ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 10 ᠤ ᠴᠠᠬᠢᠯᠭᠠᠨ ᠮᠡᠳᠡᠭᠡ ᠳᠤᠮᠳᠠᠳᠤ ᠤᠯᠤᠰ ᠤᠨ ᠠᠷᠠᠳ ᠤᠨ ᠤᠯᠤᠰ ᠲᠥᠷᠥ ᠶᠢᠨ | ᠵᠥᠪᠯᠡᠯᠭᠡᠨ ᠤ ᠠᠷᠪᠠᠨ ᠳᠦᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠬᠤᠷᠢᠶ᠎ᠠ ᠶᠢᠨ ᠬᠤᠶᠠᠳᠤᠭᠠᠷ ᠬᠤᠷᠠᠯ ᠡᠯ᠎ᠡ ᠵᠥᠪᠯᠡᠬᠦ ᠵᠦᠢᠯᠡᠰ ᠢᠶᠠᠨ ᠲᠡᠭᠦᠰ | ᠠᠮᠵᠢᠯᠲᠠ ᠲᠠᠢ ᠳᠠᠭᠤᠰᠬᠠᠭᠠᠳ 10 ᠤ ᠦᠳᠡ ᠶᠢᠨ ᠡᠮᠦᠨ᠎ᠡ ᠠᠷᠠᠳ ᠤᠨ ᠶᠡᠭᠡ ᠬᠤᠷᠠᠯ ᠤᠨ ᠲᠠᠩᠬᠢᠮ ᠳᠤ ᠲᠡᠭᠦᠰᠪᠡ᠃ ᠬᠤᠷᠠᠯ ᠠᠴᠠ ᠠᠷᠠᠳ ᠤᠨ ᠤᠯᠤᠰ | ᠲᠥᠷᠥ ᠶᠢᠨ ᠵᠥᠪᠯᠡᠯᠭᠡᠨ ᠤ ᠡᠯ᠎ᠡ ᠣᠷᠣᠯᠴᠠᠭᠰᠠᠨ ᠨᠢᠭᠡᠴᠢ᠂ ᠡᠯ᠎ᠡ ᠱᠠᠲᠤᠨ ᠤ ᠵᠣᠬᠢᠶᠠᠨ ᠪᠠᠶᠢᠭᠤᠯᠤᠯᠲᠠ ᠪᠠ ᠥᠷᠭᠡᠨ ᠣᠯᠠᠨ ᠤᠯᠤᠰ ᠲᠥᠷᠥ ᠶᠢᠨ ᠵᠥᠪᠯᠡᠯᠭᠡᠨ ᠤ | ᠭᠡᠰᠢᠭᠦᠨ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠲᠣᠭᠤᠷᠢᠨ ᠳᠤ ᠨᠡᠩ ᠨᠢᠭᠲᠠᠷᠠᠨ | ᠪᠦᠯᠬᠦᠮᠳᠡᠵᠦ᠂ ᠨᠢᠭᠡ ᠰᠡᠳᠬᠢᠯ ᠨᠢᠭᠡ ᠵᠣᠷᠢᠭ ᠢᠶᠠᠷ᠂ ᠣᠯᠠᠨ ᠤ ᠤᠬᠠᠭᠠᠨ ᠬᠠᠮᠲᠤ ᠶᠢᠨ ᠬᠦᠴᠦᠨ ᠢᠶᠠᠷ ᠰᠢᠨ᠎ᠡ ᠴᠠᠭ ᠦᠶ᠎ᠡ ᠶᠢᠨ ᠠᠷᠠᠳ ᠤᠨ ᠤᠯᠤᠰ ᠲᠥᠷᠥ ᠶᠢᠨ | ᠵᠥᠪᠯᠡᠯᠭᠡᠨ ᠤ ᠠᠵᠢᠯ ᠤᠨ ᠰᠢᠨ᠎ᠡ ᠪᠠᠶᠢᠳᠠᠯ ᠢ ᠲᠠᠰᠤᠷᠠᠯᠲᠠ ᠦᠭᠡᠢ ᠡᠭᠦᠳᠰᠦᠭᠡᠢ ᠭᠡᠵᠦ ᠤᠷᠢᠶᠠᠯᠠᠵᠠᠢ᠃ | | | | 3 ᠰᠠᠷ᠎ᠠ ᠶᠢᠨ 10 ᠤ ᠡᠳᠦᠷ᠂ ᠳᠤᠮᠳᠠᠳᠤ ᠤᠯᠤᠰ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ | ᠤᠯᠤᠰ ᠤᠨ ᠬᠤᠷᠢᠶ᠎ᠠ ᠶᠢᠨ ᠬᠤᠶᠠᠳᠤᠭᠠᠷ ᠬᠤᠷᠠᠯ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠲᠡᠭᠦᠰᠪᠡ᠃ ᠰᠢ ᠶᠢᠨ ᠫᠢᠩ᠂ ᠯᠢ ᠴᠢᠶᠠᠩ᠂ ᠵᠤᠤ | ᠯᠧ ᠵᠢᠢ᠂ ᠼᠠᠢ ᠴᠢ᠂ ᠳ᠋ᠢᠩ ᠰᠢᠤᠸᠠᠢ ᠰᠢᠶᠠᠩ᠂ ᠯᠢ ᠰᠢ᠂ ᠬᠠᠨ ᠵᠧᠩ ᠨᠠᠷ ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠵᠠᠢ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠬᠤᠸᠠᠩ ᠵᠢᠩ ᠸᠧᠨ ᠰᠡᠭᠦᠳᠡᠷᠯᠡᠪᠡ | ᠬᠤᠷᠠᠯ ᠢ ᠪᠦᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠸᠠᠩ ᠬᠤ᠋ ᠨᠢᠩ ᠡᠷᠬᠢᠯᠡᠪᠡ᠃ ᠪᠦᠬᠦ ᠤᠯᠤᠰ ᠤᠨ ᠤᠯᠤᠰ ᠲᠥᠷᠥ ᠶᠢᠨ | ᠵᠥᠪᠯᠡᠯᠭᠡᠨ ᠤ ᠳᠡᠳ᠋ ᠲᠡᠷᠢᠭᠦᠯᠡᠭᠴᠢ ᠱᠢ ᠲᠠᠢ ᠹᠧᠩ᠂ ᠬᠤ᠋ ᠴᠦᠨ ᠬᠤᠸᠠ᠂ ᠱᠧᠨ ᠶᠤᠸᠠᠢ ᠶᠤᠸᠠᠢ᠂ ᠸᠠᠩ ᠶᠦᠩ᠂ ᠵᠧᠦ ᠴᠢᠶᠠᠩ᠂ ᠫᠠᠪᠠᠯᠠ ·ᠭᠧᠯᠧᠭᠨᠠᠮᠵᠢᠯ᠂ | ᠾᠧ ᠾᠧᠦ ᠬᠤᠸᠠ᠂ ᠯᠢᠶᠠᠩ ᠵᠧᠨ ᠶᠢᠩ᠂ ᠪᠠᠭᠠᠲᠤᠷ᠂ ᠰᠦ᠋ ᠬᠤᠢ᠂ ᠱᠣᠣ ᠬᠤᠩ᠂ ᠭᠤᠣ ᠶᠦᠨ ᠯᠦᠩ᠂ ᠴᠧᠨ ᠡᠦ᠂ ᠮᠦ ᠬᠤᠩ᠂ ᠰᠢᠶᠠᠨ ᠬᠤᠢ᠂ ᠸᠠᠩ | ᠳ᠋ᠦᠩ ᠹᠧᠩ᠂ ᠵᠢᠶᠠᠩ ᠰᠢᠨ ᡁᠢ᠂ ᠵᠢᠶᠠᠩ ᠽᠦᠸᠧ ᠵᠢᠶᠦ᠋ᠨ᠂ ᠾᠧ ᠪᠣᠣ ᠰᠢᠶᠠᠩ᠂ ᠸᠠᠩ ᠭᠤᠸᠠᠩ ᠴᠢᠶᠠᠨ᠂ ᠴᠢᠨ ᠪᠦᠸᠧ ᠶᠦᠩ᠂ ᠵᠦ ᠶᠦᠩ ᠰᠢᠨ᠂ ᠶᠠᠩ | ᠵᠧᠨ ᠲᠡᠷᠢᠭᠦᠯᠡᠭᠴᠢ ᠶᠢᠨ ᠲᠠᠶᠢᠰᠠᠨ ᠤ ᠡᠮᠦᠨ᠎ᠡ ᠮᠦᠷ ᠲᠤ ᠰᠠᠭᠠᠲᠠᠪᠠ᠃ | | | | 3 ᠰᠠᠷ᠎ᠠ ᠶᠢᠨ 10 ᠤ ᠡᠳᠦᠷ᠂ ᠳᠤᠮᠳᠠᠳᠤ ᠤᠯᠤᠰ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ | ᠤᠯᠤᠰ ᠤᠨ ᠬᠤᠷᠢᠶ᠎ᠠ ᠶᠢᠨ ᠬᠤᠶᠠᠳᠤᠭᠠᠷ ᠬᠤᠷᠠᠯ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠲᠡᠭᠦᠰᠪᠡ᠃ ᠪᠦᠭᠦ ᠤᠯᠤᠰ ᠤᠨ ᠤᠯᠤᠰ ᠲᠦᠷᠦ ᠶᠢᠨ | ᠵᠥᠪᠯᠡᠯᠭᠡᠨ ᠤ ᠲᠡᠷᠢᠭᠦᠯᠡᠭᠴᠢ ᠸᠠᠩ ᠬᠤ᠋ ᠨᠢᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠵᠢᠦᠢ ᠫᠧᠩ ᠰᠡᠭᠦᠳᠡᠷᠯᠡᠪᠡ | ᠰᠢ ᠶᠢᠨ ᠫᠢᠩ᠂ ᠯᠢ ᠴᠢᠶᠠᠩ᠂ ᠵᠣᠣ ᠯᠧ ᠵᠢᠢ᠂ ᠼᠠᠢ ᠴᠢ᠂ ᠳ᠋ᠢᠩ ᠰᠢᠤᠸᠠᠢ ᠰᠢᠶᠠᠩ᠂ ᠯᠢ ᠰᠢ᠂ ᠬᠠᠨ ᠵᠧᠩ ᠨᠠᠷ ᠲᠡᠷᠢᠭᠦᠯᠡᠭᠴᠢ ᠶᠢᠨ ᠲᠠᠶᠢᠰᠠᠨ ᠳᠤ | ᠰᠠᠭᠠᠲᠠᠵᠠᠢ᠃ | ᠦᠳᠡ ᠶᠢᠨ ᠡᠮᠦᠨᠡᠬᠢ 9 ᠴᠠᠭ ᠲᠤ ᠲᠡᠭᠦᠰᠬᠦ ᠬᠤᠷᠠᠯ ᠡᠬᠢᠯᠡᠪᠡ᠃ ᠸᠠᠩ ᠬᠤ᠋ ᠨᠢᠩ᠂ ᠳᠤᠮᠳᠠᠳᠤ ᠤᠯᠤᠰ ᠤᠨ ᠠᠷᠠᠳ ᠤᠨ ᠤᠯᠤᠰ ᠲᠥᠷᠥ ᠶᠢᠨ | ᠵᠥᠪᠯᠡᠯᠭᠡᠨ ᠤ ᠠᠷᠪᠠᠨ ᠳᠦᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠬᠤᠷᠢᠶ᠎ᠠ ᠶᠢᠨ ᠬᠤᠶᠠᠳᠤᠭᠠᠷ ᠬᠤᠷᠠᠯ ᠳᠤ ᠣᠷᠣᠯᠴᠠᠬᠤ ᠵᠣᠬᠢᠰᠲᠠᠢ ᠭᠡᠰᠢᠭᠦᠨ 2162 | ᠬᠦᠮᠦᠨ ᠪᠤᠢ᠂ ᠪᠤᠲᠠᠲᠠᠢ ᠣᠷᠣᠯᠴᠠᠭᠰᠠᠨ ᠨᠢ 2085 ᠬᠦᠮᠦᠨ ᠪᠠᠶᠢᠵᠤ᠂ ᠲᠣᠭᠲᠠᠭᠰᠠᠨ ᠬᠦᠮᠦᠨ ᠤ ᠲᠤᠭ᠎ᠠ ᠳᠤ ᠨᠡᠶᠢᠴᠡᠨ᠎ᠡ ᠭᠡᠵᠦ ᠨᠡᠶᠢᠲᠡᠯᠡᠪᠡ᠃ | ᠬᠤᠷᠠᠯ ᠠᠴᠠ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠶᠢᠨ ᠲᠤᠬᠠᠢ ᠤᠯᠤᠰ ᠲᠥᠷᠥ ᠶᠢᠨ ᠵᠥᠪᠯᠡᠯᠭᠡᠨ ᠤ ᠠᠷᠪᠠᠨ ᠳᠥᠷᠪᠡᠳᠦᠭᠡᠷ | ᠬᠤᠭᠤᠴᠠᠭᠠᠨ ᠤ ᠪᠦᠭᠦ ᠤᠯᠤᠰ ᠤᠨ ᠬᠤᠷᠢᠶ᠎ᠠ ᠶᠢᠨ ᠬᠤᠶᠠᠳᠤᠭᠠᠷ ᠬᠤᠷᠠᠯ ᠤᠨ ᠰᠢᠢᠳᠪᠦᠷᠢ᠂ ᠤᠯᠤᠰ ᠲᠥᠷᠥ ᠶᠢᠨ ᠵᠥᠪᠯᠡᠯᠭᠡᠨ ᠤ ᠠᠷᠪᠠᠨ ᠳᠥᠷᠪᠡᠳᠦᠭᠡᠷ | ᠬᠤᠭᠤᠴᠠᠭᠠᠨ ᠤ ᠬᠤᠷᠢᠶ᠎ᠠ ᠶᠢᠨ ᠠᠩᠬᠠᠳᠤᠭᠠᠷ ᠬᠤᠷᠠᠯ ᠠᠴᠠ ᠨᠠᠭᠠᠰᠢᠬᠢ ᠰᠠᠨᠠᠯ ᠳᠤᠷᠠᠳᠤᠯᠭ᠎ᠠ ᠶᠢᠨ ᠠᠵᠢᠯ ᠤᠨ ᠪᠠᠶᠢᠳᠠᠯ ᠤᠨ ᠮᠡᠳᠡᠭᠦᠯᠦᠯᠲᠡ ᠶᠢᠨ ᠲᠤᠬᠠᠢ ᠤᠯᠤᠰ | ᠲᠥᠷᠥ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠬᠤᠷᠢᠶ᠎ᠠ ᠶᠢᠨ ᠬᠤᠶᠠᠳᠤᠭᠠᠷ ᠬᠤᠷᠠᠯ ᠤᠨ ᠰᠢᠢᠳᠪᠦᠷᠢ᠂ ᠤᠯᠤᠰ | ᠲᠥᠷᠥ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠬᠤᠶᠠᠳᠤᠭᠠᠷ ᠬᠤᠷᠠᠯ ᠤᠨ ᠰᠠᠨᠠᠯ ᠳᠤᠷᠠᠳᠤᠯᠭ᠎ᠠ ᠶᠢ ᠬᠢᠨᠠᠨ ᠪᠠᠶᠢᠴᠠᠭᠠᠭᠰᠠᠨ | ᠪᠠᠶᠢᠳᠠᠯ ᠤᠨ ᠲᠤᠬᠠᠢ ᠤᠯᠤᠰ ᠲᠥᠷᠥ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠬᠤᠷᠢᠶ᠎ᠠ ᠶᠢᠨ ᠰᠠᠨᠠᠯ ᠳᠤᠷᠠᠳᠤᠯᠭ᠎ᠠ ᠶᠢᠨ | ᠵᠥᠪᠯᠡᠯ ᠤᠨ ᠮᠡᠳᠡᠭᠦᠯᠦᠯᠲᠡ᠂ ᠤᠯᠤᠰ ᠲᠥᠷᠥ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠬᠤᠷᠢᠶ᠎ᠠ ᠶᠢᠨ ᠬᠤᠶᠠᠳᠤᠭᠠᠷ | ᠬᠤᠷᠠᠯ ᠤᠨ ᠤᠯᠤᠰ ᠲᠥᠷᠥ ᠶᠢᠨ ᠰᠢᠢᠳᠪᠦᠷᠢ ᠶᠢ ᠪᠠᠲᠤᠯᠠᠪᠠ᠃ | ᠸᠠᠩ ᠬᠤ᠋ ᠨᠢᠩ ᠶᠠᠷᠢᠶᠠᠨ ᠳᠠᠭᠠᠨ᠂ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ | ᠬᠤᠶᠠᠳᠤᠭᠠᠷ ᠬᠤᠷᠠᠯ ᠪᠣᠯ ᠨᠢᠭᠡ ᠤᠳᠠᠭ᠎ᠠ ᠶᠢᠨ ᠲᠤᠭ ᠢ ᠥᠨᠳᠥᠷ ᠮᠠᠨᠳᠤᠭᠤᠯᠤᠭᠰᠠᠨ᠂ ᠦᠨᠡᠨ ᠬᠦ ᠠᠳᠬᠤᠨ ᠪᠣᠳᠠᠲᠠᠢ ᠠᠵᠢᠯᠯᠠᠵᠤ᠂ ᠪᠦᠯᠬᠦᠮᠳᠡᠨ ᠲᠡᠮᠡᠴᠡᠭᠰᠡᠨ | ᠶᠡᠭᠡ ᠬᠤᠷᠠᠯ ᠪᠣᠯᠣᠨ᠎ᠠ᠂ ᠢᠳᠡᠪᠬᠢ ᠬᠦᠴᠦᠨ ᠢ ᠨᠢᠭᠲᠠᠷᠠᠭᠤᠯᠵᠤ᠂ ᠴᠤᠭ ᠰᠦᠯᠳᠡ ᠶᠢ ᠬᠥᠪᠴᠢᠯᠡᠵᠡᠢ᠃ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ | ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠵᠡᠷᠭᠡ ᠨᠠᠮ ᠪᠣᠯᠣᠨ ᠲᠦᠷᠦ ᠶᠢᠨ ᠤᠳᠤᠷᠢᠳᠬᠤ | ᠨᠥᠬᠦᠳ ᠶᠡᠭᠡ ᠬᠤᠷᠠᠯ ᠤᠨ ᠡᠭᠢᠯᠡᠯᠲᠡ ᠶᠢᠨ ᠬᠤᠷᠠᠯ ᠪᠣᠯᠣᠨ ᠲᠡᠭᠦᠰᠬᠦ ᠬᠤᠷᠠᠯ ᠳᠤ ᠣᠷᠣᠯᠴᠠᠵᠤ᠂ ᠭᠡᠰᠢᠭᠦᠳ ᠢ ᠡᠷᠭᠢᠨ ᠦᠵᠡᠭᠰᠡᠨ ᠪᠥᠭᠡᠳ ᠳᠤᠭᠤᠶᠢᠯᠠᠩ | ᠬᠠᠮᠲᠤᠷᠠᠭᠰᠠᠨ ᠶᠠᠷᠢᠯᠴᠠᠭ᠎ᠠ ᠳᠤ ᠣᠷᠣᠯᠴᠠᠵᠤ᠂ ᠭᠡᠰᠢᠭᠦᠳ ᠲᠠᠢ ᠬᠠᠮᠲᠤ ᠪᠠᠷ ᠤᠯᠤᠰ ᠤᠨ ᠶᠡᠭᠡ ᠶᠠᠪᠤᠳᠠᠯ ᠢ ᠵᠥᠪᠯᠡᠪᠡ᠃ ᠪᠦᠭᠦ ᠭᠡᠰᠢᠭᠦᠳ ᠶᠡᠷᠦᠩᠬᠡᠢ ᠱᠦᠵᠢ ᠰᠢ | ᠶᠢᠨ ᠫᠢᠩ ᠤᠨ ᠭᠤᠮᠢᠨᠳᠠᠩ ᠤᠨ ᠬᠤᠪᠢᠰᠬᠠᠯᠲᠤ ᠬᠤᠷᠢᠶ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠡᠲᠡᠭᠡᠳ᠂ ᠣᠷᠴᠢᠨ ᠲᠣᠭᠤᠷᠢᠨ ᠡᠬᠢ ᠪᠠᠶᠠᠯᠢᠭ ᠤᠨ | ᠡᠲᠡᠭᠡᠳ ᠤᠨ ᠭᠡᠰᠢᠭᠦᠳ ᠤᠨ ᠳᠤᠭᠤᠶᠢᠯᠠᠩ ᠬᠠᠮᠲᠤᠷᠠᠭᠰᠠᠨ ᠬᠤᠷᠠᠯ ᠵᠡᠷᠭᠡ ᠳᠤ ᠣᠷᠣᠯᠴᠠᠬᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ | ᠰᠤᠷᠤᠯᠴᠠᠵᠤ᠂ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠪᠣᠯᠣᠨ ᠪᠤᠰᠤᠳ ᠮᠡᠳᠡᠭᠦᠯᠦᠯᠲᠡ ᠶᠢ ᠭᠦᠨᠵᠡᠭᠡᠢ ᠶᠠᠷᠢᠯᠴᠠᠵᠤ᠂ ᠤᠯᠤᠰ ᠲᠦᠷᠦ ᠶᠢᠨ ᠵᠥᠪᠯᠡᠯᠭᠡᠨ ᠤ | ᠪᠠᠶᠢᠩᠭᠤ ᠶᠢᠨ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠪᠣᠯᠣᠨ ᠰᠠᠨᠠᠯ ᠳᠤᠷᠠᠳᠤᠯᠭ᠎ᠠ ᠶᠢᠨ ᠠᠵᠢᠯ ᠤᠨ ᠪᠠᠶᠢᠳᠠᠯ ᠤᠨ ᠮᠡᠳᠡᠭᠦᠯᠦᠯᠲᠡ ᠵᠡᠷᠭᠡ ᠪᠢᠴᠢᠭ ᠮᠠᠲ᠋ᠧᠷᠢᠶᠠᠯ ᠢ | ᠨᠠᠷᠢᠨ ᠬᠢᠨᠠᠮᠠᠭᠠᠢ ᠬᠢᠨᠠᠨ ᠵᠥᠪᠯᠡᠵᠦ᠂ ᠢᠳᠡᠪᠬᠢᠲᠡᠢ ᠪᠠᠷ ᠰᠠᠨᠠᠯ ᠰᠠᠨᠠᠭᠤᠯᠭ᠎ᠠ ᠳᠤᠷᠠᠳᠤᠨ ᠵᠠᠰᠠᠭ ᠲᠤ ᠲᠤᠰᠠᠯᠠᠵᠤ᠂ ᠬᠠᠮᠲᠤ ᠶᠢᠨ ᠲᠠᠨᠢᠯᠲᠠ ᠶᠢ ᠥᠷᠭᠡᠨ ᠢᠶᠠᠷ | ᠨᠢᠭᠲᠠᠷᠠᠭᠤᠯᠵᠤ᠂ ᠲᠦᠷᠦ ᠶᠢᠨ ᠶᠠᠪᠤᠳᠠᠯ ᠢ ᠵᠥᠪᠯᠡᠭᠰᠡᠨ ᠡᠯᠪᠡᠭ ᠦᠷ᠎ᠡ ᠪᠦᠲᠦᠭᠡᠯ ᠣᠯᠪᠠ᠃ ᠪᠦᠭᠦ ᠭᠡᠰᠢᠭᠦᠳ ᠥᠩᠭᠡᠷᠡᠭᠰᠡᠨ ᠨᠢᠭᠡ ᠵᠢᠯ ᠳᠤ ᠰᠢ ᠶᠢᠨ ᠫᠢᠩ | ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠪᠦᠭᠦ ᠨᠠᠮ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ | ᠳᠠᠭᠠᠭᠤᠯᠵᠤ ᠡᠷᠡᠯᠬᠡᠭᠯᠡᠨ ᠲᠡᠮᠡᠴᠡᠵᠦ᠂ ᠡᠷᠡᠮᠡᠬᠡᠶᠢᠯᠡᠨ ᠤᠷᠤᠭᠰᠢᠯᠠᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠠᠨ ᠲᠡᠭᠦᠰ | ᠠᠮᠵᠢᠯᠲᠠ ᠲᠠᠢ ᠪᠡᠶᠡᠯᠡᠭᠦᠯᠵᠦ᠂ ︽ᠳᠤᠮᠳᠠᠳᠤ ᠤᠯᠤᠰ ᠨᠡᠷᠡᠮᠵᠢᠲᠦ︾ ᠲᠣᠮᠣ ᠬᠥᠯᠭᠡ ᠣᠩᠭᠤᠴᠠ ᠶᠢ ᠵᠢᠯᠣᠭᠤᠳᠤᠨ ᠳᠠᠪᠠᠯᠭᠠᠨ ᠢ ᠵᠦᠰᠦᠨ ᠡᠷᠡᠯᠬᠡᠭᠯᠡᠨ | ᠤᠷᠤᠭᠰᠢᠯᠠᠭᠰᠠᠨ ᠢ ᠳᠡᠭᠡᠳᠦ ᠬᠡᠮᠵᠢᠶ᠎ᠡ ᠪᠠᠷ ᠦᠨᠡᠯᠡᠪᠡ᠃ ︽ᠬᠤᠶᠠᠷ ᠢ ᠲᠣᠭᠲᠠᠭᠠᠭᠰᠠᠨ︾ ᠨᠢ ᠪᠢᠳᠡᠨ ᠤ ᠡᠯ᠎ᠡ ᠵᠦᠢᠯ ᠤᠨ ᠠᠶᠤᠯ ᠲᠦᠭᠰᠢᠭᠦᠷᠢ | ᠥᠷᠢᠰᠦᠯᠳᠦᠭᠡᠨ ᠢ ᠠᠷᠭᠠᠴᠠᠭᠠᠬᠤ᠂ ᠨᠠᠮ ᠪᠣᠯᠣᠨ ᠤᠯᠤᠰ ᠤᠨ ᠠᠵᠢᠯ ᠦᠢᠯᠡᠰ ᠤᠨ ᠬᠥᠭᠵᠢᠯᠲᠡ ᠶᠢ ᠠᠬᠢᠭᠤᠯᠬᠤ ᠳᠤ ᠰᠢᠢᠳᠪᠦᠷᠢᠯᠡᠭᠴᠢ ᠴᠢᠨᠠᠷᠲᠠᠢ ᠠᠴᠢ | ᠬᠤᠯᠪᠣᠭᠳᠠᠯ ᠲᠠᠢ ᠭᠡᠳᠡᠭ ᠢ ᠪᠦᠭᠦ ᠭᠡᠰᠢᠭᠦᠳ ᠨᠡᠩ ᠭᠦᠨᠵᠡᠭᠡᠢ ᠣᠶᠢᠯᠠᠭᠠᠪᠠ ᠭᠡᠵᠡᠢ᠃ | ᠸᠠᠩ ᠬᠤ᠋ ᠨᠢᠩ᠂ ᠡᠨᠡ ᠵᠢᠯ ᠪᠣᠯ ᠪᠦᠭᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠤᠢ ᠪᠤᠯᠬᠤ ᠪᠥᠭᠡᠳ | ᠠᠷᠠᠳ ᠤᠨ ᠤᠯᠤᠰ ᠲᠦᠷᠦ ᠶᠢᠨ ᠵᠥᠪᠯᠡᠯᠭᠡᠨ ᠪᠠᠶᠢᠭᠤᠯᠤᠭᠳᠠᠭᠰᠠᠨ 75 ᠵᠢᠯ ᠤᠨ ᠤᠢ ᠪᠣᠯᠣᠨ᠎ᠠ᠃ 75 ᠵᠢᠯ ᠤᠨ ᠲᠤᠷᠰᠢ᠂ ᠨᠠᠮ ᠤᠨ ᠤᠳᠤᠷᠢᠳᠤᠯᠭ᠎ᠠ ᠳᠣᠣᠷ᠎ᠠ᠂ | ᠠᠷᠠᠳ ᠤᠨ ᠤᠯᠤᠰ ᠲᠦᠷᠦ ᠶᠢᠨ ᠵᠥᠪᠯᠡᠯᠭᠡᠨ ᠰᠢᠨ᠎ᠡ ᠳᠤᠮᠳᠠᠳᠤ ᠤᠯᠤᠰ ᠢ ᠪᠠᠶᠢᠭᠤᠯᠬᠤ᠂ ᠰᠢᠨ᠎ᠡ ᠳᠤᠮᠳᠠᠳᠤ ᠤᠯᠤᠰ ᠢ ᠪᠦᠲᠦᠭᠡᠨ ᠪᠠᠶᠢᠭᠤᠯᠬᠤ᠂ | ᠥᠭᠡᠷᠡᠴᠢᠯᠡᠯᠲᠡ ᠶᠢᠨ ᠵᠠᠮ ᠢ ᠰᠦᠪᠡᠭᠴᠢᠯᠡᠬᠦ᠂ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠠᠭᠤᠤ ᠶᠡᠭᠡ ᠦᠢᠯᠡᠳᠦᠯᠭᠡ ᠳᠤ ᠢᠳᠡᠪᠬᠢᠲᠡᠢ ᠣᠷᠣᠯᠴᠠᠵᠤ᠂ ᠭᠡᠷᠡᠯ | ᠰᠠᠴᠤᠷᠠᠩᠭᠤᠢ ᠲᠡᠦᠬᠡᠨ ᠶᠠᠪᠤᠴᠠ ᠶᠢ ᠥᠩᠭᠡᠷᠡᠭᠦᠯᠪᠡ᠃ ᠠᠷᠠᠳ ᠤᠨ ᠤᠯᠤᠰ ᠲᠦᠷᠦ ᠶᠢᠨ ᠵᠥᠪᠯᠡᠯᠭᠡᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ ᠤᠯᠤᠰ | ᠲᠥᠷᠥ ᠶᠢᠨ ᠵᠥᠪᠯᠡᠯᠭᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠨᠡᠪᠲᠡᠷᠡᠲᠡᠯ᠎ᠡ ᠣᠶᠢᠯᠠᠭᠠᠵᠤ᠂ | ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠭᠦᠭ ᠠᠶᠠᠰ ᠢ ᠪᠠᠷᠢᠮᠲᠠᠯᠠᠵᠤ᠂ ᠨᠠᠮ ᠤᠨ ᠤᠳᠤᠷᠢᠳᠤᠯᠭ᠎ᠠ᠂ ᠨᠢᠭᠡᠳᠦᠮᠡᠯ ᠹᠷᠣᠨᠲ᠂ | ᠵᠥᠪᠯᠡᠬᠦ ᠠᠷᠠᠳᠴᠢᠯᠠᠯ ᠢ ᠣᠷᠭᠠᠨᠢᠭ ᠢᠶᠠᠷ ᠤᠶᠠᠯᠳᠤᠭᠤᠯᠬᠤ ᠶᠢ ᠪᠠᠷᠢᠮᠲᠠᠯᠠᠵᠤ᠂ ᠪᠦᠯᠬᠦᠮᠳᠡᠯ ᠪᠠ ᠠᠷᠠᠳᠴᠢᠯᠠᠯ ᠤᠨ ᠬᠤᠶᠠᠷ ᠶᠡᠭᠡ ᠭᠤᠣᠯ ᠰᠡᠳᠦᠪ ᠢ ᠪᠠᠷᠢᠮᠲᠠᠯᠠᠵᠤ᠂ | ᠰᠢᠯᠢᠳᠡᠭ ᠤᠯᠠᠮᠵᠢᠯᠠᠯ ᠢᠶᠠᠨ ᠪᠠᠳᠠᠷᠠᠭᠤᠯᠵᠤ᠂ ᠤᠯᠤᠰ ᠲᠥᠷᠥ ᠶᠢᠨ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠤᠯᠤᠰ ᠲᠥᠷᠥ ᠶᠢᠨ ᠵᠥᠪᠯᠡᠯᠭᠡ᠂ | ᠠᠷᠠᠳᠴᠢᠯᠠᠯ ᠢᠶᠠᠷ ᠬᠢᠨᠠᠯᠲᠠ ᠲᠠᠯᠪᠢᠬᠤ᠂ ᠲᠦᠷᠦ ᠶᠢᠨ ᠶᠠᠪᠤᠳᠠᠯ ᠳᠤ ᠣᠷᠣᠯᠴᠠᠨ ᠲᠦᠷᠦ ᠶᠢᠨ ᠶᠠᠪᠤᠳᠠᠯ ᠢ ᠵᠥᠪᠯᠡᠬᠦ ᠲᠦᠪᠰᠢᠨ ᠢᠶᠠᠨ ᠲᠡᠭᠡᠭᠰᠢᠯᠡᠭᠦᠯᠵᠦ᠂ ᠢᠮᠠᠭᠲᠠ | ᠨᠠᠮ ᠪᠠ ᠤᠯᠤᠰ ᠤᠨ ᠠᠵᠢᠯ ᠦᠢᠯᠡᠰ ᠤᠨ ᠶᠡᠭᠡ ᠲᠠᠯ᠎ᠠ ᠶᠢ ᠪᠣᠳᠣᠯᠬᠢᠯᠠᠨ ᠠᠵᠢᠯ ᠢᠶᠠᠨ ᠥᠷᠨᠢᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ | ᠠᠬᠢᠭᠤᠯᠬᠤ ᠲᠠᠢ ᠨᠢᠭᠲᠠ ᠤᠶᠠᠯᠳᠤᠭᠤᠯᠤᠨ ᠡᠭᠦᠷᠭᠡ ᠴᠢᠳᠠᠪᠬᠢ ᠪᠠᠨ ᠭᠦᠢᠴᠡᠳᠬᠡᠵᠦ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠬᠤ ᠬᠡᠷᠡᠭᠲᠡᠢ᠃ ᠤᠯᠤᠰ | ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠬᠤ ᠶᠢ ᠤᠯᠤᠰ ᠲᠦᠷᠦ ᠶᠢᠨ ᠵᠥᠪᠯᠡᠯᠭᠡᠨ ᠤ ᠠᠵᠢᠯ ᠤᠨ | ᠳᠤᠮᠳᠠ ᠨᠠᠶᠢᠳᠠᠪᠤᠷᠢᠵᠢᠭᠤᠯᠵᠤ᠂ ᠪᠣᠳᠠᠲᠤ ᠠᠵᠢᠯᠯᠠᠭ᠎ᠠ ᠳᠡᠭᠡᠷ᠎ᠡ ᠪᠠᠨ ᠢᠯᠡᠷᠡᠭᠦᠯᠵᠦ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠳᠤ ᠣᠷᠣᠯᠴᠠᠬᠰᠠᠨ ᠡᠯ᠎ᠡ ᠨᠠᠮ | ᠪᠦᠯᠦᠭ ᠪᠦᠯᠭᠦᠮ᠂ ᠡᠯ᠎ᠡ ᠦᠨᠳᠦᠰᠦᠲᠡᠨ ᠡᠯ᠎ᠡ ᠡᠲᠡᠭᠡᠳ ᠤᠨ ᠬᠥᠮᠥᠰ ᠤᠨ ᠨᠠᠮ ᠤᠨ ᠦᠭᠡ ᠶᠢ ᠡᠷᠡᠰ ᠪᠠᠲᠤ ᠰᠣᠨᠣᠰᠴᠤ᠂ ᠨᠠᠮ ᠢᠶᠠᠨ ᠳᠠᠭᠠᠬᠤ ᠶᠢ | ᠪᠦᠯᠬᠦᠮᠳᠡᠭᠦᠯᠦᠨ ᠵᠢᠯᠤᠭᠤᠳᠬᠤ ᠬᠡᠷᠡᠭᠲᠡᠢ᠃ ᠭᠤᠣᠯᠳᠠᠯᠭ᠎ᠠ ᠲᠠᠢ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠴᠢᠨᠠᠷ ᠰᠠᠶᠢᠲᠠᠢ ᠰᠠᠨᠠᠯ ᠰᠠᠨᠠᠭᠤᠯᠭ᠎ᠠ | ᠳᠤᠷᠠᠳᠬᠤ ᠪᠠᠷ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠬᠡᠷᠡᠭᠲᠡᠢ᠃ ᠶᠡᠭᠡ ᠪᠦᠯᠬᠦᠮᠳᠡᠯ ᠶᠡᠭᠡ ᠬᠤᠯᠪᠣᠭᠠᠯᠠᠯ ᠢ ᠪᠠᠷᠢᠮᠲᠠᠯᠠᠵᠤ᠂ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠥᠷᠭᠡᠨ ᠳᠡᠯᠭᠡᠷ ᠢᠶᠠᠷ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠬᠤ ᠬᠡᠷᠡᠭᠲᠡᠢ | ᠭᠡᠵᠦ ᠢᠯᠡᠳᠬᠡᠪᠡ᠃ | ᠸᠠᠩ ᠬᠤ᠋ ᠨᠢᠩ᠂ ᠪᠢᠳᠠ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ | ᠂ ᠪᠣᠳᠠᠲᠠᠢ ᠠᠵᠢᠯᠯᠠᠬᠤ᠂ ᠬᠠᠷᠢᠭᠤᠴᠠᠯᠭ᠎ᠠ ᠡᠭᠦᠷᠭᠡᠯᠡᠬᠦ ᠶᠢ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠰᠢᠨ᠎ᠡ ᠠᠶᠠᠨ ᠳᠤ ᠪᠢᠴᠢᠭᠯᠡᠵᠦ᠂ | ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ | ᠮᠠᠨᠳᠤᠯᠲᠠ ᠶᠢ ᠪᠦᠭᠦ ᠲᠠᠯ᠎ᠠ ᠪᠠᠷ ᠠᠬᠢᠭᠤᠯᠬᠤ ᠶᠢᠨ ᠲᠥᠯᠥᠭᠡ ᠪᠦᠯᠬᠦᠮᠳᠡᠨ ᠲᠡᠮᠡᠴᠡᠬᠦ ᠬᠡᠷᠡᠭᠲᠡᠢ ᠭᠡᠵᠦ ᠢᠯᠡᠳᠬᠡᠪᠡ᠃ | ᠲᠡᠭᠦᠰᠬᠦ ᠬᠤᠷᠠᠯ ᠳᠤ ᠣᠷᠣᠯᠴᠠᠬᠰᠠᠨ ᠤᠳᠤᠷᠢᠳᠬᠤ ᠨᠥᠬᠦᠳ ᠲᠤ ᠪᠠᠰᠠ᠄ ᠮᠠ ᠰᠢᠩ ᠷᠦᠢ᠂ ᠸᠠᠩ ᠢ᠂ ᠶᠢᠨ ᠯᠢ᠂ ᠯᠢᠦ ᠭᠦᠸᠧ ᠵᠦᠩ᠂ ᠯᠢ ᠭᠠᠨ | ᠵᠢᠶᠧ᠂ ᠯᠢ ᠱᠤ᠋ ᠯᠧᠢ᠂ ᠯᠢ ᠬᠤᠩ ᠵᠦᠩ᠂ ᠾᠧ ᠸᠧᠢ ᠳ᠋ᠦᠩ᠂ ᠾᠧ ᠯᠢ ᠹᠧᠩ᠂ ᠵᠠᠩ ᠶᠢᠤ ᠰᠢᠶᠠ᠂ ᠵᠠᠩ ᠭᠦᠸᠧ ᠴᠢᠩ᠂ ᠴᠧᠨ ᠸᠧᠨ ᠴᠢᠩ᠂ ᠴᠧᠨ ᠵᠢᠢ | ᠨᠢᠩ᠂ ᠴᠧᠨ ᠮᠢᠨ ᠡᠯ᠂ ᠶᠤᠸᠠᠨ ᠵᠢᠶᠠ ᠵᠢᠶᠦ᠋ᠨ᠂ ᠬᠤᠸᠠᠩ ᠺᠦᠨ ᠮᠢᠩ᠂ ᠯᠢᠦ ᠶᠢᠨ ᠭᠦᠸᠧ᠂ ᠸᠠᠩ ᠰᠢᠶᠣᠣ ᠬᠤᠩ᠂ ᠸᠠᠩ ᠳ᠋ᠦᠩ ᠮᠢᠩ᠂ ᠰᠢᠶᠣᠣ ᠵᠢᠶᠧ᠂ | ᠵᠧᠩ ᠵᠢᠶᠠᠨ ᠪᠠᠩ᠂ ᠳ᠋ᠢᠩ ᠵᠦᠩ ᠯᠢ᠂ ᠬᠤᠤ ᠮᠢᠩ ᠶᠢᠨ᠂ ᠼᠠᠢ ᠳ᠋ᠠ ᠹᠧᠩ᠂ ᠾᠧ ᠸᠧᠢ᠂ ᠦ᠋ ᠸᠧᠢ ᠬᠤᠸᠠ᠂ ᠲᠢᠶᠧ ᠨᠢᠩ᠂ ᠫᠧᠩ ᠴᠢᠩ ᠬᠤᠸᠠ᠂ ᠵᠠᠩ | ᠴᠢᠩ ᠸᠧᠢ᠂ ᠯᠣᠪᠰᠠᠩᠵᠠᠯᠰᠠᠨ᠂ ᠰᠢᠤᠸᠠᠶᠢᠺᠧᠯᠠᠶᠢᠲ᠋ᠢ · ᠵᠠᠺᠧᠯ᠂ ᠦ᠋ ᠵᠧᠩ ᠯᠦᠩ᠂ ᠱᠧᠨ ᠢ ᠴᠢᠨ᠂ ᠵᠠᠩ ᠵᠢᠶᠦ᠋ᠨ᠂ ᠶᠢᠩ ᠶᠦᠩ ᠨᠠᠷ ᠪᠠᠶᠢᠨ᠎ᠠ᠃ | ᠨᠠᠮ ᠤᠨ ᠲᠥᠪ ᠬᠤᠷᠢᠶ᠎ᠠ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠲᠦᠷᠦ ᠶᠢᠨ | ᠶᠠᠪᠤᠳᠠᠯ ᠤᠨ ᠬᠤᠷᠢᠶ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠲᠡᠭᠦᠰᠬᠦ ᠬᠤᠷᠠᠯ ᠳᠤ ᠰᠤᠯᠠ ᠣᠷᠣᠯᠴᠠᠵᠠᠢ᠃ ᠳᠤᠮᠳᠠᠳᠤ ᠤᠯᠤᠰ ᠲᠤ | ᠰᠠᠭᠤᠭ᠎ᠠ ᠭᠠᠳᠠᠭᠠᠳᠤ ᠶᠢᠨ ᠡᠯᠴᠢᠨ ᠰᠠᠶᠢᠳ᠂ ᠭᠠᠳᠠᠭᠠᠳᠤ ᠳᠤ ᠰᠠᠭᠤᠭ᠎ᠠ ᠳᠤᠮᠳᠠᠳᠤ ᠶᠢᠨ ᠬᠠᠷᠢᠶᠠᠲᠤ ᠨᠠᠷ ᠤᠷᠢᠯᠭ᠎ᠠ ᠪᠠᠷ ᠲᠡᠭᠦᠰᠬᠦ ᠬᠤᠷᠠᠯ ᠳᠤ ᠣᠷᠣᠯᠴᠠᠪᠠ᠃ | ᠶᠡᠭᠡ ᠬᠤᠷᠠᠯ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠳᠤᠮᠳᠠ ᠲᠡᠭᠦᠰᠪᠡ᠃ | |