠥᠯᠥᠭᠡ ᠲᠠᠢ ᠠᠶᠤᠯᠭᠦᠢ ᠦᠢᠯᠡᠳᠪᠦᠷᠢᠯᠡᠯ ᠤᠨ ᠠᠳᠡᠯ ᠵᠠᠯᠭᠠᠭ᠎ᠠ ᠵᠠᠯᠭᠠᠭ᠎ᠠ ᠪᠠᠷ ᠭᠠᠷᠪᠠ᠃ ᠤᠶᠢᠷ᠎ᠠ ᠶᠢᠨ ᠬᠤᠭᠤᠴᠠᠭᠠᠨ ᠳᠤ᠂ ᠶᠡᠷᠦᠩᠬᠡᠢ ᠱᠦᠵᠢ ᠰᠢ ᠶᠢᠨ ᠫᠢᠩ ᠨᠢᠭᠡᠨᠲᠡ ᠠᠶᠤᠯᠭᠦᠢ ᠦᠢᠯᠡᠳᠪᠦᠷᠢᠯᠡᠯ ᠤᠨ ᠲᠠᠯ᠎ᠠ ᠪᠠᠷ 3 ᠤᠳᠠᠭ᠎ᠠ ᠶᠢᠨ ᠴᠢᠬᠤᠯᠠ ᠵᠢᠭᠠᠪᠤᠷᠢ ᠥᠭᠴᠦ᠂ ᠲᠣᠳᠣᠷᠬᠠᠢ ᠱᠠᠭᠠᠷᠳᠠᠯᠭ᠎ᠠ ᠳᠤᠷᠠᠳᠤᠭᠰᠠᠨ ᠪᠥᠭᠡᠳ ᠪᠦᠬᠦ ᠤᠯᠤᠰ ᠤᠨ ᠠᠶᠤᠯᠭᠦᠢ ᠦᠢᠯᠡᠳᠪᠦᠷᠢᠯᠡᠯ ᠤᠨ ᠬᠤᠷᠠᠯ ᠳᠤ ᠴᠢᠬᠤᠯᠠ ᠶᠠᠷᠢᠶ᠎ᠠ ᠲᠠᠯᠪᠢᠵᠤ᠂ ᠪᠦᠬᠦ ᠤᠯᠤᠰ ᠤᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠬᠢᠨ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠲᠠᠢ ᠦᠨᠡᠨᠬᠦ ᠨᠢᠭᠡᠳᠬᠡᠵᠦ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠪᠠ ᠬᠤᠳᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠳᠤᠷᠠᠳᠤᠭᠰᠠᠨ ᠪᠣᠳᠠᠲᠠᠢ ᠠᠵᠢᠯ ᠤᠨ ᠱᠠᠭᠠᠷᠳᠠᠯᠭ᠎ᠠ ᠶᠣᠰᠣᠭᠠᠷ᠂ ︽ᠠᠳᠡᠯ ᠤᠨ ᠭᠡᠮ ᠰᠣᠭᠤᠭ ᠢ ᠦᠨᠳᠦᠰᠦᠨ ᠠᠴᠠ ᠨᠢ ᠠᠷᠢᠯᠭᠠᠵᠤ᠂ ᠠᠰᠠᠭᠤᠳᠠᠯ ᠢ ᠦᠨᠳᠦᠰᠦᠨ ᠠᠴᠠ ᠨᠢ ᠰᠢᠢᠳᠪᠦᠷᠢᠯᠡᠬᠦ︾᠂ ︽ᠠᠵᠢᠯ ᠲᠦᠷᠦᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ᠂ ᠲᠤᠬᠠᠶᠢᠯᠠᠭᠰᠠᠨ ᠠᠵᠢᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ᠂ ᠦᠢᠯᠡᠳᠪᠦᠷᠢᠯᠡᠯ ᠡᠵᠡᠩᠨᠡᠯᠲᠡ ᠶᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ︾ ᠴᠢᠬᠤᠯᠠ ᠱᠠᠭᠠᠷᠳᠠᠯᠭ᠎ᠠ ᠶᠣᠰᠣᠭᠠᠷ ᠪᠣᠳᠠᠲᠠᠢ ᠳᠤ ᠨᠠᠶᠢᠳᠠᠪᠤᠷᠢᠵᠢᠭᠤᠯᠤᠨ᠂ ᠲᠣᠮᠣ ᠶᠡᠭᠡ ᠠᠮᠤᠷ ᠲᠦᠪᠰᠢᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠤᠢᠢᠷ᠎ᠠ ᠶᠢᠨ ᠬᠤᠭᠤᠴᠠᠭᠠᠨ ᠳᠤ ᠡᠭᠦᠰᠦᠭᠰᠡᠨ ᠵᠢᠶᠠᠩᠰᠢ ᠮᠤᠵᠢ ᠶᠢᠨ ᠰᠢᠨ᠎ᠡ ᠢᠦᠢ ᠬᠤᠳᠠ ᠶᠢᠨ ︽1.24︾ ᠣᠨᠴᠠ ᠶᠡᠭᠡ ᠭᠠᠯ ᠤᠨ ᠠᠶᠤᠯ᠂ ᠤᠯᠠᠭᠠᠨᠬᠠᠳᠠ ᠬᠤᠲᠠ ᠶᠢᠨ ︽1.19︾ ᠤ ᠨᠡᠯᠢᠶᠡᠳ ᠶᠡᠭᠡ ᠳᠡᠯᠪᠡᠷᠡᠯᠲᠡ᠂ ᠬᠢᠩᠭᠠᠨ ᠠᠶᠢᠮᠠᠭ ᠤᠨ ︽1.25︾ ᠤ ᠨᠡᠯᠢᠶᠡᠳ ᠶᠡᠭᠡ ᠭᠠᠯ ᠤᠨ ᠠᠶᠤᠯ᠂ ᠬᠦᠬᠡᠬᠤᠲᠠ ᠶᠢᠨ ︽1.29︾ ᠤ ᠨᠡᠯᠢᠶᠡᠳ ᠶᠡᠭᠡ ᠭᠠᠯ ᠤᠨ ᠠᠶᠤᠯ ᠵᠡᠷᠭᠡ ᠠᠳᠡᠯ ᠤᠨ ᠰᠤᠷᠭᠠᠮᠵᠢ ᠶᠢ ᠭᠦᠨᠵᠡᠭᠡᠢ ᠲᠤᠩᠭᠠᠨ ᠪᠣᠳᠣᠯᠬᠢᠯᠠᠵᠤ᠂ ᠭᠦᠨᠵᠡᠭᠡᠢ ᠰᠢᠩᠭᠡᠭᠡᠨ ᠠᠪᠴᠤ᠂ ᠬᠦᠴᠦᠨ ᠪᠦᠬᠦᠢ᠂ ᠪᠦᠲᠦᠮᠵᠢᠲᠡᠢ ᠠᠷᠭ᠎ᠠ ᠬᠡᠮᠵᠢᠶ᠎ᠡ ᠠᠪᠴᠤ᠂ ᠠᠶᠤᠯᠭᠦᠢ ᠦᠢᠯᠡᠳᠪᠦᠷᠢᠯᠡᠯ ᠤᠨ ᠶᠡᠭᠡ ᠵᠢᠭᠰᠠᠭᠠᠨ ᠪᠠᠶᠢᠴᠠᠭᠠᠯᠲᠠ ᠶᠡᠭᠡ ᠵᠠᠰᠠᠨ ᠴᠡᠭᠴᠡᠯᠡᠯᠲᠡ ᠶᠢ ᠠᠬᠢᠭᠤᠯᠵᠤ᠂ ᠠᠳᠡᠯ ᠬᠡᠷᠡᠭ ᠢ ᠡᠷᠡᠰ ᠬᠤᠷᠢᠭᠯᠠᠨ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠬᠡᠷᠡᠭᠲᠡᠢ᠃     ᠬᠤᠶᠠᠷ᠂ ᠭᠤᠤᠯᠳᠠᠯᠭ᠎ᠠ ᠲᠠᠢ ᠠᠵᠢᠯ     ︵ᠨᠢᠭᠡ︶ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠬᠡᠪᠴᠢᠶ᠎ᠡ     1. ᠲᠣᠪᠴᠢᠶᠠᠨ ᠤ ᠠᠵᠢᠯᠯᠠᠬᠤ ᠭᠠᠵᠠᠷ᠂ ᠬᠤᠷᠠᠯ ᠤᠨ ᠭᠡᠷ᠂ ᠬᠥᠮᠥᠷᠭᠡ᠂ ᠵᠢᠯᠤᠭᠤᠳᠬᠤ ᠲᠥᠪ᠂ ᠪᠠᠶᠢᠷᠢ᠂ ᠲᠡᠷᠭᠡᠨ ᠬᠥᠮᠥᠷᠭᠡ ᠵᠡᠷᠭᠡ ᠭᠠᠵᠠᠷ᠃     2. ᠵᠠᠷᠭᠤ ᠶᠢᠨ ᠪᠤᠰᠤ ᠡᠶᠡᠳᠡᠭᠦᠯᠦᠨ ᠲᠣᠬᠢᠷᠠᠭᠤᠯᠬᠤ ᠲᠥᠪ᠃ ᠠᠵᠢᠯᠯᠠᠬᠤ ᠭᠠᠵᠠᠷ᠂ ᠴᠢᠳᠠᠮᠵᠢᠲᠤ ᠭᠡᠷ ᠵᠡᠷᠭᠡ ᠭᠠᠵᠠᠷ ᠢ ᠭᠤᠣᠯᠳᠠᠯᠭ᠎ᠠ ᠲᠠᠢ ᠵᠢᠭᠰᠠᠭᠠᠨ ᠪᠠᠶᠢᠴᠠᠭᠠᠨ᠎ᠠ᠃     ︵ᠬᠤᠶᠠᠷ︶ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠭᠤᠣᠯᠳᠠᠯᠭ᠎ᠠ     1. ᠭᠠᠯ ᠤᠨᠲᠠᠷᠠᠭᠠᠬᠤ ᠠᠮᠤᠷ ᠲᠦᠪᠰᠢᠨ᠃ ᠭᠠᠯ ᠤᠨᠲᠠᠷᠠᠭᠠᠬᠤ ᠠᠮᠤᠷ ᠲᠦᠪᠰᠢᠨ ᠤ ᠠᠵᠢᠯ ᠢ ᠢᠳᠡᠪᠬᠢᠲᠡᠶ ᠠᠬᠢᠭᠤᠯᠵᠤ᠂ ᠭᠠᠯ ᠤᠨ ᠠᠶᠤᠯ ᠠᠮᠠᠷᠬᠠᠨ ᠭᠠᠷᠬᠤ ᠴᠠᠬᠢᠯᠭᠠᠨ ᠡᠭᠦᠰᠭᠡᠭᠴᠢ᠂ ᠭᠠᠯ ᠤᠨ ᠢᠷᠡᠯᠲᠡ᠂ ᠰᠢᠲᠠᠮᠠᠬᠠᠶ ᠪᠣᠳᠠᠰ ᠵᠡᠷᠭᠡ ᠬᠡᠰᠡᠭ ᠤᠨ ᠲᠣᠭᠤᠷᠢᠨ ᠳᠤ ᠭᠠᠯ ᠤᠨᠲᠠᠷᠠᠭᠠᠬᠤ ᠠᠮᠤᠷ ᠲᠦᠪᠰᠢᠨ ᠤ ᠪᠠᠶᠢᠴᠠᠭᠠᠯᠲᠠ ᠶᠢ ᠥᠷᠨᠢᠭᠦᠯᠬᠦ ᠬᠡᠷᠡᠭᠲᠡᠶ᠃ ᠠᠵᠢᠯᠯᠠᠬᠤ ᠲᠣᠭᠤᠷᠢᠭ᠂ ᠪᠠᠶᠢᠷᠢ ᠶᠢᠨ ᠴᠠᠬᠢᠯᠭᠠᠨ ᠬᠡᠷᠡᠭᠯᠡᠬᠦ᠂ ᠰᠢᠲᠠᠮᠠᠬᠠᠶ ᠬᠡᠶ ᠶᠢᠨ ᠠᠮᠤᠷ ᠲᠦᠪᠰᠢᠨ ᠤ ᠳᠠᠯᠳᠠ ᠬᠡᠮ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠬᠠᠭᠤᠴᠢᠷᠠᠭᠰᠠᠨ ᠴᠠᠬᠢᠯᠭᠠᠨ ᠱᠤᠭᠤᠮ ᠢ ᠰᠡᠯᠪᠢᠨ ᠵᠠᠰᠠᠵᠤ᠂ ᠰᠢᠲᠠᠮᠠᠬᠠᠶ ᠬᠡᠶ ᠶᠢᠨ ᠲᠥᠬᠦᠭᠡᠷᠦᠮᠵᠢ᠂ ᠴᠠᠬᠢᠯᠭᠠᠨ ᠬᠠᠩᠭᠠᠬᠤ ᠱᠤᠭᠤᠮ ᠵᠡᠷᠭᠡ ᠠᠰᠠᠭᠤᠳᠠᠯ ᠠᠴᠠ ᠪᠣᠯᠵᠤ ᠭᠠᠯ ᠤᠨ ᠠᠶᠤᠯ ᠭᠠᠷᠬᠤ ᠪᠠ ᠬᠥᠮᠦᠰ ᠤᠨ ᠴᠠᠬᠢᠯᠭᠠᠨ ᠳᠤ ᠴᠣᠬᠢᠭᠳᠠᠬᠤ ᠠᠳᠡᠯ ᠭᠠᠷᠬᠤ ᠠᠴᠠ ᠡᠷᠡᠰ ᠰᠡᠷᠭᠡᠶᠢᠯᠡᠬᠦ ᠬᠡᠷᠡᠭᠲᠡᠢ᠃     2. ᠪᠠᠷᠢᠯᠭ᠎ᠠ ᠶᠢᠨ ᠠᠮᠤᠷ ᠲᠦᠪᠰᠢᠨ᠃ ᠬᠠᠷᠠᠮᠥ᠋ᠷᠡᠨ ᠤ ᠴᠢᠴᠢᠬᠠᠷ᠂ ᠵᠠᠮᠰᠤ ᠬᠤᠲᠠ ᠶᠢᠨ ᠪᠡᠶ᠎ᠡ ᠶᠢᠨ ᠲᠠᠮᠢᠷ ᠤᠨ ᠣᠷᠳᠣᠨ ᠨᠤᠷᠠᠭᠰᠠᠨ ᠠᠳᠡᠯ ᠠᠴᠠ ᠰᠤᠷᠭᠠᠮᠵᠢ ᠠᠪᠴᠤ᠂ ᠬᠠᠭᠤᠴᠢᠨ ᠪᠠᠷᠢᠯᠭ᠎ᠠ ᠶᠢ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠬᠡᠷᠡᠭᠯᠡᠬᠦ ᠵᠢᠯ ᠤᠨ ᠬᠤᠭᠤᠴᠠᠭ᠎ᠠ᠂ ᠪᠦᠲᠦᠴᠡ ᠶᠢᠨ ᠬᠤᠪᠢᠷᠠᠯᠲᠠ᠂ ᠲᠣᠭᠲᠠᠮᠠᠯ ᠬᠤᠭᠤᠴᠠᠭ᠎ᠠ ᠲᠠᠢ ᠪᠠᠷ ᠬᠠᠮᠠᠭᠠᠯᠠᠬᠤ ᠵᠡᠷᠭᠡ ᠪᠠᠶᠢᠳᠠᠯ ᠢ ᠭᠤᠣᠯᠳᠠᠯᠭ᠎ᠠ ᠲᠠᠢ ᠪᠠᠶᠢᠴᠠᠭᠠᠨ᠂ ᠡᠳᠦᠷ ᠳᠤᠳᠤᠮ ᠤᠨ ᠬᠠᠮᠢᠶᠠᠷᠤᠯᠲᠠ ᠪᠠ ᠬᠠᠮᠠᠭᠠᠯᠠᠨ ᠠᠷᠠᠴᠢᠯᠠᠬᠤ ᠶᠢ ᠴᠢᠩᠭᠠᠳᠬᠠᠵᠤ᠂ ᠶᠡᠭᠡ ᠴᠠᠰᠤ᠂ ᠶᠡᠭᠡ ᠰᠠᠯᠬᠢ ᠵᠡᠷᠭᠡ ᠣᠨᠴᠠᠭᠠᠢ ᠴᠠᠭ ᠠᠭᠤᠷ ᠤᠨ ᠪᠠᠶᠢᠳᠠᠯ ᠭᠠᠷᠴᠤ᠂ ᠭᠡᠷ ᠪᠠᠶᠢᠰᠢᠩ ᠨᠤᠷᠠᠵᠤ ᠬᠥᠮᠦᠨ ᠰᠢᠷᠬᠠᠳᠤᠬᠤ ᠠᠳᠡᠯ ᠭᠠᠷᠬᠤ ᠶᠢ ᠰᠡᠷᠭᠡᠶᠢᠯᠡᠬᠦ ᠬᠡᠷᠡᠭᠲᠡᠢ᠃     3. ᠭᠤᠤᠯᠳᠠᠯᠭ᠎ᠠ ᠲᠠᠢ ᠬᠥᠮᠦᠰ ᠤᠨ ᠬᠠᠮᠢᠶᠠᠷᠤᠨ ᠡᠵᠡᠮᠳᠡᠯ᠃ ᠬᠥᠳᠡᠯᠦᠩᠭᠦᠶ ᠪᠠᠷ ᠬᠠᠮᠢᠶᠠᠷᠤᠨ ᠡᠵᠡᠮᠳᠡᠬᠦ ᠪᠠ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠨᠢᠭᠡᠳ ᠨᠢᠭᠡ ᠪᠠᠷ ᠨᠠᠶᠢᠳᠠᠪᠤᠷᠢᠵᠢᠭᠤᠯᠵᠤ᠂ ᠨᠡᠶᠢᠭᠡᠮ ᠲᠣᠭᠤᠷᠢᠭ ᠤᠨ ᠵᠠᠯᠠᠷᠠᠭᠤᠯᠬᠤ ᠡᠲᠡᠭᠡᠳ ᠢ ᠬᠥᠮᠦᠵᠢᠭᠦᠯᠦᠨ ᠬᠠᠮᠢᠶᠠᠷᠬᠤ ᠶᠢ ᠴᠢᠩᠭᠠᠳᠬᠠᠬᠤ ᠬᠡᠷᠡᠭᠲᠡᠢ᠃ ᠡᠷᠡᠭᠦᠦ ᠶᠢᠨ ᠬᠤᠭᠤᠴᠠᠭ᠎ᠠ ᠨᠢ ᠳᠦᠭᠦᠷᠴᠦ ᠰᠤᠯᠠᠯᠠᠭᠳᠠᠭᠰᠠᠨ ᠬᠥᠮᠦᠰ ᠢ ᠲᠥᠪᠬᠢᠨᠡᠭᠦᠯᠵᠦ ᠬᠠᠪᠰᠤᠷᠤᠨ ᠰᠤᠷᠭᠠᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ ᠂ ᠡᠷᠡᠭᠦᠦ ᠶᠢᠨ ᠬᠤᠭᠤᠴᠠᠭ᠎ᠠ ᠨᠢ ᠳᠦᠭᠦᠷᠴᠦ ᠰᠤᠯᠠᠯᠠᠭᠳᠠᠭᠰᠠᠨ ᠬᠥᠮᠦᠰ ᠤᠨ ᠳᠠᠬᠢᠨ ᠶᠠᠯ᠎ᠠ ᠬᠢᠬᠦ ᠶᠢ ᠴᠢᠩᠭ᠎ᠠ ᠰᠡᠷᠭᠡᠶᠢᠯᠡᠬᠦ ᠬᠡᠷᠡᠭᠲᠡᠶ᠃      4. ᠨᠡᠶᠢᠭᠡᠮ ᠤᠨ ᠵᠥᠷᠢᠴᠡᠯ ᠲᠦᠭᠰᠢᠭᠦᠷᠢ ᠶᠢᠨ ᠳᠠᠯᠳᠠ ᠭᠡᠮ᠃ ᠡᠯ᠎ᠡ ᠬᠠᠤᠯᠢ ᠴᠠᠭᠠᠵᠠ ᠶᠢᠨ ᠭᠠᠵᠠᠷ ᠤᠨ ᠬᠢᠨ ᠡᠯ᠎ᠡ ᠲᠦᠷᠦᠯ ᠤᠨ ᠨᠡᠶᠢᠭᠡᠮ ᠤᠨ ᠵᠥᠷᠢᠴᠡᠯ ᠤᠨ ᠠᠶᠤᠯ ᠲᠦᠭᠰᠢᠭᠦᠷᠢ ᠶᠢᠨ ᠭᠡᠮ ᠰᠣᠭᠤᠭ ᠢ ᠨᠢᠭᠡ ᠤᠳᠠᠭ᠎ᠠ ᠶᠡᠬᠡᠪᠡᠷ ᠵᠢᠭᠰᠠᠭᠠᠨ ᠪᠠᠶᠢᠴᠠᠭᠠᠵᠤ᠂ ᠶᠡᠬᠡᠪᠡᠷ ᠡᠬᠢᠯᠡᠭᠦᠯᠵᠦ᠂ ᠶᠡᠬᠡᠪᠡᠷ ᠠᠷᠢᠯᠭᠠᠵᠤ᠂ ᠭᠤᠣᠯᠳᠠᠯᠭ᠎ᠠ ᠲᠠᠢ ᠬᠥᠮᠦᠰ ᠪᠠ ᠵᠥᠷᠢᠴᠡᠯ ᠵᠢᠭᠤᠷᠠᠯᠳᠤᠭᠠᠨ ᠢ ᠲᠥᠪᠯᠡᠷᠡᠭᠦᠯᠬᠦ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠵᠥᠷᠢᠴᠡᠯ ᠵᠢᠭᠤᠷᠠᠯᠳᠤᠭᠠᠨ ᠢ ᠡᠬᠢ ᠡᠭᠦᠰᠦᠯ ᠠᠴᠠ ᠨᠢ ᠤᠷᠢᠳᠴᠢᠯᠠᠨ ᠰᠡᠷᠭᠡᠶᠢᠯᠡᠬᠦ᠂ ᠵᠢᠭᠰᠠᠭᠠᠨ ᠪᠠᠶᠢᠴᠠᠭᠠᠵᠤ ᠤᠷᠢᠳᠴᠢᠯᠠᠨ ᠰᠡᠷᠡᠮᠵᠢᠯᠡᠭᠦᠯᠬᠦ᠂ ᠡᠶᠡᠳᠡᠭᠦᠯᠦᠨ ᠠᠷᠢᠯᠭᠠᠬᠤ ᠠᠵᠢᠯ ᠢ ᠯᠠᠪᠳᠠᠭᠤᠨ ᠪᠠᠲᠤᠲᠠᠢ ᠪᠦᠲᠦᠮᠵᠢᠲᠡᠢ ᠰᠠᠶᠢᠲᠤᠷ ᠬᠢᠵᠦ᠂ ᠪᠠᠭ᠎ᠠ ᠶᠠᠪᠤᠳᠠᠯ ᠢ ᠭᠠᠴᠠᠭ᠎ᠠ ᠲᠣᠰᠬᠤᠨ ᠠᠴᠠ ᠭᠠᠷᠭᠠᠬᠤ ᠦᠭᠡᠢ᠂ ᠶᠡᠭᠡ ᠶᠠᠪᠤᠳᠠᠯ ᠢ ᠰᠣᠮᠣ ᠪᠠᠯᠭᠠᠰᠤ ᠠᠴᠠ ᠭᠠᠷᠭᠠᠬᠤ ᠦᠭᠡᠢ᠂ ᠵᠥᠷᠢᠴᠡᠯ ᠢ ᠳᠡᠭᠡᠭᠰᠢ ᠲᠤᠰᠢᠶᠠᠬᠤ ᠦᠭᠡᠢ ᠪᠠᠶᠢᠬᠤ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ᠃      ︵ᠭᠤᠷᠪᠠ︶ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠴᠠᠭ ᠬᠤᠭᠤᠴᠠᠭ᠎ᠠ      ᠲᠣᠰ ᠡᠳᠦᠷ ᠠᠴᠠ ᠡᠬᠢᠯᠡᠨ᠂ 3 ᠰᠠᠷ᠎ᠠ ᠣᠷᠴᠢᠮ ᠤᠨ ᠴᠠᠭ ᠢ ᠲᠥᠪᠯᠡᠷᠡᠭᠦᠯᠦᠨ ᠠᠰᠢᠭᠯᠠᠵᠤ᠂ ᠵᠢᠯ ᠤᠨ ᠡᠴᠦᠰ ᠵᠢᠯ ᠤᠨ ᠡᠬᠢᠨ ᠤ ᠠᠮᠤᠷ ᠲᠦᠪᠰᠢᠨ ᠤ ᠬᠡᠮ ᠰᠣᠭᠤᠭ ᠢ ᠶᠡᠬᠡᠪᠡᠷ ᠵᠢᠭᠰᠠᠭᠠᠨ ᠪᠠᠶᠢᠴᠠᠭᠠᠵᠤ ᠶᠡᠬᠡᠪᠡᠷ ᠴᠡᠭᠴᠡᠯᠡᠨ ᠵᠠᠰᠠᠬᠤ ᠠᠵᠢᠯ ᠦᠷᠨᠢᠭᠦᠯᠦᠨ᠎ᠡ᠃      ︵ᠲᠦᠷᠪᠡ︶ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠷᠭ᠎ᠠ ᠬᠡᠮᠵᠢᠶ᠎ᠡ      1. ᠠᠶᠤᠯᠭᠦᠢ ᠦᠢᠯᠡᠳᠪᠦᠷᠢᠯᠡᠯ ᠤᠨ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠦᠷᠨᠢᠭᠦᠯᠦᠨ᠎ᠡ᠃ ᠭᠤᠤᠯᠳᠠᠯᠭ᠎ᠠ ᠲᠠᠢ ᠵᠢᠭᠰᠠᠭᠠᠨ ᠪᠠᠶᠢᠴᠠᠭᠠᠬᠤ ᠬᠦᠷᠢᠶᠡᠨ ᠳᠠᠬᠢ ᠬᠠᠮᠢᠶᠠᠷᠤᠯᠲᠠ ᠶᠢ ᠴᠢᠩᠭᠠᠳᠬᠠᠵᠤ᠂ ᠲᠣᠤᠷ ᠲᠠᠲᠠᠬᠤ ᠮᠠᠶ᠋ᠢᠭ ᠤᠨ ᠶᠡᠭᠡ ᠵᠢᠭᠰᠠᠭᠠᠨ ᠪᠠᠶᠢᠴᠠᠭᠠᠯᠲᠠ ᠶᠡᠭᠡ ᠴᠡᠭᠴᠡᠯᠡᠨ ᠵᠠᠰᠠᠯᠲᠠ ᠶᠢ ᠭᠤᠤᠯᠳᠠᠯᠭ᠎ᠠ ᠲᠠᠢ ᠥᠷᠨᠢᠭᠦᠯᠦᠨ᠎ᠡ᠃ ᠤᠯᠤᠰ ᠲᠦᠷᠦ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠳᠤᠲᠠᠭᠤᠳᠠᠯ ᠢᠶᠠᠨ ᠨᠥᠬᠦᠪᠥᠷᠢᠯᠡᠵᠦ᠂ ᠪᠠᠭᠤᠷᠠᠢ ᠲᠠᠯ᠎ᠠ ᠪᠠᠨ ᠬᠦᠴᠦᠷᠬᠡᠭᠵᠢᠭᠦᠯᠵᠦ᠂ ᠬᠠᠮᠲᠤ ᠪᠠᠷ ᠡᠨᠡ ᠬᠦ ᠠᠵᠢᠯ ᠢ ᠰᠠᠶᠢᠲᠤᠷ ᠬᠢᠵᠦ᠂ ᠳᠡᠭᠡᠳᠦ ᠲᠤᠤᠷᠠᠳᠤ ᠱᠠᠳᠤ ᠪᠠᠷ ᠢᠶᠠᠨ ᠨᠡᠪᠲᠡᠷᠡᠯᠴᠡᠬᠦ ᠠᠵᠢᠯ ᠤᠨ ᠬᠠᠮᠲᠤᠷᠠᠯ ᠬᠦᠴᠦᠨ ᠢ ᠦᠨᠡᠨᠬᠦ ᠪᠦᠷᠢᠯᠳᠦᠭᠦᠯᠬᠦ ᠬᠡᠷᠡᠭᠲᠡᠢ᠃ ᠵᠢᠭᠰᠠᠭᠠᠨ ᠪᠠᠶᠢᠴᠠᠭᠠᠯᠲᠠ ᠠᠴᠠ ᠢᠯᠡᠷᠡᠭᠦᠯᠦᠭᠰᠡᠨ ᠲᠦᠭᠰᠢᠭᠦᠷᠢ ᠶᠢᠨ ᠳᠠᠯᠳᠠ ᠭᠡᠮ ᠢ ᠳᠠᠩᠰᠠᠯᠠᠨ ᠳᠡᠪᠲᠡᠷᠯᠡᠵᠦ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠨᠢᠭᠡᠳ ᠨᠢᠭᠡ ᠪᠠᠷ ᠳ᠋ᠤᠭᠠᠷ ᠬᠠᠰᠤᠬᠤ ᠬᠡᠷᠡᠭᠲᠡᠶ᠃ ᠥᠪᠡᠷ ᠢᠶᠠᠨ ᠴᠡᠭᠴᠡᠯᠡᠨ ᠰᠠᠶᠢᠵᠢᠷᠠᠭᠤᠯᠵᠤ ᠳᠡᠶᠢᠯᠬᠦ ᠶᠢ ᠨᠢ ᠳᠠᠷᠦ᠋ᠢᠬᠠᠨ ᠴᠡᠭᠴᠡᠯᠡᠨ ᠰᠠᠶᠢᠵᠢᠷᠠᠭᠤᠯᠬᠤ ᠬᠡᠷᠡᠭᠲᠡᠶ᠃      2. ᠠᠶᠤᠯᠭᠦᠢ ᠦᠢᠯᠡᠳᠪᠦᠷᠢᠯᠡᠯ ᠤᠨ ᠶᠡᠭᠡ ᠬᠢᠨᠠᠨ ᠵᠢᠯᠣᠭᠤᠳᠣᠯᠭ᠎ᠠ ᠶᠢ ᠥᠷᠨᠢᠭᠦᠯᠦᠨ᠎ᠡ᠃ ᠪᠠᠶᠢᠭᠤᠯᠭ᠎ᠠ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠪᠠᠶᠢᠭᠤᠯᠵᠤ᠂  ᠲᠤᠬᠠᠶ ᠶᠢᠨ ᠭᠠᠵᠠᠷ ᠲᠤᠨᠢ ᠱᠠᠯᠠᠪᠳᠠᠭᠤᠯᠤᠨ ᠪᠠᠶᠢᠴᠠᠭᠠᠬᠤ ᠵᠡᠷᠭᠡ ᠠᠷᠭ᠎ᠠ ᠮᠠᠶ᠋ᠢᠭ ᠢ ᠶᠡᠷᠦᠩᠬᠡᠶᠢᠯᠡᠨ ᠬᠡᠷᠡᠭᠯᠡᠵᠦ᠂ ᠴᠠᠭ ᠢ ᠲᠥᠪᠯᠡᠷᠡᠭᠦᠯᠦᠨ ᠠᠳᠡᠯ ᠣᠯᠠᠨ ᠭᠠᠷᠳᠠᠭ᠂ ᠠᠮᠤᠷ ᠲᠦᠪᠰᠢᠨ ᠤ ᠰᠠᠭᠤᠷᠢ ᠪᠠᠭᠤᠷᠠᠶ ᠰᠠᠯᠠᠭ᠎ᠠ ᠮᠥᠴᠢᠷ ᠢ ᠰᠤᠭᠤᠴᠢᠨ ᠪᠠᠶᠢᠴᠠᠭᠠᠵᠤ᠂ ᠱᠠᠯᠠᠪᠳᠠᠭᠤᠯᠤᠨ ᠬᠠᠪᠰᠤᠷᠴᠤ ᠤᠶᠠᠯᠳᠤᠭᠤᠯᠬᠤ ᠶᠢ ᠪᠠᠷᠢᠮᠲᠠᠯᠠᠵᠤ᠂ ᠬᠦᠨᠳᠦ ᠲᠦᠪᠡᠭᠲᠡᠶ ᠳᠠᠯᠳᠠ ᠭᠡᠮ ᠤᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠪᠥᠬᠦ ᠬᠦᠴᠦᠨ ᠢᠶᠠᠷ ᠠᠬᠢᠭᠤᠯᠤᠨ᠎ᠠ᠃      3. ᠠᠶᠤᠯᠭᠦᠢ ᠦᠢᠯᠡᠳᠪᠦᠷᠢᠯᠡᠯ ᠤᠨ ᠣᠨᠣᠯ ᠤᠨ ᠰᠤᠷᠤᠯᠴᠠᠯᠭ᠎ᠠ ᠶᠢ ᠥᠷᠨᠢᠭᠦᠯᠦᠨ᠎ᠡ᠃ ᠤᠯᠤᠰ ᠲᠥᠷᠥ ᠶᠢᠨ ᠴᠠᠭᠳᠠᠭᠠᠨ ᠤ ᠶᠠᠪᠤᠳᠠᠯ ᠤᠨ ᠠᠵᠢᠯ ᠤᠨ ᠲᠠᠰᠤᠭ ᠤᠨ ᠬᠢᠨ ᠲᠥᠪᠯᠡᠷᠡᠭᠦᠯᠦᠨ ᠰᠤᠷᠤᠯᠴᠠᠬᠤ᠂ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠰᠤᠷᠤᠯᠴᠠᠯᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠤᠳᠤᠷᠢᠳᠬᠤ ᠺᠠᠳ᠋ᠷ᠂ ᠺᠠᠳ᠋ᠷ ᠠᠵᠢᠯᠲᠠᠳ ᠤᠨ ᠪᠣᠳᠠᠲᠠᠶ ᠡᠭᠦᠷᠭᠡ ᠬᠠᠷᠢᠭᠤᠴᠠᠯᠭ᠎ᠠ ᠪᠠᠨ ᠲᠣᠳᠣᠷᠬᠠᠶ ᠪᠣᠯᠭᠠᠬᠤ ᠶᠢ ᠠᠬᠢᠭᠤᠯᠵᠤ᠂ ᠠᠶᠤᠯᠭᠦᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠴᠢᠩᠭᠠᠳᠬᠠᠨ ᠪᠣᠳᠠᠲᠠᠶᠢᠵᠢᠭᠤᠯᠵᠤ᠂ ᠨᠢᠭᠲᠠ ᠬᠠᠮᠵᠢᠯᠴᠠᠵᠤ᠂ ᠵᠡᠷᠭᠡ ᠪᠠᠷ ᠠᠳᠬᠤᠨ ᠬᠠᠮᠲᠤ ᠪᠠᠷ ᠬᠠᠮᠢᠶᠠᠷᠴᠤ᠂ ᠠᠶᠤᠯᠭᠦᠶ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ ᠲᠠᠰᠤᠷᠠᠯᠲᠠ ᠥᠬᠡᠶ ᠴᠢᠩᠭᠠᠳᠬᠠᠨ᠂ ᠬᠢᠨᠠᠯᠲᠠ ᠬᠠᠮᠢᠶᠠᠷᠤᠯᠲᠠ ᠶᠢᠨ ᠬᠠᠮᠲᠤᠷᠠᠯ ᠬᠦᠴᠦᠨ ᠢ ᠦᠨᠡᠨᠬᠦ ᠪᠦᠷᠢᠯᠳᠦᠭᠦᠯᠦᠨ᠎ᠡ᠃      ᠭᠤᠷᠪᠠ᠂ ᠠᠵᠢᠯ ᠤᠨ ᠪᠠᠲᠤᠯᠠᠭ᠎ᠠ      ︵ᠨᠢᠭᠡ︶ ᠤᠳᠤᠷᠢᠳᠬᠤ ᠪᠠᠭ ᠲᠦᠷᠦᠭᠦᠯᠡᠨ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠢ      ᠤᠳᠤᠷᠢᠳᠬᠤ ᠺᠠᠳ᠋ᠷᠴᠤᠳ ᠤᠨ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ᠂ ᠵᠡᠷᠭᠡᠪᠡᠷ ᠠᠳᠬᠤᠨ ᠬᠠᠮᠲᠤᠪᠠᠷ ᠬᠠᠮᠢᠶᠠᠷᠬᠤ᠂ ᠲᠤᠰᠢᠶᠠᠯ ᠳᠠᠭᠠᠨ ᠣᠰᠣᠯᠳᠠᠪᠠᠯ ᠬᠠᠷᠢᠭᠤᠴᠠᠯᠭ᠎ᠠ ᠨᠡᠬᠡᠮᠵᠢᠯᠡᠬᠦ︾᠂ ︽ᠠᠵᠢᠯ ᠲᠦᠷᠦᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ᠂ ᠲᠤᠬᠠᠶᠢᠯᠠᠭᠰᠠᠨ ᠠᠵᠢᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ︾ ᠪᠠ ︽ᠬᠡᠨ ᠭᠤᠣᠯᠯᠠᠨ ᠬᠠᠮᠢᠶᠠᠷᠪᠠᠯ ᠬᠡᠨ ᠬᠠᠷᠢᠭᠤᠴᠠᠬᠤ︾ ᠶᠢ ᠪᠠᠷᠢᠮᠲᠠᠯᠠᠵᠤ᠂ ᠪᠦᠬᠦ ᠬᠤᠰᠢᠭᠤᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠠᠶᠤᠯᠭᠦᠢ ᠦᠢᠯᠡᠳᠪᠦᠷᠢᠯᠡᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠭᠤᠣᠯ ᠤᠳᠤᠷᠢᠳᠤᠯᠭ᠎ᠠ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠬᠦᠷᠢᠶᠡᠨ ᠳᠠᠬᠢ ᠠᠶᠤᠯᠭᠦᠢ ᠦᠢᠯᠡᠳᠪᠦᠷᠢᠯᠡᠯ ᠤᠨ ᠠᠵᠢᠯ ᠤᠨ ᠨᠢᠭᠡᠳᠦᠭᠡᠷ ᠬᠠᠷᠢᠭᠤᠴᠠᠯᠭ᠎ᠠ ᠶᠢ ᠡᠭᠦᠷᠭᠡᠯᠡᠵᠦ᠂ ᠠᠶᠤᠯᠭᠦᠢ ᠦᠢᠯᠡᠳᠪᠦᠷᠢᠯᠡᠯ ᠢ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠠᠶᠤᠯᠭᠦᠢ ᠦᠢᠯᠡᠳᠪᠦᠷᠢᠯᠡᠯ ᠤᠨ ᠠᠵᠢᠯ ᠳᠤ ᠴᠢᠬᠤᠯᠠ ᠤᠳᠤᠷᠢᠳᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠪᠤᠰᠤᠳ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠳᠠᠬᠢ ᠠᠶᠤᠯᠭᠦᠢ ᠦᠢᠯᠡᠳᠪᠦᠷᠢᠯᠡᠯ ᠤᠨ ᠠᠵᠢᠯ ᠳᠤ ᠰᠢᠭᠤᠳ ᠤᠳᠤᠷᠢᠳᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃      ︵ᠬᠤᠶᠠᠷ︶ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠲᠣᠭᠲᠠᠭᠠᠵᠤ ᠠᠶᠤᠯᠭᠦᠶ ᠶᠢᠨ ᠰᠡᠷᠭᠡᠶᠢᠯᠡᠯᠲᠡ ᠶᠢ ᠰᠠᠶᠢᠲᠤᠷ ᠬᠢᠬᠦ ᠬᠡᠷᠡᠭᠲᠡᠶ      ᠠᠶᠤᠯᠭᠦᠢ ᠦᠢᠯᠡᠳᠪᠦᠷᠢᠯᠡᠯ᠂ ᠭᠠᠯ ᠤᠨᠲᠠᠷᠠᠭᠠᠬᠤ᠂ ᠪᠦᠯᠦᠭᠯᠡᠯ ᠤᠨ ᠴᠢᠨᠠᠷᠲᠠᠶ ᠬᠡᠷᠡᠭ ᠵᠡᠷᠭᠡ ᠭᠡᠨᠡᠳᠲᠡ ᠡᠭᠦᠰᠬᠦ ᠪᠠᠶᠢᠳᠠᠯ ᠢ ᠲᠣᠪᠤᠶᠢᠯᠭᠠᠨ᠂ ᠪᠠᠴᠢᠮ ᠪᠠᠶᠢᠳᠠᠯ ᠢ ᠠᠷᠭᠠᠴᠠᠬᠤ ᠤᠷᠢᠳᠴᠢᠯᠠᠭᠰᠠᠨ ᠲᠥᠰᠦᠯ ᠲᠣᠭᠲᠠᠭᠠᠬᠤ ᠬᠡᠷᠡᠭᠲᠡᠶ᠃ ᠡᠯ᠎ᠡ ᠲᠥᠷᠥᠯ ᠤᠨ ᠭᠡᠨᠡᠳᠲᠡ ᠶᠢᠨ ᠬᠡᠷᠡᠭ ᠤᠨ ᠡᠭᠦᠰᠬᠦ ᠶᠢ ᠪᠦᠲᠦᠮᠵᠢᠲᠡᠶ ᠪᠥᠭᠡᠳ ᠡᠮᠬᠢ ᠵᠢᠷᠤᠮ ᠲᠠᠢ ᠪᠠᠷ ᠠᠷᠭᠠᠴᠠᠬᠤ ᠪᠠ ᠰᠡᠷᠭᠡᠶᠢᠯᠡᠵᠦ᠂ ᠢᠳᠡᠪᠬᠢᠲᠡᠶ᠂ ᠯᠠᠪᠳᠠᠭᠤᠨ᠂ ᠲᠦᠷᠭᠡᠨ ᠰᠢᠢᠳᠪᠦᠷᠢᠯᠡᠵᠦ᠂ ᠡᠯ᠎ᠡ ᠵᠦᠢᠯ ᠤᠨ ᠠᠷᠭᠠᠴᠠᠬᠤ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠵᠤ᠂ ᠣᠯᠠᠨ ᠨᠡᠶᠢᠲᠡ ᠶᠢᠨ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠬᠠᠮᠠᠭᠠᠯᠠᠵᠤ᠂ ᠤᠯᠤᠰ ᠤᠨ ᠠᠮᠤᠷ ᠲᠦᠪᠰᠢᠨ ᠪᠠ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠬᠤ ᠬᠡᠷᠡᠭᠲᠡᠢ᠃      ︵ᠭᠤᠷᠪᠠ︶ ᠪᠦᠬᠦ ᠠᠵᠢᠯᠲᠠᠨ ᠤ ᠠᠶᠤᠯᠭᠦᠢ ᠦᠢᠯᠡᠳᠪᠦᠷᠢᠯᠡᠯ ᠤᠨ ᠠᠵᠢᠯ ᠤᠨ ᠪᠠᠶᠢᠷᠢ ᠶᠢᠨ ᠬᠠᠷᠢᠭᠤᠴᠠᠯᠭ᠎ᠠ ᠶᠢ ᠪᠠᠲᠤᠳᠬᠠᠬᠤ ᠬᠡᠷᠡᠭᠲᠡᠢ      ᠪᠦᠬᠦ ᠠᠵᠢᠯᠲᠠᠨ ᠤ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠡᠯ᠎ᠡ ᠲᠠᠰᠤᠭ᠂ ᠬᠠᠤᠯᠢ ᠴᠠᠭᠠᠵᠠ ᠶᠢᠨ ᠭᠠᠵᠠᠷ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠲᠥᠪ᠂ ᠠᠯᠪᠠᠨ ᠭᠡᠷᠡᠴᠢᠯᠡᠭᠡ ᠶᠢᠨ ᠭᠠᠵᠠᠷ ᠤᠨ ᠬᠠᠷᠢᠭᠤᠴᠠᠯᠭᠠᠲᠠᠨ ᠲᠤᠰ ᠲᠤᠰ ᠤᠨ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠣᠲᠣᠷᠠᠬᠢ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠠᠵᠢᠯ ᠤᠨ ᠬᠠᠷᠢᠭᠤᠴᠠᠯᠭ᠎ᠠ ᠶᠢ ᠲᠣᠳᠣᠷᠬᠠᠶᠢᠯᠠᠨ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠬᠡᠷᠡᠭᠲᠡᠶ᠃      ︵ᠲᠦᠷᠪᠡ︶ ᠡᠯ᠎ᠡ ᠵᠦᠢᠯ ᠤᠨ ᠳᠦᠷᠢᠮ ᠢ ᠴᠢᠩᠭ᠎ᠠ ᠬᠡᠷᠡᠭᠵᠢᠭᠦᠯᠬᠦ ᠬᠡᠷᠡᠭᠲᠡᠢ      ᠵᠢᠵᠢᠭᠦᠷᠯᠡᠬᠦ ᠳᠤ ᠪᠡᠯᠡᠳᠬᠡᠬᠦ ᠠᠵᠢᠯ ᠢ ᠴᠢᠩᠭᠠᠳᠬᠠᠵᠤ᠂ ᠵᠢᠵᠢᠭᠦᠷᠯᠡᠨ ᠰᠠᠬᠢᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ 24 ᠴᠠᠭ ᠢᠶᠠᠷ ᠵᠢᠵᠢᠭᠦᠷᠯᠡᠬᠦ᠂ ᠤᠳᠤᠷᠢᠳᠬᠤ ᠺᠠᠳ᠋ᠷ ᠵᠢᠵᠢᠭᠦᠷ ᠳᠠᠭᠠᠭᠤᠯᠬᠤ᠂ ᠭᠠᠳᠠᠭᠰᠢ ᠭᠠᠷᠬᠤ ᠳᠤ ᠮᠡᠳᠡᠭᠦᠯᠦᠨ ᠳᠠᠩᠰᠠᠯᠠᠭᠤᠯᠬᠤ ᠪᠠ ᠠᠳᠡᠯ ᠤᠨ ᠮᠡᠳᠡᠭᠡ ᠵᠠᠩᠭᠢ ᠶᠢ ᠮᠡᠳᠡᠭᠦᠯᠬᠦ ᠲᠦᠷᠢᠮ ᠢ ᠰᠠᠶᠢᠲᠤᠷ ᠨᠠᠶᠢᠳᠠᠪᠤᠷᠢᠵᠢᠭᠤᠯᠵᠤ᠂ ᠠᠵᠢᠯ ᠤᠨ ᠪᠠᠶᠢᠷᠢ ᠪᠠᠨ ᠪᠠᠲᠤ ᠰᠠᠬᠢᠵᠤ᠂ ᠠᠵᠢᠯ ᠤᠨ ᠪᠠᠶᠢᠷᠢ ᠠᠴᠠ ᠪᠠᠨ ᠰᠠᠯᠬᠤ᠂ ᠠᠵᠢᠯ ᠤᠨ ᠪᠠᠶᠢᠷᠢ ᠢᠶᠠᠨ ᠣᠷᠬᠢᠬᠤ ᠶᠢ ᠡᠷᠡᠰ ᠬᠤᠷᠢᠭᠯᠠᠵᠤ᠂ ᠠᠰᠠᠭᠤᠳᠠᠯ ᠢ ᠣᠯᠵᠤ ᠮᠡᠳᠡᠪᠡᠯ ᠴᠠᠭ ᠲᠤᠬᠠᠢ ᠳᠤᠨᠢ ᠰᠢᠢᠳᠪᠦᠷᠢᠯᠡᠬᠦ ᠪᠠ ᠳᠡᠭᠡᠭᠰᠢ ᠮᠡᠳᠡᠭᠦᠯᠵᠦ᠂ ᠴᠢᠬᠤᠯᠠ ᠪᠠᠶᠢᠳᠠᠯ ᠢ ᠴᠠᠭ ᠲᠤᠬᠠᠢ ᠳᠤᠨᠢ ᠡᠵᠡᠮᠳᠡᠬᠦ᠂ ᠴᠢᠬᠤᠯᠠ ᠪᠠᠶᠢᠳᠠᠯ ᠢ ᠴᠠᠭ ᠲᠤᠬᠠᠢ ᠳᠤᠨᠢ ᠳᠡᠭᠡᠭᠰᠢ ᠮᠡᠳᠡᠭᠦᠯᠬᠦ᠂ ᠴᠢᠬᠤᠯᠠ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠬᠦ ᠶᠢ ᠪᠠᠲᠤᠯᠠᠵᠤ᠂ 24 ᠴᠠᠭ ᠢᠶᠠᠷ ᠪᠠᠴᠢᠮ ᠪᠠᠶᠢᠳᠠᠯ ᠢ ᠠᠷᠭᠠᠴᠠᠬᠤ ᠪᠠᠶᠢᠳᠠᠯ ᠳᠤ ᠪᠠᠶᠢᠬᠤ ᠶᠢ ᠪᠠᠲᠤᠯᠠᠬᠤ ᠬᠡᠷᠡᠭᠲᠡᠢ᠃ 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ