ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 11 ᠤ ᠴᠠᠭᠢᠯᠭᠠᠨ ᠮᠡᠳᠡᠭᠡ 2024 ᠣᠨ ᠳᠤ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ | ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠨ ᠳᠤ ᠢᠷᠠᠭᠤ ᠰᠠᠶᠢᠬᠠᠨ ᠬᠠᠭᠤᠳᠠᠰᠤ ᠪᠢᠴᠢᠭᠯᠡᠭᠳᠡᠬᠦ ᠨᠢ ᠯᠠᠪᠲᠠᠢ — | ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠣᠶ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠠᠷᠠᠯᠲᠠ | ᠡᠭᠦᠷᠭᠡ ᠶᠢ ᠪᠡᠶᠡᠯᠡᠭᠦᠯᠬᠦ ᠵᠠᠩᠭᠢᠯᠠᠭ᠎ᠠ ᠶᠢᠨ ᠨᠢᠭᠡ ᠵᠢᠯ᠃ ᠡᠭᠦᠨ ᠤ ᠬᠠᠮᠲᠤ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ | ᠪᠠᠶᠢᠭᠤᠯᠤᠭᠳᠠᠭᠰᠠᠨ 70 ᠵᠢᠯ ᠤᠨ ᠤᠢ ᠪᠠᠨ ᠤᠭᠲᠤᠵᠤ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠪᠠᠶᠢᠭᠤᠯᠤᠭᠳᠠᠭᠰᠠᠨ 75 ᠵᠢᠯ ᠤᠨ ᠤᠢ ᠪᠠᠨ ᠤᠭᠲᠤᠨ | ᠠᠪᠤᠯ᠎ᠠ᠃ | ᠲᠡᠦᠬᠡ ᠶᠢᠨ ᠰᠢᠨ᠎ᠡ ᠭᠠᠷᠤᠭ᠎ᠠ ᠳᠡᠭᠡᠷ᠎ᠡ ᠵᠣᠭᠰᠣᠵᠤ᠂ ᠥᠨᠳᠥᠷ ᠲᠤ ᠵᠣᠭᠰᠣᠨ ᠠᠯᠤᠰ ᠢ ᠪᠠᠷᠠᠯᠠᠵᠤ᠂ ᠲᠥᠯᠥᠪᠵᠢᠭᠦᠯᠦᠯᠲᠡ ᠪᠠᠶᠢᠷᠢᠯᠠᠭᠤᠯᠤᠯᠲᠠ ᠬᠢᠯ᠎ᠡ᠃ | ᠣᠶᠢᠷ᠎ᠠ ᠶᠢᠨ ᠡᠳᠦᠷ ᠤᠨ ᠲᠤᠷᠰᠢ᠂ ᠶᠡᠷᠦᠩᠬᠡᠢ ᠱᠦᠵᠢ ᠰᠢ ᠶᠢᠨ ᠫᠢᠩ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠪᠣᠯᠣᠨ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠠᠷᠪᠠᠨ ᠳᠥᠷᠪᠡᠳᠦᠭᠡᠷ | ᠬᠤᠭᠤᠴᠠᠭᠠᠨ ᠤ ᠬᠤᠷᠢᠶ᠎ᠠ ᠶᠢᠨ ᠬᠤᠶᠠᠳᠤᠭᠠᠷ ᠬᠤᠷᠠᠯ ᠳᠤ ᠣᠷᠣᠯᠴᠠᠵᠤ᠂ ᠵᠢᠶᠠᠩᠰᠤ ᠶᠢᠨ ᠲᠥᠯᠥᠭᠡᠯᠡᠭᠴᠢᠳ ᠤᠨ ᠪᠦᠯᠭᠦᠮ ᠤᠨ ᠬᠢᠨᠠᠨ ᠵᠥᠪᠯᠡᠬᠦ ᠳᠤ ᠣᠷᠣᠯᠴᠠᠵᠤ᠂ | ᠴᠢᠯᠦᠭᠡᠯᠡᠬᠦ ᠴᠡᠷᠢᠭ ᠪᠣᠯᠣᠨ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠶᠢᠨ ᠲᠥᠯᠥᠭᠡᠯᠡᠭᠴᠢᠳ ᠤᠨ ᠪᠦᠯᠭᠦᠮ ᠤᠨ ᠪᠦᠭᠦᠳᠡ ᠬᠤᠷᠠᠯ ᠳᠤ ᠣᠷᠣᠯᠴᠠᠵᠤ᠂ | ᠭᠤᠮᠢᠨᠳᠠᠩ ᠤᠨ ᠬᠤᠪᠢᠰᠬᠠᠯᠲᠤ ᠬᠤᠷᠢᠶ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠡᠲᠡᠭᠡᠳ᠂ ᠣᠷᠴᠢᠨ ᠲᠣᠭᠤᠷᠢᠨ ᠡᠬᠢ ᠪᠠᠶᠠᠯᠢᠭ ᠤᠨ ᠡᠲᠡᠭᠡᠳ ᠤᠨ | ᠭᠡᠰᠢᠭᠦᠳ ᠢ ᠡᠷᠭᠢᠨ ᠦᠵᠡᠭᠰᠡᠨ ᠪᠥᠭᠡᠳ ᠬᠠᠮᠲᠤᠷᠠᠭᠰᠠᠨ ᠳᠤᠭᠤᠶᠢᠯᠠᠩ ᠤᠨ ᠬᠤᠷᠠᠯ ᠳᠤᠨᠢ ᠣᠷᠣᠯᠴᠠᠵᠤ᠂ ᠤᠯᠠᠨ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ | ᠤᠯᠤᠰ ᠤᠨ ᠶᠡᠭᠡ ᠪᠣᠳᠣᠯᠭ᠎ᠠ ᠶᠢ ᠬᠠᠮᠲᠤ ᠪᠠᠷ ᠵᠥᠪᠳᠡᠯᠴᠡᠵᠦ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ᠂ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠵᠡᠷᠭᠡ ᠲᠠᠯ᠎ᠠ ᠪᠠᠷ ᠠᠯᠢ ᠤᠯᠠᠨ ᠴᠢᠬᠤᠯᠠ ᠶᠠᠷᠢᠶ᠎ᠠ ᠲᠠᠯᠪᠢᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ | ᠠᠬᠢᠭᠤᠯᠬᠤ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠪᠡ᠃ | ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠠᠷᠭ᠎ᠠ ᠶᠢᠨ ᠤᠨᠤᠯ — ︽ᠤᠷᠢᠳ ᠢᠶᠠᠷ ᠰᠢᠨ᠎ᠡ ᠶᠢ ᠪᠠᠶᠢᠭᠤᠯᠵᠤ ᠳᠠᠷᠠᠭ᠎ᠠ ᠨᠢ | ᠬᠠᠭᠤᠴᠢᠨ ᠢᠶᠠᠨ ᠥᠭᠡᠷᠡᠴᠢᠯᠡᠵᠦ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ᠂ ᠲᠦᠷᠦᠯ ᠬᠤᠪᠢᠶᠠᠨ ᠵᠢᠯᠣᠭᠤᠳᠤᠨ᠎ᠠ︾ | ᠰᠢᠨ᠎ᠡ ᠬᠥᠭᠵᠢᠯᠲᠡ ᠶᠢᠨ ᠱᠠᠲᠤ᠂ ᠰᠢᠨ᠎ᠡ ᠬᠥᠭᠵᠢᠯᠲᠡ ᠶᠢᠨ ᠦᠢᠯᠡᠳᠦᠯᠭᠡ ᠨᠢ ᠰᠢᠨ᠎ᠡ ᠬᠥᠭᠵᠢᠯᠲᠡ ᠶᠢᠨ ᠤᠨᠤᠯ ᠢᠶᠠᠷ ᠵᠢᠯᠣᠭᠤᠳᠤᠭᠤᠯᠬᠤ ᠴᠢᠬᠤᠯᠠᠲᠠᠢ᠃ | ᠨᠢᠳᠤᠨᠤᠨ ᠠᠴᠠ ᠨᠠᠭᠠᠰᠢ᠂ ᠨᠠᠮ ᠤᠨ ᠰᠢᠨ᠎ᠡ ᠶᠢ ᠡᠭᠦᠳᠦᠭᠰᠡᠨ ᠤᠨᠤᠯ ᠪᠠᠰᠠ ᠨᠢᠭᠡ ᠤᠳᠠᠭ᠎ᠠ ᠪᠠᠶᠠᠯᠢᠭᠵᠢᠨ ᠬᠥᠭᠵᠢᠪᠡ – | ᠣᠷᠣᠨ ᠨᠤᠲᠤᠭ ᠲᠤ ᠰᠢᠨᠵᠢᠯᠡᠨ ᠪᠠᠶᠢᠴᠠᠭᠠᠬᠤ ᠳᠠᠭᠠᠨ ᠠᠩᠬ᠎ᠠ ᠤᠳᠠᠭ᠎ᠠ ︽ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ︾ ᠭᠡᠬᠦ ᠴᠢᠬᠤᠯᠠ ᠶᠡᠭᠡ | ᠤᠬᠠᠭᠳᠠᠬᠤᠨ ᠢ ᠳᠤᠷᠠᠳᠤᠭᠰᠠᠨ ᠠᠴᠠ ᠠᠪᠤᠭᠠᠳ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠳᠡᠭᠡᠷ᠎ᠡ ᠴᠢᠬᠤᠯᠠ ᠪᠠᠶᠢᠷᠢᠯᠠᠭᠤᠯᠤᠯᠲᠠ ᠬᠢᠭᠰᠡᠨ ᠭᠦᠷᠲᠡᠯ᠎ᠡ᠂ | ᠲᠠᠭᠢᠭᠠᠳ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷ᠎ᠡ ᠰᠢᠰᠲ᠋ᠧᠮ ᠲᠠᠢ ᠲᠣᠳᠣᠷᠬᠠᠶᠢᠯᠠᠨ | ᠥᠭᠦᠯᠡᠭᠰᠡᠨ ᠭᠦᠷᠲᠡᠯ᠎ᠡ᠂ ᠶᠡᠷᠦᠩᠬᠡᠢ ᠱᠦᠵᠢ ᠰᠢ ᠶᠢᠨ ᠫᠢᠩ ᠭᠦᠨ ᠭᠦᠨᠵᠡᠭᠡᠢ ᠪᠠᠶᠢᠯᠳᠤᠬᠤ ᠪᠣᠳᠣᠯᠭ᠎ᠠ ᠶᠢᠨ ᠬᠠᠷᠠᠴᠠ ᠪᠣᠯᠣᠨ ᠳᠡᠭᠡᠳᠦ ᠬᠡᠮᠵᠢᠶᠡᠨ ᠤ ᠤᠨᠤᠯ ᠤᠨ | ᠤᠬᠠᠮᠰᠠᠷ ᠢᠶᠠᠷ ︽ᠶᠠᠭᠤ ᠶᠢ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠭᠡᠬᠦ᠂ ᠶᠠᠭᠤᠨ ᠳᠤ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ | ᠬᠥᠭᠵᠢᠭᠦᠯᠬᠦ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠡᠷᠬᠢᠨ ᠬᠥᠭᠵᠢᠭᠦᠯᠬᠦ︾ ᠴᠢᠬᠤᠯᠠ ᠶᠡᠭᠡ ᠠᠰᠠᠭᠤᠳᠠᠯ ᠳᠤ ᠭᠦᠨᠵᠡᠭᠡᠢ ᠬᠠᠷᠢᠭᠤᠯᠲᠠ | ᠥᠭᠴᠡᠢ᠃ | ᠡᠨᠡ ᠵᠢᠯ ᠤᠨ ᠪᠦᠭᠦ ᠤᠯᠤᠰ ᠤᠨ ᠬᠤᠶᠠᠷ ᠬᠤᠷᠠᠯ ᠳᠡᠭᠡᠷ᠎ᠡ᠂ ᠶᠡᠷᠦᠩᠬᠡᠢ ᠱᠦᠵᠢ ᠰᠢ ᠶᠢᠨ ᠫᠢᠩ ᠭᠤᠷᠪᠠ ᠤᠳᠠᠭ᠎ᠠ ᠪᠦᠯᠭᠦᠮ ᠳᠤᠭᠤᠶᠢᠯᠠᠩ ᠳᠤ ᠬᠦᠷᠴᠦ᠂ | ᠭᠤᠷᠪᠠ ᠤᠳᠠᠭ᠎ᠠ ︽ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ︾ ᠤ ᠲᠤᠬᠠᠢ ᠶᠠᠷᠢᠵᠤ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ | ᠬᠥᠭᠵᠢᠭᠦᠯᠬᠦ ᠠᠷᠭ᠎ᠠ ᠶᠢᠨ ᠤᠨᠤᠯ ᠢ ᠴᠢᠨᠠᠭᠰᠢᠳᠠ ᠲᠣᠳᠣᠷᠬᠠᠶᠢᠯᠠᠨ ᠥᠭᠦᠯᠡᠵᠡᠢ᠃ | 3 ᠰᠠᠷ᠎ᠠ ᠶᠢᠨ 5 ᠤ ᠦᠳᠡ ᠶᠢᠨ ᠬᠤᠶᠢᠨ᠎ᠠ᠂ ᠠᠷᠠᠳ ᠤᠨ ᠶᠡᠭᠡ ᠬᠤᠷᠠᠯ ᠤᠨ ᠲᠠᠩᠬᠢᠮ ᠤᠨ ᠵᠡᠭᠦᠨ ᠶᠡᠭᠡ ᠲᠢᠩᠬᠢᠮ ᠳᠤ᠂ ᠵᠢᠶᠠᠩᠰᠤ ᠶᠢᠨ | ᠲᠥᠯᠥᠭᠡᠯᠡᠭᠴᠢᠳ ᠤᠨ ᠪᠦᠯᠭᠦᠮ ᠤᠨ ᠬᠢᠨᠠᠨ ᠵᠥᠪᠯᠡᠬᠦ ᠲᠤᠬᠠᠢ ᠶᠢᠨ ᠲᠠᠯᠠᠪᠠᠢ ᠳᠤ᠃ | ᠲᠢᠶᠠᠨ ᠾᠧ ᠭᠡᠷᠡᠯᠴᠢ ᠡᠨᠧᠷᠭᠢ ᠶᠢᠨ ᠬᠢᠵᠠᠭᠠᠷᠲᠤ ᠺᠤᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠭᠤᠤ ᠵᠢᠢ ᠹᠠᠨ ᠲᠥᠯᠥᠭᠡᠯᠡᠭᠴᠢ ᠦᠭᠡ ᠬᠡᠯᠡᠬᠦ | ᠦᠶ᠎ᠡ ᠳᠤ᠂ ᠭᠡᠷᠡᠯᠴᠢ ᠴᠡᠨᠡᠭ ᠤᠨ ᠰᠢᠨᠵᠢᠯᠡᠬᠦ ᠤᠬᠠᠭᠠᠨ ᠪᠣᠯᠣᠨ ᠮᠡᠷᠭᠡᠵᠢᠯ ᠤᠨ ᠤᠯᠤᠰ ᠤᠨ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠤᠨ ᠡᠷᠭᠢᠯᠡᠭᠴᠢ ᠪᠤᠯᠬᠤ | ᠲᠡᠭᠦᠨ ᠤ ᠨᠥᠭᠦᠭᠡ ᠨᠢᠭᠡ ᠪᠡᠶ᠎ᠡ ᠶᠢᠨ ᠭᠠᠷᠤᠯ ᠨᠢ ᠶᠡᠷᠦᠩᠬᠡᠢ ᠱᠦᠵᠢ ᠶᠢᠨ ᠠᠩᠬᠠᠷᠤᠯ ᠢ ᠲᠠᠲᠠᠪᠠ᠃ | ︽ᠲᠠᠨ ᠤ ᠡᠨᠡ ᠬᠦ ᠲᠤᠷᠰᠢᠯᠲᠠ ᠶᠢᠨ ᠲᠠᠰᠤᠭ ᠴᠢᠨᠢ ᠬᠠᠮᠢᠭ᠎ᠠ ᠲᠣᠬᠢᠷᠠᠭᠤᠯᠤᠭᠰᠠᠨ ᠪᠤᠢ︖︾ ᠭᠡᠵᠦ ᠶᠡᠷᠦᠩᠬᠡᠢ ᠱᠦᠵᠢ ᠠᠰᠠᠭᠤᠪᠠ᠃ | ︽ᠴᠠᠩᠵᠸᠦ ᠪᠣᠯᠣᠨ ᠱᠠᠩᠬᠠᠢ ᠳᠤ ᠪᠦᠷ ᠪᠤᠢ᠂ ᠪᠢᠳᠡ ᠠᠵᠤ ᠠᠬᠤᠶᠢᠯᠠᠯ ᠪᠣᠯᠣᠨ ᠶᠡᠭᠡ ᠰᠤᠷᠭᠠᠭᠤᠯᠢ ᠬᠤᠯᠪᠤᠭᠠᠯᠠᠨ ᠪᠦᠲᠦᠭᠡᠨ ᠪᠠᠶᠢᠭᠤᠯᠵᠤ᠂ ᠰᠠᠭᠤᠷᠢ | ᠰᠤᠳᠤᠯᠭᠠᠨ᠂ ᠬᠤᠰᠢᠭᠤᠷᠠᠯ ᠰᠤᠳᠤᠯᠭᠠᠨ᠂ ᠬᠡᠷᠡᠭᠯᠡᠭᠡᠨ ᠤ ᠰᠤᠳᠤᠯᠭᠠᠨ ᠢ ᠨᠡᠪᠲᠡᠷᠡᠭᠦᠯᠵᠡᠢ︾ ᠭᠡᠵᠦ ᠭᠤᠤ ᠵᠢᠢ ᠹᠠᠨ ᠬᠡᠯᠡᠪᠡ᠃ | ︽ᠭᠡᠷᠡᠯᠴᠢ ᠴᠡᠨᠡᠭ ᠤᠨ ᠠᠵᠤ ᠦᠢᠯᠡᠰ ᠢ ᠤᠯᠤᠰ ᠲᠠᠭᠠᠨ ᠦᠢᠯᠡᠳᠪᠦᠷᠢᠯᠡᠬᠦ ᠲᠠᠯ᠎ᠠ ᠠᠴᠠ ᠠᠪᠴᠤ ᠦᠵᠡᠪᠡᠯ ᠪᠠᠰᠠ ᠶᠠᠮᠠᠷ ᠳᠤᠲᠠᠭᠤᠳᠠᠯ ᠪᠠᠶᠢᠬᠤ ᠪᠤᠶ︖︾᠂ | ︽ᠣᠳᠣ ᠴᠠᠭᠢᠯᠭᠠᠨ ᠲᠣᠣᠷ ᠲᠠᠢ ᠵᠠᠯᠭᠠᠬᠤ ᠳᠤ ᠶᠠᠮᠠᠷ ᠠᠰᠠᠭᠤᠳᠠᠯ ᠪᠠᠶᠢᠨ᠎ᠠ ᠦᠦ︖︾ ᠭᠡᠵᠦ ᠶᠡᠷᠦᠩᠬᠡᠢ ᠱᠦᠵᠢ ᠮᠠᠰᠢ ᠨᠠᠷᠢᠨ ᠠᠰᠠᠭᠤᠪᠠ᠃ | ᠭᠤᠤ ᠵᠢᠢ ᠹᠠᠨ ᠶᠡᠷᠦᠩᠬᠡᠢ ᠱᠦᠵᠢ ᠳᠤ᠂ ᠲᠡᠭᠦᠨ ᠤ ᠪᠠᠶᠢᠭ᠎ᠠ ᠠᠵᠤ ᠠᠬᠤᠶᠢᠯᠠᠯ ᠨᠢ 20 ᠭᠠᠷᠤᠢ ᠵᠢᠯ ᠤᠨ ᠲᠤᠷᠰᠢ ᠪᠡᠶ᠎ᠡ ᠪᠠᠨ ᠳᠠᠭᠠᠭᠠᠵᠤ ᠰᠢᠨ᠎ᠡ ᠶᠢ | ᠡᠭᠦᠳᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠭᠡᠷᠡᠯᠴᠢ ᠴᠡᠨᠡᠭ ᠤᠨ ᠬᠦᠷᠢᠶᠡᠨ ᠤ ᠮᠡᠷᠭᠡᠵᠢᠯ ᠤᠨ ᠥᠨᠳᠦᠷᠯᠢᠭ ᠢ ᠴᠢᠷᠮᠠᠶᠢᠨ ᠡᠵᠡᠯᠡᠪᠡ᠃ ᠰᠤᠷᠭᠠᠭᠤᠯᠢ ᠠᠵᠤ | ᠠᠬᠤᠶᠢᠯᠠᠯ ᠬᠠᠮᠲᠤᠷᠠᠯᠴᠠᠬᠤ᠂ ᠦᠢᠯᠡᠳᠪᠦᠷᠢᠯᠡᠬᠦ ᠵᠢᠭᠠᠬᠤ ᠰᠤᠳᠤᠯᠬᠤ ᠶᠢ ᠨᠡᠪᠲᠡᠷᠡᠭᠦᠯᠬᠦ ᠪᠠᠷ ᠳᠠᠮᠵᠢᠭᠤᠯᠤᠨ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠵᠠᠮ ᠢᠶᠠᠷ ᠵᠠᠮᠨᠠᠵᠤ᠂ ᠲᠣᠨᠣᠭᠯᠠᠯ᠂ ᠲᠦᠭᠦᠬᠡᠢ ᠮᠠᠲ᠋ᠧᠷᠢᠶᠠᠯ ᠢ ᠦᠨᠳᠦᠰᠦᠨ ᠳᠡᠭᠡᠨ ᠤᠯᠤᠰ ᠲᠠᠭᠠᠨ | ᠦᠢᠯᠡᠳᠪᠦᠷᠢᠯᠡᠬᠦ ᠶᠢ ᠡᠵᠡᠮᠳᠡᠵᠦ ᠪᠣᠯᠣᠨ᠎ᠠ ᠭᠡᠵᠦ ᠬᠡᠯᠡᠵᠦ ᠥᠭᠴᠡᠢ᠃ | ᠶᠡᠷᠦᠩᠬᠡᠢ ᠱᠦᠵᠢ ᠲᠣᠯᠣᠭᠠᠢ ᠳᠣᠬᠢᠨ ᠮᠠᠭᠲᠠᠨ ᠰᠠᠶᠢᠰᠢᠶᠠᠪᠠ᠃ | ᠶᠡᠷᠦᠩᠬᠡᠢ ᠱᠦᠵᠢ ᠰᠢ ᠶᠢᠨ ᠫᠢᠩ ᠤᠨ ᠦᠵᠡᠬᠦ ᠪᠠᠷ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠤ ︽ᠣᠨᠴᠠᠯᠢᠭ ᠨᠢ ᠰᠢᠨ᠎ᠡ ᠶᠢ ᠡᠭᠦᠳᠬᠦ ᠳᠤ | ᠪᠤᠢ᠂ ᠵᠠᠩᠭᠢᠯᠠᠭ᠎ᠠ ᠨᠢ ᠴᠢᠨᠠᠷ ᠰᠠᠶᠢᠲᠠᠢ ᠳᠤ ᠪᠤᠢ᠂ ᠮᠥᠨ ᠴᠢᠨᠠᠷ ᠨᠢ ᠲᠡᠷᠢᠭᠦᠨ ᠤ ᠦᠢᠯᠡᠳᠪᠦᠷᠢᠯᠡᠯ ᠤᠨ ᠬᠦᠴᠦᠨ ᠳᠤ ᠪᠤᠢ︾᠃ ᠡᠭᠦᠨ ᠳᠤ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠨᠢ ᠭᠤᠣᠯᠯᠠᠬᠤ ᠦᠢᠯᠡᠳᠦᠯ ᠦᠵᠡᠭᠦᠯᠵᠦ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ | ᠬᠥᠭᠵᠢᠭᠦᠯᠬᠦ ᠭᠤᠣᠯ ᠬᠦᠴᠦᠨ ᠵᠦᠢᠯ ᠪᠣᠯᠣᠨ᠎ᠠ᠃ | ᠨᠢᠳᠤᠨᠤᠨ ᠤ ᠪᠦᠭᠦ ᠤᠯᠤᠰ ᠤᠨ ᠬᠤᠶᠠᠷ ᠬᠤᠷᠠᠯ ᠤᠨ ᠬᠤᠭᠤᠴᠠᠭᠠᠨ ᠳᠤ᠂ ᠶᠡᠷᠦᠩᠬᠡᠢ ᠱᠦᠵᠢ ᠰᠢ ᠶᠢᠨ ᠫᠢᠩ ᠵᠢᠶᠠᠩᠰᠤ ᠶᠢᠨ ᠲᠥᠯᠥᠭᠡᠯᠡᠭᠴᠢᠳ ᠤᠨ | ᠪᠦᠯᠭᠦᠮ ᠤᠨ ᠬᠢᠨᠠᠨ ᠵᠥᠪᠯᠡᠬᠦ ᠳᠤ ᠣᠷᠤᠯᠴᠠᠬᠤ ᠳᠠᠭᠠᠨ᠂ ᠵᠢᠶᠠᠩᠰᠤ ᠳᠤ ︽ᠪᠦᠭᠦ ᠪᠥᠮᠪᠥᠷᠴᠡᠭ ᠲᠤ ᠨᠥᠯᠥᠭᠡᠯᠡᠬᠦ ᠬᠦᠴᠦᠨ ᠲᠠᠢ ᠠᠵᠤ ᠦᠢᠯᠡᠰ ᠤᠨ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠢ ᠬᠦᠴᠦᠯᠡᠨ ᠪᠠᠶᠢᠭᠤᠯᠬᠤ ᠬᠡᠷᠡᠭᠲᠡᠢ︾ ᠭᠡᠰᠡᠨ ᠴᠢᠬᠤᠯᠠ ᠡᠭᠦᠷᠭᠡ ᠬᠠᠷᠢᠭᠤᠴᠠᠯᠭ᠎ᠠ ᠶᠢ ᠣᠯᠭᠤᠪᠠ᠃ | ᠡᠨᠡ ᠤᠳᠠᠭ᠎ᠠ᠂ ᠶᠡᠷᠦᠩᠬᠡᠢ ᠱᠦᠵᠢ ᠵᠢᠶᠠᠩᠰᠤ ᠶᠢ ︽ᠳᠡᠯᠡᠬᠡᠢ ᠳᠡᠭᠡᠷ᠎ᠡ ᠥᠷᠢᠰᠦᠯᠳᠦᠬᠦ ᠬᠦᠴᠦᠨ ᠲᠠᠢ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ | ᠮᠠᠨᠳᠤᠭᠰᠠᠨ ᠠᠵᠤ ᠦᠢᠯᠡᠰ ᠤᠨ ᠪᠦᠯᠦᠭᠵᠢᠯ ᠢ ᠲᠦᠷᠭᠡᠨ ᠴᠣᠭᠴᠠᠯᠠᠵᠤ᠂ ᠵᠢᠶᠠᠩᠰᠤ ᠶᠢ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ | ᠴᠢᠬᠤᠯᠠ ᠵᠢᠭᠰᠠᠭᠠᠯ ᠤᠨ ᠭᠠᠵᠠᠷ ᠪᠤᠯᠭᠠᠬᠤ ᠬᠡᠷᠡᠭᠲᠡᠢ︾ ᠭᠡᠵᠦ ᠵᠣᠷᠢᠭᠵᠢᠭᠤᠯᠪᠠ᠃ | ᠬᠢᠨᠠᠨ ᠵᠥᠪᠯᠡᠬᠦ ᠳᠤᠮᠳᠠ᠂ ᠵᠢᠶᠠᠩᠰᠤ ᠮᠤᠵᠢ ᠶᠢᠨ ᠭᠤᠣᠯ ᠬᠠᠷᠢᠭᠤᠴᠠᠯᠭᠠᠲᠠᠨ ᠨᠥᠬᠦᠳ ᠨᠢᠭᠡ ᠵᠢᠯ ᠤᠨ ᠲᠤᠷᠰᠢᠬᠢ ᠡᠨᠡ ᠬᠦ ᠵᠡᠭᠦᠨ ᠣᠷᠣᠨ ᠤ ᠠᠵᠤ | ᠠᠬᠤᠢ ᠶᠢᠨ ᠲᠣᠮᠣ ᠮᠤᠵᠢ ᠶᠢᠨ ᠴᠢᠨᠠᠷ ᠰᠠᠶᠢᠲᠠᠢ ᠬᠥᠭᠵᠢᠯᠲᠡ ᠶᠢᠨ ᠪᠠᠶᠢᠳᠠᠯ ᠢ ᠲᠠᠨᠢᠯᠴᠠᠭᠤᠯᠪᠠ᠄ ᠪᠦᠭᠦ ᠨᠡᠶᠢᠭᠡᠮ ᠤᠨ ᠰᠤᠳᠤᠯᠤᠨ ᠨᠡᠭᠡᠭᠡᠬᠦ ᠣᠷᠣᠭᠤᠯᠤᠯᠲᠠ ᠶᠢᠨ | ᠡᠷᠴᠢᠮ 3.2% ᠣᠷᠴᠢᠮ ᠪᠠᠶᠢᠵᠤ᠂ ᠠᠵᠤ ᠦᠢᠯᠡᠳᠪᠦᠷᠢ ᠶᠢᠨ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ᠂ ᠳᠡᠭᠡᠳᠦ | ᠰᠢᠨ᠎ᠡ ᠮᠡᠷᠭᠡᠵᠢᠯ ᠤᠨ ᠠᠵᠤ ᠦᠢᠯᠡᠰ ᠤᠨ ᠡᠵᠡᠯᠡᠬᠦ ᠬᠠᠷᠢᠴᠠᠯ ᠢ 41.3% ᠪᠠ 49.9% ᠪᠤᠯᠲᠠᠯ᠎ᠠ ᠳᠡᠭᠡᠭᠰᠢᠯᠡᠭᠦᠯᠪᠡ ᠁ | ︽ᠵᠢᠶᠠᠩᠰᠤ ᠪᠣᠯ ᠦᠢᠯᠡᠳᠬᠦ ᠦᠢᠯᠡᠰ ᠤᠨ ᠲᠣᠮᠣ ᠮᠤᠵᠢ ᠮᠥᠨ᠃ ᠪᠦᠭᠦ ᠤᠯᠤᠰ ᠤᠨ ᠠᠵᠤ ᠠᠬᠤᠢ ᠶᠢᠨ ᠶᠡᠷᠦᠩᠬᠡᠢ ᠬᠡᠮᠵᠢᠶ᠎ᠡ 126 ᠲᠦᠮᠡᠨ | ᠳ᠋ᠦᠩᠰᠢᠭᠤᠷ ᠲᠥᠭᠦᠷᠢᠭ ᠲᠤ ᠬᠦᠷᠴᠦ᠂ ᠲᠠ ᠨᠠᠷ ᠤᠨ ᠬᠢ 12.8 ᠲᠦᠮᠡᠨ ᠳ᠋ᠦᠩᠰᠢᠭᠤᠷ ᠲᠥᠭᠦᠷᠢᠭ ᠲᠤ ᠬᠦᠷᠴᠡᠢ᠂ ᠶᠠᠭ ᠠᠷᠪᠠᠨ ᠤ ᠨᠢᠭᠡ ᠪᠣᠯᠣᠨ᠎ᠠ᠂ ᠲᠤᠩ | ᠰᠦᠷᠡᠬᠡᠢ ᠪᠠᠶᠢᠨ᠎ᠠ᠃ ᠵᠢᠶᠠᠩᠰᠤ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠳᠤ ᠰᠠᠶᠢᠨ ᠨᠥᠬᠦᠴᠡᠯ ᠪᠣᠯᠣᠨ ᠴᠢᠳᠠᠪᠤᠷᠢ ᠲᠠᠢ ᠶᠤᠮ︾᠃ | ᠶᠡᠷᠦᠩᠬᠡᠢ ᠱᠦᠵᠢ ᠰᠢ ᠶᠢᠨ ᠫᠢᠩ᠄ ︽ᠬᠡᠳᠦᠨ ᠤᠳᠠᠭ᠎ᠠ ᠶᠢᠨ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠬᠤᠷᠠᠯ ᠳᠡᠭᠡᠷ᠎ᠡ᠂ ᠪᠢ ᠠᠵᠤ | ᠠᠬᠤᠢ ᠶᠢᠨ ᠬᠥᠭᠵᠢᠯᠲᠡ ᠶᠢᠨ ᠲᠤᠬᠠᠢ ᠶᠠᠷᠢᠬᠤ ᠳᠠᠭᠠᠨ ᠪᠦᠷ ᠭᠤᠸᠠᠩᠳᠦ᠋ᠩ᠂ ᠵᠢᠶᠠᠩᠰᠤ ᠵᠡᠷᠭᠡ ᠠᠵᠤ ᠠᠬᠤᠢ ᠶᠢᠨ ᠲᠣᠮᠣ ᠮᠤᠵᠢ ᠶᠢ ᠳᠤᠷᠠᠳᠴᠤ᠂ ᠲᠠ ᠨᠠᠷ ᠡᠨᠡ | ᠬᠦ ᠨᠢᠷᠤᠭᠤ ᠶᠢ ᠲᠤᠯᠭᠠᠭᠤᠷᠢ ᠪᠤᠯᠬᠤ ᠦᠭᠡᠢ ᠪᠣᠯ ᠤᠯᠤᠰ ᠤᠨ ᠣᠳᠣᠬᠢᠴᠢᠯᠠᠯᠲᠠ ᠶᠢ ᠪᠡᠶᠡᠯᠡᠭᠦᠯᠬᠦ ᠶᠢᠨ ᠠᠷᠭ᠎ᠠ ᠦᠭᠡᠢ ᠶᠤᠮ ᠭᠡᠵᠦ ᠬᠡᠯᠡᠵᠦ ᠥᠩᠭᠡᠷᠡᠭᠰᠡᠨ ᠶᠤᠮ᠃ | ᠲᠠ ᠨᠠᠷ ᠮᠠᠰᠢ ᠴᠢᠬᠤᠯᠠ ᠪᠠᠶᠢᠵᠤ᠂ ᠣᠷᠣᠯᠠᠭᠤᠯᠵᠤ ᠪᠣᠯᠣᠰᠢ ᠦᠭᠡᠢ︾ ᠭᠡᠵᠦ ᠬᠡᠯᠡᠪᠡ᠃ | ᠠᠮᠵᠢᠯᠲᠠ ᠶᠢ ᠨᠤᠲᠠᠯᠠᠬᠤ ᠶᠢᠨ ᠵᠡᠷᠭᠡ ᠪᠠᠷ ᠶᠡᠷᠦᠩᠬᠡᠢ ᠱᠦᠵᠢ ᠪᠠᠰᠠ ᠨᠡᠩ ᠥᠨᠳᠥᠷ ᠱᠠᠭᠠᠷᠳᠠᠯᠭ᠎ᠠ ᠳᠤᠷᠠᠳᠴᠠᠢ᠄ ︽ᠰᠢᠨ᠎ᠡ ᠨᠢᠭᠡ ᠡᠭᠡᠯᠵᠢ ᠶᠢᠨ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠬᠤᠪᠢᠰᠬᠠᠯ ᠪᠣᠯᠣᠨ ᠠᠵᠤ ᠦᠢᠯᠡᠰ ᠤᠨ ᠬᠤᠪᠢᠰᠤᠯᠲᠠ ᠶᠢᠨ ᠡᠮᠦᠨ᠎ᠡ᠂ ᠪᠢᠳᠡ ᠡᠷᠬᠡᠪᠰᠢ ᠠᠵᠠ ᠲᠣᠭᠢᠶᠠᠯ ᠢ ᠠᠮᠵᠢᠵᠤ᠂ | ᠰᠢᠨ᠎ᠡ ᠶᠢ ᠡᠭᠦᠳᠬᠦ ᠡᠷᠴᠢᠮ ᠢᠶᠠᠨ ᠴᠢᠩᠭᠠᠷᠠᠭᠤᠯᠵᠤ᠂ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠣᠶᠢᠵᠢᠭᠤᠯᠤᠨ ᠪᠤᠵᠠᠭᠠᠶᠢᠷᠠᠭᠤᠯᠵᠤ᠂ ᠢᠷᠡᠭᠡᠳᠦᠢ ᠶᠢᠨ ᠠᠵᠤ | ᠦᠢᠯᠡᠰ ᠢ ᠤᠷᠢᠳᠴᠢᠯᠠᠨ ᠪᠠᠶᠢᠷᠢᠰᠢᠭᠤᠯᠤᠨ ᠪᠦᠲᠦᠭᠡᠨ ᠪᠠᠶᠢᠭᠤᠯᠵᠤ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠲᠡᠭᠦᠯᠳᠡᠷᠵᠢᠭᠦᠯᠬᠦ ᠬᠡᠷᠡᠭᠲᠡᠢ︾᠃ | ᠡᠳᠡᠭᠡᠷ ᠦᠭᠡ ᠨᠢ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠰᠢᠪᠲᠤᠯᠤᠯᠲᠠ ᠶᠢᠨ ᠴᠡᠭ ᠪᠠ ᠭᠤᠣᠯ ᠰᠢᠪᠲᠤᠯᠬᠤ ᠴᠢᠭᠯᠡᠯ ᠢ | ᠲᠣᠳᠣᠷᠬᠠᠢ ᠵᠢᠭᠠᠵᠤ ᠭᠠᠷᠭᠠᠪᠠ᠃ | ︽ᠶᠠᠷᠢᠶᠠᠨ ᠦᠭᠡᠢ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠨᠢ ᠤᠯᠠᠮᠵᠢᠯᠠᠯᠲᠤ ᠠᠵᠤ ᠦᠢᠯᠡᠰ ᠢ ᠣᠮᠲᠣᠭᠠᠶᠢᠯᠠᠵᠤ | ᠲᠠᠶᠠᠭᠳᠠᠬᠤ ᠶᠠᠪᠤᠳᠠᠯ ᠪᠢᠰᠢ᠂ ᠨᠢᠭᠡ ᠯᠡ ᠳᠡᠭᠡᠷ᠎ᠡ ᠳᠦᠷᠭᠢᠯᠳᠦᠵᠦ᠂ ᠬᠥᠭᠡᠰᠦᠷᠡᠬᠦ ᠠᠴᠠ ᠰᠡᠷᠭᠡᠶᠢᠯᠡᠬᠦ ᠬᠡᠷᠡᠭᠲᠡᠢ᠂ ᠪᠠᠰᠠ ᠨᠢᠭᠡ ᠯᠡ ᠵᠦᠢᠯ ᠤᠨ ᠵᠠᠭᠪᠤᠷ ᠢᠶᠠᠷ | ᠶᠠᠪᠤᠭᠳᠠᠭᠤᠯᠵᠤ ᠪᠤᠯᠬᠤ ᠦᠭᠡᠢ︾᠃ ᠶᠡᠷᠦᠩᠬᠡᠢ ᠱᠦᠵᠢ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠲᠤᠬᠠᠢ ᠨᠡᠩ ᠭᠦᠨᠵᠡᠭᠡᠢ | ᠪᠣᠳᠣᠯᠬᠢᠯᠠᠯ ᠢᠶᠠᠨ ᠳᠡᠯᠭᠡᠯ᠎ᠡ᠃ | ᠨᠢᠭᠡ ᠯᠡ ᠠᠳᠠᠯᠢ ᠦᠭᠡ ᠶᠢ ᠶᠡᠷᠦᠩᠬᠡᠢ ᠱᠦᠵᠢ ᠰᠢ ᠶᠢᠨ ᠫᠢᠩ ᠲᠠᠷᠠᠭ᠎ᠠ ᠡᠳᠦᠷ ᠨᠢ ᠶᠠᠪᠤᠭᠳᠠᠭᠰᠠᠨ ᠤᠯᠤᠰ ᠲᠦᠷᠦ ᠶᠢᠨ ᠵᠥᠪᠯᠡᠯᠭᠡᠨ ᠤ ᠳᠤᠭᠤᠶᠢᠯᠠᠩ | ᠬᠠᠮᠲᠤᠷᠠᠭᠰᠠᠨ ᠬᠤᠷᠠᠯ ᠳᠡᠭᠡᠷ᠎ᠡ ᠪᠠᠰᠠ ᠨᠢᠭᠡ ᠤᠳᠠᠭ᠎ᠠ ᠨᠠᠷᠢᠨ ᠨᠢᠮᠪᠠᠢ ᠵᠠᠬᠢᠪᠠ᠃ | 3 ᠰᠠᠷ᠎ᠠ ᠶᠢᠨ 6 ᠤ ᠦᠳᠡ ᠶᠢᠨ ᠬᠤᠶᠢᠨ᠎ᠠ᠂ ᠪᠡᠭᠡᠵᠢᠩ ᠤᠨ ᠨᠥᠬᠦᠷᠯᠡᠯ ᠵᠣᠴᠢᠳ ᠤᠨ ᠪᠠᠭᠤᠳᠠᠯ ᠤᠨ ᠵᠢᠦᠢ ᠶᠢᠩ ᠲᠢᠩᠬᠢᠮ ᠳᠤ ᠠᠷᠠᠳᠴᠢᠯᠠᠭᠰᠠᠨ | ᠪᠦᠯᠬᠦᠮᠳᠡᠯ ᠲᠠᠢ ᠪᠣᠳᠠᠲᠠᠢ ᠶᠢ ᠡᠷᠬᠢᠮᠯᠡᠵᠦ ᠡᠷᠡᠮᠡᠬᠡᠶᠢᠯᠡᠨ ᠤᠷᠤᠭᠰᠢᠯᠠᠬᠤ ᠠᠭᠤᠷ ᠠᠮᠢᠰᠬᠤᠯ ᠢᠶᠠᠷ ᠪᠢᠯᠬᠠᠵᠤ ᠪᠠᠶᠢᠯ᠎ᠠ᠃ ᠶᠡᠷᠦᠩᠬᠡᠢ ᠱᠦᠵᠢ ᠰᠢ ᠶᠢᠨ ᠫᠢᠩ ᠤᠯᠤᠰ | ᠲᠦᠷᠦ ᠶᠢᠨ ᠵᠥᠪᠯᠡᠯᠭᠡᠨ ᠤ ᠭᠡᠰᠢᠭᠦᠳ ᠲᠠᠢ ᠲᠦᠷᠦ ᠶᠢᠨ ᠶᠠᠪᠤᠳᠠᠯ ᠢ ᠬᠠᠮᠲᠤ ᠪᠠᠷ ᠵᠥᠪᠯᠡᠵᠦ᠂ ᠶᠠᠷᠢᠶᠠᠨ ᠤ ᠰᠡᠳᠦᠪ ᠠᠭᠠᠵᠢᠮ ᠢᠶᠠᠷ ︽ᠰᠢᠨ᠎ᠡ ᠴᠢᠨᠠᠷ ᠪᠦᠬᠦᠢ | ᠦᠢᠯᠡᠳᠪᠦᠷᠢᠯᠡᠯ ᠤᠨ ᠬᠦᠴᠦᠨ︾ ᠳᠡᠭᠡᠷ᠎ᠡ ᠲᠥᠪᠯᠡᠷᠡᠪᠡ᠃ | ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠡᠲᠡᠭᠡᠳ ᠤᠨ ᠬᠢᠨ ᠠᠴᠠ ᠢᠷᠡᠭᠰᠡᠨ ᠵᠤᠤ ᠢᠦᠢ ᠯᠢᠶᠠᠩ ᠭᠡᠰᠢᠭᠦᠨ᠂ ᠰᠢᠨᠵᠢᠯᠡᠬᠦ ᠤᠬᠠᠭᠠᠨ ᠲᠸᠭᠨᠢᠭ | ᠮᠡᠷᠭᠡᠵᠢᠯ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠠᠵᠤ ᠦᠢᠯᠡᠰᠵᠢᠭᠦᠯᠬᠦ ᠪᠠᠷ ᠭᠠᠷᠳᠠᠴᠠ ᠪᠤᠯᠭᠠᠵᠤ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ | ᠬᠦᠴᠦᠨ ᠢ ᠳᠡᠭᠡᠭᠰᠢᠯᠡᠭᠦᠯᠭᠦ ᠬᠡᠷᠡᠭᠲᠡᠢ ᠭᠡᠵᠦ ᠰᠠᠨᠠᠭᠤᠯᠪᠠ᠃ | ᠲᠡᠷᠡ᠄ ︽ᠮᠠᠨ ᠤ ᠤᠯᠤᠰ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠥᠭᠦᠯᠡᠯ ᠤᠨ ᠡᠭᠦᠳᠦᠯᠲᠡ ᠶᠢᠨ ᠲᠤᠰᠬᠠᠢ ᠠᠰᠢᠭ ᠤᠨ ᠡᠷᠬᠡ ᠨᠢ ᠤᠯᠠᠨ ᠪᠤᠯᠪᠠᠴᠤ | ᠨᠠᠶᠢᠳᠠᠪᠤᠷᠢᠵᠢᠭᠤᠯᠵᠤ ᠣᠨᠳᠣᠣᠰᠢᠭᠤᠯᠤᠭᠰᠠᠨ ᠨᠢ ᠪᠠᠭ᠎ᠠ᠃ ᠮᠠᠨ ᠤ ᠤᠯᠤᠰ ᠤᠨ ᠠᠵᠤ ᠠᠬᠤᠶᠢᠯᠠᠯ ᠤᠨ ᠲᠤᠰᠬᠠᠢ ᠠᠰᠢᠭ ᠤᠨ ᠤᠨᠳᠤᠤᠰᠢᠭᠤᠯᠤᠯᠳᠠ ᠪᠠᠰᠠ | ᠨᠡᠯᠢᠶᠡᠳ ᠶᠡᠭᠡ ᠣᠷᠣᠨ ᠵᠠᠢ ᠲᠠᠢ ᠪᠠᠶᠢᠨ᠎ᠠ᠃ ᠰᠢᠨ᠎ᠡ ᠶᠢ ᠡᠭᠦᠳᠬᠦ ᠬᠡᠯᠬᠢᠶ᠎ᠡ ᠪᠣᠯᠣᠨ ᠠᠵᠤ ᠦᠢᠯᠡᠰ ᠤᠨ ᠬᠡᠯᠬᠢᠶ᠎ᠡ ︿ᠬᠠᠷᠢᠯᠴᠠᠨ ᠤᠶᠠᠯᠳᠤᠬᠤ ᠳᠤ ᠪᠡᠷᠬᠡ﹀ ᠪᠠᠶᠢᠬᠤ | ᠪᠣᠯ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠤ ᠪᠦᠷᠢᠯᠳᠦᠬᠦ ᠶᠢ ᠬᠠᠷᠰᠢᠯᠠᠵᠤ ᠪᠠᠶᠢᠭ᠎ᠠ ᠪᠣᠭᠤᠮᠢ ᠮᠥᠨ︾ ᠭᠡᠵᠦ ᠠᠵᠢᠯ ᠤᠨ ᠥᠩᠭᠡᠷᠡᠯᠲᠡ ᠲᠠᠢ ᠪᠠᠨ | ᠤᠶᠠᠯᠳᠤᠭᠤᠯᠤᠨ ᠭᠦᠨ ᠲᠥᠷᠥᠭᠳᠡᠯ ᠲᠠᠢ ᠬᠡᠯᠡᠪᠡ᠃ | ᠶᠡᠷᠦᠩᠬᠡᠢ ᠱᠦᠵᠢ ᠰᠢ ᠶᠢᠨ ᠫᠢᠩ᠄ ︽ᠥᠩᠭᠡᠷᠡᠭᠰᠡᠨ ᠤ ᠰᠤᠳᠤᠯᠭᠠᠨ ᠪᠣᠯᠣᠨ ᠦᠢᠯᠡᠳᠪᠦᠷᠢᠯᠡᠯ ᠠᠰ ᠠᠰ ᠲᠠᠭᠠᠨ ᠶᠠᠪᠤᠭᠳᠠᠵᠤ ᠪᠠᠶᠢᠭᠰᠠᠨ ᠶᠤᠮ᠂ ᠤᠳᠤ | ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢ ᠣᠨᠳᠣᠣᠰᠢᠭᠤᠯᠬᠤ ᠨᠤᠷᠮ᠎ᠠ ᠥᠩᠭᠡᠷᠡᠭᠰᠡᠨ ᠤ ᠬᠢ ᠠᠴᠠ ᠬᠤᠯᠠ ᠥᠨᠳᠥᠷ ᠪᠣᠯᠵᠠᠢ᠂ ᠢᠯᠠᠩᠭᠤᠶ᠎ᠠ | ᠠᠵᠤ ᠠᠬᠤᠶᠢᠯᠠᠯ ᠤᠨ ᠲᠤᠰ ᠪᠡᠶ᠎ᠡ ᠶᠢᠨ ᠰᠢᠭᠤᠳ ᠰᠤᠳᠤᠯᠤᠨ ᠨᠡᠭᠡᠭᠡᠯᠲᠡ ᠨᠢ ᠦᠷ᠎ᠡ ᠪᠦᠲᠦᠭᠡᠯ ᠢ ᠣᠨᠳᠣᠣᠰᠢᠭᠤᠯᠵᠤ᠂ ᠶᠡᠭᠡ ᠳᠡᠭᠡᠳᠦ ᠰᠤᠷᠭᠠᠭᠤᠯᠢ ᠪᠣᠯᠣᠨ ᠠᠵᠤ | ᠠᠬᠤᠶᠢᠯᠠᠯ ᠬᠠᠮᠲᠤ ᠶᠢᠨ ᠴᠣᠭᠴᠠ ᠶᠢ ᠪᠦᠷᠢᠯᠳᠦᠭᠦᠯᠪᠡ᠂ ᠡᠶᠢᠮᠦᠷᠬᠦᠦ ᠬᠠᠨᠳᠤᠰᠢ ᠴᠢᠭᠯᠡᠯ ᠨᠢ ᠵᠥᠪ ᠪᠠᠶᠢᠨ᠎ᠠ᠂ ᠬᠤᠷᠳᠤᠨ ᠮᠣᠷᠢᠨ ᠳᠤ ᠲᠠᠰᠢᠭᠤᠷ ᠨᠡᠮᠡᠵᠦ᠂ | ᠤᠷᠮᠠᠰᠢᠭᠤᠯᠤᠨ ᠵᠣᠷᠢᠭᠵᠢᠭᠤᠯᠬᠤ᠂ ᠠᠬᠢᠭᠤᠯᠬᠤ ᠲᠦᠷᠦ ᠶᠢᠨ ᠪᠣᠳᠣᠯᠭ᠎ᠠ ᠶᠢ ᠤᠯᠠᠮ ᠰᠠᠶᠢᠲᠤᠷ ᠠᠳᠬᠤᠬᠤ ᠬᠡᠷᠡᠭᠲᠡᠢ︾ ᠭᠡᠵᠦ ᠬᠠᠷᠢᠭᠤᠯᠪᠠ᠃ | ᠦᠨᠡᠨ ᠠᠴᠠ ᠵᠥᠪ ᠢ ᠡᠷᠢᠬᠦ ᠶᠢ ᠪᠠᠷᠢᠮᠲᠠᠯᠠᠬᠤ ᠳᠤ᠂ ︽ᠡᠯ᠎ᠡ ᠭᠠᠵᠠᠷ ᠤᠨ ᠬᠢᠨ ᠪᠣᠳᠠᠲᠠᠢ ᠠᠴᠠ ᠡᠭᠦᠰᠬᠦ ᠶᠢ ᠪᠠᠷᠢᠮᠲᠠᠯᠠᠵᠤ᠂ ᠤᠷᠢᠳ ᠢᠶᠠᠷ ᠰᠢᠨ᠎ᠡ ᠶᠢ | ᠪᠠᠶᠢᠭᠤᠯᠤᠨ ᠳᠠᠷᠠᠭ᠎ᠠ ᠨᠢ ᠬᠠᠭᠤᠴᠢᠨ ᠢᠶᠠᠨ ᠥᠭᠡᠷᠡᠴᠢᠯᠡᠵᠦ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ᠂ ᠲᠦᠷᠦᠯ ᠬᠤᠪᠢᠶᠠᠨ ᠵᠢᠯᠤᠭᠤᠳᠬᠤ ᠬᠡᠷᠡᠭᠲᠡᠢ︾ | ᠭᠡᠵᠦ ᠴᠢᠬᠤᠯᠠᠴᠢᠯᠠᠪᠠ︔ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠪᠠᠷᠢᠮᠲᠠᠯᠠᠬᠤ ᠳᠤ᠂ ︽ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠤ | ᠬᠥᠭᠵᠢᠯᠲᠡ ᠶᠢ ᠬᠦᠯᠢᠶᠡᠰᠦᠯᠡᠵᠦ ᠪᠠᠶᠢᠭ᠎ᠠ ᠲᠦᠭᠵᠢᠷᠡᠯ ᠪᠣᠭᠤᠮᠢ ᠶᠢ ᠬᠦᠴᠦᠯᠡᠨ ᠨᠡᠪᠲᠡᠷᠡᠭᠦᠯᠬᠦ ᠬᠡᠷᠡᠭᠲᠡᠢ︾ ᠭᠡᠵᠦ ᠳᠤᠷᠠᠳᠴᠠᠢ︔ ᠰᠢᠨᠵᠢᠯᠡᠬᠦ ᠤᠬᠠᠭᠠᠨ ᠲᠸᠭᠨᠢᠭ | ᠮᠡᠷᠭᠡᠵᠢᠯ ᠤᠨ ᠰᠢᠨ᠎ᠡ ᠶᠢ ᠡᠭᠦᠳᠬᠦ ᠶᠢ ᠪᠠᠷᠢᠮᠲᠠᠯᠠᠬᠤ ᠳᠤ᠂ ︽ᠨᠡᠩ ᠤᠯᠠᠨ ᠤᠤᠭᠠᠯ ᠡᠭᠦᠳᠦᠯᠲᠡ ᠶᠢᠨ ᠴᠢᠨᠠᠷᠲᠠᠢ᠂ ᠳᠣᠩᠰᠣᠯᠤᠯᠲᠠ ᠶᠢᠨ ᠴᠢᠨᠠᠷᠲᠠᠢ ᠰᠢᠨᠵᠢᠯᠡᠬᠦ | ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠡᠵᠡᠮᠰᠢᠵᠦ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ | ᠬᠥᠭᠵᠢᠭᠦᠯᠬᠦ ᠰᠢᠨ᠎ᠡ ᠬᠥᠳᠡᠯᠭᠡᠬᠦ ᠡᠨᠧᠷᠭᠢ ᠶᠢ ᠪᠣᠶᠢᠵᠢᠭᠤᠯᠬᠤ ᠬᠡᠷᠡᠭᠲᠡᠢ︾ ᠭᠡᠵᠦ ᠱᠠᠭᠠᠷᠳᠠᠪᠠ︔ ᠴᠢᠯᠦᠭᠡᠯᠡᠬᠦ ᠴᠡᠷᠢᠭ ᠪᠣᠯᠣᠨ ᠵᠡᠪᠰᠡᠭᠲᠦ ᠴᠠᠭᠳᠠᠭ᠎ᠠ ᠶᠢᠨ ᠴᠡᠷᠢᠭ | ᠠᠩᠭᠢ ᠶᠢᠨ ᠲᠥᠯᠥᠭᠡᠯᠡᠭᠴᠢᠳ ᠤᠨ ᠪᠦᠯᠭᠦᠮ ᠤᠨ ᠪᠦᠭᠦᠳᠡ ᠬᠤᠷᠠᠯ ᠳᠤ ᠣᠷᠤᠯᠴᠠᠬᠤ ᠳᠠᠭᠠᠨ᠂ ︽ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠪᠣᠯᠣᠨ | ᠰᠢᠨ᠎ᠡ ᠴᠢᠨᠠᠷ ᠪᠦᠬᠦᠢ ᠲᠠᠶᠢᠴᠢᠨ ᠬᠦᠴᠦᠨ ᠢ ᠥᠨᠳᠥᠷ ᠪᠦᠲᠦᠮᠵᠢᠲᠡᠢ ᠠᠭᠤᠰᠤᠯᠴᠠᠭᠤᠯᠬᠤ᠂ ᠬᠤᠣᠰ ᠴᠢᠭᠯᠡᠯ ᠢᠶᠠᠷ ᠬᠦᠴᠦᠯᠡᠬᠦ ᠶᠢ ᠠᠬᠢᠭᠤᠯᠬᠤ ᠬᠡᠷᠡᠭᠲᠡᠢ︾ ᠭᠡᠵᠦ | ᠱᠠᠭᠠᠷᠳᠠᠪᠠ ᠁ | ᠣᠳᠣᠬᠠᠨ ᠪᠠ ᠠᠯᠤᠰ ᠭᠡᠲᠦ ᠳᠤ ᠰᠠᠭᠤᠷᠢᠯᠠᠨ᠂ ᠣᠷᠣᠨ ᠪᠦᠰᠡ ᠪᠠ ᠪᠦᠭᠦ ᠲᠠᠯ᠎ᠠ ᠶᠢ ᠨᠢᠭᠡᠳᠦᠯᠲᠡᠢ ᠲᠥᠯᠥᠪᠵᠢᠭᠦᠯᠵᠦ᠂ ᠶᠡᠷᠦᠩᠬᠡᠢ ᠱᠦᠵᠢ ᠰᠢ ᠶᠢᠨ ᠫᠢᠩ | ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠣᠨᠣᠯ ᠪᠠ ᠦᠢᠯᠡᠳᠦᠯᠭᠡ ᠶᠢᠨ ᠠᠰᠠᠭᠤᠳᠠᠯ ᠢ ᠤᠯᠠᠮ ᠰᠢᠰᠲ᠋ᠧᠮ ᠲᠠᠢ ᠲᠣᠳᠣᠷᠬᠠᠶᠢᠯᠠᠨ | ᠥᠭᠦᠯᠡᠵᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠯᠠᠪᠳᠠᠭᠤᠨ ᠪᠠᠲᠤᠲᠠᠢ ᠠᠬᠢᠭᠤᠯᠬᠤ ᠳᠤ | ᠠᠶᠠᠯᠠᠯ ᠢ ᠵᠢᠯᠣᠭᠤᠳᠤᠨ ᠴᠢᠭᠯᠡᠯ ᠢ ᠲᠣᠭᠲᠠᠭᠠᠵᠠᠢ᠃ | ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠤᠪᠢᠰᠤᠩᠭᠤᠢ ᠠᠷᠭ᠎ᠠ – ︽ᠥᠩᠭᠡ ᠦᠵᠡᠮᠵᠢ ᠶᠢ ᠪᠠᠷᠠᠯᠠᠨ ᠬᠠᠷᠠᠬᠤᠢ ᠳᠤᠷ ᠬᠠᠷᠠᠭ᠎ᠠ ᠪᠠᠨ | ᠬᠤᠯᠠᠳᠬᠠᠪᠠᠰᠤ ᠵᠣᠬᠢᠮᠤᠢ︾ | ︽ᠪᠢᠳᠡ ᠨᠢᠩᠰᠢᠶᠠ ᠶᠢᠨ ᠭᠦᠶᠤᠸᠠᠨ ᠳᠤ ᠤᠰᠤᠨ ᠤ ᠣᠷᠴᠢᠨ ᠲᠣᠭᠤᠷᠢᠨ ᠤ ᠵᠠᠰᠠᠯᠲᠠ ᠬᠢᠵᠦ ᠪᠠᠶᠢᠬᠤ ᠦᠶ᠎ᠡ ᠳᠤ᠂ ᠲᠤᠬᠠᠢ ᠶᠢᠨ ᠭᠠᠵᠠᠷ ᠤᠨ ᠠᠷᠠᠳ ᠴᠠᠢ | ᠬᠤᠭᠤᠯᠠ ᠬᠦᠷᠭᠡᠵᠦ᠂ ᠮᠠᠨ ᠤ ᠠᠵᠢᠯ ᠢ ᠳᠡᠮᠵᠢᠪᠡ︾ | ︽ᠲᠠ ᠨᠠᠷ ᠭᠤᠣᠯᠳᠠᠭᠤ ᠶᠠᠮᠠᠷ ᠶᠠᠩᠵᠤ ᠶᠢᠨ ᠤᠰᠤ ᠵᠠᠰᠠᠬᠤ ᠠᠷᠭ᠎ᠠ ᠶᠢ ᠬᠡᠷᠡᠭᠯᠡᠭᠰᠡᠨ ᠪᠤᠢ︖ ᠶᠠᠮᠠᠷ ᠠᠰᠠᠭᠤᠳᠠᠯ ᠢ ᠰᠢᠢᠳᠪᠦᠷᠢᠯᠡᠭᠰᠡᠨ ᠪᠤᠢ︖︾ | ᠤᠯᠤᠰ ᠲᠦᠷᠦ ᠶᠢᠨ ᠵᠥᠪᠯᠡᠯᠭᠡᠨ ᠤ ᠳᠤᠭᠤᠶᠢᠯᠠᠩ ᠬᠠᠮᠲᠤᠷᠠᠭᠰᠠᠨ ᠬᠤᠷᠠᠯ ᠳᠡᠭᠡᠷ᠎ᠡ᠂ ᠪᠡᠭᠡᠵᠢᠩ ᠤᠨ ᠱᠧᠦ ᠴᠤᠸᠠᠩ ᠠᠮᠢ ᠠᠬᠤᠢ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠪᠦᠯᠦᠭᠯᠡᠯ ᠤᠨ ᠬᠤᠸᠠᠩ ᠮᠢᠶᠠᠨ ᠰᠦᠩ ᠭᠡᠰᠢᠭᠦᠨ ᠤ ᠶᠠᠷᠢᠵᠤ ᠪᠠᠶᠢᠭᠰᠠᠨ ᠦᠨᠳᠦᠰᠦᠨ ᠱᠠᠲᠤᠨ ᠤ ᠡᠮᠦᠨ᠎ᠡ ᠹᠷᠤᠨᠲ ᠤᠨ ᠦᠯᠢᠭᠡᠷ ᠢ | ᠰᠣᠨᠣᠰᠤᠭᠠᠳ ᠶᠡᠷᠦᠩᠬᠡᠢ ᠱᠦᠵᠢ ᠰᠢ ᠶᠢᠨ ᠫᠢᠩ ᠦᠭᠡ ᠡᠯᠭᠦᠵᠦ ᠠᠰᠠᠭᠤᠪᠠ᠃ | ᠭᠦᠶᠤᠸᠠᠨ ᠤ ᠪᠠᠶᠢᠭ᠎ᠠ ᠰᠢ ᠬᠠᠢ ᠭᠦ᠋ ᠣᠷᠣᠨ ᠨᠢ ︽ᠬᠦᠴᠢᠷ ᠵᠣᠪᠠᠭᠤᠷᠢ ᠪᠠᠷ ᠳᠦᠭᠦᠷᠦᠭᠰᠡᠨ ᠭᠠᠵᠠᠷ︾ ᠪᠣᠯᠣᠨ᠎ᠠ᠃ ᠣᠷᠣᠨ ᠨᠤᠲᠤᠭ ᠲᠤ ᠠᠵᠢᠯᠯᠠᠭᠰᠠᠨ | ᠴᠤ ᠲᠡᠷᠡ᠂ ᠲᠥᠪ ᠬᠤᠷᠢᠶ᠎ᠠ ᠳᠤ ᠠᠵᠢᠯᠯᠠᠭᠰᠠᠨ ᠴᠤ ᠲᠡᠷᠡ᠂ ᠰᠢ ᠶᠢᠨ ᠫᠢᠩ ᠨᠥᠬᠦᠷ ᠴᠥᠮ ᠰᠢ ᠬᠠᠢ ᠭᠦ᠋ ᠶᠢ ᠰᠠᠨᠠᠭᠠᠯᠵᠠᠵᠤ᠂ ᠡᠨᠡ ᠬᠦ ᠭᠠᠵᠠᠷ ᠣᠷᠣᠨ ᠤ | ᠬᠥᠭᠵᠢᠯᠲᠡ ᠳᠤ ᠶᠡᠭᠡ ᠬᠡᠮᠵᠢᠶᠡᠨ ᠤ ᠬᠦᠴᠦ ᠵᠠᠷᠤᠴᠠᠭᠤᠯᠤᠭᠰᠠᠨ ᠶᠤᠮ᠃ | ᠬᠤᠸᠠᠩ ᠮᠢᠶᠠᠨ ᠰᠦᠩ ᠶᠡᠷᠦᠩᠬᠡᠢ ᠱᠦᠵᠢ ᠳᠤ᠂ ᠤᠯᠠᠨ ᠤ ᠬᠠᠮᠲᠤ ᠶᠢᠨ ᠴᠢᠷᠮᠠᠶᠢᠯᠭ᠎ᠠ ᠪᠠᠷ᠂ ᠭᠦᠶᠤᠸᠠᠨ ᠤ ᠠᠮᠢ ᠠᠬᠤᠢ ᠣᠷᠴᠢᠨ ᠲᠣᠭᠤᠷᠢᠨ ᠤ ᠶᠠᠰᠤ | ᠴᠢᠨᠠᠷ ᠵᠢᠯ ᠠᠴᠠ ᠵᠢᠯ ᠰᠠᠶᠢᠵᠢᠷᠠᠵᠤ᠂ ᠡᠨᠡ ᠵᠢᠯ ᠤᠨ ᠴᠠᠭᠠᠨ ᠰᠠᠷ᠎ᠠ ᠶᠢᠨ ᠬᠤᠭᠤᠴᠠᠭᠠᠨ ᠳᠤ ᠳᠡᠯᠡᠬᠡᠢ ᠶᠢᠨ ᠡᠯ᠎ᠡ ᠭᠠᠵᠠᠷ ᠤᠨ ᠵᠢᠭᠤᠯᠴᠢᠯᠠᠬᠰᠠᠳ ᠢ 42.8 ᠲᠦᠮᠡᠨ | ᠬᠥᠮᠥᠨ ᠤᠳᠠᠭ᠎ᠠ ᠭᠥᠯᠢᠶᠡᠨ ᠠᠪᠴᠤ᠂ ᠵᠢᠭᠤᠯᠴᠢᠯᠠᠯ ᠤᠨ ᠣᠷᠣᠯᠭ᠎ᠠ 2.15 ᠳ᠋ᠦᠩᠰᠢᠭᠤᠷ ᠲᠥᠭᠦᠷᠢᠭ ᠲᠤ ᠬᠦᠷᠴᠦ᠂ ᠠᠮᠢ ᠠᠬᠤᠢ ᠶᠢᠨ ᠦᠢᠯᠡᠳᠬᠦᠨ ᠤ | ᠦᠷᠳᠡᠭ ᠲᠠᠰᠤᠷᠠᠯᠳᠠ ᠦᠭᠡᠢ ᠪᠡᠶᠡᠯᠡᠭᠳᠡᠪᠡ ᠭᠡᠵᠦ ᠬᠡᠯᠡᠵᠦ ᠥᠭᠴᠡᠢ᠃ | ︽ᠣᠷᠴᠢᠨ ᠲᠣᠭᠤᠷᠢᠨ ᠤ ᠬᠠᠮᠠᠭᠠᠯᠠᠯᠲᠠ ᠶᠢ ᠨᠠᠮ ᠤᠨ ᠲᠥᠪ ᠬᠤᠷᠢᠶ᠎ᠠ ᠢᠮᠠᠭᠲᠠ ᠴᠢᠬᠤᠯᠠᠴᠢᠯᠠᠭᠰᠠᠭᠠᠷ ᠢᠷᠡᠵᠠᠢ᠂ ᠣᠨᠴᠠᠭᠠᠶᠢᠯᠠᠨ ᠨᠠᠮ ᠤᠨ ᠠᠷᠪᠠᠨ | ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠨᠢᠰᠬᠦ ᠮᠡᠲᠦ ᠲᠦᠷᠭᠡᠨ ᠬᠥᠭᠵᠢᠵᠦ᠂ ᠯᠤᠲᠤ ᠶᠡᠭᠡ ᠬᠤᠪᠢᠷᠠᠯᠲᠠ ᠲᠠᠢ ᠪᠣᠯᠵᠠᠢ︾᠂ ᠶᠡᠷᠦᠩᠬᠡᠢ ᠱᠦᠵᠢ ᠰᠢ ᠶᠢᠨ ᠫᠢᠩ | ᠪᠠᠭ᠎ᠠ ᠶᠢᠨ ᠦᠶ᠎ᠡ ᠶᠢᠨ ᠢᠶᠠᠨ ᠪᠡᠭᠡᠵᠢᠩ ᠬᠤᠳᠠ ᠶᠢ ᠡᠷᠭᠢᠴᠡᠭᠦᠯᠬᠦ ᠳᠡᠭᠡᠨ ︽ᠦᠷᠭᠦᠯᠵᠢ ᠡᠯᠡᠰᠦᠨ ᠰᠢᠭᠤᠷᠭ᠎ᠠ ᠳᠡᠭᠳᠡᠳᠡᠭ᠃ ᠬᠠᠪᠤᠷ ᠠᠮᠠᠪᠴᠢ ᠵᠡᠭᠦᠵᠦ᠂ | ᠠᠮᠠᠪᠴᠢ ᠪᠠᠨ ᠠᠪᠬᠤ ᠳᠤ ᠳᠡᠭᠡᠷ᠎ᠡ ᠨᠢ ᠴᠥᠮ ᠲᠣᠭᠤᠰᠣ ᠰᠠᠭᠤᠴᠢᠬᠠᠭᠰᠠᠨ ᠪᠠᠶᠢᠳᠠᠭ᠃ ᠭᠠᠳᠠᠭᠰᠢ ᠭᠠᠷᠤᠭᠠᠳ ᠣᠷᠣᠵᠤ ᠢᠷᠡᠪᠡᠯ᠂ ᠭᠡᠷ ᠤᠨ ᠱᠠᠯᠠ ᠳᠡᠭᠡᠷ᠎ᠡ | ᠴᠥᠮ ᠰᠢᠷᠣᠢ ᠰᠠᠭᠤᠴᠢᠬᠠᠭᠰᠠᠨ ᠪᠠᠶᠢᠳᠠᠭ︾ ᠭᠡᠵᠡᠢ᠃ | 10 ᠵᠢᠯ ᠤᠨ ᠡᠮᠦᠨ᠎ᠡ᠂ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠠᠵᠤ ᠠᠬᠤᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ︵APEC︶ | ᠶᠢᠨ ᠬᠤᠷᠢᠨ ᠬᠤᠶᠠᠳᠤᠭᠠᠷ ᠤᠳᠠᠭ᠎ᠠ ᠶᠢᠨ ᠤᠳᠤᠷᠢᠳᠬᠤ ᠬᠥᠮᠥᠰ ᠤᠨ ᠠᠯᠪᠠᠨ ᠶᠣᠰᠣᠨ ᠤ ᠪᠤᠰᠤ ᠬᠤᠷᠠᠯ ᠪᠡᠭᠡᠵᠢᠩ ᠳᠤ ᠬᠤᠷᠠᠯᠳᠤᠵᠤ᠂ ᠦᠵᠡᠰᠬᠦᠯᠡᠩᠲᠦ | ᠰᠠᠶᠢᠬᠠᠨ ᠬᠥᠬᠡ ᠣᠭᠲᠠᠷᠭᠤᠢ ᠨᠢ ᠬᠥᠮᠥᠰ ᠤᠨ ᠰᠡᠳᠬᠢᠯ ᠢ ᠪᠠᠶᠠᠰᠬᠠᠪᠠ᠃ | ︽ᠲᠡᠷᠡ ᠬᠡᠳᠦᠨ ᠡᠳᠦᠷ ᠤᠨ ᠠᠭᠤᠷ ᠠᠮᠢᠰᠬᠤᠯ ᠮᠠᠰᠢ ᠰᠠᠶᠢᠨ᠂ ᠲᠤᠬᠠᠢ ᠶᠢᠨ ᠦᠶ᠎ᠡ ᠳᠤ ᠵᠠᠷᠢᠮ ᠬᠥᠮᠥᠨ ᠡᠨᠡ ᠪᠣᠯ ︿APEC ᠤᠨ ᠬᠥᠬᠡ﹀ ᠶᠤᠮ᠂ | ᠤᠳᠠᠭᠠᠨ ᠦᠷᠭᠦᠯᠵᠢᠯᠡᠵᠦ ᠲᠠᠶᠢᠯᠤᠨ᠎ᠠ ᠦᠦ︖ ᠭᠡᠵᠦ ᠠᠰᠠᠭᠤᠵᠤ ᠪᠠᠶᠢᠪᠠ᠃ ᠪᠢ ᠲᠡᠳᠡᠨ ᠳᠤ᠂ ᠡᠨᠡ ᠨᠢ ᠲᠦᠷ ᠴᠠᠭ ᠤᠨ ᠬᠥᠬᠡ ᠣᠭᠲᠠᠷᠭᠤᠢ ᠪᠢᠰᠢ᠂ ᠬᠡᠳᠦᠨ | ᠵᠢᠯ ᠤᠨ ᠳᠠᠷᠠᠭ᠎ᠠ ᠡᠭᠦᠷᠢᠳᠡ ᠶᠢᠨ ᠬᠥᠬᠡ ᠪᠣᠯᠣᠨ᠎ᠠ ᠭᠡᠵᠦ ᠬᠠᠷᠢᠭᠤᠯᠪᠠ︾᠂ ᠲᠤᠬᠠᠢ ᠶᠢᠨ ᠵᠢᠯ ᠤᠨ ᠡᠨᠡ ᠬᠦ ᠵᠢᠵᠢᠭ ᠶᠠᠪᠤᠳᠠᠯ ᠢ ᠶᠠᠷᠢᠬᠤ ᠳᠤ ᠶᠡᠷᠦᠩᠬᠡᠢ ᠱᠦᠵᠢ ᠰᠢ | ᠶᠢᠨ ᠫᠢᠩ ᠤᠨ ᠦᠭᠡ ᠶᠠᠷᠢᠶ᠎ᠠ ᠮᠠᠰᠢ ᠰᠢᠭᠤᠷᠬᠠᠢ ᠪᠠᠶᠢᠪᠠ᠃ | ᠴᠠᠭ ᠮᠥᠴᠡ ᠨᠢᠰᠬᠦ ᠮᠡᠲᠦ ᠲᠦᠷᠭᠡᠨ ᠥᠩᠭᠡᠷᠡᠵᠦ᠂ ︽APEC ᠤᠨ ᠬᠥᠬᠡ︾ ᠨᠢ ᠠᠭᠠᠵᠢᠮ ᠢᠶᠠᠷ ᠠᠷᠠᠳ ᠤᠨ ᠠᠮᠢᠳᠤᠷᠠᠯ ᠤᠨ ᠬᠡᠪ ᠤᠨ ᠪᠠᠶᠢᠳᠠᠯ | ᠪᠣᠯᠵᠤ ᠪᠠᠶᠢᠨ᠎ᠠ᠃ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠮᠠᠨ ᠤ ᠤᠯᠤᠰ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠳᠤ ᠲᠡᠦᠬᠡᠲᠦ | ᠴᠢᠨᠠᠷᠲᠠᠢ᠂ ᠡᠷᠭᠢᠯᠲᠡ ᠶᠢᠨ ᠴᠢᠨᠠᠷᠲᠠᠢ᠂ ᠪᠦᠭᠦ ᠲᠠᠯ᠎ᠠ ᠶᠢᠨ ᠴᠢᠨᠠᠷᠲᠠᠢ ᠬᠤᠪᠢᠷᠠᠯᠲᠠ ᠭᠠᠷᠴᠠᠢ᠃ ᠰᠢᠨ᠎ᠡ ᠴᠠᠭ ᠦᠶ᠎ᠡ ᠶᠢᠨ ᠠᠭᠤᠤ ᠶᠡᠭᠡ ᠬᠤᠪᠢᠰᠤᠯᠲᠠ ᠶᠢ ᠲᠡᠭᠷᠢ ᠨᠢ | ᠨᠡᠩ ᠬᠥᠬᠡ᠂ ᠠᠭᠤᠯᠠ ᠨᠢ ᠨᠡᠩ ᠬᠥᠬᠡᠮᠳᠦᠭ᠂ ᠤᠰᠤ ᠨᠢ ᠨᠡᠩ ᠲᠤᠩᠭᠠᠯᠠᠭ ᠦᠵᠡᠰᠬᠦᠯᠡᠩᠲᠦ ᠰᠠᠶᠢᠬᠠᠨ ᠵᠢᠷᠤᠭ ᠲᠤ ᠪᠢᠴᠢᠭᠯᠡᠭᠳᠡᠨᠡ᠃ | ᠭᠢᠯᠪᠠᠷ ᠪᠤᠰᠤ ᠪᠠᠷ ᠣᠯᠣᠭᠰᠠᠨ ᠠᠮᠵᠢᠯᠲᠠ ᠪᠦᠲᠦᠮᠵᠢ ᠠᠴᠠ ᠪᠠᠨ ᠡᠷᠬᠢᠮ ᠨᠠᠨᠳᠢᠨ ᠲᠤᠷᠰᠢᠯᠭ᠎ᠠ ᠭᠦᠷᠲᠡᠯ᠎ᠡ ᠶᠠᠷᠢᠬᠤ ᠳᠠᠭᠠᠨ᠂ ᠶᠡᠷᠦᠩᠬᠡᠢ ᠱᠦᠵᠢ ᠰᠢ ᠶᠢᠨ | ᠫᠢᠩ᠄ ︽ᠥᠩᠭᠡ ᠦᠵᠡᠮᠵᠢ ᠶᠢ ᠪᠠᠷᠠᠯᠠᠨ ᠬᠠᠷᠠᠬᠤᠢ ᠳᠤᠷ ᠬᠠᠷᠠᠭ᠎ᠠ ᠪᠠᠨ ᠬᠤᠯᠠᠳᠬᠠᠪᠠᠰᠤ ᠵᠣᠬᠢᠮᠤᠢ᠂ ᠵᠥᠪᠭᠡᠨ ᠲᠡᠨᠳᠡ ᠰᠢᠭᠦᠮᠵᠢᠯᠡᠭᠡᠳ ᠵᠢᠭᠠᠵᠤ ᠳᠣᠬᠢᠭᠠᠳ ᠯᠠ | ᠪᠠᠶᠢᠵᠤ ᠪᠤᠯᠬᠤ ᠦᠭᠡᠢ᠂ ᠬᠠᠷᠢᠨ ᠦᠨᠡᠨ ᠬᠦ ᠠᠵᠢᠯᠯᠠᠭ᠎ᠠ ᠠᠪᠴᠤ᠂ ᠴᠢᠳᠠᠯ ᠤᠨ ᠬᠢᠷᠢ ᠪᠠᠷ ᠢᠶᠠᠨ ᠰᠢᠢᠳᠪᠦᠷᠢᠯᠡᠬᠦ ᠬᠡᠷᠡᠭᠲᠡᠢ︾᠃ ︽ᠪᠢᠳᠡ ᠤᠷᠤᠭᠰᠢ ᠪᠠᠨ | ᠶᠠᠪᠤᠵᠤ ᠪᠠᠶᠢᠬᠤ ᠪᠠᠨ ᠣᠯᠵᠤ ᠬᠠᠷᠠᠳᠠᠭ ᠯᠠ ᠶᠤᠮ ᠪᠣᠯ ᠲᠣᠭᠲᠠᠯ ᠬᠦᠴᠦᠨ ᠢᠶᠠᠨ ᠪᠠᠲᠤᠯᠠᠬᠤ ᠬᠡᠷᠡᠭᠲᠡᠢ︾ ᠭᠡᠵᠦ ᠴᠢᠬᠤᠯᠠᠴᠢᠯᠠᠪᠠ᠃ | ᠬᠤᠸᠠᠩ ᠮᠢᠶᠠᠨ ᠰᠦᠩ ᠭᠡᠰᠢᠭᠦᠨ ᠤ ᠪᠠᠶᠢᠭ᠎ᠠ ᠣᠷᠴᠢᠨ ᠲᠣᠭᠤᠷᠢᠨ ᠡᠬᠢ ᠪᠠᠶᠠᠯᠢᠭ ᠤᠨ ᠡᠲᠡᠭᠡᠳ ᠤᠨ ᠬᠢᠨ ᠪᠣᠯ ᠤᠯᠤᠰ ᠲᠦᠷᠦ ᠶᠢᠨ ᠵᠥᠪᠯᠡᠯᠭᠡᠨ ᠤ | ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠨᠡᠮᠡᠵᠦ ᠪᠠᠶᠢᠭᠤᠯᠤᠭᠰᠠᠨ ᠰᠢᠨ᠎ᠡ ᠡᠲᠡᠭᠡᠳ ᠢᠯᠭᠠᠯ | ᠪᠣᠯᠣᠨ᠎ᠠ᠃ | ᠶᠡᠷᠦᠩᠬᠡᠢ ᠱᠦᠵᠢ ᠰᠢ ᠶᠢᠨ ᠫᠢᠩ ᠠᠩᠬ᠎ᠠ ᠤᠳᠠᠭ᠎ᠠ ᠡᠨᠡ ᠬᠦ ᠡᠲᠡᠭᠡᠳ ᠢᠯᠭᠠᠯ ᠳᠤ ᠢᠷᠡᠵᠥ᠂ ᠭᠡᠰᠢᠭᠦᠳ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠳᠤ | ᠄ ︽ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠴᠢᠩᠭᠠᠳᠬᠠᠬᠤ᠂ ᠥᠨᠳᠥᠷ ᠲᠦᠪᠰᠢᠨ ᠪᠦᠬᠦᠢ ᠬᠠᠮᠠᠭᠠᠯᠠᠯᠲᠠ ᠪᠠᠷ ᠴᠢᠨᠠᠷ ᠰᠠᠶᠢᠲᠠᠢ ᠬᠥᠭᠵᠢᠯᠲᠡ ᠶᠢ | ᠲᠤᠯᠭᠠᠭᠤᠷᠢᠯᠠᠬᠤ ᠲᠠᠯ᠎ᠠ ᠪᠠᠷ ᠥᠷᠭᠡᠨ ᠤᠯᠠᠨ ᠣᠷᠴᠢᠨ ᠲᠣᠭᠤᠷᠢᠨ ᠡᠬᠢ ᠪᠠᠶᠠᠯᠢᠭ ᠤᠨ ᠡᠲᠡᠭᠡᠳ ᠤᠨ ᠭᠡᠰᠢᠭᠦᠳ ᠤᠨ ᠰᠢᠨ᠎ᠡ ᠬᠤᠪᠢ ᠨᠡᠮᠡᠷᠢ ᠦᠵᠡᠭᠦᠯᠭᠦ ᠶᠢ | ᠬᠦᠰᠡᠵᠦ ᠪᠠᠶᠢᠨ᠎ᠠ︾ ᠭᠡᠵᠦ ᠶᠡᠭᠡ ᠬᠦᠰᠡᠯ ᠨᠠᠶᠢᠳᠠᠯᠭ᠎ᠠ ᠲᠠᠯᠪᠢᠪᠠ᠃ | ︽ᠥᠨᠳᠥᠷ ᠲᠦᠪᠰᠢᠨ ᠪᠦᠬᠦᠢ ᠬᠠᠮᠠᠭᠠᠯᠠᠯᠲᠠ ᠪᠠᠷ ᠴᠢᠨᠠᠷ ᠰᠠᠶᠢᠲᠠᠢ ᠬᠥᠭᠵᠢᠯᠲᠡ ᠶᠢ ᠲᠤᠯᠭᠠᠭᠤᠷᠢᠯᠠᠬᠤ ᠬᠡᠷᠡᠭᠲᠡᠢ︾᠂ ᠶᠡᠷᠦᠩᠬᠡᠢ ᠱᠦᠵᠢ ᠰᠢ ᠶᠢᠨ | ᠫᠢᠩ ᠤᠨ ᠬᠤᠪᠢᠰᠤᠩᠭᠤᠢ ᠠᠷᠭ᠎ᠠ ᠪᠠᠷ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠤᠯᠠᠨ ᠠᠴᠠ ᠬᠡᠲᠦᠶᠢᠳᠦᠭᠰᠡᠨ ᠤᠶᠤᠨ ᠤᠬᠠᠭᠠᠨ ᠢ ᠢᠯᠡᠷᠡᠭᠦᠯᠵᠡᠢ᠃ | ᠰᠢᠨ᠎ᠡ ᠠᠶᠠᠨ ᠳᠤ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠪᠠᠷ ᠬᠥᠮᠥᠨ ᠪᠠᠶᠢᠭᠠᠯᠢ ᠡᠶ᠎ᠡ ᠵᠣᠬᠢᠴᠠᠩᠭᠤᠢ ᠪᠠᠷ | ᠬᠠᠮᠲᠤ ᠣᠷᠣᠰᠢᠬᠤ ᠣᠳᠣᠬᠢᠴᠢᠯᠠᠯᠲᠠ ᠶᠢ ᠪᠦᠭᠦ ᠲᠠᠯ᠎ᠠ ᠪᠠᠷ ᠠᠬᠢᠭᠤᠯᠵᠤ᠂ ᠬᠥᠭᠵᠢᠭᠦᠯᠬᠦ ᠪᠠ ᠬᠠᠮᠠᠭᠠᠯᠠᠬᠤ ᠶᠢᠨ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠵᠦ᠂ ᠴᠢᠨᠠᠷ | ᠰᠠᠶᠢᠲᠠᠢ ᠬᠥᠭᠵᠢᠯᠲᠡ ᠪᠠᠷ ᠥᠨᠳᠥᠷ ᠲᠦᠪᠰᠢᠨ ᠪᠦᠬᠦᠢ ᠬᠠᠮᠠᠭᠠᠯᠠᠯᠲᠠ ᠶᠢ ᠠᠬᠢᠭᠤᠯᠬᠤ ᠨᠢ ᠲᠤᠯᠭᠠᠮ ᠪᠥᠭᠡᠳ ᠴᠢᠬᠤᠯᠠ ᠶᠤᠮ᠃ | ᠠᠳᠠᠯᠢᠬᠠᠨ ᠢᠶᠠᠷ ᠣᠷᠴᠢᠨ ᠲᠣᠭᠤᠷᠢᠨ ᠡᠬᠢ ᠪᠠᠶᠠᠯᠢᠭ ᠤᠨ ᠡᠲᠡᠭᠡᠳ ᠤᠨ ᠭᠡᠰᠢᠭᠦᠨ ᠬᠤ᠋ ᠰᠥᠩ ᠴᠢᠨ᠄ ︽ᠮᠠᠨ ᠤ ᠤᠯᠤᠰ ᠤᠨ ᠠᠮᠢ ᠠᠬᠤᠢ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠠᠵᠢᠯ ᠣᠲᠣ ᠶᠠᠭ ︿ᠪᠣᠬᠢᠷ ᠮᠠᠨᠠᠨ﹀᠂ ︿ᠦᠮᠡᠬᠡᠢ ᠦᠨᠦᠷ﹀ ᠵᠡᠷᠭᠡ ᠰᠡᠷᠡᠯ ᠤᠨ ᠡᠷᠬᠡᠲᠡᠨ ᠤ ᠭᠦᠢᠴᠡᠳᠬᠡᠯ ᠲᠤᠭ᠎ᠠ ᠶᠢᠨ | ᠵᠠᠰᠠᠯᠲᠠ ᠠᠴᠠ ᠪᠠᠨ ᠣᠷᠳᠣ ᠬᠤᠭᠤᠴᠠᠭᠠᠨ ᠤ ᠴᠢᠨᠠᠷᠲᠠᠢ᠂ ᠳᠠᠯᠳᠠ ᠴᠢᠨᠠᠷᠲᠠᠢ ᠬᠤᠣᠷ ᠬᠥᠨᠥᠭᠡᠯ ᠲᠠᠢ ᠰᠢᠨ᠎ᠡ ᠪᠣᠬᠢᠷᠳᠤᠯ ᠪᠣᠳᠠᠰ ᠤᠨ ᠵᠠᠰᠠᠯᠲᠠ ᠶᠢᠨ ᠱᠠᠲᠤ ᠲᠡᠶᠢᠰᠢ | ᠬᠥᠭᠵᠢᠵᠦ ᠪᠠᠶᠢᠨ᠎ᠠ︾ ᠭᠡᠵᠡᠢ᠃ | ︽ᠰᠢᠨ᠎ᠡ ᠪᠣᠬᠢᠷᠳᠤᠯ ᠪᠣᠳᠠᠰ ᠤᠨ ᠵᠠᠰᠠᠯᠲᠠ ᠶᠢᠨ ᠲᠤᠬᠠᠢ ᠳᠤᠷᠠᠳᠤᠭᠰᠠᠨ ᠨᠢ ᠮᠠᠰᠢ ᠴᠠᠭ ᠲᠠᠭᠠᠨ ᠲᠣᠬᠢᠷᠠᠵᠤ ᠪᠠᠶᠢᠨ᠎ᠠ᠂ ᠥᠭᠡᠷ᠎ᠡ ᠪᠠᠷ ᠬᠡᠯᠡᠪᠡᠯ | ᠵᠠᠰᠠᠯᠲᠠ ᠶᠢᠨ ᠤᠬᠠᠮᠰᠠᠷ ᠲᠠᠢ ᠪᠠᠶᠢᠬᠤ ᠬᠡᠷᠡᠭᠲᠡᠢ ᠭᠡᠰᠡᠨ ᠨᠢ ᠪᠢᠳᠠᠨ ᠢ ᠡᠨᠡ ᠲᠠᠯ᠎ᠠ ᠪᠠᠷ ᠬᠤᠴᠣᠷᠬᠤ ᠦᠭᠡᠢ ᠪᠣᠯᠭᠠᠪᠠ︾᠃ ᠶᠡᠷᠦᠩᠬᠡᠢ ᠱᠦᠵᠢ ᠬᠤᠪᠢᠰᠤᠩᠭᠤᠢ ᠪᠠᠷ | ᠬᠠᠨᠳᠤᠵᠤ᠂ ᠰᠢᠨ᠎ᠡ ᠬᠠᠭᠤᠴᠢᠨ ᠠᠰᠠᠭᠤᠳᠠᠯ ᠢ ᠨᠢᠭᠡᠳᠦᠯᠲᠡᠢ ᠲᠥᠯᠥᠪᠵᠢᠭᠦᠯᠦᠨ ᠰᠢᠢᠳᠪᠦᠷᠢᠯᠡᠬᠦ ᠶᠢᠨ ᠴᠢᠬᠤᠯᠠ ᠴᠢᠨᠠᠷ ᠢ ᠵᠢᠭᠠᠵᠤ ᠭᠠᠷᠭᠠᠪᠠ᠂︽ᠰᠢᠨ᠎ᠡ | ᠠᠰᠠᠭᠤᠳᠠᠯ ᠲᠠᠢ ᠪᠣᠯᠪᠠᠯ ᠡᠮᠦᠨᠡᠬᠢ ᠬᠠᠭᠤᠴᠢᠨ ᠠᠰᠠᠭᠤᠳᠠᠯ ᠢ ᠰᠢᠢᠳᠪᠦᠷᠢᠯᠡᠵᠦ ᠳᠠᠭᠤᠰᠬᠤ ᠠᠴᠠ ᠡᠮᠦᠨ᠎ᠡ ᠠᠮᠠᠷᠠᠵᠤ ᠪᠣᠯᠣᠨ᠎ᠠ ᠭᠡᠵᠦ ᠬᠡᠯᠡᠵᠦ ᠪᠤᠯᠬᠤ ᠦᠭᠡᠢ᠂ | ᠵᠡᠷᠭᠡ ᠪᠠᠷ ᠠᠳᠬᠤᠬᠤ ᠬᠡᠷᠡᠭᠲᠡᠢ᠂ ᠬᠥᠮᠥᠨ ᠬᠤᠯᠠ ᠶᠢᠨ ᠪᠣᠳᠣᠯᠭ᠎ᠠ ᠦᠭᠡᠢ ᠪᠣᠯ ᠣᠶᠢᠷ᠎ᠠ ᠶᠢᠨ ᠵᠣᠪᠠᠯᠠᠩ ᠲᠠᠢ ᠪᠣᠯᠣᠨ᠎ᠠ᠂ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠡᠭᠦᠷᠭᠡ ᠬᠦᠨᠳᠦ ᠵᠠᠮ ᠬᠤᠯᠠ ᠪᠠᠶᠢᠨ᠎ᠠ᠂ ᠪᠠᠰᠠ ᠦᠷᠭᠦᠯᠵᠢᠯᠡᠨ ᠰᠠᠶᠢᠲᠤᠷ ᠠᠳᠬᠤᠬᠤ ᠬᠡᠷᠡᠭᠲᠡᠢ︾ ᠭᠡᠪᠡ᠃ | ︽ᠴᠢᠨᠠᠷ ᠰᠠᠶᠢᠲᠠᠢ ᠬᠥᠭᠵᠢᠯᠲᠡ ᠶᠢ ᠥᠨᠳᠥᠷ ᠲᠦᠪᠰᠢᠨ ᠢᠶᠠᠷ ᠬᠠᠮᠠᠭᠠᠯᠠᠵᠤ ᠲᠤᠯᠭᠠᠭᠤᠷᠢᠯᠠᠬᠤ︾ ᠠᠴᠠ ︽ᠴᠢᠨᠠᠷ ᠰᠠᠶᠢᠲᠠᠢ ᠬᠥᠭᠵᠢᠯᠲᠡ ᠪᠣᠯᠣᠨ ᠥᠨᠳᠥᠷ | ᠲᠦᠪᠰᠢᠨ ᠪᠦᠬᠦᠢ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠬᠦ︾ ᠭᠦᠷᠲᠡᠯ᠎ᠡ᠂ ︽ᠴᠢᠨᠠᠷ ᠰᠠᠶᠢᠲᠠᠢ ᠬᠥᠭᠵᠢᠯᠲᠡ ᠶᠢᠨ ᠠᠮᠢ ᠠᠬᠤᠢ ᠶᠢᠨ ᠰᠠᠭᠤᠷᠢ ᠶᠢ | ᠪᠠᠬᠢᠵᠢᠭᠦᠯᠬᠦ︾ ᠠᠴᠠ ︽ᠠᠮᠢ ᠠᠬᠤᠢ ᠶᠢᠨ ᠦᠢᠯᠡᠳᠬᠦᠨ ᠤ ᠦᠷᠳᠡᠭ ᠢ ᠪᠡᠶᠡᠯᠡᠭᠦᠯᠬᠦ ᠠᠷᠭ᠎ᠠ ᠵᠠᠮ ᠢ ᠥᠷᠭᠡᠳᠬᠡᠬᠦ︾ ᠭᠦᠷᠲᠡᠯ᠎ᠡ᠂ ︽ᠠᠮᠢ ᠠᠬᠤᠢ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠲᠦᠷᠦ ᠶᠢᠨ ᠪᠣᠳᠣᠯᠭ᠎ᠠ ᠪᠣᠯᠣᠨ ᠬᠤᠷᠸ᠎ᠠ ᠲᠦᠷᠦ ᠶᠢᠨ ᠪᠣᠳᠣᠯᠭ᠎ᠠ ᠶᠢᠨ ᠬᠠᠨᠳᠤᠰᠢ ᠶᠢᠨ ᠨᠢᠭᠡᠳᠦᠯᠲᠦ ᠴᠢᠨᠠᠷ ᠢ ᠴᠢᠩᠭᠠᠳᠬᠠᠬᠤ︾ | ᠠᠴᠠ ︽ᠬᠥᠭᠵᠢᠯᠲᠡ ᠶᠢᠨ ᠳᠤᠮᠳᠠ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠲᠦᠪᠰᠢᠨ ᠢ ᠯᠠᠪᠳᠠᠭᠤᠨ ᠢᠶᠠᠷ ᠳᠡᠭᠡᠭᠰᠢᠯᠡᠭᠦᠯᠭᠦ︾ ᠭᠦᠷᠲᠡᠯ᠎ᠡ ᠁ | ᠨᠢᠭᠡᠳᠦᠯᠲᠡᠢ ᠲᠥᠯᠥᠪᠵᠢᠭᠦᠯᠦᠨ ᠡᠵᠡᠮᠳᠡᠵᠦ᠂ ᠠᠪᠬᠤ ᠭᠡᠭᠡᠭᠦ ᠪᠤᠯᠬᠤ ᠡᠰᠡᠬᠦ ᠶᠢ ᠲᠣᠭᠲᠠᠭᠠᠬᠤ ᠲᠠᠰᠢᠷᠠᠮ ᠳᠤ᠂ ᠲᠦᠷᠦ ᠶᠢ ᠵᠠᠰᠠᠵᠤ ᠵᠠᠰᠠᠭ ᠢ ᠡᠷᠭᠢᠯᠡᠭᠦ | ᠬᠦᠴᠦᠷᠬᠡᠭ ᠶᠡᠭᠡ ᠲᠣᠭᠲᠠᠯ ᠬᠦᠴᠦᠨ ᠪᠣᠯᠣᠨ ᠬᠤᠯᠠ ᠶᠢᠨ ᠬᠠᠷᠠᠴᠠ ᠬᠤᠷᠴᠠ ᠲᠠᠨᠢᠯᠲᠠ ᠶᠢ ᠰᠢᠯᠭᠠᠵᠠᠢ᠃ | ᠵᠢᠶᠠᠩᠰᠤ ᠶᠢᠨ ᠲᠥᠯᠥᠭᠡᠯᠡᠭᠴᠢᠳ ᠤᠨ ᠪᠦᠯᠭᠦᠮ ᠳᠤ᠂ ᠵᠠᠩ ᠵᠢᠶᠠ ᠭᠠᠩ ᠬᠤᠳᠠ ᠶᠢᠨ ᠨᠠᠨ ᠹᠧᠩ ᠪᠠᠯᠭᠠᠰᠤ ᠶᠢᠨ ᠶᠦᠩ ᠯᠢᠶᠠᠨ ᠲᠣᠰᠬᠤᠨ ᠤ ᠨᠠᠮ ᠤᠨ | ᠬᠤᠷᠢᠶ᠎ᠠ ᠶᠢᠨ ᠱᠦᠵᠢ ᠦ᠋ ᠬᠤᠢ ᠹᠠᠩ ᠲᠥᠯᠥᠭᠡᠯᠡᠭᠴᠢ ᠬᠥᠳᠡᠭᠡ ᠲᠣᠰᠬᠤᠨ ᠳᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠠ ᠠᠷᠠᠳ ᠤᠨ ᠠᠮᠢᠳᠤᠷᠠᠯ ᠤᠨ | ᠪᠠᠲᠤᠯᠠᠭ᠎ᠠ ᠶᠢᠨ ᠲᠦᠪᠰᠢᠨ ᠢ ᠳᠡᠭᠡᠭᠰᠢᠯᠡᠭᠦᠯᠭᠦ ᠲᠤᠬᠠᠢ ᠪᠣᠳᠣᠯᠬᠢᠯᠠᠯ ᠪᠠ ᠦᠢᠯᠡᠳᠦᠯᠭᠡ ᠪᠠᠨ ᠠᠪᠴᠢᠷᠠᠵᠠᠢ᠃ | ᠴᠡᠷᠢᠭ ᠲᠤ 25 ᠵᠢᠯ ᠶᠠᠪᠤᠭᠰᠠᠨ ᠡᠨᠡ ᠬᠦ ᠠᠬᠠᠮᠠᠳ ᠴᠡᠷᠢᠭ 2005 ᠣᠨ ᠳᠤ ᠴᠡᠷᠢᠭ ᠤᠨ ᠬᠤᠪᠴᠠᠰᠤ ᠪᠠᠨ ᠲᠠᠶᠢᠯᠵᠤ᠂ ᠪᠡᠶ᠎ᠡ ᠪᠠᠨ ᠳᠠᠭᠠᠭᠠᠵᠤ ᠠᠵᠢᠯ | ᠰᠣᠩᠭᠤᠬᠤ ᠪᠠᠷ ᠳᠠᠮᠵᠢᠨ ᠶᠦᠩ ᠯᠢᠶᠠᠨ ᠲᠣᠰᠬᠤᠨ ᠳᠤ ᠬᠦᠷᠴᠦ ᠠᠵᠢᠯᠯᠠᠪᠠ᠃ ᠡᠭᠦᠨ ᠠᠴᠠ ᠡᠬᠢᠯᠡᠨ᠂ ᠬᠠᠮᠲᠤ ᠪᠠᠷ ᠪᠠᠶᠠᠵᠢᠭᠰᠠᠨ ᠵᠣᠯ ᠵᠢᠷᠭᠠᠯᠲᠤ ᠲᠣᠰᠬᠤᠨ ᠢ | ᠪᠠᠶᠢᠭᠤᠯᠬᠤ ᠨᠢ ᠲᠡᠭᠦᠨ ᠤ ᠰᠢᠨ᠎ᠡ ︽ᠵᠢᠭᠰᠠᠭᠠᠯ ᠤᠨ ᠭᠠᠵᠠᠷ︾ ᠪᠣᠯᠵᠠᠢ᠃ | ᠲᠡᠷᠡ ᠨᠢᠭᠡᠨᠲᠡ 19 ᠵᠢᠯ ᠠᠵᠢᠯᠯᠠᠯ᠎ᠠ᠃ | ︽ᠨᠢᠳᠤᠨᠤᠨ᠂ ᠶᠦᠩ ᠯᠢᠶᠠᠨ ᠲᠣᠰᠬᠤᠨ ᠤ ᠠᠵᠤ ᠦᠢᠯᠡᠳᠪᠦᠷᠢ ᠬᠥᠳᠡᠭᠡ ᠠᠵᠤ ᠠᠬᠤᠢ ᠶᠢᠨ ᠶᠡᠷᠦᠩᠬᠡᠢ ᠣᠷᠣᠯᠭ᠎ᠠ 1616 ᠳ᠋ᠦᠩᠰᠢᠭᠤᠷ ᠲᠥᠭᠦᠷᠢᠭ᠂ | ᠲᠣᠰᠬᠤᠨ ᠤ ᠬᠠᠮᠲᠤ ᠶᠢᠨ ᠡᠵᠡᠩᠨᠡᠯᠲᠡ ᠶᠢᠨ ᠴᠢᠨᠠᠷᠲᠠᠢ ᠣᠷᠣᠯᠭ᠎ᠠ 3.35 ᠳ᠋ᠦᠩᠰᠢᠭᠤᠷ ᠲᠥᠭᠦᠷᠢᠭ᠂ ᠲᠣᠰᠬᠤᠨ ᠤ ᠠᠷᠠᠳ ᠤᠨ ᠬᠥᠮᠥᠨ ᠳᠤᠮᠳᠠᠴᠢ ᠶᠢᠨ ᠴᠡᠪᠡᠷ | ᠣᠷᠣᠯᠭ᠎ᠠ 7.3 ᠲᠦᠮᠡᠨ ᠲᠥᠭᠦᠷᠢᠭ ᠲᠤ ᠬᠦᠷᠴᠡᠢ᠃ ᠲᠣᠰᠬᠤᠨ ᠤ ᠠᠵᠤ ᠠᠬᠤᠶᠢᠯᠠᠯ ᠬᠥᠭᠵᠢᠭᠰᠡᠨ ᠤ ᠳᠠᠷᠠᠭ᠎ᠠ᠂ ᠪᠢᠳᠡ ᠥᠮᠴᠢᠯᠡᠯ ᠤᠨ ᠡᠷᠬᠡ ᠶᠢ | ᠲᠣᠳᠣᠷᠬᠠᠶᠢᠯᠠᠬᠤ ᠪᠠᠷ ᠳᠡᠮᠵᠢᠨ᠂ ᠲᠣᠰᠬᠤᠨ ᠤ ᠠᠷᠠᠳ ᠢ 25% ᠶᠢᠨ ᠰᠲ᠋ᠣᠺ ᠤᠨ ᠡᠷᠬᠡ ᠲᠠᠢ ᠪᠤᠯᠭᠠᠵᠤ᠂ ᠨᠢᠳᠤᠨᠤᠨ ᠬᠤᠶᠠᠳᠠᠭᠢ ᠤᠳᠠᠭ᠎ᠠ ᠲᠣᠰᠬᠤᠨ ᠤ | ᠠᠷᠠᠳ ᠤᠨ ᠬᠥᠮᠥᠨ ᠳᠤᠮᠳᠠᠴᠢ ᠳᠤ 1.7 ᠲᠦᠮᠡᠨ ᠲᠥᠭᠦᠷᠢᠭ ᠢ ᠬᠤᠪᠢᠶᠠᠪᠠ︾ ᠭᠡᠵᠦ ᠶᠡᠷᠦᠩᠬᠡᠢ ᠱᠦᠵᠢ ᠳᠤ ᠨᠢᠭᠡᠳ ᠨᠢᠭᠡ ᠪᠠᠷ ᠮᠡᠳᠡᠭᠦᠯᠪᠡ᠃ | ︽ᠡᠨᠡ ᠣᠷᠣᠯᠭ᠎ᠠ ᠶᠢᠨ ᠪᠠᠶᠢᠳᠠᠯ ᠪᠠᠰᠠ ᠲᠤᠩ ᠰᠦᠷᠡᠬᠡᠢ ᠪᠠᠶᠢᠨ᠎ᠠ︾᠃ ᠶᠡᠷᠦᠩᠬᠡᠢ ᠱᠦᠵᠢ ᠰᠢ ᠶᠢᠨ ᠫᠢᠩ᠂ ︽ᠬᠠᠮᠲᠤ ᠪᠠᠷ ᠪᠠᠶᠠᠵᠢᠬᠤ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠵᠠᠮ ᠢᠶᠠᠷ ᠵᠠᠮᠨᠠᠬᠤ ᠳᠤ ᠲᠠ ᠨᠠᠷ ᠪᠣᠯ ᠬᠤᠰᠢᠭᠤᠴᠢ ᠮᠥᠨ᠂ ᠡᠨᠡ ᠵᠠᠮ ᠢ ᠨᠡᠭᠡᠭᠡᠬᠦ ᠬᠡᠷᠡᠭᠲᠡᠢ᠃ ᠬᠠᠮᠲᠤ ᠪᠠᠷ | ᠪᠠᠶᠠᠵᠢᠬᠤ ᠶᠢ ᠦᠷᠭᠦᠯᠵᠢᠯᠡᠨ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠵᠠᠮ ᠢᠶᠠᠷ ᠵᠠᠮᠨᠠᠬᠤ ᠬᠡᠷᠡᠭᠲᠡᠢ︾ ᠭᠡᠵᠦ ᠪᠠᠶᠠᠷᠲᠠᠶᠢᠬᠠᠨ | ᠬᠡᠯᠡᠪᠡ᠃ | ᠤᠯᠤᠰ ᠢ ᠵᠠᠰᠠᠬᠤ ᠡᠭᠦᠷᠢᠳᠡ ᠶᠢᠨ ᠶᠣᠰᠣ ᠠᠨᠤ ᠠᠷᠠᠳ ᠲᠤ ᠠᠰᠢᠭ ᠬᠦᠷᠲᠡᠭᠡᠬᠦ ᠪᠠᠷ ᠦᠨᠳᠦᠰᠦ ᠪᠣᠯᠭᠠᠮᠤᠢ᠃ | ᠲᠤᠬᠠᠢ ᠶᠢᠨ ᠲᠠᠯᠠᠪᠠᠢ ᠳᠤ ᠪᠠᠶᠢᠭᠰᠠᠨ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠡᠮᠦᠨ᠎ᠡ᠂ | ᠶᠡᠷᠦᠩᠬᠡᠢ ᠱᠦᠵᠢ ᠰᠢ ᠶᠢᠨ ᠫᠢᠩ᠄ ︽ᠠᠷᠠᠳ ᠲᠦᠮᠡᠨ ᠢᠶᠠᠷ ᠭᠤᠣᠯ ᠪᠤᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠬᠥᠭᠵᠢᠯᠲᠡ ᠶᠢᠨ ᠳᠤᠮᠳᠠ | ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠲᠦᠪᠰᠢᠨ ᠢ ᠯᠠᠪᠳᠠᠭᠤᠨ ᠳᠡᠭᠡᠭᠰᠢᠯᠡᠭᠦᠯᠵᠦ᠂ ᠥᠷᠭᠡᠨ ᠤᠯᠠᠨ ᠲᠦᠮᠡᠨ ᠤ ᠥᠪᠡᠷ ᠤᠨ ᠬᠤᠶᠠᠷ ᠭᠠᠷ ᠢᠶᠠᠷ ᠢᠶᠠᠨ | ᠵᠢᠷᠭᠠᠯᠲᠤ ᠠᠮᠢᠳᠤᠷᠠᠯ ᠢᠶᠠᠨ ᠴᠣᠭᠴᠠᠯᠠᠬᠤ ᠶᠢ ᠬᠥᠲᠥᠯᠥᠨ ᠵᠢᠯᠤᠭᠤᠳᠴᠤ ᠵᠣᠷᠢᠭᠵᠢᠭᠤᠯᠬᠤ ᠬᠡᠷᠡᠭᠲᠡᠢ︾ ᠭᠡᠵᠦ ᠴᠢᠬᠤᠯᠠᠴᠢᠯᠠᠪᠠ᠃ | ᠠᠵᠢᠯ ᠬᠢᠵᠦ ᠦᠢᠯᠡᠰ ᠪᠣᠰᠬᠠᠬᠤ ᠤᠷᠮ᠎ᠠ ᠵᠣᠷᠢᠭ ᠢᠶᠠᠨ ᠬᠥᠭᠵᠢᠭᠡᠵᠦ – ︽ᠣᠨᠢᠯᠠᠨ ᠲᠣᠭᠲᠠᠪᠠᠯ ᠱᠠᠯᠠᠪᠳᠠᠨ ᠬᠢᠵᠦ᠂ ᠡᠯ᠎ᠡ ᠲᠠᠯ᠎ᠠ ᠶᠢᠨ ᠬᠢᠨ ᠤ ᠡᠷᠴᠢ | ᠵᠣᠷᠢᠭ ᠢ ᠳᠠᠶᠢᠴᠢᠯᠠᠬᠤ ᠬᠡᠷᠡᠭᠲᠡᠢ︾ | ᠵᠢᠶᠠᠩᠰᠤ ᠠᠴᠠ ᠢᠷᠡᠭᠰᠡᠨ ᠰᠦᠨ ᠵᠢᠩ ᠨᠠᠨ ᠲᠥᠯᠥᠭᠡᠯᠡᠭᠴᠢ ᠪᠣᠯ ᠵᠦᠩ ᠴᠧ ᠪᠦᠯᠦᠭᠯᠡᠯ ᠤᠨ ᠨᠠᠨᠵᠢᠩ ᠤᠨ ᠫᠦ᠋ ᠵᠧᠨ ᠮᠠᠰᠢᠨ ᠲᠡᠷᠭᠡᠨ ᠤ ᠬᠢᠵᠠᠭᠠᠷᠲᠤ | ᠺᠤᠮᠫᠠᠨᠢ ᠶᠢᠨ ᠴᠠᠭᠢᠯᠭᠠᠨ ᠭᠠᠩᠨᠠᠭᠤᠷᠴᠢᠨ ᠪᠣᠯᠣᠨ᠎ᠠ᠃ | ᠶᠡᠷᠦᠩᠬᠡᠢ ᠱᠦᠵᠢ ᠰᠢ ᠶᠢᠨ ᠫᠢᠩ ᠤᠨ ᠡᠮᠦᠨ᠎ᠡ᠂ ᠲᠡᠷᠡ᠄ ︽ᠤᠷᠠᠨ ᠳᠠᠷᠬᠠᠨ ᠤ ︿ᠲᠠᠷᠬᠠᠨ﹀ ᠭᠡᠳᠡᠭ ᠦᠭᠡ ᠪᠣᠯ ᠲᠤᠰᠬᠠᠢ ᠮᠡᠷᠭᠡᠵᠢᠯ ᠤᠨ ᠬᠦᠷᠢᠶᠡᠨ ᠳᠤ | ᠥᠪᠡᠷ ᠤᠨ ᠪᠡᠶ᠎ᠡ ᠠᠴᠠ ᠪᠠᠨ ︿ᠦ ᠰᠡᠪ ᠡᠷᠢᠬᠦ﹀ ᠶᠠᠪᠤᠳᠠᠯ ᠪᠣᠯᠣᠨ᠎ᠠ᠂ ᠤᠯᠠᠨ ᠤᠳᠠᠭᠠᠨ ᠤ ᠳᠠᠪᠲᠠᠯᠲᠠ ᠶᠢ ᠥᠩᠭᠡᠷᠡᠭᠦᠯᠪᠡᠯ ᠰᠠᠶ᠋ᠢ ᠰᠢᠪᠲᠤᠯᠤᠯᠲᠠ ᠭᠠᠷᠭᠠᠵᠤ | ᠴᠢᠳᠠᠨ᠎ᠠ︾ ᠭᠡᠵᠦ ᠪᠣᠷᠣᠭᠵᠢᠭᠤᠨ ᠪᠥᠭᠡᠳ ᠢᠳᠡ ᠬᠦᠴᠦᠲᠡᠢ ᠬᠡᠯᠡᠪᠡ᠃ | ᠰᠣᠩᠭᠤᠭᠰᠠᠨ ᠠᠵᠢᠯ ᠦᠢᠯᠡᠰ ᠲᠡᠭᠡᠨ ᠨᠠᠰᠤᠨ ᠲᠤᠷᠰᠢᠲᠠ ᠵᠢᠳᠬᠦᠨ᠎ᠡ᠃ | 30 ᠭᠠᠷᠤᠢ ᠵᠢᠯ ᠠᠵᠢᠯᠯᠠᠭᠰᠠᠨ ᠰᠦᠨ ᠵᠢᠩ ᠨᠠᠨ ᠭᠠᠩᠨᠠᠬᠤ ᠠᠵᠢᠯ ᠢ ᠨᠢᠭᠡ ᠵᠦᠢᠯ ᠤᠨ ᠤᠷᠠᠯᠢᠭ ᠢᠶᠠᠷ ᠦᠵᠡᠵᠦ᠂ ᠱᠠᠪᠢ ᠠᠵᠢᠯᠴᠢᠨ | ᠪᠠᠶᠢᠭᠰᠠᠨ ᠠᠴᠠ ᠪᠠᠨ ᠳᠤᠮᠳᠠᠳᠤ ᠤᠯᠤᠰ ᠤᠨ ᠵᠦᠩ ᠴᠧ ᠺᠤᠮᠫᠠᠨᠢ ᠶᠢᠨ ᠠᠯᠳᠠᠷᠲᠤ ᠤᠷ᠎ᠠ ᠮᠡᠷᠭᠡᠵᠢᠯ ᠤᠨ ᠲᠤᠰᠬᠠᠢ ᠮᠡᠷᠭᠡᠵᠢᠯᠲᠡᠨ᠂ ᠭᠠᠳᠠᠭᠠᠳᠤ ᠶᠢᠨ ᠲᠤᠰᠬᠠᠢ | ᠮᠡᠷᠭᠡᠵᠢᠯᠲᠡᠨ ᠤ ᠨᠢᠳᠦᠨ ᠳᠤ ᠠᠯᠳᠠᠷᠰᠢᠭᠰᠠᠨ ︽ᠳᠣᠷᠣᠨᠠᠳᠠᠬᠢᠨ ᠤ ᠭᠠᠩᠨᠠᠭᠤᠷᠴᠢᠨ ᠳᠠᠭᠢᠨᠢ︾ ᠪᠣᠯᠪᠠ᠃ | ︽ᠲᠠ ᠪᠣᠯ ᠲᠣᠮᠣ ᠤᠯᠤᠰ ᠤᠨ ᠤᠷᠠᠨ ᠳᠠᠷᠬᠠᠨ ᠮᠥᠨ︾᠃ ᠶᠡᠷᠦᠩᠬᠡᠢ ᠱᠦᠵᠢ ᠮᠠᠭᠲᠠᠨ ᠰᠠᠶᠢᠰᠢᠶᠠᠭᠰᠠᠨ ᠬᠠᠷᠠᠴᠠ ᠪᠠᠷ ᠰᠦᠨ ᠵᠢᠩ ᠨᠠᠨ ᠢ ᠬᠠᠷᠠᠵᠤ᠄ | ︽ᠲᠣᠮᠣ ᠤᠯᠤᠰ ᠤᠨ ᠤᠷᠠᠨ ᠳᠠᠷᠬᠠᠨ ᠪᠣᠯ ᠮᠠᠨ ᠤ ᠳᠤᠮᠳᠠᠳᠤ ᠶᠢᠨ ᠦᠨᠳᠦᠰᠦᠲᠡᠨ ᠭᠡᠬᠦ ᠲᠣᠮᠣ ᠠᠰᠠᠷ ᠤᠨ ᠰᠠᠭᠤᠷᠢ ᠴᠢᠯᠠᠭᠤ᠂ ᠲᠤᠯᠭᠠᠭᠤᠷᠢ ᠮᠥᠨ᠃ ᠰᠢᠨ᠎ᠡ | ᠳᠤᠮᠳᠠᠳᠤ ᠤᠯᠤᠰ ᠪᠠᠶᠢᠭᠤᠯᠤᠭᠳᠠᠭᠰᠠᠨ ᠤ ᠲᠡᠷᠠᠭ᠎ᠠ᠂ ᠪᠢᠳᠠ ᠨᠢᠭᠡ ᠳᠤ ᠶᠠᠳᠠᠭᠤ ᠬᠤᠶᠠᠷ ᠲᠤ ᠬᠤᠭᠤᠰᠤᠨ ᠪᠠᠶᠢᠵᠤ᠂ ᠦᠭᠡᠢ ᠠᠴᠠ ᠪᠠᠨ ᠪᠠᠶᠢᠬᠤ ᠪᠣᠯᠵᠤ᠂ | ᠣᠷᠣᠭᠤᠯᠤᠨ ᠠᠪᠴᠢᠷᠠᠵᠤ ᠰᠢᠩᠭᠡᠬᠡᠨ ᠠᠪᠤᠭᠠᠳ ᠲᠡᠭᠢᠠ ᠬᠥᠭᠵᠢᠭᠦᠯᠵᠦ᠂ ᠥᠪᠡᠷ ᠤᠨ ᠬᠦᠴᠦ ᠪᠠᠷ ᠢᠶᠠᠨ ᠳᠡᠭᠵᠢᠷᠡᠨ ᠲᠡᠰᠪᠦᠷᠢ ᠬᠠᠲᠠᠭᠤᠵᠢᠯᠲᠠᠢ ᠲᠡᠮᠡᠴᠡᠵᠦ᠂ | ᠪᠡᠶ᠎ᠡ ᠪᠠᠨ ᠳᠠᠭᠠᠭᠠᠵᠤ ᠡᠵᠡᠨ ᠮᠡᠳᠡᠭᠰᠡᠨ ᠦᠢᠯᠡᠳᠬᠦ ᠦᠢᠯᠡᠰ ᠤᠨ ᠰᠠᠭᠤᠷᠢ ᠲᠠᠢ ᠪᠣᠯᠤᠭᠰᠠᠨ ᠪᠠᠶᠢᠨ᠎ᠠ︾ ᠭᠡᠪᠡ᠃ | ᠶᠡᠷᠦᠩᠬᠡᠢ ᠱᠦᠵᠢ᠄ ︽ᠢᠩᠭᠢᠵᠦ ᠪᠤᠳᠤᠬᠤ ᠪᠠᠷ ᠦᠨᠡᠬᠡᠷ ᠬᠢᠵᠠᠭᠠᠯᠠᠰᠢ ᠦᠭᠡᠢ ᠣᠮᠣᠭᠰᠢᠬᠤ ᠶᠤᠮ᠃ ᠵᠠᠮ ᠬᠠᠷᠢᠯᠴᠠᠭ᠎ᠠ ᠪᠠᠷ ᠠᠪᠴᠤ ᠬᠡᠯᠡᠪᠡᠯ᠂ ᠣᠲᠣ | ᠮᠠᠨ ᠤ ᠤᠯᠤᠰ ᠤᠨ ᠮᠠᠰᠢᠨ ᠲᠡᠷᠭᠡᠨ ᠤ ᠦᠢᠯᠡᠳᠪᠦᠷᠢᠯᠡᠯ ᠪᠣᠷᠤᠯᠠᠭᠤᠯᠭ᠎ᠠ ᠶᠢᠨ ᠬᠡᠮᠵᠢᠶ᠎ᠡ ᠨᠢ ᠪᠦᠭᠦ ᠪᠥᠮᠪᠥᠷᠴᠡᠭ ᠲᠤ ᠬᠠᠮᠤᠭ ᠤᠨ ᠶᠡᠭᠡ᠂ ᠰᠢᠨ᠎ᠡ ᠡᠨᠧᠷᠭᠢ ᠶᠢᠨ | ᠮᠠᠰᠢᠨ ᠲᠡᠷᠭᠡ ᠬᠠᠮᠤᠭ ᠤᠨ ᠰᠠᠶᠢᠨ᠂ ᠲᠦᠷᠭᠡᠨ ᠤ ᠵᠠᠰᠠᠮᠠᠯ ᠵᠠᠮ ᠤᠨ ᠵᠠᠢ ᠨᠢ ᠴᠦ ᠬᠠᠮᠤᠭ ᠤᠨ ᠣᠷᠳᠣ᠂ ᠲᠦᠷᠭᠡᠨ ᠤ ᠲᠡᠮᠦᠷ ᠵᠠᠮ ᠭᠠᠳᠠᠭᠰᠢ ᠭᠠᠷᠴᠤ᠂ | ᠬᠤᠲᠠ ᠶᠢᠨ ᠲᠣᠭᠤᠷᠢᠯ ᠵᠠᠮ ᠤᠨ ᠨᠡᠪᠲᠡᠷᠡᠯᠴᠡᠭᠡ ᠭᠠᠳᠠᠭᠰᠢ ᠭᠠᠷᠴᠤ᠂ ᠬᠥᠯᠭᠡ ᠣᠩᠭᠤᠴᠠ ᠪᠠᠰᠠ ᠭᠠᠳᠠᠭᠰᠢ ᠭᠠᠷᠴᠤ᠂ ᠲᠣᠮᠣ ᠨᠢᠰᠬᠡᠯ ᠢ ᠴᠦ ᠦᠢᠯᠡᠳᠦᠨ | ᠭᠠᠷᠭᠠᠵᠤ᠂ ᠣᠩᠭᠤᠴᠠ ᠦᠢᠯᠡᠳᠬᠦ ᠦᠢᠯᠡᠰ ᠤᠨ ︿ᠭᠤᠷᠪᠠᠨ ᠶᠡᠭᠡ ᠬᠡᠷᠡᠯᠳᠦ ᠰᠤᠪᠤᠳ﹀ ᠢ ᠴᠤ ᠦᠢᠯᠡᠳᠦᠨ ᠭᠠᠷᠭᠠᠵᠠᠢ ᠁ ᠪᠦᠷ ᠠᠯᠬᠤᠮ ᠠᠯᠬᠤᠮ ᠢᠶᠠᠷ | ᠤᠷᠤᠭᠰᠢᠯᠠᠵᠤ᠂ ᠲᠠᠰᠤᠷᠠᠯᠲᠠ ᠦᠭᠡᠢ ᠤᠯᠤᠰ ᠲᠠᠭᠠᠨ ᠦᠢᠯᠡᠳᠪᠦᠷᠢᠯᠡᠵᠦ᠂ ᠳᠠᠷᠠᠭ᠎ᠠ ᠨᠢ ᠳᠡᠯᠡᠬᠡᠢ ᠶᠢᠨ ᠡᠮᠦᠨ᠎ᠡ ᠬᠤᠰᠢᠭᠤᠷᠠᠭᠰᠠᠨ ᠪᠥᠭᠡᠳ ᠲᠠᠰᠤᠷᠠᠯᠲᠠ ᠦᠭᠡᠢ | ᠰᠢᠪᠲᠤᠯᠤᠯᠲᠠ ᠬᠢᠵᠦ ᠪᠠᠶᠢᠨ᠎ᠠ︾ ᠭᠡᠵᠦ ᠭᠦᠨ ᠰᠡᠳᠬᠢᠯᠭᠡ ᠲᠠᠢ ᠶᠠᠷᠢᠪᠠ᠃ | ︽ᠡᠭᠦᠨ ᠳᠤ ᠤᠷᠠᠨ ᠳᠠᠷᠬᠠᠨ ᠮᠠᠰᠢ ᠴᠢᠬᠤᠯᠠ ᠶᠤᠮ᠃ ᠵᠢᠷᠤᠭ ᠲᠥᠯᠥᠪᠯᠡᠭᠡ ᠶᠢ ᠰᠠᠶᠢᠬᠠᠨ ᠵᠢᠷᠤᠵᠤ ᠲᠥᠯᠥᠪᠯᠡᠭᠡᠳ ᠯᠡ ᠪᠤᠯᠬᠤ ᠦᠭᠡᠢ᠂ ᠬᠠᠮᠤᠭ ᠤᠨ | ᠰᠡᠭᠦᠯ ᠳᠤ ᠭᠠᠩᠨᠠᠭᠤᠷᠴᠢᠨ ᠤ ᠭᠠᠷ ᠲᠤ ᠨᠠᠶᠢᠳᠠᠪᠤᠷᠢᠵᠢᠭᠤᠯᠬᠤ ᠬᠡᠷᠡᠭᠲᠡᠢ᠂ ᠳᠡᠯᠡᠬᠡᠢ ᠶᠢᠨ ᠲᠡᠷᠢᠭᠦᠨ ᠵᠡᠷᠭᠡ ᠶᠢᠨ ᠲᠦᠪᠰᠢᠨ ᠦᠭᠡᠢ ᠪᠣᠯ ᠬᠠᠮᠤᠭ ᠤᠨ ᠰᠠᠶᠢᠨ | ᠲᠣᠨᠤᠭ ᠲᠥᠬᠦᠭᠡᠷᠦᠮᠵᠢ ᠶᠢ ᠬᠢᠵᠦ ᠴᠢᠳᠠᠬᠤ ᠦᠭᠡᠢ᠂ ᠡᠶᠢᠮᠦ ᠠᠴᠠ ᠪᠢᠳᠡ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠦᠨᠡᠨ ᠪᠣᠳᠠᠲᠠᠢ ᠰᠠᠶᠢᠲᠤᠷ ᠬᠢᠵᠦ᠂ | ᠤᠷᠠᠨ ᠲᠠᠷᠬᠠᠨ ᠤ ᠵᠣᠷᠢᠭ ᠰᠠᠨᠠᠭ᠎ᠠ ᠶᠢ ᠪᠤᠢ ᠪᠤᠯᠭᠠᠵᠤ᠂ ᠨᠢᠭᠡᠳᠦᠭᠡᠷ ᠹᠷᠣᠨᠲ ᠤᠨ ᠲᠣᠮᠣ ᠤᠯᠤᠰ ᠤᠨ ᠤᠷᠠᠨ ᠲᠠᠷᠬᠠᠨ ᠢ ᠪᠦᠯᠦᠭ ᠪᠦᠯᠦᠭ ᠢᠶᠠᠷ ᠬᠥᠮᠥᠵᠢᠭᠦᠯᠬᠦ | ᠬᠡᠷᠡᠭᠲᠡᠢ᠂ ᠡᠨᠡ ᠪᠣᠯ ᠨᠢᠷᠤᠭᠤ ᠲᠤᠯᠭᠠᠭᠤᠷᠢ ᠪᠣᠯᠣᠨ᠎ᠠ᠂ ᠠᠯᠮᠠᠰ ᠴᠢᠯᠠᠭᠤ ᠦᠭᠡᠢ ᠪᠣᠯ ᠱᠠᠭᠠᠵᠠᠩ ᠤᠨ ᠠᠵᠢᠯ ᠢ ᠭᠠᠷᠳᠠᠵᠤ ᠳᠡᠶᠢᠯᠭᠦ ᠦᠭᠡᠢ ᠶᠤᠮ︾ ᠭᠡᠬᠦ | ᠶᠡᠷᠦᠩᠬᠡᠢ ᠱᠦᠵᠢ ᠶᠢᠨ ᠦᠭᠡ ᠦᠨᠡᠨᠴᠢ ᠰᠡᠳᠬᠢᠯᠭᠡ ᠭᠦᠨ ᠶᠠᠷᠢᠶ᠎ᠠ ᠨᠢ ᠪᠦᠭᠦ ᠲᠠᠯᠠᠪᠠᠢ ᠶᠢᠨ ᠬᠠᠮᠲᠤ ᠤᠯᠠᠨ ᠤ ᠰᠡᠳᠬᠢᠯ ᠢ ᠴᠤᠤᠷᠢᠶᠠᠲᠤᠭᠤᠯᠪᠠ᠃ | ᠤᠷᠠᠨ ᠳᠠᠷᠬᠠᠨ ᠢ ᠬᠦᠨᠳᠦᠳᠬᠡᠨ᠎ᠡ᠂ ᠨᠡᠩ ᠴᠤ ᠲᠡᠳᠡᠨ ᠤ ︽ᠤᠷᠠᠨ ᠰᠠᠨᠠᠭ᠎ᠠ︾ ᠶᠢ ᠴᠢᠬᠤᠯᠠᠴᠢᠯᠠᠨ᠎ᠠ᠃ | ᠶᠡᠷᠦᠩᠬᠡᠢ ᠱᠦᠵᠢ ᠰᠢ ᠶᠢᠨ ᠫᠢᠩ᠄ ︽ᠪᠢᠳᠡ ᠤᠷᠠᠨ ᠳᠠᠷᠬᠠᠨ ᠤ ᠵᠣᠷᠢᠭ ᠰᠠᠨᠠᠭ᠎ᠠ ᠶᠢ ᠪᠠᠳᠠᠷᠠᠭᠤᠯᠬᠤ ᠲᠠᠯ᠎ᠠ ᠪᠠᠷ ᠨᠢᠭᠡᠨᠲᠡ ᠨᠡᠯᠢᠶᠡᠳ ᠵᠦᠭᠡᠷ ᠬᠢᠭᠰᠡᠨ | ᠪᠤᠯᠪᠠᠴᠤ ᠪᠠᠰᠠ ᠭᠦᠢᠴᠡᠳ ᠪᠢᠰᠢ ᠪᠠᠶᠢᠨ᠎ᠠ᠂ ᠲᠡᠳᠡᠨ ᠳᠤ ᠵᠣᠬᠢᠬᠤ ᠤᠯᠤᠰ ᠲᠥᠷᠥ ᠶᠢᠨ ᠪᠠᠶᠢᠷᠢ ᠰᠠᠭᠤᠷᠢ᠂ ᠨᠡᠶᠢᠭᠡᠮ ᠤᠨ ᠪᠠᠶᠢᠷᠢ ᠰᠠᠭᠤᠷᠢ ᠪᠠ ᠴᠠᠯᠢᠩ ᠣᠯᠭᠤᠮᠵᠢ | ᠬᠠᠷᠠᠭᠠᠯᠵᠠᠯ ᠣᠯᠭᠤᠵᠤ᠂ ᠵᠣᠬᠢᠬᠤ ᠤᠷᠮᠠᠰᠢᠭᠤᠯᠬᠤ ᠲᠣᠭᠲᠠᠴᠠ ᠶᠢ ᠪᠠᠶᠢᠭᠤᠯᠬᠤ ᠬᠡᠷᠡᠭᠲᠡᠢ︾ ᠭᠡᠵᠦ ᠵᠢᠭᠠᠵᠤ ᠭᠠᠷᠭᠠᠪᠠ᠃ | 2022 ᠣᠨ ᠤ 7 ᠰᠠᠷ᠎ᠠ ᠳᠤ᠂ ᠶᠡᠷᠦᠩᠬᠡᠢ ᠱᠦᠵᠢ ᠰᠢ ᠶᠢᠨ ᠫᠢᠩ ᠳᠤᠮᠳᠠᠳᠤ ᠤᠯᠤᠰ ᠤᠨ ᠤᠯᠤᠰ ᠤᠨ ᠮᠦᠽᠧᠢ ᠶᠢᠨ ᠠᠬᠠᠮᠠᠳ ᠲᠤᠰᠬᠠᠢ | ᠮᠡᠷᠭᠡᠵᠢᠯᠲᠡᠨ ᠳᠤ ᠬᠠᠷᠢᠭᠤ ᠵᠠᠬᠢᠳᠠᠯ ᠢᠯᠡᠭᠡᠭᠰᠡᠨ ᠨᠢ ᠨᠠᠨᠵᠢᠩ ᠬᠤᠳᠠ ᠶᠢᠨ ᠮᠦᠽᠧᠢ ᠶᠢᠨ ᠶᠡᠷᠦᠩᠬᠡᠢ ᠣᠷᠳᠣᠨ ᠤ ᠳᠡᠳ᠋ ᠳᠠᠷᠤᠭ᠎ᠠ ᠰᠦᠩ ᠶᠠᠨ ᠲᠥᠯᠥᠭᠡᠯᠡᠭᠴᠢ ᠳᠤ | ᠤᠳᠤ ᠪᠤᠯᠲᠠᠯ᠎ᠠ ᠮᠠᠰᠢ ᠶᠡᠭᠡ ᠵᠣᠷᠢᠭᠵᠢᠭᠤᠯᠤᠯ ᠪᠣᠯᠣᠭᠰᠠᠭᠠᠷ ᠶᠤᠮ᠃ ᠶᠠᠷᠢᠶ᠎ᠠ ᠲᠠᠯᠪᠢᠬᠤ ᠳᠠᠭᠠᠨ ᠲᠡᠷᠡ ᠨᠠᠨᠵᠢᠩ ᠬᠤᠲᠠ ᠶᠢᠨ ᠲᠡᠦᠬᠡ ᠶᠢᠨ ᠳᠤᠷᠠᠰᠬᠠᠯᠲᠤ | ᠵᠦᠢᠯᠡᠰ ᠤᠨ ᠮᠦᠽᠧᠢ ᠶᠢᠨ ᠠᠵᠢᠯᠲᠠᠳ ᠤᠨ ᠰᠣᠶᠣᠯ ᠤᠨ ᠥᠪ ᠢᠶᠠᠨ ᠰᠠᠬᠢᠨ ᠬᠠᠮᠠᠭᠠᠯᠠᠵᠤ᠂ ᠳᠤᠮᠳᠠᠳᠤ ᠶᠢᠨ ᠪᠣᠯᠪᠠᠰᠤᠨ ᠢ ᠤᠯᠠᠮᠵᠢᠯᠠᠨ ᠵᠠᠯᠭᠠᠮᠵᠢᠯᠠᠵᠤ᠂ | ᠰᠣᠶᠣᠯ ᠤᠨ ᠬᠦᠴᠦᠨ ᠢ ᠬᠥᠭᠵᠢᠭᠡᠭᠰᠡᠨ ᠦᠯᠢᠭᠡᠷ ᠢ ᠶᠠᠷᠢᠪᠠ᠃ | ︽ᠨᠠᠨᠵᠢᠩ ᠤᠨ ᠮᠦᠽᠧᠢ ᠳᠤ ᠪᠠᠰᠠ ᠦᠵᠡᠭᠦᠰᠢᠲᠡᠢ ᠵᠦᠢᠯ ᠲᠤᠩ ᠤᠯᠠᠨ ᠪᠤᠢ᠂ ᠵᠢᠷᠭᠤᠭᠠᠨ ᠲᠦᠷᠦ ᠶᠢᠨ ᠡᠷᠲᠡᠨ ᠤ ᠨᠡᠶᠢᠰᠯᠡᠯ᠂ ᠪᠠᠰᠠ ᠬᠤᠶᠢᠨᠠᠬᠢ ᠮᠢᠩ | ᠤᠯᠤᠰ᠂ ᠴᠢᠩ ᠤᠯᠤᠰ ᠤᠨ ᠦᠶ᠎ᠡ ᠳᠤ᠂ ᠶᠠᠭᠤᠮ᠎ᠠ ᠪᠠᠰᠠ ᠲᠤᠩ ᠠᠷᠪᠢᠨ ᠪᠠᠶᠢᠵᠠᠢ᠃ ᠮᠦᠽᠧᠢ ᠮᠠᠰᠢ ᠴᠢᠬᠤᠯᠠ ᠶᠤᠮ᠂ ᠪᠢ ᠪᠠᠭ᠎ᠠ ᠠᠴᠠ ᠪᠠᠨ ᠮᠦᠽᠧᠢ ᠳᠤ | ᠣᠴᠢᠬᠤ ᠳᠤᠷᠠᠲᠠᠢ᠂ ᠪᠠᠭ᠎ᠠ ᠳᠠᠭᠠᠨ ᠪᠡᠭᠡᠵᠢᠩ ᠳᠠᠬᠢ ᠮᠦᠽᠧᠢ ᠪᠠᠷ ᠪᠠᠷᠤᠭ ᠪᠦᠷ ᠣᠴᠢᠵᠤ ᠥᠩᠭᠡᠷᠡᠭᠰᠡᠨ︾ ᠭᠡᠵᠦ ᠶᠡᠷᠦᠩᠬᠡᠢ ᠱᠦᠵᠢ ᠰᠢ ᠶᠢᠨ ᠫᠢᠩ ᠰᠦᠩ | ᠶᠠᠨ ᠳᠤ ᠳᠣᠲᠣᠨᠣᠰᠤᠭ ᠢᠶᠠᠷ ᠬᠡᠯᠡᠪᠡ᠃ | ᠰᠣᠶᠣᠯ ᠤᠨ ᠭᠤᠯᠣᠮᠲᠠ ᠥᠨᠢ ᠤᠳᠠᠭᠠᠨ᠂ ᠨᠢᠭᠡ ᠦᠨᠳᠦᠰᠦᠲᠡᠨ ᠤ ᠣᠣᠷ ᠲᠤᠨᠳᠠᠰᠤ ᠶᠢ ᠬᠤᠷᠠᠮᠳᠤᠭᠤᠯᠤᠨ᠎ᠠ᠃ ᠶᠡᠷᠦᠩᠬᠡᠢ ᠱᠦᠵᠢ ᠰᠢ ᠶᠢᠨ ᠫᠢᠩ᠂ | ᠥᠷᠭᠡᠨ ᠤᠯᠠᠨ ᠲᠦᠮᠡᠨ ᠣᠨᠴᠠᠭᠠᠶᠢᠯᠠᠨ ᠵᠠᠯᠠᠭᠤᠴᠤᠳ ᠪᠠᠭᠠᠴᠤᠳ ᠢ ᠮᠦᠽᠧᠢ ᠲᠠᠢ ᠢᠯᠡᠭᠦᠬᠡᠨ ᠣᠶᠢᠷᠠᠲᠤᠭᠤᠯᠵᠤ᠂ ᠲᠡᠦᠬᠡ ᠶᠢᠨ ᠲᠥᠷᠥᠭᠳᠡᠯ ᠢᠶᠠᠨ ᠤᠯᠠᠮ | ᠨᠡᠮᠡᠭᠳᠡᠭᠦᠯᠬᠦ ᠶᠢ ᠬᠦᠰᠡᠪᠡ᠃ ︽ᠮᠦᠽᠧᠢ ᠶᠢᠨ ᠦᠢᠯᠡᠰ ᠢ ᠰᠠᠶᠢᠲᠤᠷ ᠬᠢᠬᠦ ᠬᠡᠷᠡᠭᠲᠡᠢ᠃ ᠮᠦᠽᠧᠢ ᠶᠢᠨ ᠪᠦᠲᠦᠭᠡᠨ ᠪᠠᠶᠢᠭᠤᠯᠤᠯᠲᠠ ᠶᠢ ᠨᠡᠩ ᠲᠡᠭᠦᠯᠳᠡᠷᠵᠢᠭᠦᠯᠵᠦ᠂ | ᠨᠡᠩ ᠰᠢᠰᠲ᠋ᠧᠮᠵᠢᠭᠦᠯᠬᠦ ᠶᠢᠨ ᠬᠠᠮᠲᠤ ᠮᠦᠽᠧᠢ ᠶᠢᠨ ᠰᠤᠷᠭᠠᠨ ᠬᠥᠮᠦᠵᠢᠯ ᠤᠨ ᠴᠢᠳᠠᠮᠵᠢ ᠶᠢ ᠰᠠᠶᠢᠲᠤᠷ ᠪᠠᠳᠠᠷᠠᠭᠤᠯᠬᠤ ᠬᠡᠷᠡᠭᠲᠡᠢ︾ ᠭᠡᠵᠦ ᠭᠦᠨ ᠰᠡᠳᠬᠢᠯᠭᠡ ᠲᠠᠢ | ᠬᠡᠯᠡᠪᠡ᠃ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠪᠣᠯ ᠢᠷᠠᠭᠤ ᠠᠯᠳᠠᠷ ᠪᠠ ᠬᠦᠰᠡᠯ ᠵᠡᠭᠦᠳᠦ ᠪᠠᠷ ᠪᠢᠯᠬᠠᠭᠰᠠᠨ ᠬᠤᠯᠠ ᠶᠢᠨ ᠠᠶᠠᠨ | ᠮᠥᠨ᠂ ᠪᠦᠭᠦ ᠳᠤᠮᠳᠠᠳᠤ ᠶᠢᠨ ᠬᠥᠪᠡᠭᠦᠳ ᠥᠬᠢᠳ ᠤᠨ ᠬᠠᠮᠲᠤ ᠶᠢᠨ ᠦᠢᠯᠡᠰ ᠮᠥᠨ᠃ | ᠤᠯᠤᠰ ᠲᠦᠷᠦ ᠶᠢᠨ ᠵᠥᠪᠯᠡᠯᠭᠡᠨ ᠤ ᠳᠤᠭᠤᠶᠢᠯᠠᠩ ᠬᠠᠮᠲᠤᠷᠠᠭᠰᠠᠨ ᠬᠤᠷᠠᠯ ᠳᠡᠭᠡᠷ᠎ᠡ᠂ ᠭᠤᠮᠢᠨᠳᠠᠩ ᠤᠨ ᠬᠤᠪᠢᠰᠬᠠᠯᠲᠤ ᠬᠤᠷᠢᠶ᠎ᠠ ᠶᠢᠨ ᠰᠢᠶᠠ ᠰᠢᠶᠠᠨ ᠫᠧᠩ | ᠭᠡᠰᠢᠭᠦᠨ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠡᠬᠡ ᠬᠠᠭᠤᠷᠠᠢ ᠶᠢᠨ ᠯᠤᠲᠤ ᠶᠡᠭᠡ ᠵᠠᠬ᠎ᠠ ᠳᠡᠯᠭᠡᠭᠦᠷ ᠤᠨ ᠳᠠᠪᠠᠭᠤᠯᠢᠭ ᠢᠶᠠᠷ ᠪᠠᠲᠤ | ᠲᠤᠯᠭᠠᠭᠤᠷᠢᠯᠠᠯ ᠪᠤᠯᠭᠠᠵᠤ᠂ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠠᠭᠤᠰᠤᠯᠴᠠᠨ ᠬᠥᠭᠵᠢᠬᠦ ᠪᠣᠳᠠᠲᠠᠢ ᠶᠢ ᠡᠷᠬᠢᠮᠯᠡᠭᠰᠡᠨ ᠠᠷᠭ᠎ᠠ ᠬᠡᠮᠵᠢᠶ᠎ᠡ ᠪᠠᠷ | ᠲᠦᠷᠦ ᠶᠢᠨ ᠪᠣᠳᠣᠯᠭ᠎ᠠ ᠶᠢᠨ ᠳᠡᠮᠵᠢᠯᠭᠡ ᠪᠤᠯᠭᠠᠵᠤ᠂ ᠰᠢᠨ᠎ᠡ ᠨᠢᠭᠡ ᠡᠭᠡᠯᠵᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠪᠢᠰᠬᠠᠯ ᠪᠣᠯᠣᠨ ᠠᠵᠤ | ᠦᠢᠯᠡᠰ ᠤᠨ ᠬᠤᠪᠢᠰᠤᠯᠲᠠ ᠶᠢᠨ ᠠᠵᠠ ᠲᠣᠭᠢᠶᠠᠯ ᠳᠣᠣᠷ᠎ᠠ᠂ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ | ᠬᠡᠯᠬᠢᠶ᠎ᠡ ᠶᠢᠨ ᠬᠠᠮᠲᠤᠷᠠᠯᠴᠠᠭ᠎ᠠ ᠲᠦᠷᠭᠡᠨ ᠬᠥᠭᠵᠢᠪᠡ ᠭᠡᠵᠦ ᠶᠡᠷᠦᠩᠬᠡᠢ ᠱᠦᠵᠢ ᠳᠤ ᠬᠡᠯᠡᠪᠡ᠃ | ᠲᠢᠶᠠᠨ ᠬᠤᠩ ᠴᠢ ᠭᠡᠰᠢᠭᠦᠨ᠂ ᠬᠤᠶᠠᠷ ᠬᠥᠪᠡᠭᠡᠨ ᠤ ᠠᠭᠤᠰᠤᠯᠴᠠᠨ ᠬᠥᠭᠵᠢᠬᠦ ᠵᠢᠱᠢᠶ᠎ᠡ ᠦᠵᠡᠭᠦᠯᠭᠦ ᠣᠷᠣᠨ ᠢ ᠲᠦᠷᠭᠡᠳᠬᠡᠨ ᠪᠠᠶᠢᠭᠤᠯᠵᠤ᠂ ᠬᠤᠶᠠᠷ | ᠬᠥᠪᠡᠭᠡᠨ ᠤ ᠡᠯ᠎ᠡ ᠬᠦᠷᠢᠶᠡᠨ ᠤ ᠰᠣᠯᠢᠯᠴᠠᠭ᠎ᠠ ᠠᠭᠤᠰᠤᠯᠴᠠᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠤᠶᠠᠷ ᠬᠥᠪᠡᠭᠡᠨ ᠤ ᠳᠤᠮᠳᠠᠳᠤ ᠶᠢᠨ ᠰᠣᠶᠣᠯ ᠢ ᠬᠠᠮᠲᠤ ᠪᠠᠷ | ᠪᠠᠳᠠᠷᠠᠭᠤᠯᠬᠤ ᠶᠢ ᠠᠬᠢᠭᠤᠯᠵᠤ᠂ ᠬᠤᠶᠠᠷ ᠬᠥᠪᠡᠭᠡᠨ ᠤ ᠠᠬ᠎ᠠ ᠳᠡᠭᠦᠦ ᠨᠠᠷ ᠤᠨ ᠰᠡᠳᠬᠢᠯ ᠰᠠᠨᠠᠭ᠎ᠠ ᠪᠠᠨ ᠣᠯᠣᠯᠴᠠᠬᠤ ᠶᠢ ᠠᠬᠢᠭᠤᠯᠬᠤ ᠶᠢ ᠰᠠᠨᠠᠭᠤᠯᠪᠠ᠃ | ᠶᠡᠷᠦᠩᠬᠡᠢ ᠱᠦᠵᠢ ᠰᠢ ᠶᠢᠨ ᠫᠢᠩ ᠲᠠᠶᠢᠸᠠᠨ ᠤ ᠠᠵᠢᠯ ᠤᠨ ᠶᠡᠭᠡ ᠲᠠᠯ᠎ᠠ ᠳᠤ ᠤᠯᠠᠮ ᠴᠢᠨᠠᠭᠰᠢᠳᠠ ᠪᠠᠶᠢᠷᠢ ᠲᠣᠭᠲᠠᠭᠠᠯᠲᠠ ᠪᠠᠨ ᠵᠥᠪ ᠣᠯᠵᠤ᠂ | ᠳᠠᠪᠠᠭᠤᠯᠢᠭ ᠢᠶᠠᠨ ᠪᠠᠳᠠᠷᠠᠭᠤᠯᠵᠤ᠂ ᠢᠳᠡᠪᠬᠢᠲᠡᠢ ᠵᠢᠳᠬᠦᠯ ᠴᠢᠷᠮᠠᠶᠢᠯᠭ᠎ᠠ ᠭᠠᠷᠭᠠᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ᠂ ᠠᠷᠠᠯ ᠤᠨ ᠳᠣᠲᠣᠭᠠᠳᠤ | ᠭᠠᠳᠠᠭᠠᠳᠤ ᠶᠢᠨ ᠪᠦᠯᠬᠦᠮᠳᠡᠵᠦ ᠪᠤᠯᠬᠤ ᠤᠯᠤᠰ ᠢᠶᠠᠨ ᠬᠠᠶᠢᠷᠠᠯᠠᠬᠤ ᠬᠦᠴᠦᠨ ᠪᠦᠭᠦᠨ ᠲᠠᠢ ᠨᠡᠩ ᠰᠠᠶᠢᠲᠤᠷ ᠪᠦᠯᠬᠦᠮᠳᠡᠵᠦ᠂ ︽ᠲᠤᠰᠠᠭᠠᠷ ᠲᠣᠭᠲᠠᠨᠢᠭᠤᠯᠬᠤ︾ ᠶᠢ | ᠡᠰᠡᠷᠭᠦᠴᠡᠵᠦ ᠨᠢᠭᠡᠳᠦᠯ ᠢ ᠠᠬᠢᠭᠤᠯᠬᠤ ᠬᠦᠴᠦᠨ ᠢ ᠳᠠᠰᠤᠷᠠᠯᠳᠠ ᠦᠭᠡᠢ ᠪᠤᠵᠠᠭᠠᠶᠢᠷᠠᠭᠤᠯᠵᠤ᠂ ᠡᠬᠡ ᠤᠯᠤᠰ ᠢᠶᠠᠨ ᠨᠠᠶᠢᠷᠠᠮᠳᠠᠯ ᠢᠶᠠᠷ ᠨᠢᠭᠡᠳᠬᠡᠬᠦ ᠠᠬᠢᠴᠠ ᠶᠢ | ᠬᠠᠮᠲᠤ ᠪᠠᠷ ᠠᠬᠢᠭᠤᠯᠬᠤ ᠶᠢ ᠭᠤᠮᠢᠨᠳᠠᠩ ᠤᠨ ᠬᠤᠪᠢᠰᠬᠠᠯᠲᠤ ᠬᠤᠷᠢᠶ᠎ᠠ ᠶᠢᠨ ᠬᠢᠨ ᠳᠤ ᠬᠦᠰᠡᠪᠡ᠃ | ᠤᠷᠢᠬᠠᠨ ᠰᠠᠯᠬᠢ ᠡᠬᠡ ᠭᠠᠵᠠᠷ ᠢ ᠢᠯᠪᠢᠵᠦ᠂ ᠲᠦᠮᠡᠨ ᠪᠣᠳᠠᠰ ᠰᠢᠨᠡᠳᠦᠨ ᠠᠮᠢᠯᠠᠨ᠎ᠠ᠃ | ᠰᠢᠨ᠎ᠡ ᠠᠶᠠᠨ ᠢ ᠪᠠᠷᠠᠯᠠᠬᠤᠶ᠎ᠠ᠂ ᠶᠡᠷᠦᠩᠬᠡᠢ ᠱᠦᠵᠢ ᠰᠢ ᠶᠢᠨ ᠫᠢᠩ ᠤᠨ ︽ᠠᠵᠤ ᠠᠬᠤᠢ ᠶᠢᠨ ᠰᠡᠷᠭᠦᠨ ᠰᠠᠶᠢᠵᠢᠷᠠᠬᠤ ᠰᠠᠶᠢᠨ ᠬᠠᠨᠳᠤᠰᠢ ᠶᠢ ᠦᠷᠭᠦᠯᠵᠢᠯᠡᠨ | ᠪᠠᠬᠢᠵᠢᠭᠦᠯᠦᠨ ᠴᠢᠩᠭᠠᠳᠬᠠᠵᠤ᠂ ᠪᠦᠭᠦ ᠨᠡᠶᠢᠭᠡᠮ ᠤᠨ ᠬᠥᠭᠵᠢᠯᠲᠡ ᠶᠢᠨ ᠢᠲᠡᠭᠡᠯ ᠵᠣᠷᠢᠭ ᠢ ᠬᠥᠪᠴᠢᠯᠡᠬᠦ ᠳᠤ᠂ ᠨᠠᠮ ᠤᠨ ᠭᠡᠰᠢᠭᠦᠨ ᠺᠠᠳ᠋ᠷ ᠡᠩ ᠲᠡᠷᠢᠭᠦᠨ ᠳᠤ | ᠢᠲᠡᠭᠡᠯ ᠵᠣᠷᠢᠭ ᠢᠶᠠᠨ ᠪᠠᠲᠤᠳᠬᠠᠵᠤ᠂ ᠦᠨᠡᠨ ᠬᠦ ᠠᠳᠬᠤᠨ ᠪᠣᠳᠠᠲᠠᠢ ᠠᠵᠢᠯᠯᠠᠬᠤ ᠬᠡᠷᠡᠭᠲᠡᠢ᠃ ᠠᠯᠢᠪᠠ ᠠᠰᠢᠭᠲᠠᠢ ᠴᠠᠭ ᠲᠣᠭᠢᠶᠠᠯ ᠢ ᠠᠮᠵᠢᠵᠤ᠂ ᠠᠯᠢᠪᠠ | ᠠᠰᠢᠭᠲᠠᠢ ᠨᠥᠬᠦᠴᠡᠯ ᠢ ᠠᠰᠢᠭᠯᠠᠨ᠂ ᠬᠢᠬᠦ ᠪᠠᠷ ᠵᠣᠷᠢᠭ ᠰᠢᠭᠤᠳᠪᠠᠯ ᠳᠠᠷᠤᠢ ᠱᠠᠯᠠᠪᠳᠠᠨ ᠠᠵᠢᠯᠯᠠᠵᠤ᠂ ᠡᠯ᠎ᠡ ᠲᠠᠯ᠎ᠠ ᠶᠢᠨ ᠬᠢᠨ ᠤ ᠡᠷᠴᠢ ᠵᠣᠷᠢᠭ ᠢ ᠳᠠᠶᠢᠴᠢᠯᠠᠬᠤ | ᠬᠡᠷᠡᠭᠲᠡᠢ︾ ᠭᠡᠬᠦ ᠶᠠᠷᠢᠶ᠎ᠠ ᠨᠢ ᠬᠥᠮᠥᠰ ᠢ ᠵᠣᠷᠢᠭᠵᠢᠭᠤᠯᠤᠨ ᠤᠷᠤᠭᠰᠢᠯᠠᠭᠤᠯᠤᠨ᠎ᠠ᠃ | | |