2023 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠦᠯᠦᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠬᠢᠭᠡᠳ 2024 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠲᠤᠬᠠᠢ ᠠᠷᠪᠠᠨ ᠳᠦᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠤᠨ ᠰᠢᠢᠳᠪᠦᠷᠢ
ᠨᠡᠶᠢᠲᠡᠯᠡᠭᠰᠡᠨ ᠴᠠᠭ᠄
2024/3/12
      ︵2024 ᠣᠨ ᠤ 3 ᠰᠠᠷ᠎ᠠ ᠶᠢᠨ 11᠎ ᠤ ᠡᠳᠦᠷ ᠠᠷᠪᠠᠨ ᠳᠦᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠠᠴᠠ ᠪᠠᠲᠤᠯᠠᠪᠠ︶      ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 11᠎ ᠤ ᠴᠠᠬᠢᠯᠭᠠᠨ ᠮᠡᠳᠡᠭᠡ   ᠠᠷᠪᠠᠨ ᠳᠦᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠠᠴᠠ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠳᠤᠷᠠᠳᠤᠭᠰᠠᠨ ︽2023 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠦᠯᠦᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠬᠢᠭᠡᠳ 2024 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠲᠥᠰᠥᠯ ᠤᠨ ᠲᠤᠬᠠᠢ ᠮᠡᠳᠡᠭᠦᠯᠦᠯᠲᠡ︾ ᠵᠢᠴᠢ 2024 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠲᠥᠰᠥᠯ ᠢ ᠬᠢᠨᠠᠨ ᠪᠠᠶᠢᠴᠠᠭᠠᠵᠤ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠳ᠋ ᠤᠨ ᠵᠠᠰᠠᠭ ᠠᠵᠤ ᠠᠬᠤᠢ ᠶᠢᠨ ᠵᠥᠪᠯᠡᠯ ᠤᠨ ᠬᠢᠨᠠᠨ ᠪᠠᠶᠢᠴᠠᠭᠠᠭᠰᠠᠨ ᠦᠷ᠎ᠡ ᠳ᠋ᠦᠩ ᠤᠨ ᠮᠡᠳᠡᠭᠦᠯᠦᠯᠲᠡ ᠶᠢ ᠵᠥᠪᠰᠢᠶᠡᠷᠡᠪᠡ᠃ ᠬᠤᠷᠠᠯ ᠠᠴᠠ ︽2023 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠦᠯᠦᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠬᠢᠭᠡᠳ 2024 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠲᠥᠰᠥᠯ ᠤᠨ ᠲᠤᠬᠠᠢ ᠮᠡᠳᠡᠭᠦᠯᠦᠯᠲᠡ ︾᠎ ᠶᠢ ᠵᠥᠪᠰᠢᠶᠡᠷᠡᠵᠦ᠂ 2024 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠵᠥᠪᠰᠢᠶᠡᠷᠡᠬᠦ ᠪᠠᠷ ᠲᠣᠭᠲᠠᠪᠠ᠃
ᠢᠷᠡᠯᠲᠡ᠄ ᠦᠪᠦᠷ ᠮᠣᠩᠭᠤᠯ ᠤᠨ ᠠᠷᠠᠳ ᠤᠨ ᠵᠠᠰᠠᠭ ᠤᠨ ᠣᠷᠳᠣᠨ