ᠥᠪᠥᠷ ᠮᠣᠩᠭᠤᠯ ᠤᠨ ᠵᠠᠮ ᠬᠠᠷᠢᠯᠴᠠᠭᠠᠨ ᠤ ᠪᠦᠯᠦᠭᠯᠡᠯ ᠤᠨ ᠮᠧᠩ ᠲᠦᠩ ᠠᠷᠠᠴᠢᠯᠠᠨ ᠬᠠᠮᠠᠭᠠᠯᠠᠬᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠬᠥᠯᠥᠨ ᠪᠤᠶᠢᠷ ᠲᠠᠬᠢ ᠬᠤᠪᠢᠶᠠᠷᠢ ᠺᠣᠮᠫᠠᠨᠢ ᠶᠢᠨ ᠮᠠᠨᠵᠤᠤᠷ ᠤᠨ ᠠᠷᠠᠴᠢᠯᠠᠨ ᠬᠠᠮᠠᠭᠠᠯᠠᠬᠤ ᠲᠥᠪ ᠤᠨ ᠬᠢᠨ ᠴᠠᠰᠤ ᠴᠡᠪᠡᠷᠯᠡᠨ ᠵᠠᠮ ᠭᠠᠷᠭᠠᠵᠤ ᠭᠠᠴᠠᠭᠠᠨ ᠤ ᠮᠠᠯᠴᠢᠳ ᠤᠨ ᠰᠠᠭᠠᠳ ᠦᠭᠡᠢ ᠨᠡᠪᠲᠡᠷᠡᠬᠦ ᠶᠢ ᠪᠠᠲᠤᠯᠠᠪᠠ
ᠨᠡᠶᠢᠲᠡᠯᠡᠭᠰᠡᠨ ᠴᠠᠭ᠄
2024/3/15
       ᠨᠢᠳᠣᠨᠣᠨ ᠡᠪᠦᠯ ᠠᠴᠠ ᠨᠠᠰᠢ᠂ ᠶᠡᠭᠡ ᠴᠠᠰᠤ ᠣᠷᠣᠭᠰᠠᠨ ᠠᠴᠠ ᠪᠣᠯᠵᠤ᠂ ᠳᠠᠯᠠᠢ ᠰᠣᠮᠣ ᠶᠢᠨ ᠷᠠᠰᠢᠶᠠᠨᠪᠤᠯᠠᠭ ᠭᠠᠴᠠᠭᠠᠨ ᠳᠤ ᠨᠡᠯᠢᠶᠡᠳ ᠵᠤᠵᠠᠭᠠᠨ ᠴᠠᠰᠤ ᠬᠤᠷᠠᠵᠤ᠂ ᠵᠠᠮ ᠨᠡᠪᠲᠡᠷᠡᠯᠭᠡ ᠳᠤ ᠰᠠᠭᠠᠳ ᠤᠴᠠᠷᠠᠭᠤᠯᠵᠤ᠂ ᠮᠠᠯᠴᠢᠳ ᠤᠨ ᠦᠢᠯᠡᠳᠪᠦᠷᠢᠯᠡᠯ ᠠᠮᠢᠳᠤᠷᠠᠯ ᠪᠠ ᠶᠠᠪᠤᠵᠤ ᠰᠠᠭᠤᠬᠤ ᠳᠤ ᠲᠤᠶᠢᠯ ᠤᠨ ᠶᠡᠭᠡ ᠬᠠᠷᠰᠢ ᠰᠠᠭᠠᠳ ᠪᠣᠯᠪᠠ᠃ ᠷᠠᠰᠢᠶᠠᠨᠪᠤᠯᠠᠭ ᠭᠠᠴᠠᠭ᠎ᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠬᠥᠮᠥᠨ ᠪᠠ ᠲᠡᠷᠭᠡ ᠬᠥᠰᠬᠡ ᠶᠢ ᠤᠷᠢᠳᠴᠢᠯᠠᠨ ᠰᠠᠶᠢᠲᠤᠷ ᠲᠣᠬᠢᠷᠠᠭᠤᠯᠵᠤ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠢ ᠰᠠᠶᠢᠲᠤᠷ ᠬᠢᠵᠦ᠂ 7 ᠤᠳᠠᠭ᠎ᠠ ᠴᠠᠰᠤ ᠬᠠᠭᠠᠯᠬᠤ ᠲᠡᠷᠭᠡ ᠪᠠ ᠤᠳᠬᠤᠭᠤᠷ ᠲᠡᠷᠭᠡ ᠬᠥᠳᠡᠯᠭᠡᠵᠦ᠂ ᠭᠠᠴᠠᠭᠠᠨ ᠤ ᠬᠠᠷᠢᠶ᠎ᠠ ᠣᠷᠣᠨ ᠳᠠᠬᠢ ᠭᠤᠣᠯ ᠪᠣᠯᠬᠤ ᠵᠠᠮ ᠵᠢᠴᠢ ᠬᠡᠰᠡᠭ ᠮᠠᠯᠵᠢᠬᠤ ᠡᠷᠦᠬᠡ ᠳᠤ ᠨᠡᠪᠲᠡᠷᠡᠬᠦ ᠵᠠᠮ ᠢ ᠪᠦᠬᠦᠨ ᠢ ᠨᠠᠪᠲᠠᠷᠡᠭᠦᠯᠵᠦ᠂ ᠴᠠᠰᠤᠨ ᠳᠤ ᠬᠠᠰᠢᠭᠳᠠᠭᠰᠠᠨ ᠵᠠᠮ ᠢ 400 ᠺᠢᠯᠣᠮᠧᠲᠷ ᠴᠡᠪᠡᠷᠯᠡᠵᠦ᠂ ᠮᠠᠯᠵᠢᠬᠤ ᠡᠷᠦᠬᠡ ᠶᠢᠨ ᠭᠠᠳᠠᠭᠰᠢ ᠭᠠᠷᠬᠤ ᠳᠤ ᠲᠥᠬᠦᠮ ᠦᠵᠡᠭᠦᠯᠵᠦ᠂ ᠣᠶᠢᠷ᠎ᠠ ᠬᠠᠪᠢ ᠶᠢᠨ ᠮᠠᠯ ᠠᠵᠤ ᠠᠬᠤᠢ ᠶᠢᠨ ᠪᠠᠶᠢᠩᠭᠤ ᠰᠠᠭᠤᠭ᠎ᠠ 30 ᠡᠷᠦᠬᠡ᠂ 70 ᠭᠠᠷᠤᠢ ᠮᠠᠯᠴᠢᠨ ᠤ ᠭᠠᠳᠠᠭᠰᠢ ᠭᠠᠷᠬᠤ ᠶᠢ ᠪᠠᠲᠤᠯᠠᠭ᠎ᠠ ᠲᠠᠢ ᠪᠣᠯᠭᠠᠪᠠ᠃
3.16达赉1.png
      ᠣᠶᠢᠷ᠎ᠠ ᠳᠤ᠂ ᠥᠪᠥᠷ ᠮᠣᠩᠭᠤᠯ ᠤᠨ ᠵᠠᠮ ᠬᠠᠷᠢᠯᠴᠠᠭᠠᠨ ᠤ ᠪᠦᠯᠦᠭᠯᠡᠯ ᠤᠨ ᠮᠧᠩ ᠲᠦᠩ ᠠᠷᠠᠴᠢᠯᠠᠨ ᠬᠠᠮᠠᠭᠠᠯᠠᠬᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠬᠥᠯᠥᠨ ᠪᠤᠶᠢᠷ ᠲᠠᠬᠢ ᠬᠤᠪᠢᠶᠠᠷᠢ ᠺᠣᠮᠫᠠᠨᠢ ᠶᠢᠨ ᠮᠠᠨᠵᠤᠤᠷ ᠤᠨ ᠠᠷᠠᠴᠢᠯᠠᠨ ᠬᠠᠮᠠᠭᠠᠯᠠᠬᠤ ᠲᠥᠪ ᠤᠨ ᠠᠵᠢᠯᠲᠠᠳ ᠰᠠᠶᠢᠨ ᠳᠤᠷ᠎ᠠ ᠠᠴᠠ ᠪᠠᠨ ᠡᠷᠬᠢᠨ ᠲᠣᠭᠤᠷᠢᠨ ᠤ ᠮᠠᠯᠴᠢᠳ ᠤᠨ ᠡᠪᠡᠰᠦ ᠪᠣᠷᠳᠤᠭ᠎ᠠ ᠵᠥᠭᠡᠭᠡᠪᠦᠷᠢᠯᠡᠵᠦ ᠪᠠᠶᠢᠭ᠎ᠠ ᠲᠡᠷᠭᠡ ᠬᠥᠰᠬᠡ ᠳᠤ ᠵᠠᠮ ᠭᠠᠷᠭᠠᠨ ᠥᠭᠴᠦ᠂ ᠬᠠᠰᠢᠭᠳᠠᠭᠰᠠᠨ ᠲᠡᠷᠭᠡ ᠬᠥᠰᠬᠡ ᠶᠢ ᠠᠪᠤᠷᠠᠨ ᠲᠤᠰᠠᠯᠠᠵᠤ᠂ ᠮᠠᠯᠴᠢᠳ ᠤᠨ ᠦᠢᠯᠡᠳᠪᠦᠷᠢᠯᠡᠯ ᠠᠮᠢᠳᠤᠷᠠᠯ ᠤᠨ ᠬᠡᠷᠡᠭᠴᠡᠭᠡ ᠶᠢ ᠪᠠᠲᠤᠯᠠᠭᠰᠠᠨ ᠪᠠᠶᠢᠨ᠎ᠠ᠃
3.16达赉3.jpg
       ᠳᠠᠷᠠᠭᠠᠴᠢ ᠶᠢᠨ ᠠᠯᠬᠤᠮ ᠳᠤ᠂ ᠷᠠᠰᠢᠶᠠᠨᠪᠤᠯᠠᠭ ᠭᠠᠴᠠᠭᠠᠨ ᠤ ᠮᠠᠯᠴᠢᠳ ᠲᠤ ᠦᠷᠭᠦᠯᠵᠢᠯᠡᠨ ᠬᠠᠪᠰᠤᠷᠤᠯᠭ᠎ᠠ ᠳᠡᠮᠵᠢᠯᠭᠡ ᠪᠣᠯᠵᠤ᠂ ᠮᠠᠯᠴᠢᠨ ᠲᠦᠮᠡᠨ ᠤ ︽ᠪᠠᠴᠢᠮᠳᠠᠵᠤ ᠲᠦᠪᠡᠭᠳᠡᠵᠦ ᠵᠣᠪᠠᠨᠢᠵᠤ︾ ᠪᠠᠶᠢᠭ᠎ᠠ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠵᠦ᠂ ᠪᠣᠳᠠᠲᠤ ᠠᠵᠢᠯᠯᠠᠭ᠎ᠠ ᠪᠠᠷ ᠢᠶᠠᠨ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠷᠠᠳ ᠤᠨ ᠰᠡᠳᠬᠢᠯ ᠢ ᠳᠤᠯᠠᠭᠠᠴᠠᠭᠤᠯᠬᠤ ᠪᠠ ᠠᠷᠠᠳ ᠤᠨ ᠰᠠᠨᠠᠭᠠᠨ ᠳᠤ ᠨᠡᠶᠢᠴᠡᠭᠦᠯᠵᠦ᠂ ᠥᠷᠭᠡᠨ ᠤᠯᠠᠨ ᠮᠠᠯᠴᠢᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠵᠢᠷᠭᠠᠯ ᠤᠨ ᠲᠦᠷᠦᠭᠳᠡᠯ ᠪᠠ ᠠᠮᠤᠷ ᠲᠦᠪᠰᠢᠨ ᠤ ᠲᠥᠷᠥᠭᠳᠡᠯ ᠢ ᠦᠨᠡᠨᠬᠦ ᠳᠡᠭᠡᠭᠰᠢᠯᠡᠭᠦᠯᠦᠨ᠎ᠡ᠃
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ