ᠠᠯᠳ᠋ᠬᠠᠮᠡᠭᠡᠯ ᠪᠠᠯᠭᠠᠰᠤ 2024 ᠣᠨ ᠤ ᠬᠠᠪᠤᠷ ᠤᠨ ᠤᠯᠠᠷᠢᠯ ᠤᠨ ᠲᠦᠯ ᠲᠣᠰᠬᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/3/15
      3 ᠰᠠᠷ᠎ᠠ ᠶᠢᠨ 14 ᠤ ᠡᠳᠦᠷ᠂ ᠠᠯᠳ᠋ᠬᠠᠮᠡᠭᠡᠯ ᠪᠠᠯᠭᠠᠰᠤ 2024 ᠣᠨ ᠤ ᠬᠠᠪᠤᠷ ᠤᠨ ᠤᠯᠠᠷᠢᠯ ᠤᠨ ᠲᠥᠯ ᠲᠣᠰᠬᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠪᠠᠯᠭᠠᠰᠤ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠪᠠᠯᠭᠠᠰᠤᠨ ᠳᠠᠷᠤᠭ᠎ᠠ ᠬᠤᠷᠠᠯ ᠢ ᠡᠷᠭᠢᠯᠡᠵᠦ᠂ ᠡᠯ᠎ᠡ ᠭᠠᠴᠠᠭᠠᠨ ᠤ ᠱᠦᠵᠢ᠂ ᠬᠠᠮᠢᠶ᠎ᠠ ᠪᠦᠬᠦᠢ ᠠᠵᠢᠯᠲᠠᠳ ᠬᠤᠷᠠᠯ ᠳᠤ ᠣᠷᠣᠯᠴᠠᠪᠠ᠃
3.15阿镇.jpg
      ᠬᠤᠷᠠᠯ ᠠᠴᠠ᠂ ᠲᠥᠯ ᠲᠣᠰᠬᠤ ᠠᠵᠢᠯ ᠪᠣᠯ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠴᠢᠬᠤᠯᠠ ᠭᠤᠭᠴᠤᠭ᠎ᠠ ᠮᠥᠨ᠂ ᠲᠦᠯ ᠤᠨ ᠠᠵᠢᠯ ᠤᠨ ᠤᠷᠤᠭᠰᠢᠲᠠᠢ ᠶᠠᠪᠤᠭᠳᠠᠬᠤ ᠶᠢ ᠦᠨᠡᠨᠬᠦ ᠪᠠᠲᠤᠯᠠᠬᠤ ᠶᠢᠨ ᠲᠥᠯᠥᠭᠡ᠂ ᠪᠠᠯᠭᠠᠰᠤ ᠶᠢᠨ ᠵᠠᠰᠠᠭ ᠤᠨ ᠣᠷᠳᠣᠨ ᠬᠤᠯᠪᠣᠭᠳᠠᠯ ᠪᠦᠬᠦᠢ ᠡᠪᠡᠰᠦᠨ ᠤ ᠦᠢᠯᠡᠰ ᠤᠨ ᠺᠣᠮᠫᠠᠨᠢ ᠲᠠᠢ ᠢᠳᠡᠪᠬᠢᠲᠡᠢ ᠵᠣᠯᠭᠠᠭᠤᠯᠬᠤ ᠶᠢᠨ ᠬᠠᠮᠲᠤ᠂ ᠭᠠᠴᠠᠭ᠎ᠠ ᠪᠠ ᠬᠤᠪᠢ ᠬᠥᠮᠥᠨ ᠤ ᠪᠡᠶ᠎ᠡ ᠪᠠᠨ ᠳᠠᠭᠠᠭᠠᠵᠤ ᠡᠪᠡᠰᠦ ᠪᠣᠷᠳᠤᠭ᠎ᠠ ᠬᠤᠳᠠᠯᠳᠤᠨ ᠠᠪᠬᠤ ᠶᠢ ᠵᠣᠷᠢᠭᠵᠢᠭᠤᠯᠵᠤ᠂ ᠲᠥᠯ ᠲᠣᠰᠬᠤ ᠬᠤᠭᠤᠴᠠᠭᠠᠨ ᠳᠠᠬᠢ ᠡᠪᠡᠰᠦ ᠪᠣᠷᠳᠤᠭ᠎ᠠ ᠶᠢᠨ ᠬᠠᠩᠭᠠᠯᠭ᠎ᠠ ᠶᠢ ᠪᠠᠲᠤᠯᠠᠬᠤ ᠬᠡᠷᠡᠭᠲᠡᠢ᠃ ᠶᠡᠷᠦᠩᠬᠡᠶᠢᠯᠡᠨ ᠪᠠᠲᠤᠯᠠᠭ᠎ᠠ ᠪᠠ ᠮᠡᠷᠭᠡᠵᠢᠯ ᠳᠡᠯᠭᠡᠷᠡᠭᠦᠯᠬᠦ ᠲᠥᠪ ᠠᠴᠠ ᠡᠪᠡᠳᠴᠢᠨ ᠬᠢᠵᠢᠭ ᠢ ᠰᠡᠷᠭᠡᠶᠢᠯᠡᠨ ᠵᠠᠰᠠᠬᠤ ᠪᠠ ᠲᠡᠵᠢᠭᠡᠨ ᠠᠷᠠᠴᠢᠯᠠᠬᠤ ᠬᠠᠮᠢᠶᠠᠷᠤᠯᠲᠠ ᠶᠢᠨ ᠵᠢᠯᠣᠭᠤᠳᠤᠯᠭ᠎ᠠ ᠶᠢ ᠴᠢᠩᠭᠠᠳᠬᠠᠵᠤ᠂ ᠬᠠᠪᠤᠷ ᠤᠨ ᠤᠯᠠᠷᠢᠯ ᠤᠨ ᠰᠡᠷᠭᠡᠶᠢᠯᠡᠬᠦ ᠲᠠᠷᠢᠯᠭ᠎ᠠ ᠶᠢᠨ ᠠᠵᠢᠯ ᠢ ᠪᠥᠬᠦ ᠲᠠᠯ᠎ᠠ ᠪᠠᠷ ᠬᠠᠮᠤᠷᠬᠤ ᠶᠢ ᠦᠨᠡᠨᠬᠦ ᠪᠠᠲᠤᠯᠠᠵᠤ᠂ ᠬᠠᠰᠢᠶ᠎ᠠ ᠰᠠᠷᠠᠪᠴᠢ ᠶᠢ ᠠᠷᠢᠭᠤᠳᠬᠠᠬᠤ ᠠᠵᠢᠯ ᠢ ᠴᠢᠩᠭᠠᠳᠬᠠᠨ᠂ ᠮᠠᠯᠵᠢᠬᠤ ᠲᠠᠷᠢᠶᠠᠯᠠᠬᠤ ᠡᠷᠦᠬᠡ ᠶᠢ ᠬᠦᠲᠦᠯᠦᠨ ᠵᠢᠯᠤᠭᠤᠳᠴᠤ ᠲᠥᠯ ᠮᠠᠯ ᠢ ᠰᠢᠨᠵᠢᠯᠡᠬᠦ ᠤᠬᠠᠭᠠᠨᠴᠢ ᠪᠠᠷ ᠲᠡᠵᠢᠭᠡᠨ ᠠᠷᠠᠴᠢᠯᠠᠬᠤ ᠬᠡᠷᠡᠭᠲᠡᠢ ᠃ ᠭᠠᠴᠠᠭᠠᠨ ᠤ ᠺᠠᠳ᠋ᠷᠴᠤᠳ ᠴᠠᠭ ᠠᠭᠤᠷ ᠤᠨ ᠬᠤᠪᠢᠷᠠᠯᠲᠠ ᠶᠢ ᠨᠢᠭᠲᠠ ᠠᠩᠬᠠᠷᠴᠤ᠂ ᠴᠠᠭ ᠠᠭᠤᠷ ᠤᠨ ᠰᠠᠯᠠᠭ᠎ᠠ ᠮᠥᠴᠢᠷ ᠤᠨ ᠰᠡᠷᠡᠮᠵᠢ ᠶᠢᠨ ᠮᠡᠳᠡᠭᠡ ᠵᠠᠩᠭᠢ ᠶᠢ ᠴᠠᠭ ᠲᠤᠬᠠᠢ ᠳᠤᠨᠢ ᠳᠠᠮᠵᠢᠭᠤᠯᠤᠨ ᠲᠠᠷᠬᠠᠭᠠᠵᠤ᠂ ᠶᠡᠷᠦ ᠪᠣᠰᠤ ᠶᠢᠨ ᠴᠠᠭ ᠠᠭᠤᠷ ᠤᠨ ᠲᠥᠯ ᠲᠣᠰᠬᠤ ᠠᠵᠢᠯ ᠳᠤ ᠦᠵᠡᠭᠦᠯᠬᠦ ᠠᠰᠢᠭ ᠦᠭᠡᠢ ᠨᠥᠯᠥᠭᠡ ᠶᠢ ᠪᠠᠭᠠᠰᠬᠠᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠪᠠᠰᠠ ᠭᠠᠴᠠᠭ᠎ᠠ ᠲᠣᠰᠬᠤᠨ ᠤ ᠡᠷᠡᠭᠦᠯ ᠬᠠᠮᠠᠭᠠᠯᠠᠯ᠂ ᠬᠤᠷᠰᠢᠭᠰᠠᠨ ᠡᠮᠨᠡᠯᠭᠡ ᠶᠢᠨ ᠳᠠᠭᠠᠳᠬᠠᠯ ᠤᠨ ᠰᠦᠢᠳᠬᠡᠯ ᠲᠤᠰᠢᠶᠠᠬᠤ᠂ ᠬᠥᠯᠥᠨ ᠨᠠᠭᠤᠷ ᠤᠨ ᠰᠠᠪᠠ ᠭᠠᠵᠠᠷ ᠢ ᠴᠡᠭᠴᠡᠯᠡᠨ ᠵᠠᠰᠠᠬᠤ᠂ ᠡᠪᠡᠳᠴᠢᠨ ᠢᠶᠠᠷ ᠦᠬᠦᠭᠰᠡᠨ ᠮᠠᠯ ᠢ ᠰᠢᠢᠳᠪᠦᠷᠢᠯᠡᠬᠦ ᠵᠡᠷᠭᠡ ᠠᠵᠢᠯ ᠢ ᠨᠠᠷᠢᠨ ᠨᠢᠭᠲᠠ ᠲᠣᠬᠢᠷᠠᠭᠤᠯᠤᠨ ᠪᠠᠶᠢᠷᠢᠯᠠᠭᠤᠯᠪᠠ᠃
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ