ᠰᠢᠨ᠎ᠡ ᠪᠠᠷᠭᠤ ᠪᠠᠷᠠᠭᠤᠨ ᠬᠤᠰᠢᠭᠤ᠄ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ ᠪᠠᠲᠤᠯᠠᠵᠤ ᠪᠤᠢ
ᠨᠡᠶᠢᠲᠡᠯᠡᠭᠰᠡᠨ ᠴᠠᠭ᠄
2024/3/12
     ᠣᠶᠢᠷ᠎ᠠ ᠶᠢᠨ ᠵᠢᠯ ᠳᠤ᠂ ᠰᠢᠨ᠎ᠡ ᠪᠠᠷᠭᠤ ᠪᠠᠷᠠᠭᠤᠨ ᠬᠤᠰᠢᠭᠤ ᠰᠡᠷᠭᠡᠶᠢᠯᠡᠬᠦ ᠪᠠᠷ ᠭᠤᠣᠯ ᠪᠣᠯᠭᠠᠨ᠂ ᠭᠦᠢᠴᠡᠳ ᠪᠡᠯᠡᠳᠬᠡᠯ ᠬᠢᠵᠦ ᠭᠠᠮᠰᠢᠭ ᠢ ᠰᠡᠷᠭᠡᠶᠢᠯᠡᠬᠦ ᠤᠬᠠᠮᠰᠠᠷ ᠢ ᠪᠠᠲᠤ ᠪᠤᠶ ᠪᠣᠯᠭᠠᠵᠤ᠂ ᠮᠠᠯ ᠠᠵᠤ ᠠᠬᠤᠢ ᠶᠢᠨ ᠦᠢᠯᠡᠳᠪᠦᠷᠢᠯᠡᠯ ᠪᠠ ᠭᠠᠮᠰᠢᠭ ᠢ ᠰᠡᠷᠭᠡᠶᠢᠯᠡᠨ ᠠᠷᠭᠠᠴᠠᠬᠤ ᠵᠡᠷᠭᠡ ᠠᠵᠢᠯ ᠢ ᠵᠣᠬᠢᠰᠲᠠᠢ ᠪᠠᠶᠢᠷᠢᠯᠠᠭᠤᠯᠵᠤ ᠂ ᠮᠠᠯᠴᠢᠳ ᠤᠨ ᠡᠪᠡᠰᠦ ᠪᠣᠷᠳᠤᠭ᠎ᠠ ᠨᠥᠭᠡᠴᠡᠯᠡᠬᠦ᠂ ᠡᠪᠡᠳᠴᠢᠨ ᠬᠢᠵᠢᠭ ᠢ ᠰᠡᠷᠭᠡᠶᠢᠯᠡᠨ ᠵᠠᠰᠠᠬᠤ᠂ ᠳᠤᠯᠠᠭᠠᠨ ᠬᠦᠯᠡᠮᠵᠢ ᠶᠢᠨ ᠢᠵᠢ ᠪᠦᠷᠢᠳᠦᠭᠦᠯᠬᠦ ᠲᠥᠬᠦᠭᠡᠷᠦᠮᠵᠢ ᠵᠡᠷᠭᠡ ᠪᠠᠶᠢᠳᠠᠯ ᠢ ᠭᠦᠨᠵᠡᠭᠡᠢ ᠣᠶᠢᠯᠠᠭᠠᠨ᠂ ᠮᠠᠯᠴᠢᠨ ᠲᠦᠮᠡᠨ ᠢ ᠢᠳᠡᠪᠬᠢᠲᠡᠢ ᠬᠥᠲᠥᠯᠥᠨ ᠵᠢᠯᠤᠭᠤᠳᠴᠤ ᠡᠪᠡᠰᠦ ᠪᠣᠷᠳᠤᠭ᠎ᠠ ᠨᠥᠭᠡᠴᠡᠯᠡᠬᠦ ᠠᠵᠢᠯ ᠢ ᠰᠠᠶᠢᠲᠤᠷ ᠬᠢᠵᠦ ᠂ ᠮᠠᠯ ᠤᠨᠤᠭ᠎ᠠ ᠶᠢᠨ ︽ᠠᠮᠤ ᠬᠦᠨᠡᠰᠦ︾ ᠶᠢ ᠤᠷᠢᠳᠴᠢᠯᠠᠨ ᠭᠦᠢᠴᠡᠳ ᠪᠡᠯᠡᠳᠬᠡᠨ ᠥᠭᠴᠦ᠂ ᠲᠦᠯ ᠮᠠᠯ ᠤᠨ ᠡᠪᠦᠯ ᠬᠠᠪᠤᠷ ᠢ ᠮᠡᠨᠳᠦ ᠥᠩᠭᠡᠷᠡᠭᠦᠯᠬᠦ ᠪᠠ ᠪᠡᠯᠴᠢᠭᠡᠷᠯᠡᠭᠦᠯᠬᠦ ᠶᠢ ᠵᠣᠭᠰᠤᠭᠠᠬᠤ ᠬᠤᠭᠤᠴᠠᠭ᠎ᠠ ᠶᠢ ᠠᠮᠤᠷ ᠲᠦᠪᠰᠢᠨ ᠢᠶᠠᠷ ᠥᠩᠭᠡᠷᠡᠭᠦᠯᠬᠦ ᠶᠢ ᠪᠠᠲᠤᠯᠠᠭᠰᠠᠭᠠᠷ ᠢᠷᠡᠪᠡ᠃ ᠣᠶᠢᠷ᠎ᠠ ᠶᠢᠨ ᠡᠳᠦᠷ᠂ ᠣᠳᠣᠬᠠᠨ ᠤ ᠬᠠᠪᠤᠷ ᠤᠨ ᠤᠯᠠᠷᠢᠯ ᠤᠨ ᠲᠦᠯ ᠤᠨ ᠬᠤᠭᠤᠴᠠᠭᠠᠨ ᠤ ᠡᠪᠡᠰᠦ ᠪᠣᠷᠳᠣᠭᠠᠨ ᠤ ᠬᠡᠷᠡᠭᠴᠡᠭᠡ ᠲᠠᠢ ᠤᠶᠠᠯᠳᠤᠭᠤᠯᠤᠨ᠂ ᠰᠢᠨ᠎ᠡ ᠪᠠᠷᠭᠤ ᠪᠠᠷᠠᠭᠤᠨ ᠬᠤᠰᠢᠭᠤ ᠡᠯ᠎ᠡ ᠰᠤᠮᠤ ᠪᠠᠯᠭᠠᠰᠤᠨ ᠳᠤ ᠪᠠᠴᠢᠮ ᠪᠠᠶᠢᠳᠠᠯ ᠢ ᠠᠷᠭᠠᠴᠠᠬᠤ ᠡᠪᠡᠰᠦ ᠪᠣᠷᠳᠤᠭ᠎ᠠ ᠲᠠᠷᠬᠠᠭᠠᠵᠤ᠂ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠵᠦ᠂ ᠬᠠᠷᠢᠶ᠎ᠠ ᠣᠷᠣᠨ ᠳᠠᠬᠢ ᠮᠠᠯᠴᠢᠨ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠬᠠᠮᠠᠭᠠᠯᠠᠪᠠ᠃
3.12图1.jpg
      ᠬᠠᠪᠤᠷ ᠤᠨ ᠡᠬᠢᠨ ᠤ ᠭᠤᠷᠪᠠᠨ ᠰᠠᠷ᠎ᠠ ᠳᠤ ᠢᠴᠡᠭᠰᠡᠳ ᠬᠦᠳᠡᠯᠵᠦ᠂ ᠲᠦᠮᠡᠨ ᠪᠣᠳᠠᠰ ᠠᠮᠢᠯᠠᠨ ᠰᠡᠷᠭᠦᠵᠦ᠂ ᠠᠮᠢᠵᠢᠷᠠᠯ ᠤᠨ ᠬᠦᠴᠦᠨ ᠢᠶᠠᠷ ᠪᠢᠯᠬᠠᠨ᠎ᠠ᠃ ᠪᠣᠭᠳᠠᠠᠭᠤᠯᠠ ᠰᠤᠮᠤ ᠶᠢᠨ ᠭᠡᠨᠽᠢ ᠨᠡᠶᠢᠭᠡᠮ ᠲᠣᠭᠤᠷᠢᠭ ᠡᠪᠡᠰᠦ ᠪᠣᠷᠳᠤᠭ᠎ᠠ ᠶᠢ ᠬᠤᠰᠢᠭᠤᠨ ᠤ ᠡᠪᠡᠰᠦ ᠪᠣᠷᠳᠤᠭ᠎ᠠ ᠨᠦᠬᠡᠴᠡᠯᠡᠬᠦ ᠬᠥᠮᠥᠷᠭᠡ ᠠᠴᠠ ᠨᠡᠶᠢᠭᠡᠮ ᠲᠣᠭᠤᠷᠢᠭ ᠲᠤ ᠠᠪᠠᠴᠢᠬᠤ ᠶᠢᠨ ᠬᠠᠮᠲᠤ ᠴᠠᠭ ᠲᠤᠬᠠᠢ ᠳᠤᠨᠢ ᠰᠠᠭᠤᠭᠠᠯᠢ ᠠᠷᠠᠳ ᠲᠤ ᠲᠠᠷᠬᠠᠭᠠᠨ ᠥᠭᠴᠦ᠂ ᠡᠪᠡᠰᠦ ᠪᠣᠷᠳᠤᠭ᠎ᠠ ᠶᠢᠨ ᠨᠥᠭᠡᠴᠡ ᠶᠢᠨ ᠪᠠᠴᠢᠮ ᠪᠠᠶᠢᠳᠠᠯ ᠢ ᠠᠷᠭᠠᠴᠠᠬᠤ ᠦᠢᠯᠡᠳᠦᠯ ᠢ ᠪᠠᠳᠠᠷᠠᠭᠤᠯᠵᠤ᠂ ᠤᠯᠠᠨ ᠲᠦᠮᠡᠨ ᠤ ᠪᠠᠴᠢᠮ ᠲᠤᠯᠭᠠᠮ᠎ᠠ ᠠᠰᠠᠭᠤᠳᠠᠯ ᠢ ᠰᠢᠢᠳᠪᠦᠷᠢᠯᠡᠪᠡ᠃ ᠭᠧᠨᠽᠢ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠯᠢ ᠮᠢᠩ ᠳ᠋ᠦᠩ ᠤᠨ ᠦᠬᠡᠷ ᠨᠢ ᠡᠪᠡᠰᠦ ᠪᠣᠷᠳᠤᠭ᠎ᠠ ᠪᠠᠨ ᠰᠡᠯᠡᠭᠦᠦ ᠲᠠᠭᠠᠲᠠᠶᠢᠬᠠᠨ ᠢᠳᠡᠵᠦ ᠪᠠᠶᠢᠯ᠎ᠠ᠃ ᠯᠢ ᠮᠢᠩ ᠳ᠋ᠦᠩ᠂ ᠬᠤᠰᠢᠭᠤᠨ ᠤ ᠡᠪᠡᠰᠦ ᠪᠣᠷᠳᠤᠭ᠎ᠠ ᠨᠥᠭᠡᠴᠡᠯᠡᠬᠦ ᠬᠥᠮᠥᠷᠭᠡ ᠠᠴᠠ ᠪᠣᠭᠤᠯᠲᠠ ᠪᠦᠷᠢ ᠳᠡᠭᠡᠨ 280 ᠲᠥᠭᠦᠷᠢᠭ ᠤᠨ ᠦᠨ᠎ᠡ ᠪᠠᠷ ᠮᠠᠯᠴᠢᠳ ᠲᠤ ᠡᠪᠡᠰᠦ ᠪᠣᠷᠳᠤᠭ᠎ᠠ ᠲᠠᠷᠬᠠᠭᠠᠵᠤ᠂ ᠨᠢᠭᠡ ᠲᠠᠯ᠎ᠠ ᠪᠠᠷ ᠮᠠᠯᠴᠢᠳ ᠤᠨ ᠡᠪᠡᠰᠦ ᠪᠣᠷᠳᠤᠭ᠎ᠠ ᠬᠤᠳᠠᠯᠳᠤᠨ ᠠᠪᠬᠤ ᠠᠵᠤ ᠠᠬᠤᠢ ᠶᠢᠨ ᠳᠠᠷᠤᠭᠠᠰᠤ ᠶᠢ ᠬᠥᠩᠭᠡᠯᠡᠵᠦ᠂ ᠣᠯᠠᠨ ᠲᠦᠮᠡᠨ ᠤ ᠠᠰᠢᠭ ᠲᠤᠰᠠ ᠶᠢ ᠦᠨᠡᠨ ᠬᠦ ᠪᠠᠲᠤᠯᠠᠪᠠ︔ ᠨᠥᠭᠦᠭᠡ ᠲᠠᠯ᠎ᠠ ᠪᠠᠷ᠂ ᠣᠯᠠᠨ ᠲᠦᠮᠡᠨ ᠤ ᠲᠡᠵᠢᠭᠡᠨ ᠦᠷᠡᠵᠢᠭᠦᠯᠬᠦ ᠢᠳᠡᠪᠬᠢᠵᠢᠯ ᠢ ᠳᠠᠶᠢᠴᠢᠯᠠᠵᠤ᠂ ᠮᠠᠯ ᠤᠨᠤᠭ᠎ᠠ ᠶᠢᠨ ᠠᠮᠤᠷ ᠲᠦᠪᠰᠢᠨ ᠢᠶᠠᠷ ᠬᠠᠪᠤᠷ ᠢ ᠥᠩᠭᠡᠷᠡᠭᠡᠬᠦ ᠪᠠ ᠲᠥᠯ ᠲᠤᠰᠴᠤ ᠪᠣᠶᠢᠵᠢᠭᠤᠯᠬᠤ ᠳᠤ ᠪᠠᠲᠤ ᠪᠠᠬᠢ ᠰᠠᠭᠤᠷᠢ ᠲᠠᠯᠪᠢᠵᠤ ᠥᠭᠪᠡ ᠭᠡᠵᠦ ᠰᠡᠳᠬᠢᠯ ᠳᠣᠭᠲᠣᠯᠣᠨ ᠶᠠᠷᠢᠵᠤ ᠪᠠᠶᠢᠯ᠎ᠠ᠃
3.12图2.jpg
      ᠰᠢᠨ᠎ᠡ ᠪᠠᠷᠭᠤ ᠪᠠᠷᠠᠭᠤᠨ ᠬᠤᠰᠢᠭᠤ ᠭᠠᠮᠰᠢᠭ ᠢ ᠰᠡᠷᠭᠡᠶᠢᠯᠡᠨ ᠮᠠᠯ ᠠᠵᠤ ᠠᠬᠤᠢ ᠶᠢ ᠬᠠᠮᠠᠭᠠᠯᠠᠬᠤ ᠠᠮᠤᠷ ᠲᠦᠪᠰᠢᠨ ᠤ ᠬᠥᠪᠴᠢ ᠶᠢ ᠴᠢᠩᠭᠠᠯᠠᠵᠤ᠂ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠵᠤ᠂ ᠡᠪᠡᠰᠦ ᠪᠣᠷᠳᠤᠭ᠎ᠠ ᠶᠢ ᠰᠢᠯᠵᠢᠭᠦᠯᠦᠨ ᠵᠥᠭᠡᠭᠡᠪᠦᠷᠢᠯᠡᠬᠦ ᠠᠵᠢᠯ ᠢ ᠨᠠᠶᠢᠳᠠᠪᠤᠷᠢᠵᠢᠭᠤᠯᠬᠤ ᠶᠢ ᠴᠢᠩᠭᠠᠳᠬᠠᠨ᠂ ᠪᠡᠯᠡᠳᠬᠡᠯ ᠲᠠᠢ ᠪᠠᠶᠢᠪᠠᠯ ᠪᠠᠯᠠᠳᠠᠬᠤ ᠦᠭᠡᠢ ᠪᠠᠶᠢᠬᠤ ᠶᠢ ᠪᠠᠲᠤᠯᠠᠪᠠ᠃ ᠡᠭᠦᠨ ᠤ ᠬᠠᠮᠲᠤ ︽ᠡᠷᠬᠡ ᠲᠡᠭᠰᠢ᠂ ᠲᠥᠪ ᠭᠤᠥᠯᠴᠢ᠂ ᠢᠯᠡ ᠲᠣᠳᠣ︾ ᠵᠠᠷᠴᠢᠮ ᠢ ᠪᠠᠷᠢᠮᠲᠠᠯᠠᠨ᠂ ᠮᠠᠯᠴᠢᠳ ᠤᠨ ᠡᠪᠡᠰᠦ ᠪᠣᠷᠳᠤᠭ᠎ᠠ ᠳᠤᠲᠠᠭᠳᠠᠵᠤ ᠪᠠᠶᠢᠭ᠎ᠠ ᠪᠠᠶᠢᠳᠠᠯ ᠢ ᠦᠨᠳᠦᠰᠦᠯᠡᠨ᠂ ᠪᠣᠭᠤᠯᠲᠠ ᠪᠦᠷᠢ ᠳᠤ 280 ᠲᠥᠭᠦᠷᠢᠭ ᠤᠨ ᠦᠨ᠎ᠡ ᠪᠠᠷ ᠬᠤᠰᠢᠭᠤᠨ ᠤ ᠨᠥᠭᠡᠴᠡᠯᠡᠭᠰᠡᠨ ᠡᠪᠡᠰᠦ ᠪᠣᠷᠳᠤᠭ᠎ᠠ ᠶᠢ ᠡᠯ᠎ᠡ ᠰᠤᠮᠤ ᠪᠠᠯᠭᠠᠰᠤᠨ ᠳᠤ ᠬᠤᠪᠢᠶᠠᠨ ᠲᠠᠷᠬᠠᠭᠠᠵᠤ᠂ ᠮᠠᠯ ᠤᠨ ᠡᠪᠡᠰᠦ ᠪᠣᠷᠳᠤᠭ᠎ᠠ ᠳᠤᠲᠠᠭᠳᠠᠭᠰᠠᠨ ᠠᠴᠠ ᠪᠣᠯᠵᠤ ᠲᠡᠵᠢᠭᠡᠬᠦ ᠳᠤ ᠬᠦᠴᠢᠷᠲᠡᠢ ᠪᠠᠶᠢᠬᠤ ᠵᠡᠷᠭᠡ ᠮᠠᠯᠴᠢᠨ ᠲᠦᠮᠡᠨ ᠤ ᠪᠣᠳᠠᠲᠠᠢ ᠬᠡᠷᠡᠭᠴᠡᠭᠡ ᠶᠢ ᠪᠦᠲᠦᠮᠵᠢᠲᠡᠶ ᠰᠢᠢᠳᠪᠦᠷᠢᠯᠡᠵᠦ᠂ ᠲᠡᠳᠡᠨ ᠳᠤ ᠨᠠᠮ ᠵᠠᠰᠠᠭ ᠤᠨ ᠬᠠᠶᠢᠷ᠎ᠠ ᠬᠠᠯᠠᠮᠵᠢ ᠶᠢ ᠦᠨᠡᠨ ᠬᠦ ᠬᠦᠷᠲᠡᠭᠡᠪᠡ᠃       ᠳᠠᠷᠠᠭᠠᠴᠢ ᠶᠢᠨ ᠠᠯᠬᠤᠮ ᠳᠤ᠂ ᠰᠢᠨ᠎ᠡ ᠪᠠᠷᠭᠤ ᠪᠠᠷᠠᠭᠤᠨ ᠬᠤᠰᠢᠭᠤ ᠮᠠᠯ ᠠᠵᠤ ᠠᠬᠤᠢ ᠶᠢᠨ ᠲᠤᠰ ᠪᠡᠶ᠎ᠡ ᠶᠢᠨ ᠴᠢᠳᠠᠪᠤᠷᠢ ᠶᠢᠨ ᠪᠠᠶᠢᠭᠤᠯᠤᠯᠲᠠ ᠶᠢ ᠴᠢᠨᠠᠭᠰᠢᠳᠠ ᠠᠬᠢᠭᠤᠯᠵᠤ᠂ ᠡᠷᠬᠢᠨ ᠲᠣᠭᠤᠷᠢᠨ ᠤ ᠭᠠᠵᠠᠷ ᠣᠷᠣᠨ ᠤ ᠡᠪᠡᠰᠦ ᠪᠣᠷᠳᠤᠭ᠎ᠠ ᠶᠢᠨ ᠪᠣᠷᠤᠯᠠᠭᠤᠯᠭ᠎ᠠ ᠶᠢᠨ ᠦᠨ᠎ᠡ ᠬᠠᠩᠰᠢ ᠪᠠ ᠪᠠᠷᠠᠭᠠᠨ ᠤ ᠢᠷᠡᠯᠲᠡ ᠶᠢᠨ ᠵᠠᠮ ᠮᠥᠷ ᠵᠡᠷᠭᠡ ᠮᠡᠳᠡᠭᠡ ᠵᠠᠩᠭᠢ ᠶᠢ ᠴᠤᠭᠯᠠᠭᠤᠯᠬᠤ ᠠᠵᠢᠯ ᠢ ᠲᠠᠰᠤᠷᠠᠯᠲᠠ ᠦᠭᠡᠢ ᠴᠢᠩᠭᠠᠳᠬᠠᠵᠤ᠂ ᠲᠡᠵᠢᠭᠡᠨ ᠦᠷᠡᠵᠢᠭᠦᠯᠬᠦ ᠡᠷᠦᠬᠡ ᠶᠢ ᠬᠥᠲᠥᠯᠥᠨ ᠵᠢᠯᠤᠭᠤᠳᠴᠤ ᠡᠪᠡᠰᠦ ᠪᠣᠷᠳᠤᠭ᠎ᠠ ᠶᠢ ᠢᠳᠡᠪᠬᠢᠲᠡᠢ ᠨᠥᠭᠡᠴᠡᠯᠡᠵᠦ᠂ ᠲᠡᠳᠡᠨ ᠢ ᠵᠢᠯᠣᠭᠤᠳᠤᠨ ᠡᠪᠡᠰᠦ ᠪᠣᠷᠳᠤᠭ᠎ᠠ ᠶᠢᠨ ᠨᠥᠭᠡᠴᠡ ᠶᠢᠨ ᠬᠡᠮᠵᠢᠶ᠎ᠡ ᠶᠢ ᠦᠨᠳᠦᠰᠦᠯᠡᠨ᠂ ᠮᠠᠯ ᠲᠡᠵᠢᠭᠡᠪᠦᠷᠢ ᠶᠢᠨ ᠬᠡᠮᠵᠢᠶ᠎ᠡ ᠶᠢ ᠲᠣᠭᠲᠠᠭᠠᠵᠤ᠂ ᠪᠥᠬᠦ ᠬᠤᠰᠢᠭᠤᠨ ᠤ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠬᠦᠴᠦᠨ ᠤ ᠪᠣᠭᠤᠮᠲᠠ ᠶᠢ ᠰᠢᠪᠲᠣᠯᠬᠤ ᠶᠢ ᠠᠬᠢᠭᠤᠯᠤᠨ᠎ᠠ᠃ ᠡᠭᠦᠨ ᠤ ᠬᠠᠮᠲᠤ ᠴᠠᠭ ᠠᠭᠤᠷ ᠤᠨ ᠬᠤᠪᠢᠷᠠᠯᠲᠠ ᠶᠢ ᠰᠢᠨᠵᠢᠯᠡᠬᠦ ᠤᠬᠠᠭᠠᠨᠴᠢ ᠪᠠᠷ ᠵᠠᠳᠠᠯᠵᠤ᠂ ᠮᠠᠯ ᠤᠨ ᠬᠢᠵᠢᠭ ᠢ ᠰᠡᠷᠭᠡᠶᠢᠯᠡᠬᠦ ᠶᠢ ᠴᠢᠩᠭᠠᠳᠬᠠᠵᠤ᠂ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠤᠨ᠂ ᠭᠠᠮᠰᠢᠭ ᠢ ᠠᠷᠭᠠᠴᠠᠬᠤ ᠡᠯ᠎ᠡ ᠵᠦᠢᠯ ᠤᠨ ᠪᠡᠯᠡᠳᠬᠡᠯ ᠠᠵᠢᠯ ᠢ ᠡᠷᠲᠡ ᠠᠴᠠ ᠰᠠᠶᠢᠲᠤᠷ ᠬᠢᠵᠦ᠂ ᠮᠠᠯ ᠠᠵᠤ ᠠᠬᠤᠢ ᠶᠢᠨ ᠦᠷᠭᠦᠯᠵᠢᠯᠡᠨ ᠲᠣᠭᠲᠠᠭᠤᠨ ᠡᠷᠡᠭᠦᠯ ᠢᠶᠠᠷ ᠬᠥᠭᠵᠢᠬᠦ ᠶᠢ ᠪᠠᠲᠣᠯᠠᠨ᠎ᠠ᠃
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ