ᠠᠪᠴᠤ ᠶᠠᠪᠤᠵᠤ ᠪᠣᠯᠬᠤ ᠦᠭᠡᠢ︕ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢ ᠲᠠᠢ ᠬᠤᠯᠪᠣᠭᠳᠠᠨ᠎ᠠ︕
ᠨᠡᠶᠢᠲᠡᠯᠡᠭᠰᠡᠨ ᠴᠠᠭ᠄
2024/3/11
      ᠣᠶᠢᠷ᠎ᠠ ᠳᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ᠂ ᠰᠤᠷᠭᠠᠨ ᠬᠥᠮᠦᠵᠢᠯ ᠤᠨ ᠶᠠᠮᠤᠨ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠠᠴᠠ ᠬᠡᠦᠬᠡᠳ ᠪᠠ ᠰᠤᠷᠤᠭᠴᠢ ᠶᠢᠨ ᠭᠤᠤᠯᠳᠠᠯᠭ᠎ᠠ ᠲᠠᠢ ᠬᠡᠷᠡᠭᠯᠡᠭᠡᠨ ᠤ ᠵᠦᠢᠯ ᠤᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠬᠤ ᠬᠤᠯᠪᠣᠭᠳᠠᠯ ᠪᠥᠬᠦᠶ ᠵᠦᠢᠯᠡᠰ ᠤᠨ ᠲᠤᠬᠠᠶ ᠠᠯᠪᠠᠨ ᠵᠠᠷ ᠨᠡᠶᠢᠲᠡᠯᠡᠪᠡ᠃ ᠰᠤᠷᠤᠭᠴᠢᠳ ᠦᠢᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠪᠠᠷᠢᠮᠵᠢᠶ᠎ᠠ ᠳᠤ ᠨᠡᠶᠢᠴᠡᠬᠦ ᠦᠭᠡᠢ᠂ ᠠᠮᠠᠷᠬᠠᠨ ᠬᠦᠴᠦᠷᠬᠡᠭᠯᠡᠯ ᠡᠭᠦᠰᠭᠡᠬᠦ ᠵᠡᠷᠭᠡ ᠮᠠᠭᠤ ᠦᠢᠯᠡ ᠠᠵᠢᠯᠯᠠᠭ᠎ᠠ ᠶᠢᠨ ᠬᠡᠯᠪᠡᠷᠢᠯ ᠭᠠᠷᠴᠤ ᠮᠡᠳᠡᠬᠦ ᠬᠡᠦᠬᠡᠳ ᠪᠠ ᠰᠤᠷᠤᠭᠴᠢ ᠶᠢᠨ ᠬᠡᠷᠡᠭᠰᠡᠯ ᠢ ᠠᠪᠴᠤ ᠰᠤᠷᠭᠠᠭᠤᠯᠢ ᠶᠢᠨ ᠬᠦᠷᠢᠶᠡᠨ ᠳᠤ ᠤᠷᠤᠵᠤ ᠪᠤᠯᠬᠤ ᠦᠭᠡᠢ︕ ᠭᠡᠪᠡ᠃
ᠢᠷᠡᠯᠲᠡ᠄ ᠠᠷᠠᠳ ᠤᠨ ᠮᠣᠩᠭᠤᠯ ᠰᠦᠯᠵᠢᠶ᠎ᠡ