ᠰᠡᠵᠢᠭᠲᠡᠶ ᠡᠪᠡᠳᠴᠢᠨ ᠤ ᠵᠢᠱᠢᠶ᠎ᠡ 34 ᠲᠦᠮᠡ ᠶᠢ ᠳᠠᠪᠠᠪᠠ︕ ᠠᠳᠡ ᠣᠯᠠᠨ ᠭᠠᠵᠠᠷ ᠤᠨ ᠬᠢᠨ ᠪᠠᠴᠢᠮ ᠪᠠᠶᠢᠳᠠᠯ ᠳᠤ ᠤᠷᠤᠭᠰᠠᠨ ᠢ  ᠵᠠᠷᠯᠠᠵᠠᠶ︕
ᠨᠡᠶᠢᠲᠡᠯᠡᠭᠰᠡᠨ ᠴᠠᠭ᠄
2024/2/9
        2024 ᠣᠨ ᠠᠴᠠ ᠨᠠᠭᠠᠰᠢ᠂ ᠪᠷᠠᠽᠢᠯ ᠤᠨ ᠳ᠋ᠧᠩᠬᠦ᠋ ᠬᠠᠯᠠᠭᠤᠨ ᠲᠤᠮᠤᠭᠤ ᠡᠳᠦᠷ ᠢᠷᠡᠬᠦᠶ᠎ᠡ ᠬᠡᠴᠡᠭᠦᠳᠡᠪᠡ᠃ ᠪᠷᠠᠽᠢᠯ ᠤᠨ ᠡᠷᠡᠭᠦᠯ ᠬᠠᠮᠠᠭᠠᠯᠠᠯ ᠤᠨ ᠶᠠᠮᠤᠨ ᠤ 5 ᠤ ᠡᠳᠦᠷ ᠨᠡᠶᠢᠲᠡᠯᠡᠭᠰᠡᠨ ᠲᠤᠭ᠎ᠠ ᠪᠠᠷᠢᠮᠲᠠ ᠶᠢ ᠦᠨᠳᠦᠰᠦᠯᠡᠪᠡᠯ᠂ ᠨᠠᠭᠠᠳᠤ ᠵᠠᠬ᠎ᠠ ᠳᠠᠭᠠᠨ 36 ᠬᠥᠮᠦᠨ ᠳ᠋ᠧᠩᠬᠦ᠋ ᠬᠠᠯᠠᠭᠤᠨ ᠬᠢᠵᠢᠭ ᠲᠤ ᠥᠭᠦᠵᠦ᠂ ᠮᠡᠳᠡᠭᠦᠯᠦᠭᠰᠡᠨ ᠰᠡᠵᠢᠭᠯᠡᠯᠲᠡᠶ ᠡᠪᠡᠳᠴᠢᠨ ᠤ ᠵᠢᠱᠢᠶ᠎ᠡ 34 ᠲᠦᠮᠡ ᠶᠢ ᠳᠠᠪᠠᠵᠠᠶ᠃ ᠬᠢᠵᠢᠭ ᠤᠨ ᠪᠠᠶᠢᠳᠠᠯ ᠤᠨ ᠬᠥᠭᠵᠢᠯᠲᠡ ᠶᠢ ᠬᠤᠷᠢᠭᠯᠠᠬᠤ ᠶᠢᠨ ᠲᠥᠯᠥᠭᠡ᠂ ᠮᠢᠨᠠᠰᠺᠢᠯᠠᠰ ᠵᠧᠦ ᠶᠢ ᠪᠠᠭᠲᠠᠭᠠᠭᠰᠠᠨ ᠲᠦᠷᠪᠡᠨ ᠵᠧᠦ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠳᠤ ᠤᠷᠤᠬᠰᠠᠨ ᠢ ᠨᠡᠶᠢᠲᠡᠯᠡᠪᠡ᠃
ᠢᠷᠡᠯᠲᠡ᠄ ᠠᠷᠠᠳ ᠤᠨ ᠮᠣᠩᠭᠤᠯ ᠰᠦᠯᠵᠢᠶ᠎ᠡ