ᠲᠣᠰᠣᠨ ᠤ ᠦᠨ᠎ᠡ᠂ ᠠᠯᠳᠡᠠ ᠤ ᠦᠨ᠎ᠡ ᠦᠰᠪᠡ︕ ᠳᠤᠮᠳᠠᠳᠤ ᠤᠯᠤᠰ ᠤᠨ ᠤᠬᠠᠭᠳᠠᠬᠤᠨ ᠰᠲ᠋ᠣᠺ ᠳᠠᠬᠢᠨ ᠦᠰᠪᠡ︕
ᠨᠡᠶᠢᠲᠡᠯᠡᠭᠰᠡᠨ ᠴᠠᠭ᠄
2024/2/9
      6 ᠤ ᠡᠳᠦᠷ ᠣᠯᠠᠨ ᠤᠯᠤᠰ ᠤᠨ ᠲᠣᠰᠣᠨ ᠤ ᠦᠨ᠎ᠡ ᠥᠰᠪᠡ      ᠣᠯᠠᠨ ᠤᠯᠤᠰ ᠤᠨ ᠲᠣᠰᠣᠨ ᠤ ᠦᠨ᠎ᠡ ᠭᠠᠷᠠᠭ ᠤᠨ ᠬᠤᠶᠠᠷ ᠲᠤ ᠦᠷᠭᠦᠯᠵᠢᠯᠡᠨ ᠪᠠᠭ᠎ᠠ ᠬᠡᠮᠵᠢᠶ᠎ᠡ ᠪᠠᠷ ᠥᠰᠪᠡ᠂ ᠵᠠᠬ᠎ᠠ ᠳᠡᠯᠭᠡᠭᠦᠷ ᠨᠢ ᠠᠮᠧᠷᠢᠺᠠ ᠶᠢᠨ ᠲᠥᠷᠥ ᠶᠢᠨ ᠶᠠᠪᠤᠳᠠᠯ ᠤᠨ ᠰᠠᠶᠢᠳ ᠪᠦᠯᠢᠨᠺᠤᠨ ᠤ ᠳᠤᠮᠳᠠᠳᠤ ᠳᠣᠷᠣᠨᠠᠲᠤ ᠳᠤ ᠠᠶᠢᠯᠴᠢᠯᠠᠵᠤ ᠭᠠᠽᠠ ᠳᠤ ᠲᠡᠶᠢᠨ ᠵᠣᠭᠰᠣᠬᠤ ᠶᠢ ᠪᠡᠶᠡᠯᠡᠭᠦᠯᠦᠭᠰᠡᠨ ᠪᠣᠳᠠᠲᠤ ᠦᠷ᠎ᠡ ᠪᠦᠲᠦᠮᠵᠢ ᠳᠤ ᠰᠡᠵᠢᠭ ᠲᠠᠢ ᠪᠠᠶᠢᠨ᠎ᠠ᠂ ᠡᠭᠦᠨ ᠤ ᠵᠡᠷᠭᠡ ᠪᠠᠷ ᠣᠷᠣᠰ ᠦᠺᠷᠠᠶᠢᠨ ᠤ ᠮᠥᠷᠭᠦᠯᠳᠦᠭᠡᠨ ᠰᠢᠷᠦᠭᠦᠰᠦᠭᠰᠡᠨ ᠠᠴᠠ ᠪᠣᠯᠵᠤ ᠪᠡᠯᠡ ᠣᠷᠣᠭᠤᠯᠤᠭᠴᠢᠳ ᠤᠨ ᠲᠦᠭᠦᠬᠡᠶ ᠲᠣᠰᠣᠨ ᠤ ᠬᠠᠩᠭᠠᠯᠭ᠎ᠠ ᠶᠢᠨ ᠲᠠᠯ᠎ᠠ ᠪᠠᠷ ᠬᠢ ᠰᠠᠨᠠᠭᠠᠰᠢᠷᠠᠯ ᠦᠷᠭᠦᠯᠵᠢᠯᠡᠵᠦ ᠪᠠᠶᠢᠨ᠎ᠠ᠃ ᠠᠷᠠᠯᠵᠢᠶ᠎ᠠ ᠳᠠᠭᠤᠰᠬᠤ ᠪᠣᠯᠲᠠᠯ᠎ᠠ ᠨᠢᠦ᠋ ᠶᠣᠷᠺ ᠤᠨ ᠲᠠᠸᠠᠷ ᠤᠨ ᠠᠷᠠᠯᠵᠢᠶᠠᠨ ᠤ ᠭᠠᠵᠠᠷ ᠤᠨ 3 ᠰᠠᠷ᠎ᠠ ᠳᠤ  ᠲᠤᠰᠢᠶᠠᠭᠰᠠᠨ ᠬᠥᠩᠭᠡᠨ ᠴᠢᠨᠠᠷ ᠤᠨ ᠲᠦᠭᠦᠬᠡᠶ ᠲᠣᠰᠣᠨ ᠤ ᠬᠤᠭᠤᠴᠠᠭᠠᠲᠤ ᠪᠠᠷᠠᠭᠠᠨ ᠤ ᠦᠨ᠎ᠡ 0.73% ᠪᠠᠷ ᠥᠰᠴᠦ᠂ ᠰᠠᠭᠤᠯᠭ᠎ᠠ ᠪᠦᠷᠢ ᠶᠢ 73.31 ᠳ᠋ᠣᠯᠯᠠᠷ ᠢᠶᠠᠷ ᠬᠤᠷᠢᠶᠠᠵᠠᠶ︔ 4 ᠰᠠᠷ᠎ᠠ ᠳᠤ ᠪᠠᠷᠠᠭ᠎ᠠ ᠲᠤᠰᠢᠶᠠᠬᠰᠠᠨ ᠯᠣᠨᠳᠣᠨ ᠤ ᠪᠦᠯᠦᠨᠲ ᠲᠦᠭᠦᠬᠡᠶ ᠲᠣᠰᠣᠨ ᠤ ᠬᠤᠭᠤᠴᠠᠭᠠᠲᠤ ᠪᠠᠷᠠᠭ᠎ᠠ ᠶᠢᠨ ᠦᠨ᠎ᠡ 0.77 % ᠪᠠᠷ ᠥᠰᠴᠦ᠂ ᠰᠠᠭᠤᠯᠭ᠎ᠠ ᠪᠦᠷᠢ ᠶᠢ 78.59 ᠳ᠋ᠣᠯᠯᠠᠷ ᠢᠶᠠᠷ ᠬᠤᠷᠢᠶᠠᠵᠠᠶ᠃      6 ᠤ ᠡᠳᠦᠷ ᠣᠯᠠᠨ ᠤᠯᠤᠰ ᠤᠨ ᠠᠯᠲᠠᠨ ᠤ ᠦᠨ᠎ᠡ ᠥᠰᠪᠡ      ᠡᠭᠦᠨ ᠠᠴᠠ ᠭᠠᠳᠠᠨ᠎ᠠ᠂ ᠳ᠋ᠣᠯᠯᠠᠷ ᠤᠨ ᠵᠢᠭᠠᠯᠲᠠ ᠲᠤᠭ᠎ᠠ ᠪᠠᠭᠤᠷᠠᠭᠰᠠᠨ ᠵᠢᠴᠢ ᠠᠮᠧᠷᠢᠺᠠ ᠶᠢᠨ ᠵᠢᠭᠡᠯᠡᠯᠭᠡ ᠶᠢᠨ ᠠᠰᠢᠭ ᠣᠷᠣᠯᠭ᠎ᠠ ᠶᠢᠨ ᠨᠣᠷᠮ᠎ᠠ ᠪᠠᠭᠤᠷᠠᠭᠰᠠᠨ ᠤ ᠨᠥᠯᠥᠭᠡ ᠪᠠᠷ᠂ ᠭᠠᠷᠠᠭ ᠤᠨ ᠬᠤᠶᠠᠷ ᠲᠤ ᠣᠯᠠᠨ ᠤᠯᠤᠰ ᠤᠨ ᠠᠯᠲᠠᠨ ᠤ ᠦᠨ᠎ᠡ ᠥᠰᠴᠦ᠂ ᠨᠢᠦ᠋ ᠶᠣᠷᠺ ᠤᠨ ᠲᠠᠸᠠᠷ ᠤᠨ ᠠᠷᠠᠯᠵᠢᠶᠠᠨ ᠤ ᠭᠠᠵᠠᠷ ᠤᠨ ᠰᠢᠵᠢᠷ ᠠᠯᠲᠠᠨ ᠤ ᠬᠤᠭᠤᠴᠠᠭᠠᠲᠤ ᠪᠠᠷᠠᠭᠠᠨ ᠤ ᠵᠠᠬ᠎ᠠ ᠳᠡᠯᠭᠡᠭᠦᠷ ᠤᠨ ᠠᠷᠠᠯᠵᠢᠶ᠎ᠠ ᠬᠠᠮᠤᠭ ᠤᠨ ᠬᠥᠭᠵᠢᠶᠡᠨ ᠲᠠᠢ 4 ᠰᠠᠷ᠎ᠠ ᠶᠢᠨ ᠰᠢᠵᠢᠷ ᠠᠯᠲᠠᠨ ᠤ ᠬᠤᠭᠤᠴᠠᠭᠠᠲᠤ ᠦᠨ᠎ᠡ ᠶᠢ ᠦᠨᠼ ᠪᠦᠷᠢ ᠠᠴᠠ 2051.4 ᠳ᠋ᠣᠯᠯᠠᠷ ᠬᠤᠷᠢᠶᠠᠵᠤ᠂ 0.42% ᠢᠶᠠᠷ ᠥᠰᠴᠡᠶ᠃      6 ᠤ ᠡᠳᠦᠷ ᠳᠤᠮᠳᠠᠳᠤ  ᠤᠯᠤᠰ ᠤᠨ ᠤᠬᠠᠭᠳᠠᠬᠤᠨ ᠰᠲ᠋ᠣᠺ ᠳᠠᠬᠢᠨ ᠳᠡᠭᠡᠭᠰᠢᠯᠡᠵᠦ ᠨᠠᠰᠳᠠᠺ ᠲᠠᠬᠢ ᠳᠤᠮᠳᠠᠳᠤ ᠤᠯᠤᠰ ᠤᠨ ᠶᠢᠨ ᠯᠦᠩ ᠵᠢᠭᠠᠯᠲᠠ ᠲᠤᠭ᠎ᠠ 6% ᠪᠠᠷ ᠦᠰᠪᠡ      ᠠᠮᠧᠷᠢᠺᠠ ᠶᠢᠨ ᠰᠲ᠋ᠣᠺ ᠶᠡᠭᠡ ᠲᠠᠪᠠᠭ ᠤᠨ ᠪᠠᠭ᠎ᠠ ᠬᠡᠮᠵᠢᠶᠡᠨ ᠤ ᠬᠡᠯᠪᠡᠯᠵᠡᠯᠲᠡ ᠲᠠᠢ ᠬᠠᠷᠢᠴᠠᠭᠤᠯᠪᠠᠯ᠂ ᠭᠠᠷᠠᠭ ᠤᠨ ᠬᠤᠶᠠᠷ ᠲᠤ ᠳᠤᠮᠳᠠᠳᠤ ᠤᠯᠤᠰ ᠤᠨ ᠤᠬᠠᠭᠳᠠᠬᠤᠨ ᠰᠲ᠋ᠣᠺ ᠳᠠᠬᠢᠨ ᠦᠰᠴᠦ᠂ ᠨᠠᠰᠳᠠᠺ ᠲᠠᠬᠢ ᠳᠤᠮᠳᠠᠳᠤ ᠤᠯᠤᠰ ᠤᠨ ᠶᠢᠨ ᠯᠦᠩ ᠵᠢᠭᠠᠯᠲᠠ ᠲᠤᠭ᠎ᠠ ᠶᠢᠨ ᠬᠤᠷᠢᠶᠠᠯᠲᠠ 6% ᠰᠢᠬᠠᠮ ᠦᠰᠪᠡ᠃ ᠸᠧᠢ ᠯᠠᠢ᠂ ᠯᠢ ᠰᠢᠶᠠᠩ ᠪᠠ ᠰᠢᠶᠣᠤ ᠫᠧᠩ ᠵᠡᠷᠭᠡ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠭᠤᠷᠪᠠᠨ ᠠᠵᠤ ᠠᠬᠤᠶᠢᠯᠠᠯ ᠤᠨ ᠰᠲ᠋ᠣᠺ ᠤᠨ ᠦᠨ᠎ᠡ ᠴᠥᠮ 10% ᠠᠴᠠ ᠳᠡᠭᠡᠭᠰᠢ ᠥᠰᠴᠡᠶ᠃ ᠭᠧᠷᠮᠠᠨ ᠤ ᠪᠠᠩᠬᠢ ᠯᠢ ᠰᠢᠶᠠᠩ ᠮᠠᠰᠢᠨ ᠲᠡᠷᠭᠡᠨ ᠤ ᠬᠠᠮᠢᠶ᠎ᠠ ᠪᠦᠬᠦᠢ ᠦᠨᠡᠯᠡᠯᠲᠡ ᠶᠢᠨ ᠳᠡᠰ ᠢ ᠡᠵᠡᠮᠰᠢᠵᠦ ᠪᠠᠢᠭᠰᠠᠨ ᠠᠴᠠ ᠪᠠᠨ ᠬᠤᠳᠠᠯᠳᠤᠨ ᠠᠪᠤᠪᠠ᠃
ᠢᠷᠡᠯᠲᠡ᠄ ᠲᠣᠲᠣᠷᠬᠠᠢ ᠦᠭᠡᠢ