ᠪᠤᠶᠢᠷ ᠰᠣᠮᠣ ᠬᠠᠪᠤᠷ ᠤᠨ ᠤᠯᠠᠷᠢᠯ ᠤᠨ ᠡᠪᠡᠰᠦ ᠪᠣᠷᠳᠤᠭ᠎ᠠ ᠨᠥᠭᠡᠴᠡᠯᠡᠬᠦ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ ᠪᠥᠬᠦ ᠰᠤᠮᠤᠨ ᠤ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠪᠠ
ᠨᠡᠶᠢᠲᠡᠯᠡᠭᠰᠡᠨ ᠴᠠᠭ᠄
2024/3/13
      ᠡᠪᠡᠰᠦ ᠪᠣᠷᠳᠤᠭ᠎ᠠ ᠨᠥᠭᠡᠴᠡᠯᠡᠬᠦ ᠪᠣᠯ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠴᠢᠬᠤᠯᠠ ᠭᠤᠭᠴᠤᠭ᠎ᠠ ᠮᠥᠨ᠂ ᠪᠦᠬᠦ ᠰᠣᠮᠣᠨ ᠤ ᠮᠠᠯ ᠠᠵᠤ ᠠᠬᠤᠢ ᠶᠢᠨ ᠦᠷᠭᠦᠯᠵᠢᠯᠡᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠪᠠᠲᠤᠯᠠᠬᠤ ᠶᠢᠨ ᠲᠥᠯᠥᠭᠡ᠂ ᠬᠠᠪᠤᠷ ᠠᠴᠠ ᠨᠠᠰᠢ᠂ ᠪᠤᠶᠢᠷ ᠰᠤᠮᠤ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠲᠣᠰ ᠭᠠᠵᠠᠷ ᠤᠨ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠡᠷᠲᠡ ᠠᠴᠠ ᠠᠷᠭ᠎ᠠ ᠰᠦᠪᠡᠭᠴᠢᠯᠡᠨ᠂ ᠡᠷᠲᠡ ᠠᠴᠠ ᠪᠠᠶᠢᠷᠢᠯᠠᠭᠤᠯᠵᠤ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠤᠨ᠂ ᠪᠠᠶᠢᠳᠠᠯ ᠢ ᠣᠶᠢᠯᠠᠭᠠᠵᠤ ᠵᠢᠭᠰᠠᠭᠠᠨ ᠪᠠᠶᠢᠴᠠᠭᠠᠬᠤ ᠶᠢ ᠴᠢᠩᠭᠠᠳᠬᠠᠵᠤ᠂ ᠡᠪᠡᠰᠦ ᠪᠣᠷᠳᠤᠭ᠎ᠠ ᠨᠥᠭᠡᠴᠡᠯᠡᠬᠦ ᠡᠷᠴᠢᠮ ᠢ ᠴᠢᠩᠭᠠᠷᠠᠭᠤᠯᠪᠠ᠃
3.13贝尔1.jpg
      ᠪᠤᠶᠢᠷ ᠰᠣᠮᠣ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ︽ᠪᠢ ᠣᠯᠠᠨ ᠲᠦᠮᠡᠨ ᠳᠤ ᠪᠣᠳᠠᠲᠠᠢ ᠠᠵᠢᠯ ᠬᠢᠵᠦ ᠥᠭᠭᠦᠨ᠎ᠡ︾ ᠭᠡᠰᠡᠨ ᠠᠩᠬᠠᠨ ᠤ ᠬᠦᠰᠡᠯ ᠢᠶᠠᠨ ᠪᠠᠷᠢᠮᠲᠠᠯᠠᠵᠤ᠂ ᠪᠤᠶᠢᠷ ᠭᠠᠴᠠᠭ᠎ᠠ ᠭᠠᠳᠠᠨ᠎ᠠ ᠣᠷᠣᠨ ᠠᠴᠠ 990 ᠲᠣᠨ ᠡᠪᠡᠰᠦ ᠪᠣᠷᠳᠤᠭ᠎ᠠ ᠶᠢ ᠵᠥᠭᠡᠭᠡᠪᠦᠷᠢᠯᠡᠨ ᠠᠪᠴᠢᠷᠠᠵᠤ᠂ ᠡᠭᠦᠨ ᠳᠤ ᠨᠣᠭᠤᠭᠠᠨ ᠳᠠᠷᠤᠰᠢ 800 ᠲᠣᠨ᠂ ᠡᠪᠡᠰᠦ ᠪᠣᠷᠳᠤᠭ᠎ᠠ 190 ᠲᠣᠨ ᠪᠠᠶᠢᠵᠤ᠂ ᠲᠦᠯ ᠮᠠᠯ ᠤᠨ ᠠᠮᠤᠷ ᠲᠦᠪᠰᠢᠨ ᠢᠶᠠᠷ ᠬᠠᠪᠤᠷ ᠤᠨ ᠤᠯᠠᠷᠢᠯ ᠢ ᠥᠩᠭᠡᠷᠡᠭᠡᠬᠦ ᠳᠤ ᠪᠠᠲᠤᠯᠠᠭ᠎ᠠ ᠬᠠᠩᠭᠠᠪᠠ᠃ ᠪᠤᠶᠢᠷ ᠭᠠᠴᠠᠭ᠎ᠠ ᠪᠠᠰᠠ ᠡᠪᠡᠰᠦ ᠪᠣᠷᠳᠤᠭ᠎ᠠ ᠪᠠᠨ ᠵᠠᠬ᠎ᠠ ᠳᠡᠯᠭᠡᠭᠦᠷ ᠤᠨ ᠦᠨ᠎ᠡ ᠬᠠᠩᠰᠢ ᠠᠴᠠ ᠬᠢᠮᠳᠠ ᠦᠨ᠎ᠡ ᠪᠠᠷ ᠲᠣᠰ ᠭᠠᠴᠠᠭᠠᠨ ᠤ ᠪᠠᠨ ᠮᠠᠯᠴᠢᠳ ᠲᠤ ᠬᠤᠳᠠᠯᠳᠤᠨ ᠥᠭᠴᠦ᠂ ᠣᠳᠣᠬᠠᠨ ᠤ ᠲᠥᠯ ᠲᠣᠰᠬᠤ ᠵᠠᠩᠭᠢᠯᠠᠭ᠎ᠠ ᠶᠢᠨ ᠦᠶ᠎ᠡ ᠳᠤ᠂ ᠬᠢᠮᠳᠠ ᠦᠨ᠎ᠡ ᠲᠠᠢ ᠡᠪᠡᠰᠦ ᠪᠣᠷᠳᠤᠭ᠎ᠠ ᠨᠢ ᠮᠠᠯᠴᠢᠨ ᠲᠦᠮᠡᠨ ᠤ ᠡᠪᠡᠰᠦ ᠪᠣᠷᠳᠤᠭ᠎ᠠ ᠳᠤᠲᠠᠭᠳᠠᠵᠤ ᠪᠠᠶᠢᠭ᠎ᠠ ᠪᠠᠴᠢᠮ ᠠᠰᠠᠭᠤᠳᠠᠯ ᠢ ᠰᠢᠢᠳᠪᠦᠷᠢᠯᠡᠵᠦ᠂ ᠠᠵᠤ ᠠᠬᠤᠢ ᠶᠢᠨ ᠳᠠᠷᠤᠭᠠᠰᠤ ᠶᠢ ᠬᠥᠩᠭᠡᠯᠡᠨ᠂ ᠮᠠᠯᠵᠢᠬᠤ ᠡᠷᠦᠬᠡ ᠶᠢᠨ ᠲᠡᠵᠢᠭᠡᠨ ᠦᠷᠡᠵᠢᠭᠦᠯᠬᠦ ᠢᠲᠡᠭᠡᠯ ᠪᠠ ᠠᠮᠤᠷ ᠲᠦᠪᠰᠢᠨ ᠤ ᠲᠥᠷᠥᠭᠳᠡᠯ ᠢ ᠨᠡᠮᠡᠭᠳᠡᠭᠦᠯᠬᠦ ᠶᠢᠨ ᠬᠠᠮᠲᠤ ᠲᠥᠯ ᠲᠣᠰᠬᠤ ᠠᠵᠢᠯ ᠳᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ ᠥᠭᠭᠦᠭᠰᠡᠨ ᠪᠠᠶᠢᠨ᠎ᠠ᠃
3.13贝尔2.jpg
      ᠳᠠᠷᠠᠭᠠᠴᠢ ᠶᠢᠨ ᠠᠯᠬᠤᠮ ᠳᠤ᠂ ᠪᠤᠶᠢᠷ ᠰᠤᠮᠤ ᠦᠷᠭᠦᠯᠵᠢᠯᠡᠨ ᠲᠥᠯ ᠲᠣᠰᠬᠤ ᠪᠠᠷ ᠠᠵᠢᠯ ᠤᠨ ᠭᠤᠣᠯᠳᠠᠯᠭ᠎ᠠ ᠪᠠᠨ ᠪᠣᠯᠭᠠᠵᠤ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ᠂ ᠮᠠᠯ ᠠᠵᠤ ᠠᠬᠤᠢ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ᠂ ᠲᠥᠯ ᠲᠣᠰᠬᠤ ᠠᠵᠢᠯ ᠤᠨ ᠮᠡᠷᠭᠡᠵᠢᠯ ᠤᠨ ᠵᠢᠯᠣᠭᠤᠳᠤᠯᠭ᠎ᠠ ᠶᠢᠨ ᠡᠷᠴᠢᠮ ᠢ ᠴᠢᠩᠭᠠᠷᠠᠭᠤᠯᠬᠤ᠂ ᠬᠠᠪᠤᠷ ᠤᠨ ᠤᠯᠠᠷᠢᠯ ᠤᠨ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠬᠦ᠂ ᠡᠪᠡᠰᠦ ᠪᠣᠷᠳᠤᠭ᠎ᠠ ᠨᠦᠬᠡᠴᠡᠯᠡᠬᠦ᠂ ᠴᠠᠭ ᠠᠭᠤᠷ ᠤᠨ ᠰᠡᠷᠡᠮᠵᠢ ᠲᠣᠬᠢᠶ᠎ᠠ ᠶᠢ ᠰᠠᠶᠢᠲᠤᠷ ᠬᠢᠬᠦ ᠵᠡᠷᠭᠡ ᠡᠯ᠎ᠡ ᠲᠠᠯ᠎ᠠ ᠪᠠᠷ ᠬᠦᠴᠦᠯᠡᠨ᠂ ᠲᠥᠯ ᠮᠠᠯ ᠤᠨ ᠡᠳᠡᠭᠡᠷᠡᠯᠲᠡ ᠶᠢᠨ ᠨᠣᠷᠮ᠎ᠠ ᠶᠢ ᠳᠡᠭᠡᠭᠰᠢᠯᠡᠭᠦᠯᠬᠦ᠂ ᠡᠬᠡ ᠮᠠᠯ ᠤᠨ ᠦᠬᠦᠯᠲᠡ ᠶᠢᠨ ᠨᠣᠷᠮ᠎ᠠ ᠶᠢ ᠪᠠᠭᠤᠷᠠᠭᠤᠯᠬᠤ ᠪᠠᠷ ᠬᠦᠴᠦᠯᠡᠨ ᠴᠢᠷᠮᠠᠶᠢᠨ᠎ᠠ᠃
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ