ᠰᠣᠭᠲᠣᠭᠤ ᠪᠠᠷ ᠲᠡᠷᠭᠡ ᠵᠢᠯᠤᠭᠤᠳᠴᠤ ᠪᠠᠶᠢᠭᠠᠳ ᠠᠮᠢ ᠪᠠᠨ ᠠᠯᠳᠠᠬᠰᠠᠨ ᠳᠤ ᠴᠤᠭ ᠠᠷᠢᠬᠢ ᠤᠤᠭᠤᠬᠰᠠᠨ ᠬᠦᠮᠦᠰ ᠲᠤᠬᠠᠶ ᠶᠢᠨ ᠲᠢᠩᠬᠢᠮ ᠳᠤ ᠲᠥᠯᠥᠪᠦᠷᠢ ᠦᠭᠪᠡ
ᠨᠡᠶᠢᠲᠡᠯᠡᠭᠰᠡᠨ ᠴᠠᠭ᠄
2024/2/9
      ᠬᠠᠮᠳᠤ ᠠᠵᠢᠯᠴᠢᠨ ᠨᠢ ᠰᠣᠭᠲᠣᠭᠤ ᠪᠠᠷ ᠲᠡᠷᠭᠡ ᠵᠢᠯᠤᠭᠤᠳᠴᠤ ᠪᠠᠶᠢᠭᠠᠳ ᠦᠬᠦᠬᠦ ᠳᠤ ᠬᠦᠷᠪᠡᠯ᠂ ᠴᠤᠭ ᠠᠷᠢᠬᠢ ᠤᠤᠭᠤᠬᠰᠠᠨ ᠬᠦᠮᠦᠰ ᠲᠥᠯᠥᠪᠦᠷᠢ ᠶᠢᠨ ᠬᠠᠷᠢᠭᠤᠴᠠᠯᠭ᠎ᠠ ᠡᠭᠦᠷᠭᠡᠯᠡᠬᠦ ᠴᠢᠬᠤᠯᠠᠲᠠᠢ ᠦᠦ︖      ᠵᠤ᠋ ᠣᠪᠣᠭᠲᠤ ᠨᠢ ᠬᠤᠸᠠᠩ ᠣᠪᠣᠭᠲᠤ ᠵᠠᠩᠭᠤᠶᠢᠳᠠ ᠶᠢᠨ ᠳᠠᠭᠠᠭᠠᠴᠢᠯᠠᠭᠰᠠᠨ ᠪᠠᠷᠢᠯᠭ᠎ᠠ ᠶᠢᠨ ᠭᠠᠵᠠᠷ ᠲᠤ ᠸᠠᠭᠠᠷ ᠤᠨ ᠠᠵᠢᠯ ᠬᠢᠵᠦ ᠪᠠᠶᠢᠪᠠ᠃ 2022 ᠣᠨ ᠤ 12 ᠰᠠᠷ᠎ᠠ ᠶᠢᠨ ᠨᠢᠭᠡᠨ ᠡᠳᠦᠷ᠂ ᠠᠵᠢᠯ ᠬᠢᠵᠦ ᠳᠠᠭᠤᠰᠤᠭᠰᠠᠨ ᠤ ᠲᠠᠷᠠᠭ᠎ᠠ ᠬᠤᠸᠠᠩ ᠣᠪᠣᠭᠲᠤ ᠨᠢ ᠬᠠᠮᠳᠤ ᠠᠵᠢᠯᠴᠢᠨ ᠵᠤ᠋ ᠣᠪᠣᠭᠲᠤ᠂ ᠼᠠᠢ ᠣᠪᠣᠭᠲᠤ᠂ ᠵᠤᠤ ᠣᠪᠣᠭᠲᠤ ᠶᠢ ᠤᠷᠢᠵᠤ ᠬᠠᠮᠲᠤ ᠪᠠᠷ ᠠᠷᠢᠬᠢ ᠤᠤᠭᠤᠪᠠ᠃ ᠬᠤᠭᠤᠯᠠᠨ ᠤ ᠲᠠᠷᠠᠭ᠎ᠠ᠂ ᠵᠤ᠋ ᠣᠪᠣᠭᠲᠤ ᠰᠣᠭᠲᠣᠭᠤ ᠪᠠᠷ ᠫᠠᠶᠢᠰᠠ ᠦᠭᠡᠢ ᠭᠤᠷᠪᠠᠨ ᠬᠦᠷᠳᠦᠲᠦ ᠴᠠᠬᠢᠯᠭᠠᠨ ᠬᠥᠳᠡᠯᠭᠡᠭᠦᠷᠲᠦ ᠲᠡᠷᠭᠡ ᠶᠢ ᠵᠢᠯᠣᠭᠤᠳᠤᠨ ᠵᠠᠰᠠᠮᠠᠯ ᠵᠠᠮ ᠳᠡᠭᠡᠷ᠎ᠡ ᠡᠰᠡᠷᠭᠦ ᠴᠢᠭᠯᠡᠯ ᠢᠶᠠᠷ ᠶᠠᠪᠤᠵᠦ ᠪᠠᠶᠢᠭᠠᠳ ᠤᠷᠢᠳ ᠬᠤᠵᠢᠳ ᠨᠢᠭᠡᠨ ᠬᠦᠡᠭᠭᠡᠨ ᠬᠡᠯᠪᠡᠷᠢ ᠶᠢᠨ ᠡᠩ ᠤᠨ ᠪᠠᠷᠠᠭᠠᠨ ᠤ ᠲᠡᠷᠭᠡ ᠪᠠ ᠨᠢᠭᠡᠨ ᠵᠢᠵᠢᠭ ᠰᠠᠭᠤᠳᠠᠯ ᠤᠨ ᠮᠠᠰᠢᠨ ᠲᠠᠢ ᠮᠥᠷᠭᠦᠯᠳᠦᠵᠦ᠂ ᠵᠤ᠋ ᠣᠪᠣᠭᠲᠤ ᠲᠡᠷᠡ ᠳᠣᠣᠷ᠎ᠠ ᠪᠠᠨ ᠦᠬᠦᠪᠡ᠃ ᠵᠠᠮ ᠬᠠᠷᠢᠯᠴᠠᠭᠠᠨ ᠤ ᠰᠠᠯᠠᠭ᠎ᠠ ᠮᠥᠴᠢᠷ ᠠᠴᠠ ᠵᠦ ᠣᠪᠣᠭᠲᠤ ᠪᠤᠯᠤᠨ ᠬᠥᠩᠭᠡᠨ ᠬᠡᠯᠪᠡᠷᠢ ᠶᠢᠨ ᠡᠩ ᠤᠨ ᠪᠠᠷᠠᠭᠠᠨ ᠤ ᠲᠡᠷᠭᠡ ᠪᠠ ᠵᠢᠵᠢᠭ ᠰᠠᠭᠤᠳᠠᠯ ᠤᠨ ᠮᠠᠰᠢᠨ ᠤ ᠡᠵᠡᠨ  ᠨᠢ ᠠᠳᠡᠯ ᠳᠤ ᠠᠳᠠᠯᠢ ᠲᠡᠭᠰᠢ ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠳᠡᠢ ᠭᠡᠵᠦ ᠮᠠᠭᠠᠳᠯᠠᠨ ᠲᠤᠬᠳᠠᠭᠠᠪᠠ᠃      ᠬᠡᠷᠡᠭ ᠭᠠᠷᠤᠬᠰᠠᠨ ᠤ ᠳᠠᠷᠠᠭ᠎ᠠ᠂ ᠬᠤᠶᠠᠷ ᠲᠡᠷᠭᠡᠨ ᠤ ᠡᠵᠡᠨ ᠤ ᠲᠡᠷᠭᠡᠨ ᠤ ᠳᠠᠭᠠᠳᠬᠠᠯ ᠳᠤ ᠤᠷᠤᠭᠰᠠᠨ ᠳᠠᠭᠠᠳᠬᠠᠯ ᠤᠨ ᠺᠣᠮᠫᠠᠨᠢ ᠨᠢ ᠤᠷᠢᠳ ᠢᠶᠠᠷ ᠲᠥᠯᠥᠪᠦᠷᠢ ᠥᠭᠪᠡ᠃ ᠵᠤ᠋ ᠣᠪᠣᠭᠲᠤ ᠶᠢᠨ ᠲᠦᠷᠦᠯ ᠰᠠᠳᠤᠨ ᠨᠢ᠂ ᠬᠤᠸᠠᠩ ᠣᠪᠣᠭᠲᠤ ᠵᠤ᠋ ᠣᠪᠣᠭᠲᠤ ᠶᠢᠨ ᠮᠠᠰᠢᠨ ᠲᠡᠷᠭᠡ ᠵᠢᠯᠣᠭᠤᠳᠴᠤ ᠭᠡᠷ ᠲᠡᠭᠡᠨ ᠬᠠᠷᠢᠬᠤ ᠭᠡᠵᠦ ᠪᠠᠶᠢᠬᠤ ᠶᠢ ᠲᠣᠳᠣᠷᠬᠠᠢ ᠮᠡᠳᠡᠵᠦ ᠪᠠᠶᠢᠭᠠᠳ ᠮᠥᠨ ᠬᠦ ᠲᠡᠭᠦᠨ ᠢ ᠠᠷᠢᠬᠢ ᠪᠠᠷ ᠵᠣᠴᠢᠯᠠᠭᠰᠠᠨ ᠪᠠᠶᠢᠨ᠎ᠠ︔ ᠼᠠᠢ ᠣᠪᠣᠭᠲᠤ᠂ ᠵᠤᠤ ᠣᠪᠣᠭᠲᠤ ᠬᠠᠮᠲᠤ ᠠᠵᠢᠯᠴᠢᠨ ᠪᠤᠯᠬᠤ ᠶᠢᠨ ᠬᠤᠪᠢ ᠳᠤ᠂ ᠵᠤ᠋ ᠣᠪᠣᠭᠲᠤ ᠶᠢᠨ ᠠᠷᠢᠬᠢ ᠠᠷᠪᠢᠨ ᠤᠤᠭᠤᠭᠰᠠᠨ ᠢ ᠲᠣᠳᠣᠷᠬᠠᠢ ᠮᠡᠳᠡᠵᠤ ᠪᠠᠶᠢᠭᠠᠳ ᠮᠥᠨ ᠬᠦ ᠵᠤ᠋ ᠣᠪᠣᠭᠲᠤ ᠶᠢ ᠳᠤᠷ᠎ᠠ ᠪᠠᠷ ᠨᠢ ᠲᠡᠷᠭᠡ ᠵᠢᠯᠤᠭᠤᠳᠤᠭᠤᠯᠤᠨ ᠭᠡᠷ ᠲᠤᠨᠢ ᠬᠠᠷᠢᠭᠤᠯᠵᠠᠢ᠂ ᠲᠡᠳᠡ ᠭᠤᠷᠪᠠᠭᠤᠯᠠ ᠵᠤ᠋ ᠤᠪᠤᠬᠳᠤ ᠶᠢ ᠢᠳᠬᠠᠨ ᠬᠤᠷᠢᠭᠯᠠᠭᠰᠠᠨ ᠦᠭᠡᠢ ᠪᠤᠯᠬᠤᠷ ᠵᠤ᠋ ᠣᠪᠣᠭᠲᠤ ᠶᠢᠨ ᠵᠠᠮ ᠬᠠᠷᠢᠯᠴᠠᠭᠠᠨ ᠤ ᠠᠳᠡᠯ ᠢᠶᠠᠷ ᠦᠬᠦᠭᠰᠡᠨ ᠶᠠᠪᠤᠳᠠᠯ ᠳᠤ ᠵᠣᠬᠢᠬᠤ ᠤᠰᠤᠯ ᠪᠤᠷᠤᠭᠤ ᠲᠠᠢ᠂ ᠡᠶᠢᠮᠦ ᠠᠴᠠ ᠲᠦᠯᠦᠬᠦ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ ᠭᠡᠵᠦ ᠦᠵᠡᠭᠡᠳ ᠰᠢᠭᠦᠬᠦ ᠲᠢᠩᠬᠢᠮ ᠳᠤ ᠵᠠᠭᠠᠯᠳᠤᠵᠤ᠂ ᠭᠤᠷᠪᠠᠨ ᠬᠥᠮᠦᠨ ᠢᠶᠠᠷ ᠲᠦᠯᠦᠬᠦᠯᠬᠦ ᠪᠠᠷ ᠱᠠᠭᠠᠷᠳᠠᠵᠠᠢ᠃      ᠬᠡᠷᠡᠭ ᠤᠨ ᠣᠨᠴᠠᠭᠠᠶ ᠴᠢᠨᠠᠷ ᠢ ᠪᠣᠳᠣᠯᠬᠢᠯᠠᠭᠠᠳ ᠶᠠᠩ ᠬᠥᠩ ᠰᠢᠭᠦᠬᠦ ᠲᠢᠩᠬᠢᠮ ᠤᠨ ᠬᠢᠨ ᠬᠡᠷᠡᠭ ᠭᠠᠷᠤᠭᠰᠠᠨ ᠲᠣᠰᠬᠤᠨ ᠳᠤ ᠲᠤᠰᠬᠠᠶᠢᠯᠠᠨ ᠬᠦᠷᠴᠦ ᠲᠣᠭᠤᠷᠢᠨ ᠰᠢᠭᠦᠪᠡ᠃ ᠲᠢᠩᠬᠢᠮ ᠤᠨ ᠰᠢᠭᠦᠯᠲᠡ 1 ᠴᠠᠭ ᠭᠠᠷᠤᠶ ᠶᠠᠪᠤᠭᠳᠠᠵᠠᠶ᠃ ᠰᠢᠭᠦᠭᠴᠢ ᠠᠴᠠ ᠬᠦᠯᠢᠴᠡᠩᠭᠦᠢ ᠪᠠᠷ ᠳᠡᠳᠡᠨ ᠳᠤ ᠬᠠᠤᠯᠢ ᠶᠢ ᠲᠠᠶᠢᠯᠪᠤᠷᠢᠯᠠᠨ ᠶᠣᠰᠣ ᠤᠴᠢᠷ ᠢ ᠲᠣᠳᠣᠷᠬᠠᠶᠢᠯᠠᠨ ᠬᠡᠯᠡᠭᠰᠡᠨ ᠪᠦᠭᠡᠳ ᠴᠤᠭ ᠠᠷᠢᠬᠢ ᠤᠤᠭᠤᠬᠰᠠᠨ ᠬᠦᠮᠦᠰ ᠨᠢ ᠵᠦᠢ ᠵᠣᠬᠢᠰᠲᠠᠢ ᠬᠡᠪᠴᠢᠶᠡᠨ ᠳᠣᠲᠣᠷ᠎ᠠ  ᠬᠠᠷᠢᠯᠴᠠᠨ ᠢᠳᠬᠠᠬᠤ᠂ ᠰᠠᠨᠠᠭᠤᠯᠬᠤ ᠪᠠ ᠬᠠᠷᠠᠭᠠᠯᠵᠠᠬᠤ ᠵᠡᠷᠭᠡ ᠠᠮᠤᠷ ᠲᠦᠪᠰᠢᠨ ᠤ ᠪᠠᠲᠤᠯᠠᠭ᠎ᠠ ᠶᠢᠨ ᠡᠭᠦᠷᠭᠡ ᠶᠢ ᠭᠦᠢᠴᠡᠳᠬᠡᠪᠡᠯ ᠵᠤᠬᠢᠨ᠎ᠡ᠂ ᠬᠠᠤᠯᠢ ᠴᠠᠭᠠᠵᠠ ᠪᠠ ᠶᠤᠰᠤ ᠵᠦᠢ ᠶᠢᠨ ᠶᠤᠰᠤᠭᠠᠷ ᠵᠠᠩᠭᠤᠶᠢᠳᠠ ᠪᠠ ᠬᠠᠮᠳᠤ ᠠᠵᠢᠯᠴᠢᠨ ᠨᠢ ᠴᠥᠮ ᠵᠣᠬᠢᠰᠲᠠᠢ ᠲᠥᠯᠥᠪᠦᠷᠢ ᠥᠭᠬᠦ ᠬᠡᠷᠡᠭᠲᠡᠢ ᠭᠡᠵᠦ ᠴᠢᠬᠤᠯᠠᠴᠢᠯᠠᠪᠠ᠃ ᠡᠴᠦᠰ ᠲᠡᠭᠡᠨ ᠬᠤᠸᠠᠩ ᠣᠪᠣᠭᠲᠤ᠂ ᠼᠠᠢ ᠣᠪᠣᠭᠲᠤ᠂ ᠵᠤᠤ ᠣᠪᠣᠭᠲᠤ ᠬᠠᠮᠲᠤ ᠪᠠᠷ ᠵᠤ᠋ ᠣᠪᠣᠭᠲᠤ ᠶᠢᠨ ᠲᠦᠷᠤᠯ ᠰᠠᠳᠤᠨ ᠳᠤ 5 ᠲᠦᠮᠡᠨ ᠲᠥᠭᠦᠷᠢᠭ ᠲᠥᠯᠥᠪᠦᠷᠢ ᠦᠭᠴᠦ᠂ ᠲᠤᠬᠠᠢ ᠶᠢᠨ ᠲᠠᠯᠠᠪᠤᠷ ᠲᠤ ᠲᠥᠯᠥᠪᠦᠷᠢ ᠶᠢᠨ ᠮᠦᠡᠭᠭᠦ ᠶᠢ ᠪᠦᠬᠦᠨ ᠢ ᠦᠭᠴᠡᠢ᠃
ᠢᠷᠡᠯᠲᠡ᠄ ᠠᠷᠠᠳ ᠤᠨ ᠮᠣᠩᠭᠤᠯ ᠰᠦᠯᠵᠢᠶ᠎ᠡ