— 2024 ᠣᠨ ᠤ 3 ᠰᠠᠷ᠎ᠠ ᠶᠢᠨ 5 ᠤ ᠡᠳᠦᠷ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠬᠤᠶᠠᠳᠤᠭᠠᠷ ᠬᠤᠷᠠᠯᠳᠤᠭᠠᠨ ᠳᠡᠭᠡᠷ᠎ᠡ | ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ | | ᠲᠥᠯᠥᠭᠡᠯᠡᠭᠴᠢᠳ ᠠ᠋᠄ | ᠤᠳᠤ ᠪᠢ ᠲᠦᠷᠦ ᠶᠢᠨ ᠶᠠᠪᠤᠳᠠᠯ ᠤᠨ ᠬᠤᠷᠢᠶᠠᠨ ᠤ ᠡᠮᠦᠨ᠎ᠡ ᠠᠴᠠ ᠶᠡᠭᠡ ᠬᠤᠷᠠᠯ ᠳᠤ ᠵᠠᠰᠠᠭ ᠤᠨ ᠣᠷᠳᠣᠨ ᠤ ᠠᠵᠢᠯ ᠢᠶᠠᠨ ᠮᠡᠳᠡᠭᠦᠯᠦᠶ᠎ᠡ᠂ ᠬᠢᠨᠠᠨ | ᠶᠠᠷᠢᠯᠴᠠᠬᠤ ᠪᠣᠯᠪᠠ ᠤᠤ᠂ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠴᠦ ᠰᠠᠨᠠᠯ ᠢᠶᠠᠨ ᠳᠤᠷᠠᠳᠬᠤ ᠪᠣᠯᠪᠠ ᠤᠤ᠃ | ᠨᠢᠭᠡ᠂ 2023 ᠣᠨ ᠤ ᠠᠵᠢᠯ ᠤᠨ ᠡᠷᠭᠢᠴᠡᠭᠦᠯᠦᠯ | ᠥᠩᠭᠡᠷᠡᠭᠰᠡᠨ ᠨᠢᠭᠡ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠬᠤ ᠡᠭᠢᠯᠡᠯᠲᠡ ᠶᠢᠨ ᠵᠢᠯ | ᠮᠥᠨ᠂ ᠲᠤᠰ ᠬᠤᠭᠤᠴᠠᠭᠠᠨ ᠤ ᠵᠠᠰᠠᠭ ᠤᠨ ᠣᠷᠳᠣᠨ ᠤ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠠᠩᠬᠠᠳᠠᠭᠴᠢ ᠵᠢᠯ ᠮᠥᠨ᠃ | ᠲᠤᠶᠢᠯ ᠤᠨ ᠲᠦᠪᠡᠭ ᠪᠤᠳᠤᠯᠢᠶᠠᠨᠲᠠᠢ ᠣᠯᠠᠨ ᠤᠯᠤᠰ ᠤᠨ ᠣᠷᠴᠢᠨ ᠨᠥᠬᠦᠴᠡᠯ ᠪᠠ ᠤᠯᠤᠰ ᠤᠨ ᠳᠣᠲᠣᠭᠠᠳᠤ ᠶᠢᠨ ᠥᠭᠡᠷᠡᠴᠢᠯᠡᠯᠲᠡ ᠬᠢᠬᠦ ᠬᠥᠭᠵᠢᠭᠦᠯᠬᠦ | ᠲᠣᠭᠲᠠᠭᠤᠨ ᠪᠠᠶᠢᠯᠭᠠᠬᠤ ᠬᠠᠲᠠᠭᠤ ᠪᠡᠷᠬᠡ ᠨᠦᠰᠡᠷ ᠬᠦᠨᠳᠦ ᠡᠭᠦᠷᠭᠡ ᠶᠢᠨ ᠡᠮᠦᠨ᠎ᠡ᠂ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶ᠎ᠠ | ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠭᠠᠳᠠᠭᠠᠳᠤ ᠳᠠᠷᠤᠯᠲᠠ ᠶᠢ ᠲᠤᠯᠵᠤ᠂ ᠳᠣᠲᠣᠭᠠᠳᠤ ᠶᠢᠨ | ᠪᠡᠷᠬᠡᠰᠢᠶᠡᠯ ᠢ ᠢᠯᠠᠨ ᠳᠠᠪᠠᠵᠤ᠂ ᠰᠢᠷᠭᠠᠭᠤ ᠬᠠᠲᠠᠭᠤᠵᠢᠯᠲᠠᠢ ᠴᠢᠷᠮᠠᠶᠢᠯᠭ᠎ᠠ ᠭᠠᠷᠭᠠᠪᠠ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠢ ᠰᠡᠷᠭᠡᠶᠢᠯᠡᠨ | ᠬᠢᠵᠠᠭᠠᠷᠯᠠᠬᠤ ᠠᠵᠢᠯ ᠯᠠᠪᠳᠠᠭᠤᠨ ᠲᠣᠭᠲᠠᠭᠤᠨ ᠢᠶᠠᠷ ᠱᠠᠲᠤ ᠰᠢᠯᠵᠢᠵᠦ᠂ ᠴᠢᠬᠤᠯᠠ ᠶᠡᠭᠡ ᠰᠢᠢᠳᠪᠦᠷᠢᠯᠡᠭᠴᠢ ᠴᠢᠨᠠᠷᠲᠠᠢ ᠢᠯᠠᠯᠲᠠ ᠣᠯᠵᠤ᠂ ᠪᠦᠭᠦ ᠵᠢᠯ ᠤᠨ ᠠᠵᠤ | ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠭᠤᠣᠯ ᠬᠠᠷᠠᠯᠲᠠ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ | ᠪᠠᠲᠤᠲᠠᠢ ᠠᠬᠢᠭᠤᠯᠵᠤ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠪᠠᠶᠢᠳᠠᠯ ᠢ ᠪᠠᠲᠤᠯᠠᠵᠤ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ | ᠪᠦᠲᠦᠭᠡᠨ ᠪᠠᠶᠢᠭᠤᠯᠬᠤ ᠠᠵᠢᠯ ᠯᠠᠪᠳᠠᠭᠤᠨ ᠪᠠᠲᠤᠲᠠᠢ ᠠᠯᠬᠤᠮ ᠢ ᠠᠯᠬᠤᠪᠠ᠃ | — ᠠᠵᠤ ᠠᠬᠤᠢ ᠶᠡᠷᠦᠩᠬᠡᠢ ᠳᠡᠭᠡᠨ ᠰᠡᠷᠭᠦᠨ ᠰᠠᠶᠢᠵᠢᠷᠠᠪᠠ᠃ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠪᠦᠭᠦ ᠦᠷᠳᠡᠭ 126 ᠲᠦᠮᠡᠨ | ᠳ᠋ᠦᠩᠰᠢᠭᠤᠷ ᠲᠥᠭᠦᠷᠢᠭ ᠲᠤ ᠬᠦᠷᠴᠦ᠂ 5.2% ᠢᠶᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠳᠡᠯᠡᠬᠡᠢ ᠶᠢᠨ ᠭᠤᠣᠯ ᠪᠤᠯᠬᠤ ᠠᠵᠤ ᠠᠬᠤᠢ ᠶᠢᠨ | ᠴᠣᠭᠴᠠ ᠶᠢᠨ ᠡᠮᠦᠨ᠎ᠡ ᠡᠩᠨᠡᠭᠡᠨ ᠳᠤ ᠣᠷᠣᠪᠠ᠃ ᠬᠤᠲᠠ ᠪᠠᠯᠭᠠᠰᠤᠨ ᠳᠤ ᠠᠵᠢᠯ ᠣᠯᠣᠭᠰᠠᠨ ᠬᠥᠮᠥᠨ 1244 ᠲᠦᠮᠡ ᠰᠢᠨ᠎ᠡ ᠪᠠᠷ ᠨᠡᠮᠡᠭᠳᠡᠵᠦ᠂ ᠬᠤᠲᠠ | ᠪᠠᠯᠭᠠᠰᠤᠨ ᠤ ᠪᠠᠶᠢᠴᠠᠭᠠᠭᠰᠠᠨ ᠠᠵᠢᠯ ᠠᠯᠳᠠᠯᠲᠠ ᠶᠢᠨ ᠨᠣᠷᠮ᠎ᠠ ᠳᠤᠮᠳᠠᠴᠢ ᠪᠠᠷ 5.2% ᠪᠣᠯᠪᠠ᠃ ᠰᠠᠭᠤᠭᠠᠯᠢ ᠠᠷᠠᠳ ᠤᠨ ᠬᠡᠷᠡᠭᠯᠡᠭᠡ ᠶᠢᠨ ᠦᠨ᠎ᠡ 0.2% ᠢᠶᠠᠷ | ᠥᠰᠪᠡ᠃ ᠤᠯᠤᠰ ᠤᠨ ᠬᠤᠭᠤᠷᠣᠨᠳᠣᠭᠢ ᠣᠷᠣᠯᠭ᠎ᠠ ᠵᠠᠷᠤᠯᠭ᠎ᠠ ᠦᠨᠳᠦᠰᠦᠨ ᠳᠡᠭᠡᠨ ᠲᠡᠩᠴᠡᠭᠦᠷᠢᠲᠡᠢ ᠪᠠᠶᠢᠨ᠎ᠠ᠃ | — ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠤᠨ ᠪᠠᠶᠢᠭᠤᠯᠤᠯᠲᠠ ᠴᠢᠬᠤᠯᠠ ᠠᠬᠢᠯᠲᠠ ᠲᠠᠢ ᠪᠣᠯᠪᠠ᠃ ᠤᠯᠠᠮᠵᠢᠯᠠᠯᠲᠤ ᠠᠵᠤ ᠦᠢᠯᠡᠰ ᠤᠨ | ᠭᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠲᠦᠷᠭᠡᠳᠬᠡᠵᠦ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠬᠥᠭᠵᠢᠭᠰᠡᠨ ᠠᠵᠤ ᠦᠢᠯᠡᠰ ᠢ ᠥᠷᠨᠢᠩᠭᠦᠢ | ᠬᠥᠭᠵᠢᠭᠦᠯᠵᠦ᠂ ᠢᠷᠡᠭᠡᠳᠦᠢ ᠶᠢᠨ ᠠᠵᠤ ᠦᠢᠯᠡᠰ ᠢ ᠡᠮᠬᠢ ᠵᠢᠷᠤᠮ ᠲᠠᠢ ᠪᠠᠶᠢᠷᠢᠯᠠᠭᠤᠯᠵᠤ᠂ ᠲᠡᠷᠢᠭᠦᠨ ᠤ ᠦᠢᠯᠡᠳᠬᠦ ᠦᠢᠯᠡᠰ ᠪᠣᠯᠣᠨ ᠤᠳᠤ ᠦᠶ᠎ᠡ ᠶᠢᠨ | ᠦᠢᠯᠡᠴᠢᠯᠡᠭᠡᠨ ᠤ ᠦᠢᠯᠡᠰ ᠢ ᠭᠦᠨᠵᠡᠭᠡᠢ ᠠᠭᠤᠰᠤᠯᠴᠠᠭᠤᠯᠤᠨ᠂ ᠨᠢᠭᠡ ᠪᠦᠯᠦᠭ ᠴᠢᠬᠤᠯᠠ ᠶᠡᠭᠡ ᠠᠵᠤ ᠦᠢᠯᠡᠰ ᠤᠨ ᠰᠢᠨ᠎ᠡ ᠡᠭᠦᠳᠦᠯᠲᠡ ᠶᠢᠨ ᠦᠷ᠎ᠡ ᠪᠦᠲᠦᠭᠡᠯ | ᠳᠡᠯᠡᠬᠡᠢ ᠶᠢᠨ ᠲᠡᠷᠢᠭᠦᠨ ᠤ ᠲᠦᠪᠰᠢᠨ ᠳᠤ ᠭᠦᠷᠪᠡ᠃ ᠤᠯᠤᠰ ᠲᠠᠭᠠᠨ ᠦᠢᠯᠡᠳᠪᠦᠷᠢᠯᠡᠭᠰᠡᠨ ᠲᠣᠮᠣ ᠨᠢᠰᠬᠡᠯ C919 ᠶᠢ ᠬᠤᠳᠠᠯᠳᠤᠭᠠᠨ ᠤ ᠠᠵᠢᠯᠯᠠᠭᠠᠨ ᠳᠤ | ᠣᠷᠣᠭᠤᠯᠵᠤ᠂ ᠤᠯᠤᠰ ᠲᠠᠭᠠᠨ ᠦᠢᠯᠡᠳᠪᠦᠷᠢᠯᠡᠭᠰᠡᠨ ᠲᠣᠮᠣ ᠭᠡᠯᠪᠡᠷᠢ ᠶᠢᠨ ᠰᠢᠤᠳᠠᠨ ᠤ ᠬᠥᠯᠭᠡ ᠣᠩᠭᠤᠴᠠ ᠶᠢ ᠠᠮᠵᠢᠯᠲᠠ ᠲᠠᠢ ᠪᠠᠷ ᠦᠢᠯᠡᠳᠴᠦ᠂ ᠰᠢᠨ᠎ᠡ | ᠡᠨᠧᠷᠭᠢ ᠶᠢᠨ ᠰᠤᠷᠪᠤᠯᠵᠢ ᠬᠡᠷᠡᠭᠯᠡᠬᠦ ᠮᠠᠰᠢᠨ ᠲᠡᠷᠭᠡᠨ ᠤ ᠦᠢᠯᠡᠳᠪᠦᠷᠢᠯᠡᠭᠰᠡᠨ ᠪᠠ ᠪᠣᠷᠣᠯᠠᠭᠤᠯᠤᠭᠰᠠᠨ ᠬᠡᠮᠵᠢᠶ᠎ᠡ ᠶᠢᠨ ᠪᠦᠭᠦ ᠪᠥᠮᠪᠥᠷᠴᠡᠭ ᠲᠤ ᠡᠵᠡᠯᠡᠬᠦ ᠬᠤᠪᠢ ᠶᠢᠨ | ᠵᠢᠩ 60% ᠶᠢ ᠳᠠᠪᠠᠵᠠᠢ᠃ | — ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠰᠢᠨ᠎ᠡ ᠰᠢᠪᠲᠤᠯᠤᠯᠲᠠ ᠲᠠᠢ ᠪᠣᠯᠪᠠ᠃ ᠤᠯᠤᠰ ᠤᠨ ᠲᠤᠷᠰᠢᠯᠲᠠ ᠶᠢᠨ ᠲᠠᠰᠤᠭ ᠤᠨ | ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢ ᠬᠦᠴᠦᠲᠡᠢ ᠠᠬᠢᠭᠤᠯᠪᠠ᠃ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠡᠷᠬᠡ ᠰᠡᠳᠦᠪ ᠢ ᠰᠢᠢᠳᠪᠦᠷᠢᠯᠡᠬᠦ ᠠᠵᠢᠯ | ᠡᠯᠪᠡᠭ ᠦᠷ᠎ᠡ ᠪᠦᠲᠦᠭᠡᠯ ᠣᠯᠵᠤ᠂ ᠠᠭᠠᠷ ᠤᠨ ᠠᠶᠠᠯᠠᠯ ᠤᠨ ᠬᠥᠳᠡᠯᠭᠡᠭᠦᠷ ᠮᠠᠰᠢᠨ᠂ ᠰᠢᠲᠠᠮᠠᠬᠠᠢ ᠬᠡᠢ ᠶᠢᠨ ᠲᠦᠷᠪᠢᠨ᠂ ᠳᠥᠷᠪᠡᠳᠦᠭᠡᠷ ᠦᠶ᠎ᠡ ᠶᠢᠨ ᠴᠥᠮ᠎ᠡ ᠶᠢᠨ | ᠴᠠᠭᠢᠯᠭᠠᠨ ᠤ ᠮᠠᠰᠢᠨ ᠴᠣᠭᠴᠠᠯᠠᠪᠤᠷᠢ ᠵᠡᠷᠭᠡ ᠳᠡᠭᠡᠳᠦ ᠲᠡᠰ ᠤᠨ ᠲᠣᠨᠣᠭᠯᠠᠯ ᠢ ᠰᠤᠳᠤᠯᠤᠨ ᠦᠢᠯᠡᠳᠬᠦ ᠠᠵᠢᠯ ᠲᠦᠷᠭᠡᠨ ᠬᠥᠭᠵᠢᠵᠦ᠂ ᠵᠣᠬᠢᠶᠠᠮᠠᠯ ᠤᠶᠤᠯᠢᠬ᠂ | ᠺᠸᠠᠨ᠋ᠲ ᠤᠨ ᠮᠡᠷᠭᠡᠵᠢᠯ ᠵᠡᠷᠭᠡ ᠬᠤᠰᠢᠭᠤᠷᠠᠯ ᠬᠦᠷᠢᠶᠡᠨ ᠳᠠᠬᠢ ᠰᠢᠨ᠎ᠡ ᠡᠭᠦᠳᠦᠯᠲᠡ ᠶᠢᠨ ᠦᠷ᠎ᠡ ᠪᠦᠲᠦᠭᠡᠯ ᠲᠠᠰᠤᠷᠠᠯᠳᠠ ᠦᠭᠡᠢ ᠴᠣᠯᠭᠤᠷᠠᠨ ᠭᠠᠷᠪᠠ᠃ | ᠮᠡᠷᠭᠡᠵᠢᠯ ᠤᠨ ᠭᠡᠷ᠎ᠡ ᠶᠢᠨ ᠠᠷᠠᠯᠵᠢᠶ᠎ᠠ ᠲᠣᠬᠢᠷᠠᠭᠰᠠᠨ ᠲᠤᠭ᠎ᠠ 28.6% ᠪᠠᠷ ᠨᠡᠮᠡᠭᠳᠡᠪᠡ᠃ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠤᠯᠭᠠᠬᠤ | ᠴᠢᠳᠠᠪᠤᠷᠢ ᠦᠷᠭᠦᠯᠵᠢᠯᠡᠨ ᠳᠡᠭᠡᠭᠰᠢᠯᠡᠪᠡ᠃ | — ᠥᠭᠡᠷᠡᠴᠢᠯᠡᠯᠲᠡ ᠨᠡᠭᠡᠭᠡᠯᠲᠡ ᠶᠢ ᠭᠦᠨᠵᠡᠭᠡᠶᠢᠷᠡᠭᠦᠯᠦᠨ ᠠᠬᠢᠭᠤᠯᠪᠠ᠃ ᠰᠢᠨ᠎ᠡ ᠨᠢᠭᠡᠨ ᠡᠭᠡᠯᠵᠢ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠪ ᠤᠨ | ᠳᠡᠰ ᠳᠠᠪᠬᠤᠷᠭ᠎ᠠ ᠳᠠᠬᠢ ᠥᠭᠡᠷᠡᠴᠢᠯᠡᠯᠲᠡ ᠶᠢ ᠦᠨᠳᠦᠰᠦᠨ ᠳᠡᠭᠡᠨ ᠪᠡᠶᠡᠯᠡᠭᠦᠯᠵᠦ᠂ ᠣᠷᠣᠨ ᠨᠤᠲᠤᠭ ᠤᠨ ᠳᠡᠰ ᠳᠠᠪᠬᠤᠷᠭ᠎ᠠ ᠶᠢᠨ ᠥᠭᠡᠷᠡᠴᠢᠯᠡᠯᠲᠡ ᠶᠢ ᠡᠮᠬᠢ | ᠵᠢᠷᠤᠮ ᠲᠠᠢ ᠪᠠᠷ ᠶᠠᠪᠤᠭᠳᠠᠭᠤᠯᠪᠠ᠃ ᠪᠦᠭᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠪᠠ᠃ ᠤᠯᠤᠰ ᠤᠨ | ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠳᠡᠭᠡᠭᠰᠢᠯᠡᠭᠦᠯᠭᠦ ᠠᠵᠢᠯᠯᠠᠭ᠎ᠠ ᠶᠢ ᠬᠡᠷᠡᠭᠵᠢᠭᠦᠯᠵᠦ᠂ ᠠᠷᠠᠳ ᠠᠴᠠ ᠡᠵᠡᠩᠨᠡᠭᠰᠡᠨ | ᠠᠵᠤ ᠠᠬᠤᠢ ᠶᠢᠨ ᠬᠥᠭᠵᠢᠨ ᠪᠤᠵᠠᠭᠠᠶᠢᠷᠠᠬᠤ ᠶᠢ ᠠᠬᠢᠭᠤᠯᠬᠤ ᠲᠦᠷᠦ ᠶᠢᠨ ᠪᠣᠳᠣᠯᠭ᠎ᠠ ᠶᠢ ᠨᠡᠶᠢᠲᠡᠯᠡᠪᠡ᠃ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠤ | ᠪᠦᠲᠦᠭᠡᠨ ᠪᠠᠶᠢᠭᠤᠯᠤᠯᠲᠠ ᠶᠢᠨ ᠪᠠᠶᠢᠷᠢᠯᠠᠭᠤᠯᠤᠯᠲᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠪᠡ᠃ ᠤᠯᠠᠨ ᠤᠯᠤᠰ ᠤᠨ ᠵᠠᠬ᠎ᠠ ᠳᠡᠯᠭᠡᠭᠦᠷ ᠲᠤ ᠡᠵᠡᠯᠡᠬᠦ | ᠭᠠᠳᠠᠭᠠᠳᠤ ᠭᠠᠷᠭᠠᠯᠲᠠ ᠶᠢᠨ ᠬᠤᠪᠢᠲᠠᠴᠠ ᠶᠢᠨ ᠲᠣᠭᠲᠠᠭᠤᠨ ᠪᠠᠶᠢᠳᠠᠯ ᠢ ᠪᠠᠲᠤᠯᠠᠵᠤ᠂ ᠭᠠᠳᠠᠭᠠᠳᠤ ᠪᠡᠯᠡ ᠶᠢ ᠪᠣᠳᠠᠲᠠᠢ ᠬᠡᠷᠡᠭᠯᠡᠬᠦ ᠪᠦᠲᠦᠴᠡ ᠶᠢ ᠰᠢᠯᠢᠳᠡᠭᠵᠢᠭᠦᠯᠵᠦ᠂ | ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠠᠶᠢᠭᠤᠯᠬᠤ ᠶᠢᠨ ᠳᠡᠯᠡᠬᠡᠢ ᠳᠡᠭᠡᠷᠡᠬᠢ ᠨᠥᠯᠥᠭᠡᠯᠡᠬᠦ ᠬᠦᠴᠦᠨ᠂ ᠤᠷᠢᠶᠠᠯᠠᠬᠤ ᠬᠦᠴᠦᠨ ᠢ ᠨᠡᠩ ᠢᠯᠡ ᠲᠣᠳᠣ | ᠢᠯᠡᠷᠡᠭᠦᠯᠪᠡ᠃ | — ᠠᠮᠤᠷ ᠲᠦᠪᠰᠢᠨ ᠢᠶᠠᠷ ᠬᠥᠭᠵᠢᠭᠦᠯᠬᠦ ᠰᠠᠭᠤᠷᠢ ᠶᠢ ᠪᠠᠲᠤᠳᠬᠠᠨ ᠪᠠᠬᠢᠵᠢᠭᠦᠯᠪᠡ᠃ ᠠᠮᠤ ᠪᠤᠳᠠᠭᠠᠨ ᠤ ᠤᠨᠠᠯᠳᠠ 1.39 ᠲᠦᠮᠡᠨ ᠳ᠋ᠦᠩᠰᠢᠭᠤᠷ ᠵᠢᠩ ᠳᠤ | ᠬᠦᠷᠴᠦ᠂ ᠲᠡᠦᠬᠡ ᠶᠢᠨ ᠰᠢᠨ᠎ᠡ ᠲᠡᠮᠳᠡᠭᠯᠡᠯ ᠢ ᠳᠠᠬᠢᠨᠲᠠ ᠡᠭᠦᠳᠪᠡ᠃ ᠡᠨᠧᠷᠭᠢ ᠶᠢᠨ ᠰᠤᠷᠪᠤᠯᠵᠢ ᠡᠬᠢ ᠪᠠᠶᠠᠯᠢᠭ ᠤᠨ ᠬᠠᠩᠭᠠᠯᠭ᠎ᠠ ᠲᠣᠭᠲᠠᠭᠤᠨ ᠪᠠᠶᠢᠨ᠎ᠠ᠃ ᠴᠢᠬᠤᠯᠠ | ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠪᠡᠶ᠎ᠡ ᠪᠠᠨ ᠳᠠᠭᠠᠭᠠᠵᠤ ᠡᠵᠡᠮᠳᠡᠬᠦ ᠴᠢᠳᠠᠪᠤᠷᠢ ᠶᠢ ᠳᠡᠭᠡᠭᠰᠢᠯᠡᠭᠦᠯᠪᠡ᠃ ᠠᠵᠤ ᠠᠬᠤᠢ ᠮᠥᠩᠭᠦᠨ | ᠭᠦᠢᠯᠭᠡᠭᠡᠨ ᠤ ᠭᠤᠣᠯᠳᠠᠯᠭ᠎ᠠ ᠲᠠᠢ ᠬᠦᠷᠢᠶᠡᠨ ᠳᠠᠬᠢ ᠠᠶᠤᠯ ᠲᠦᠭᠰᠢᠭᠦᠷᠢ ᠶᠢ ᠯᠠᠪᠳᠠᠭᠤᠨ ᠢᠶᠠᠷ ᠠᠷᠢᠯᠭᠠᠪᠠ᠃ ᠣᠳᠣᠬᠢᠴᠢᠯᠠᠭᠰᠠᠨ ᠰᠠᠭᠤᠷᠢ ᠲᠥᠬᠦᠭᠡᠷᠦᠮᠵᠢ ᠶᠢᠨ | ᠪᠦᠲᠦᠭᠡᠨ ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠪᠠ᠃ | ᠠᠮᠢ ᠠᠬᠤᠢ ᠶᠢᠨ ᠣᠷᠴᠢᠨ ᠨᠥᠬᠦᠴᠡᠯ ᠤᠨ ᠶᠠᠰᠤ ᠴᠢᠨᠠᠷ ᠢ ᠲᠣᠭᠲᠠᠭᠤᠨ ᠪᠠᠶᠢᠯᠭᠠᠬᠤ ᠶᠢᠨ ᠵᠡᠷᠭᠡ ᠳᠤ ᠰᠠᠶᠢᠵᠢᠷᠠᠭᠤᠯᠪᠠ᠃ ᠪᠣᠬᠢᠷᠳᠤᠯ ᠢ ᠰᠡᠷᠭᠡᠶᠢᠯᠡᠨ | ᠵᠠᠰᠠᠬᠤ ᠪᠡᠷᠬᠡ ᠰᠡᠳᠦᠪ ᠢ ᠰᠢᠢᠳᠪᠦᠷᠢᠯᠡᠬᠦ ᠠᠵᠢᠯ ᠢ ᠭᠦᠨᠵᠡᠭᠡᠢ ᠥᠷᠨᠢᠭᠦᠯᠵᠦ᠂ ᠭᠤᠣᠯ ᠪᠤᠯᠬᠤ ᠪᠣᠬᠢᠷᠲᠤᠭᠤᠯᠬᠤ ᠪᠣᠳᠠᠰ ᠤᠨ ᠭᠠᠳᠠᠭᠰᠢᠯᠠᠭᠤᠯᠤᠯᠲᠠ ᠶᠢᠨ | ᠬᠡᠮᠵᠢᠶ᠎ᠡ ᠶᠢ ᠦᠷᠭᠦᠯᠵᠢᠯᠡᠨ ᠪᠠᠭᠤᠷᠠᠭᠤᠯᠵᠤ᠂ ᠭᠠᠵᠠᠷ ᠤᠨ ᠭᠠᠳᠠᠷᠭᠤ ᠶᠢᠨ ᠤᠰᠤ ᠪᠠ ᠡᠷᠭᠢ ᠣᠶᠢᠷᠠᠯᠴᠠᠭ᠎ᠠ ᠲᠠᠯᠠᠢ ᠶᠢᠨ ᠣᠷᠣᠨ ᠤ ᠤᠰᠤᠨ ᠤ ᠴᠢᠨᠠᠷ ᠢ | ᠦᠷᠭᠦᠯᠵᠢᠯᠡᠨ ᠰᠠᠶᠢᠵᠢᠷᠠᠭᠤᠯᠪᠠ᠃ ︽ᠭᠤᠷᠪᠠᠨ ᠤᠮᠠᠷᠠᠲᠤ︾ ᠶᠢᠨ ᠢᠨᠵᠧᠨᠧᠷᠢᠩ ᠤᠨ ᠪᠡᠷᠬᠡ ᠰᠡᠳᠦᠪ ᠢ ᠰᠢᠢᠳᠪᠦᠷᠢᠯᠡᠬᠦ ᠠᠵᠢᠯ ᠢ ᠪᠦᠭᠦ ᠲᠠᠯ᠎ᠠ ᠪᠠᠷ ᠡᠬᠢᠯᠡᠭᠦᠯᠪᠡ᠃ | ᠳᠠᠭᠢᠨ ᠡᠭᠦᠰᠴᠦ ᠪᠤᠯᠬᠤ ᠡᠨᠧᠷᠭᠢ ᠶᠢᠨ ᠰᠤᠷᠪᠤᠯᠵᠢ ᠶᠢᠨ ᠴᠠᠭᠢᠯᠭᠠᠨ ᠭᠠᠷᠭᠠᠬᠤ ᠮᠠᠰᠢᠨ ᠴᠣᠭᠴᠠᠯᠠᠪᠤᠷᠢ ᠶᠢᠨ ᠬᠡᠪᠴᠢᠶ᠎ᠡ ᠢᠯᠴᠢ ᠶᠢᠨ ᠴᠠᠭᠢᠯᠭᠠᠨ ᠠᠴᠠ ᠲᠡᠦᠬᠡᠲᠦ | ᠴᠢᠨᠠᠷᠲᠠᠢ ᠪᠠᠷ ᠳᠠᠪᠠᠵᠤ᠂ ᠪᠦᠭᠦ ᠵᠢᠯ ᠳᠤ ᠰᠢᠨ᠎ᠡ ᠪᠠᠷ ᠨᠡᠮᠡᠭᠳᠡᠭᠰᠡᠨ ᠮᠠᠰᠢᠨ ᠴᠣᠭᠴᠠᠯᠠᠪᠤᠷᠢ ᠪᠦᠭᠦ ᠪᠥᠮᠪᠥᠷᠴᠡᠭ ᠤᠨ ᠬᠠᠭᠠᠰ ᠠᠴᠠ ᠳᠠᠪᠠᠪᠠ᠃ | — ᠠᠷᠠᠳ ᠤᠨ ᠠᠮᠢᠳᠤᠷᠠᠯ ᠤᠨ ᠪᠠᠲᠤᠯᠠᠭ᠎ᠠ ᠬᠦᠴᠦᠲᠡᠢ ᠪᠥᠭᠡᠳ ᠪᠦᠲᠦᠮᠵᠢᠲᠡᠢ ᠪᠣᠯᠪᠠ᠃ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ | ᠪᠤᠯᠬᠤ ᠣᠷᠣᠯᠭ᠎ᠠ 6.1% ᠪᠠᠷ ᠨᠡᠮᠡᠭᠳᠡᠵᠦ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠵᠥᠷᠢᠶ᠎ᠡ ᠦᠷᠭᠦᠯᠵᠢᠯᠡᠨ ᠪᠠᠭᠠᠰᠪᠠ᠃ ᠶᠠᠳᠠᠭᠤ ᠠᠴᠠ | ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠭᠰᠡᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠶᠠᠳᠠᠭᠤ ᠠᠴᠠ ᠠᠩᠭᠢᠵᠢᠷᠠᠭᠰᠠᠨ ᠭᠠᠵᠠᠷ ᠣᠷᠣᠨ ᠤ | ᠬᠥᠳᠡᠭᠡ ᠲᠣᠰᠬᠤᠨ ᠤ ᠰᠠᠭᠤᠭᠠᠯᠢ ᠠᠷᠠᠳ ᠤᠨ ᠣᠷᠣᠯᠭ᠎ᠠ 8.4% ᠪᠠᠷ ᠨᠡᠮᠡᠭᠳᠡᠪᠡ᠃ ᠠᠯᠪᠠᠨ ᠵᠢᠷᠤᠮ ᠤᠨ ᠰᠤᠷᠭᠠᠨ ᠬᠥᠮᠦᠵᠢᠯ᠂ ᠨᠠᠰᠤᠵᠢᠯ ᠤᠨ ᠦᠨᠳᠦᠰᠦᠨ | ᠠᠰᠠᠷᠠᠮᠵᠢ᠂ ᠦᠨᠳᠦᠰᠦᠨ ᠡᠮᠨᠡᠯᠭᠡ ᠵᠡᠷᠭᠡ ᠶᠢᠨ ᠡᠳ᠋ ᠤᠨ ᠵᠠᠰᠠᠭ ᠤᠨ ᠨᠥᠬᠦᠪᠦᠷᠢ ᠶᠢᠨ ᠡᠷᠴᠢᠮ ᠢ ᠴᠢᠩᠭᠠᠷᠠᠭᠤᠯᠵᠤ᠂ ᠠᠪᠤᠷᠠᠨ ᠲᠤᠰᠠᠯᠠᠯᠲᠠ ᠶᠢᠨ ᠪᠠᠲᠤᠯᠠᠭ᠎ᠠ | ᠭᠦᠷᠳᠡᠭᠦ ᠡᠲᠡᠭᠡᠳ ᠤᠨ ᠬᠡᠪᠴᠢᠶ᠎ᠡ ᠶᠢ ᠥᠷᠭᠡᠳᠬᠡᠪᠡ᠃ ᠬᠤᠪᠢ ᠬᠥᠮᠥᠨ ᠤ ᠠᠰᠢᠭ ᠣᠷᠣᠯᠭ᠎ᠠ ᠶᠢᠨ ᠭᠠᠶᠢᠯᠢ ᠳᠠᠬᠢ ︽ᠨᠠᠰᠤᠲᠠᠨ ᠢ ᠠᠰᠠᠷᠠᠬᠤ ᠪᠠ ᠬᠡᠦᠬᠡᠳ | ᠬᠥᠮᠥᠵᠢᠭᠦᠯᠬᠦ︾ ᠲᠤᠰᠬᠠᠢ ᠵᠦᠢᠯ ᠤᠨ ᠨᠡᠮᠡᠯᠲᠡ ᠰᠠᠭᠤᠳᠬᠠᠯ ᠤᠨ ᠪᠠᠷᠢᠮᠵᠢᠶ᠎ᠠ ᠶᠢ ᠳᠡᠭᠡᠭᠰᠢᠯᠡᠭᠦᠯᠵᠦ᠂ 6600 ᠭᠠᠷᠤᠢ ᠲᠦᠮᠡᠨ ᠭᠠᠶᠢᠯᠢ ᠲᠤᠰᠢᠶᠠᠭᠴᠢ ᠠᠰᠢᠭ | ᠭᠦᠷᠲᠡᠪᠡ᠃ ᠬᠤᠲᠠ ᠪᠠᠯᠭᠠᠰᠤᠨ ᠤ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠵᠠᠰᠠᠬᠤ ᠪᠠ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ | ᠬᠠᠩᠭᠠᠯᠭ᠎ᠠ ᠶᠢ ᠴᠢᠩᠭᠠᠳᠬᠠᠵᠤ᠂ ᠮᠢᠩᠭ᠎ᠠ ᠭᠠᠷᠤᠢ ᠲᠦᠮᠡᠨ ᠭᠡᠷ ᠪᠦᠯᠢ ᠳᠤ ᠠᠰᠢᠭ ᠬᠦᠷᠲᠡᠭᠡᠪᠡ᠃ | — ᠥᠩᠭᠡᠷᠡᠭᠰᠡᠨ ᠨᠢᠭᠡ ᠵᠢᠯ ᠢ ᠡᠷᠭᠢᠴᠡᠭᠦᠯᠪᠡᠯ᠂ ᠤᠯᠠᠨ ᠳᠠᠪᠬᠤᠷ ᠪᠡᠷᠬᠡᠰᠢᠶᠡᠯ ᠪᠠ ᠰᠢᠯᠭᠠᠯᠲᠠ ᠰᠣᠯᠪᠢᠴᠠᠨ ᠳᠠᠪᠬᠤᠴᠠᠵᠤ᠂ ᠮᠠᠨ ᠤ ᠤᠯᠤᠰ ᠤᠨ ᠠᠵᠤ | ᠠᠬᠤᠢ ᠳᠠᠪᠠᠯᠭᠠᠨ ᠮᠠᠶ᠋ᠢᠭ ᠢᠶᠠᠷ ᠬᠥᠭᠵᠢᠵᠦ᠂ ᠨᠤᠭᠤᠷᠠᠯ ᠪᠦᠳᠦᠷᠢᠯ ᠲᠠᠢ ᠪᠠᠷ ᠤᠷᠤᠭᠰᠢᠯᠠᠨ᠂ ᠠᠮᠵᠢᠯᠲᠠ ᠪᠦᠲᠦᠮᠵᠢ ᠶᠢ ᠭᠢᠯᠪᠠᠷ ᠪᠤᠰᠤ ᠪᠠᠷ ᠣᠯᠣᠭᠰᠠᠨ ᠶᠤᠮ᠃ | ᠳᠡᠯᠡᠬᠡᠢ ᠶᠢᠨ ᠪᠠᠶᠢᠳᠠᠯ ᠠᠴᠠ ᠠᠪᠴᠤ ᠦᠵᠡᠪᠡᠯ᠂ ᠳᠡᠯᠡᠬᠡᠢ ᠶᠢᠨ ᠠᠵᠤ ᠠᠬᠤᠢ ᠶᠢᠨ ᠰᠡᠷᠭᠦᠯᠲᠡ ᠳᠣᠷᠪᠢ ᠮᠠᠭᠤᠲᠠᠢ᠂ ᠭᠠᠵᠠᠷ ᠣᠷᠣᠨ ᠤ ᠤᠯᠤᠰ ᠲᠦᠷᠦ ᠶᠢᠨ | ᠮᠥᠷᠭᠦᠯᠳᠦᠭᠡᠨ ᠰᠢᠷᠦᠭᠦᠰᠴᠦ᠂ ᠬᠠᠮᠠᠭᠠᠯᠠᠬᠤ ᠦᠵᠡᠯ᠂ ᠭᠠᠭᠴᠠ ᠲᠠᠯᠠᠲᠤ ᠦᠵᠡᠯ ᠳᠡᠭᠡᠭᠰᠢᠯᠡᠵᠦ᠂ ᠮᠠᠨ ᠤ ᠤᠯᠤᠰ ᠤᠨ ᠬᠥᠭᠵᠢᠯᠲᠡ ᠳᠤ ᠦᠵᠡᠭᠦᠯᠭᠦ ᠭᠠᠳᠠᠭᠠᠳᠤ | ᠣᠷᠴᠢᠨ ᠨᠥᠬᠦᠴᠡᠯ ᠤᠨ ᠠᠰᠢᠭ ᠦᠭᠡᠢ ᠨᠥᠯᠥᠭᠡ ᠦᠷᠭᠦᠯᠵᠢᠯᠡᠨ ᠶᠡᠬᠡᠰᠴᠦ ᠪᠠᠶᠢᠨ᠎ᠠ᠃ ᠤᠯᠤᠰ ᠤᠨ ᠳᠣᠲᠣᠭᠠᠳᠤ ᠶᠢᠨ ᠪᠠᠶᠢᠳᠠᠯ ᠠᠴᠠ ᠠᠪᠴᠤ ᠦᠵᠡᠪᠡᠯ᠂ | ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠭᠤᠷᠪᠠᠨ ᠵᠢᠯ ᠤᠨ ᠳᠠᠭᠠᠷᠢᠯᠲᠠ ᠶᠢ ᠥᠩᠭᠡᠷᠡᠭᠡᠭᠡᠳ᠂ ᠠᠵᠤ ᠠᠬᠤᠢ ᠶᠢᠨ ᠰᠡᠷᠭᠦᠯᠲᠡ ᠬᠥᠭᠵᠢᠯᠲᠡ ᠶᠢᠨ | ᠲᠤᠰ ᠪᠡᠶ᠎ᠡ ᠳᠤ ᠴᠥᠭᠡᠨ ᠪᠤᠰᠤ ᠬᠦᠴᠢᠷ ᠠᠰᠠᠭᠤᠳᠠᠯ ᠣᠷᠣᠰᠢᠵᠤ᠂ ᠤᠷᠲᠤ ᠬᠤᠭᠤᠴᠠᠭ᠎ᠠ ᠪᠠᠷ ᠬᠤᠷᠠᠮᠳᠤᠭᠰᠠᠨ ᠭᠦᠨ ᠳᠠᠪᠬᠤᠷᠭ᠎ᠠ ᠶᠢᠨ ᠵᠥᠷᠢᠴᠡᠯ ᠲᠦᠷᠭᠡᠰᠦᠨ | ᠢᠯᠡᠷᠡᠵᠦ᠂ ᠮᠠᠰᠢ ᠣᠯᠠᠨ ᠰᠢᠨ᠎ᠡ ᠪᠠᠶᠢᠳᠠᠯ ᠰᠢᠨ᠎ᠡ ᠠᠰᠠᠭᠤᠳᠠᠯ ᠴᠤ ᠬᠤᠶᠢᠨ᠎ᠠ ᠬᠤᠶᠢᠨ᠎ᠠ ᠠᠴᠠ ᠪᠠᠨ ᠢᠯᠡᠷᠡᠨ ᠭᠠᠷᠪᠠ᠃ ᠭᠠᠳᠠᠭᠠᠳᠤ ᠬᠡᠷᠡᠭᠴᠡᠭᠡ ᠪᠠᠭᠤᠷᠠᠵᠤ | ᠪᠠᠶᠢᠬᠤ ᠪᠠ ᠳᠣᠲᠣᠭᠠᠳᠤ ᠬᠡᠷᠡᠭᠴᠡᠭᠡ ᠬᠦᠷᠦᠯᠴᠡᠬᠦ ᠦᠭᠡᠢ ᠪᠠᠶᠢᠬᠤ ᠪᠠᠶᠢᠳᠠᠯ ᠳᠠᠪᠬᠤᠴᠠᠵᠤ᠂ ᠦᠶᠡᠯᠡᠯ ᠤᠨ ᠴᠢᠨᠠᠷᠲᠠᠢ ᠪᠠ ᠪᠦᠲᠦᠴᠡ ᠶᠢᠨ ᠴᠢᠨᠠᠷᠲᠠᠢ ᠠᠰᠠᠭᠤᠳᠠᠯ | ᠵᠡᠷᠭᠡ ᠪᠠᠷ ᠣᠷᠣᠰᠢᠵᠤ᠂ ᠵᠠᠷᠢᠮ ᠭᠠᠵᠠᠷ ᠣᠷᠣᠨ ᠤ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ᠂ ᠣᠷᠣᠨ ᠨᠤᠲᠤᠭ ᠤᠨ ᠥᠷᠢ ᠥᠭᠴᠡᠭᠡ᠂ ᠳᠤᠮᠳᠠ ᠵᠢᠵᠢᠭ | ᠮᠥᠩᠭᠦᠨ ᠭᠦᠢᠯᠭᠡᠭᠡᠨ ᠤ ᠪᠠᠶᠢᠭᠤᠯᠤᠮᠵᠢ ᠵᠡᠷᠭᠡ ᠶᠢᠨ ᠲᠦᠭᠰᠢᠭᠦᠷᠢ ᠶᠢᠨ ᠳᠠᠯᠳᠠ ᠭᠡᠮ ᠲᠣᠪᠣᠶᠢᠮ᠎ᠠ ᠢᠯᠡᠷᠡᠵᠦ᠂ ᠬᠡᠰᠡᠭ ᠭᠠᠵᠠᠷ ᠣᠷᠣᠨ ᠦᠶᠡᠷ ᠤᠰᠤᠲᠤᠯ᠂ | ᠲᠠᠶᠢᠹᠧᠩ ᠰᠠᠯᠬᠢ᠂ ᠭᠠᠵᠠᠷ ᠬᠥᠳᠡᠯᠦᠯᠲᠡ ᠵᠡᠷᠭᠡ ᠬᠦᠨᠳᠦ ᠨᠣᠴᠢᠲᠠᠢ ᠪᠠᠶᠢᠭᠠᠯᠢ ᠶᠢᠨ ᠭᠠᠮᠰᠢᠭ ᠲᠤ ᠲᠠᠭᠠᠷᠢᠬᠳᠠᠪᠠ᠃ ᠡᠶᠢᠮᠦᠷᠬᠦᠦ ᠪᠠᠶᠢᠳᠠᠯ ᠤᠨ ᠳᠣᠣᠷ᠎ᠠ᠂ | ᠲᠦᠷᠦ ᠶᠢᠨ ᠪᠣᠳᠣᠯᠭ᠎ᠠ ᠶᠢ ᠰᠣᠩᠭᠤᠬᠤ ᠪᠠ ᠠᠵᠢᠯ ᠢ ᠠᠬᠢᠭᠤᠯᠬᠤ ᠳᠤ ᠲᠤᠯᠭᠠᠷᠠᠬᠤ ᠢᠩᠭᠢᠪᠡᠴᠦ ᠪᠡᠷᠬᠡᠲᠡᠢ ᠲᠡᠭᠡᠪᠡᠴᠦ ᠪᠡᠷᠬᠡᠲᠡᠢ ᠬᠡᠷᠬᠢᠪᠡᠴᠦ ᠪᠡᠷᠬᠡᠲᠡᠢ ᠠᠰᠠᠭᠤᠳᠠᠯ | ᠢᠯᠡᠳᠲᠡ ᠣᠯᠠᠰᠢᠷᠠᠪᠠ᠃ ᠤᠯᠤᠰ ᠳᠠᠶᠠᠭᠠᠷ ᠤᠨ ᠬᠠᠮᠲᠤ ᠶᠢᠨ ᠴᠢᠷᠮᠠᠶᠢᠯᠭ᠎ᠠ ᠪᠠᠷ ᠳᠠᠮᠵᠢᠨ᠂ ᠪᠦᠭᠦ ᠵᠢᠯ ᠤᠨ ᠵᠢᠱᠢᠭᠰᠡᠨ ᠬᠥᠭᠵᠢᠯᠲᠡ ᠶᠢᠨ ᠬᠠᠷᠠᠯᠲᠠ ᠶᠢ | ᠪᠡᠶᠡᠯᠡᠭᠦᠯᠦᠭᠰᠡᠨ ᠢᠶᠠᠷ ᠪᠠᠷᠠᠬᠤ ᠦᠭᠡᠢ ᠮᠠᠰᠢ ᠤᠯᠠᠨ ᠲᠠᠯ᠎ᠠ ᠪᠠᠷ ᠪᠠᠰᠠ ᠢᠳᠡᠪᠬᠢᠲᠡᠢ ᠰᠠᠶᠢᠵᠢᠷᠠᠬᠤ ᠬᠤᠪᠢᠷᠠᠯᠲᠠ ᠭᠠᠷᠤᠭᠰᠠᠨ ᠪᠠᠶᠢᠨ᠎ᠠ᠃ ᠢᠯᠠᠩᠭᠤᠶ᠎ᠠ ᠪᠢᠳᠡ ᠰᠢᠨ᠎ᠡ | ᠴᠠᠭ ᠦᠶ᠎ᠡ ᠳᠤ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠲᠤᠬᠠᠢ ᠵᠢᠮ᠎ᠡ ᠶᠣᠰᠣᠴᠢ ᠴᠢᠨᠠᠷᠲᠠᠢ ᠲᠠᠨᠢᠯᠲᠠ ᠪᠠᠨ ᠭᠦᠨᠵᠡᠭᠡᠶᠢᠷᠡᠭᠦᠯᠵᠦ᠂ ᠬᠦᠨᠳᠦ ᠶᠡᠭᠡ ᠬᠦᠴᠢᠷ | ᠪᠡᠷᠬᠡᠰᠢᠶᠡᠯ ᠢ ᠢᠯᠠᠨ ᠳᠠᠪᠠᠭ᠋ᠤ ᠡᠷᠬᠢᠮ ᠨᠠᠨᠳᠢᠨ ᠲᠤᠷᠰᠢᠯᠭ᠎ᠠ ᠶᠢ ᠬᠤᠷᠠᠮᠳᠤᠭᠤᠯᠪᠠ᠃ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ | ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠳᠤᠮᠳᠠᠳᠤ ᠤᠯᠤᠰ ᠤᠨ ᠠᠷᠠᠳ ᠲᠦᠮᠡᠨ ᠶᠠᠮᠠᠷᠪᠠ ᠬᠦᠴᠢᠷ ᠪᠡᠷᠬᠡᠰᠢᠶᠡᠯ ᠬᠠᠷᠰᠢ ᠰᠠᠭᠠᠳ ᠢ ᠢᠯᠠᠨ | ᠳᠠᠪᠠᠭ᠋ᠤ ᠰᠥᠰᠥ ᠵᠣᠷᠢᠭ᠂ ᠤᠶᠤᠨ ᠤᠬᠠᠭᠠᠨ᠂ ᠴᠢᠳᠠᠪᠤᠷᠢ ᠲᠠᠢ ᠶᠤᠮ᠂ ᠳᠤᠮᠳᠠᠳᠤ ᠤᠯᠤᠰ ᠤᠨ ᠬᠥᠭᠵᠢᠯᠲᠡ ᠯᠠᠪᠲᠠᠢ ᠰᠠᠯᠬᠢ ᠬᠥᠯᠭᠡᠯᠡᠨ ᠳᠠᠪᠠᠯᠭᠠᠨ ᠢ ᠵᠦᠰᠦᠵᠦ | ᠂ ᠭᠡᠭᠡᠨ ᠰᠠᠷᠠᠭᠤᠯ ᠢᠷᠡᠭᠡᠳᠦᠢ ᠲᠡᠶᠢᠰᠢ ᠤᠷᠤᠭᠰᠢᠯᠠᠵᠤ ᠴᠢᠳᠠᠬᠤ ᠶᠤᠮ ᠭᠡᠳᠡᠭ ᠢ ᠦᠢᠯᠡᠳᠦᠯᠭᠡ ᠭᠦᠢᠴᠡᠳ ᠬᠠᠷᠠᠭᠤᠯᠵᠠᠢ︕ | ᠨᠢᠭᠡ ᠵᠢᠯ ᠤᠨ ᠲᠤᠷᠰᠢ᠂ ᠪᠢᠳᠡ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠦᠭᠦᠳᠡ | ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ | ᠶᠣᠰᠣᠭᠠᠷ᠂ ᠭᠤᠣᠯᠳᠠᠭᠤ ᠳᠣᠣᠷᠠᠬᠢ ᠠᠵᠢᠯ ᠤᠳ ᠢ ᠬᠢᠪᠡ᠃ | ᠨᠢᠭᠡ ᠳᠤ ᠬᠤᠷᠸ᠎ᠠ ᠲᠣᠬᠢᠷᠠᠭᠤᠯᠤᠯ ᠡᠵᠡᠮᠳᠡᠯ ᠤᠨ ᠡᠷᠴᠢᠮ ᠢ ᠴᠢᠩᠭᠠᠷᠠᠭᠤᠯᠵᠤ᠂ ᠠᠵᠤ ᠠᠬᠤᠢ ᠶᠢᠨ ᠠᠵᠢᠯᠯᠠᠭᠠᠨ ᠤ ᠦᠷᠭᠦᠯᠵᠢᠯᠡᠨ ᠰᠠᠶᠢᠵᠢᠷᠠᠬᠤ ᠶᠢ | ᠠᠬᠢᠭᠤᠯᠪᠠ᠃ ᠬᠦᠨᠳᠦ ᠬᠡᠴᠡᠭᠦᠦ ᠰᠢᠯᠭᠠᠯᠲᠠ ᠪᠣᠯᠣᠨ ᠬᠢᠵᠢᠭ ᠤᠨ ᠳᠠᠷᠠᠭᠠᠬᠢ ᠠᠵᠤ ᠠᠬᠤᠢ ᠶᠢᠨ ᠰᠡᠷᠭᠦᠯᠲᠡ ᠶᠢᠨ ᠣᠨᠴᠠᠯᠢᠭ ᠲᠤ ᠴᠢᠭᠯᠡᠭᠦᠯᠦᠨ᠂ ᠪᠢᠳᠡ ᠨᠡᠮᠡᠭᠳᠡᠯ ᠢ | ᠲᠣᠭᠲᠠᠭᠤᠨ ᠪᠠᠶᠢᠯᠭᠠᠬᠤ ᠪᠠ ᠰᠡᠯᠭᠦᠬᠦ ᠬᠦᠴᠦᠨ ᠢ ᠨᠡᠮᠡᠭᠳᠡᠭᠦᠯᠬᠦ ᠶᠢ ᠨᠢᠭᠡᠳᠦᠯᠲᠡᠢ ᠲᠥᠯᠥᠪᠯᠡᠵᠦ᠂ ᠦᠨᠳᠦᠰᠦ ᠰᠠᠭᠤᠷᠢ ᠶᠢ ᠪᠠᠬᠢᠵᠢᠭᠦᠯᠬᠦ ᠶᠢ ᠳᠣᠪᠤᠶᠢᠯᠭᠠᠵᠤ᠂ | ᠨᠠᠷᠢᠯᠢᠭ ᠣᠨᠣᠴᠠᠲᠠᠢ ᠪᠠᠷ ᠠᠷᠭ᠎ᠠ ᠪᠣᠳᠣᠯᠭ᠎ᠠ ᠬᠡᠷᠡᠭᠵᠢᠭᠦᠯᠬᠦ ᠶᠢ ᠴᠢᠬᠤᠯᠠᠴᠢᠯᠠᠵᠤ᠂ ᠬᠤᠷᠸ᠎ᠠ ᠲᠣᠬᠢᠷᠠᠭᠤᠯᠤᠯ ᠡᠵᠡᠮᠳᠡᠯ ᠤᠨ ᠴᠠᠭ ᠬᠡᠮᠵᠢᠶ᠎ᠡ ᠪᠦᠲᠦᠮᠵᠢ ᠶᠢ ᠡᠵᠡᠮᠳᠡᠵᠦ | ᠂ ᠦᠶᠡᠯᠡᠯ ᠥᠭᠰᠥᠭᠦᠯᠦᠨ ᠲᠣᠬᠢᠷᠠᠭᠤᠯᠤᠯᠲᠠ ᠬᠢᠬᠦ ᠶᠢ ᠴᠢᠩᠭᠠᠳᠬᠠᠵᠤ᠂ ︽ᠨᠡᠯᠦᠶᠢᠯᠭᠡᠨ ᠤᠰᠤᠯᠠᠬᠤ︾ ᠪᠠ ᠣᠬᠤᠷ ᠬᠤᠭᠤᠴᠠᠭᠠᠨ ᠤ ᠴᠢᠩᠭ᠎ᠠ ᠰᠡᠳᠦᠯᠲᠡ ᠥᠭᠬᠦ | ᠦᠭᠡᠢ ᠪᠠᠶᠢᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠡᠭᠡᠷ᠎ᠡ ᠨᠡᠩ ᠢᠯᠡᠭᠦᠦ ᠬᠦᠴᠦᠯᠡᠨ᠂ ᠪᠦᠭᠦ ᠵᠢᠯ ᠤᠨ ᠠᠵᠤ ᠠᠬᠤᠢ ᠶᠢᠨ ᠠᠵᠢᠯᠯᠠᠭᠠᠨ ᠳᠤ ᠡᠮᠦᠨᠡᠬᠢ | ᠬᠤᠭᠤᠴᠠᠭᠠᠨ ᠳᠤ ᠳᠣᠣᠷ᠎ᠠ᠂ ᠳᠤᠮᠳᠠ ᠬᠤᠭᠤᠴᠠᠭᠠᠨ ᠳᠤ ᠥᠨᠳᠥᠷ᠂ ᠰᠡᠭᠦᠯ ᠤᠨ ᠬᠤᠭᠤᠴᠠᠭᠠᠨ ᠳᠤ ᠲᠣᠭᠲᠠᠭᠤᠨ ᠪᠠᠶᠢᠳᠠᠯ ᠢᠯᠡᠷᠡᠪᠡ᠃ ᠳᠣᠲᠣᠭᠠᠳᠤ | ᠬᠡᠷᠡᠭᠴᠡᠭᠡ ᠶᠢ ᠥᠷᠭᠡᠳᠬᠡᠬᠦ᠂ ᠪᠦᠲᠦᠴᠡ ᠶᠢ ᠰᠢᠯᠢᠳᠡᠭᠵᠢᠭᠦᠯᠬᠦ᠂ ᠢᠲᠡᠭᠡᠯ ᠵᠣᠷᠢᠭ ᠢ ᠬᠥᠪᠴᠢᠯᠡᠬᠦ᠂ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠶᠢᠨ | ᠲᠣᠭᠤᠷᠢᠨ ᠳᠤ᠂ ᠬᠡᠰᠡᠭ ᠱᠠᠲᠤ ᠦᠶᠡᠴᠢ ᠴᠢᠨᠠᠷᠲᠠᠢ ᠲᠦᠷᠤ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠦᠭᠰᠡᠨ ᠪᠠ ᠰᠢᠯᠢᠳᠡᠭᠵᠢᠭᠦᠯᠵᠦ᠂ ᠨᠢᠭᠡ ᠪᠦᠯᠦᠭ ᠰᠢᠨ᠎ᠡ | ᠲᠥᠷᠥ ᠶᠢᠨ ᠪᠣᠳᠣᠯᠭ᠎ᠠ ᠶᠢ ᠴᠠᠭ ᠲᠤᠬᠠᠢ ᠳᠤᠨᠢ ᠨᠡᠶᠢᠲᠡᠯᠡᠵᠦ᠂ ᠬᠦᠴᠦᠲᠡᠢ ᠪᠥᠭᠡᠳ ᠪᠦᠲᠦᠮᠵᠢᠲᠡᠶ ᠬᠠᠮ ᠲᠥᠷᠥ ᠶᠢᠨ ᠪᠣᠳᠣᠯᠭ᠎ᠠ ᠶᠢ ᠬᠡᠷᠡᠭᠵᠢᠭᠦᠯᠪᠡ᠃ ᠡᠳ᠋ ᠤᠨ | ᠵᠠᠰᠠᠭ ᠤᠨ ᠲᠥᠷᠥ ᠶᠢᠨ ᠪᠣᠳᠣᠯᠭ᠎ᠠ ᠶᠢᠨ ᠡᠷᠴᠢᠮ ᠢ ᠴᠢᠩᠭᠠᠷᠠᠭᠤᠯᠤᠨ ᠦᠷ᠎ᠡ ᠪᠦᠳᠤᠮᠵᠢ ᠶᠢ ᠲᠡᠭᠡᠭᠰᠢᠯᠡᠭᠦᠯᠵᠤ᠂ ᠭᠤᠣᠯᠳᠠᠯᠭ᠎ᠠ ᠲᠠᠢ ᠬᠦᠷᠢᠶᠡᠨ ᠳᠠᠬᠢ | ᠵᠠᠷᠤᠯᠭ᠎ᠠ ᠶᠢᠨ ᠪᠠᠲᠤᠯᠠᠭ᠎ᠠ ᠶᠢ ᠴᠢᠩᠭᠠᠳᠬᠠᠵᠤ᠂ ᠪᠦᠭᠦ ᠵᠢᠯ ᠳᠤ ᠰᠢᠨ᠎ᠡ ᠪᠠᠷ ᠨᠡᠮᠡᠭᠳᠡᠭᠰᠡᠨ ᠭᠠᠶᠢᠯᠢ ᠰᠦᠢᠳᠬᠡᠯ ᠤᠨ ᠬᠠᠷᠠᠭᠠᠯᠵᠠᠯ 2.2 ᠲᠦᠮᠡᠨ ᠳ᠋ᠦᠩᠰᠢᠭᠤᠷ | ᠲᠥᠭᠦᠷᠢᠭ ᠢ ᠳᠠᠪᠠᠵᠤ᠂ 1 ᠲᠦᠮᠡᠨ ᠳ᠋ᠦᠩᠰᠢᠭᠤᠷ ᠲᠥᠭᠦᠷᠢᠭ ᠤᠨ ᠤᠯᠤᠰ ᠤᠨ ᠵᠢᠭᠡᠯᠡᠯᠭᠡ ᠶᠢ ᠨᠡᠮᠡᠨ ᠲᠠᠷᠬᠠᠭᠠᠵᠤ᠂ ᠭᠠᠮᠰᠢᠭ ᠤᠨ ᠳᠠᠷᠠᠭᠠᠬᠢ ᠰᠡᠷᠭᠦᠭᠡᠵᠦ ᠲᠠᠭᠢᠨ | ᠪᠦᠲᠦᠭᠡᠨ ᠪᠠᠶᠢᠭᠤᠯᠬᠤ ᠪᠠ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠴᠢᠳᠠᠪᠤᠷᠢ ᠶᠢ ᠲᠡᠭᠡᠭᠰᠢᠯᠡᠭᠦᠯᠭᠦ ᠶᠢ ᠳᠡᠮᠵᠢᠪᠡ᠃ | ᠵᠣᠭᠤᠰᠤᠨ ᠤ ᠲᠥᠷᠥ ᠶᠢᠨ ᠪᠣᠳᠣᠯᠭ᠎ᠠ ᠶᠢ ᠨᠠᠷᠢᠯᠢᠭ ᠣᠨᠣᠴᠠᠲᠠᠢ ᠪᠥᠭᠡᠳ ᠬᠦᠴᠦᠲᠡᠢ ᠪᠠᠶᠢᠯᠭᠠᠵᠤ᠂ ᠬᠠᠳᠠᠭᠠᠯᠠᠮᠵᠢ ᠶᠢᠨ ᠪᠡᠯᠡᠳᠬᠡᠯ ᠮᠥᠩᠭᠦᠨ ᠤ ᠨᠤᠷᠮ᠎ᠠ ᠶᠢ ᠬᠤᠶᠠᠷ | ᠤᠳᠠᠭ᠎ᠠ ᠪᠠᠭᠤᠷᠠᠭᠤᠯᠵᠤ᠂ ᠲᠦᠷᠦ ᠶᠢᠨ ᠪᠣᠳᠣᠯᠭ᠎ᠠ ᠶᠢᠨ ᠴᠢᠨᠠᠷᠲᠠᠢ ᠬᠦᠦ ᠮᠥᠩᠭᠦ ᠶᠢᠨ ᠨᠤᠷᠮ᠎ᠠ ᠶᠢ ᠬᠤᠶᠠᠷ ᠤᠳᠠᠭ᠎ᠠ ᠪᠠᠭᠤᠷᠠᠭᠤᠯᠵᠤ᠂ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠡᠭᠦᠳᠦᠯᠲᠡ᠂ ᠲᠡᠷᠢᠭᠦᠨ ᠤ ᠦᠢᠯᠡᠳᠬᠦ ᠦᠢᠯᠡᠰ᠂ ᠲᠦᠭᠡᠮᠡᠯ ᠬᠠᠷᠠᠭᠠᠯᠵᠠᠯᠲᠤ ᠵᠢᠵᠢᠭ ᠪᠢᠴᠢᠯ ᠠᠵᠤ ᠠᠬᠤᠶᠢᠯᠠᠯ᠂ ᠨᠣᠭᠤᠭᠠᠨ ᠬᠥᠭᠵᠢᠯᠲᠡ | ᠵᠡᠷᠭᠡ ᠶᠢᠨ ᠵᠢᠭᠡᠯᠡᠯᠭᠡ ᠶᠢ ᠶᠡᠭᠡ ᠪᠠᠷ ᠨᠡᠮᠡᠭᠳᠡᠭᠦᠯᠪᠡ᠃ ᠮᠠᠰᠢᠨ ᠲᠡᠷᠭᠡ᠂ ᠭᠡᠷ ᠦᠷᠤᠭᠡ᠂ ᠡᠯᠧᠺᠲᠷᠣᠨ ᠦᠢᠯᠡᠳᠬᠦᠨ᠂ ᠵᠢᠭᠤᠯᠴᠢᠯᠠᠯ ᠵᠡᠷᠭᠡ ᠶᠢᠨ ᠬᠡᠷᠡᠭᠯᠡᠭᠡ ᠶᠢ | ᠳᠡᠮᠵᠢᠬᠦ ᠲᠥᠷᠥ ᠶᠢᠨ ᠪᠣᠳᠣᠯᠭ᠎ᠠ ᠶᠢ ᠨᠡᠶᠢᠲᠡᠯᠡᠵᠦ᠂ ᠪᠥᠭᠡᠮ ᠬᠡᠷᠡᠭᠯᠡᠭᠡ ᠯᠠᠪᠳᠠᠭᠤᠨ ᠢᠶᠠᠷ ᠰᠡᠷᠭᠦᠨ ᠳᠡᠭᠡᠭᠰᠢᠯᠡᠵᠦ᠂ ᠠᠮᠢᠳᠤᠷᠠᠯ ᠤᠨ ᠦᠢᠯᠡᠴᠢᠯᠡᠭᠡᠨ ᠤ ᠬᠡᠷᠡᠭᠯᠡᠭᠡ ᠶᠢᠨ | ᠰᠡᠷᠭᠦᠯᠲᠡ ᠲᠦᠷᠭᠡᠰᠪᠡ᠃ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠬᠥᠰᠢᠨ ᠬᠥᠳᠡᠯᠭᠡᠬᠦ ᠦᠢᠯᠡᠳᠦᠯ ᠢ ᠪᠠᠳᠠᠷᠠᠭᠤᠯᠵᠤ᠂ ᠠᠷᠠᠳ ᠤᠨ ᠪᠡᠯᠡ | ᠣᠷᠣᠭᠤᠯᠤᠯᠲᠠ ᠶᠢ ᠠᠬᠢᠭᠤᠯᠬᠤ ᠲᠦᠷᠦ ᠶᠢᠨ ᠪᠣᠳᠣᠯᠭ᠎ᠠ ᠶᠢ ᠲᠣᠭᠲᠠᠭᠠᠵᠤ᠂ ᠡᠨᠧᠷᠭᠢ ᠶᠢᠨ ᠰᠤᠷᠪᠤᠯᠵᠢ᠂ ᠤᠰᠤᠨ ᠠᠰᠢᠭᠯᠠᠯᠲᠠ ᠵᠡᠷᠭᠡ ᠰᠠᠭᠤᠷᠢ ᠲᠥᠬᠦᠭᠡᠷᠦᠮᠵᠢ | ᠪᠣᠯᠣᠨ ᠦᠢᠯᠡᠳᠬᠦ ᠦᠢᠯᠡᠰ ᠤᠨ ᠪᠡᠯᠡ ᠣᠷᠣᠭᠤᠯᠤᠯᠲᠠ ᠨᠡᠯᠢᠶᠡᠳ ᠲᠦᠷᠭᠡᠨ ᠨᠡᠮᠡᠭᠳᠡᠪᠡ᠃ ᠬᠤᠲᠠ ᠶᠢᠨ ᠪᠠᠶᠢᠳᠠᠯ ᠳᠤᠨᠢ ᠲᠣᠬᠢᠷᠠᠭᠤᠯᠵᠤ ᠠᠷᠭ᠎ᠠ ᠪᠣᠳᠣᠯᠭ᠎ᠠ | ᠬᠡᠷᠡᠭᠵᠢᠭᠦᠯᠦᠨ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠲᠣᠬᠢᠷᠠᠭᠤᠯᠤᠯ ᠡᠵᠡᠮᠳᠡᠯ ᠢ ᠰᠢᠯᠢᠳᠡᠭᠵᠢᠭᠦᠯᠵᠦ᠂ ᠣᠷᠣᠨ ᠰᠠᠭᠤᠴᠠ ᠶᠢᠨ ᠵᠢᠭᠡᠯᠡᠯᠭᠡ ᠶᠢᠨ | ᠥᠪᠡᠷ ᠤᠨ ᠥᠷᠲᠡᠭ ᠢ ᠪᠠᠭᠤᠷᠠᠭᠤᠯᠬᠤ ᠶᠢ ᠠᠬᠢᠭᠤᠯᠤᠨ᠂ ᠠᠰᠠᠷ ᠢ ᠪᠠᠲᠤᠲᠠᠢ ᠲᠤᠰᠢᠶᠠᠬᠤ ᠠᠵᠢᠯ ᠢ ᠢᠳᠡᠪᠬᠢᠲᠡᠢ ᠪᠠᠷ ᠠᠬᠢᠭᠤᠯᠪᠠ᠃ ᠣᠷᠣᠨ ᠨᠤᠲᠤᠭ ᠤᠨ ᠥᠷᠢ | ᠥᠭᠴᠡᠭᠡ ᠶᠢ ᠠᠷᠢᠯᠭᠠᠬᠤ ᠪᠦᠭᠦᠨ ᠢ ᠬᠠᠮᠤᠷᠤᠭᠰᠠᠨ ᠲᠥᠰᠥᠯ ᠢ ᠲᠣᠭᠲᠠᠭᠠᠨ ᠬᠡᠷᠡᠭᠵᠢᠭᠦᠯᠵᠦ᠂ ᠮᠥᠩᠭᠦᠨ ᠭᠦᠢᠯᠭᠡᠭᠡᠨ ᠤ ᠲᠦᠭᠰᠢᠭᠦᠷᠢ ᠶᠢ ᠲᠦᠷᠦᠯ ᠬᠤᠪᠢᠶᠠᠨ | ᠰᠢᠢᠳᠪᠦᠷᠢᠯᠡᠵᠦ᠂ ᠰᠢᠰᠲ᠋ᠧᠮ ᠤᠨ ᠴᠢᠨᠠᠷᠲᠠᠢ ᠲᠦᠭᠰᠢᠭᠦᠷᠢ ᠦᠯᠦ ᠭᠠᠷᠭᠠᠬᠤ ᠬᠢᠵᠠᠭᠠᠷ ᠱᠤᠭᠤᠮ ᠢ ᠰᠠᠬᠢᠵᠤ ᠴᠢᠳᠠᠪᠠ᠃ | ᠬᠤᠶᠠᠷ ᠲᠤ ᠰᠢᠨ᠎ᠡ ᠶᠢ ᠡᠭᠦᠳᠬᠦ ᠳᠤ ᠲᠦᠰᠢᠭᠯᠡᠨ ᠠᠵᠤ ᠦᠢᠯᠡᠰ ᠤᠨ ᠲᠡᠰ ᠳᠡᠪᠰᠢᠬᠦ ᠶᠢ ᠬᠥᠲᠥᠯᠥᠨ ᠳᠠᠭᠠᠭᠤᠯᠵᠤ᠂ ᠬᠤᠳᠠ ᠬᠥᠳᠡᠭᠡ ᠣᠷᠣᠨ | ᠪᠦᠰᠡ ᠶᠢᠨ ᠬᠥᠭᠵᠢᠯᠲᠡ ᠶᠢᠨ ᠰᠢᠨ᠎ᠡ ᠬᠥᠳᠡᠯᠭᠡᠭᠴᠢ ᠡᠨᠧᠷᠭᠢ ᠶᠢ ᠴᠢᠩᠭᠠᠷᠠᠭᠤᠯᠪᠠ᠃ ᠤᠯᠤᠰ ᠤᠨ ᠪᠠᠶᠢᠯᠳᠤᠬᠤ ᠪᠣᠳᠣᠯᠭ᠎ᠠ ᠶᠢᠨ ᠰᠢᠨᠵᠢᠯᠡᠬᠦ ᠤᠬᠠᠭᠠᠨ | ᠮᠡᠷᠭᠡᠵᠢᠯ ᠤᠨ ᠬᠦᠴᠦᠨ ᠢ ᠴᠢᠩᠭᠠᠳᠬᠠᠵᠤ᠂ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠲᠥᠰᠥᠯ ᠢ ᠲᠦᠷᠭᠡᠯᠡᠨ ᠬᠡᠷᠡᠭᠵᠢᠭᠦᠯᠪᠡ᠃ ᠰᠢᠨ᠎ᠡ ᠭᠡᠯᠪᠡᠷᠢ ᠶᠢᠨ | ᠠᠵᠤ ᠦᠢᠯᠡᠳᠪᠦᠷᠢᠵᠢᠯᠲᠡ ᠶᠢ ᠪᠦᠭᠦ ᠲᠠᠯ᠎ᠠ ᠪᠠᠷ ᠪᠠᠶᠢᠷᠢᠯᠠᠭᠤᠯᠤᠨ ᠠᠬᠢᠭᠤᠯᠪᠠ᠃ ᠠᠵᠤ ᠦᠢᠯᠡᠳᠪᠦᠷᠢ ᠶᠢᠨ ᠠᠵᠤ ᠠᠬᠤᠢ ᠶᠢᠨ ᠠᠵᠢᠯᠯᠠᠭᠠᠨ ᠢ | ᠲᠣᠭᠲᠠᠪᠤᠷᠢᠵᠢᠭᠤᠯᠬᠤ᠂ ᠲᠡᠷᠢᠭᠦᠨ ᠤ ᠦᠢᠯᠡᠳᠬᠦ ᠦᠢᠯᠡᠰ ᠢ ᠳᠡᠮᠵᠢᠬᠦ ᠠᠷᠭ᠎ᠠ ᠬᠡᠮᠵᠢᠶ᠎ᠡ ᠶᠢ ᠨᠡᠶᠢᠲᠡᠯᠡᠵᠦ᠂ ᠭᠤᠣᠯᠳᠠᠯᠭ᠎ᠠ ᠲᠠᠢ ᠠᠵᠢᠯ ᠲᠥᠷᠥᠯ ᠤᠨ ᠠᠵᠤ | ᠠᠬᠤᠶᠢᠯᠠᠯ ᠤᠨ ᠰᠤᠳᠤᠯᠤᠨ ᠨᠡᠭᠡᠭᠡᠬᠦ ᠵᠠᠷᠤᠳᠠᠯ ᠤᠨ ᠨᠡᠮᠡᠨ ᠪᠤᠳᠣᠵᠤ ᠰᠠᠭᠤᠯᠭᠠᠨ ᠬᠠᠰᠤᠬᠤ ᠬᠠᠷᠢᠴᠠᠯ ᠢ ᠳᠡᠭᠡᠭᠰᠢᠯᠡᠭᠦᠯᠵᠦ᠂ ᠭᠤᠣᠯᠳᠠᠯᠭ᠎ᠠ ᠲᠠᠢ ᠠᠵᠤ ᠦᠢᠯᠡᠰ ᠤᠨ | ᠬᠡᠯᠬᠢᠶ᠎ᠡ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠂ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠠᠰᠢᠭ ᠬᠤᠨᠵᠢᠪᠤᠷᠢ ᠪᠠᠭᠤᠷᠠᠵᠤ | ᠪᠠᠶᠢᠭᠰᠠᠨ ᠠᠴᠠ ᠪᠠᠨ ᠨᠡᠮᠡᠭᠳᠡᠬᠦ ᠪᠣᠯᠪᠠ᠃ ᠳ᠋ᠢᠵᠢᠲ᠋ᠠᠯ ᠠᠵᠤ ᠠᠬᠤᠢ ᠲᠦᠷᠭᠡᠯᠡᠨ ᠬᠥᠭᠵᠢᠵᠦ᠂ 5G ᠬᠡᠷᠡᠭᠯᠡᠭᠴᠢ ᠶᠢᠨ ᠲᠦᠭᠡᠮᠡᠯᠵᠢᠭᠰᠡᠨ ᠨᠣᠷᠮ᠎ᠠ 50% ᠶᠢ | ᠳᠠᠪᠠᠪᠠ᠃ ᠰᠢᠨ᠎ᠡ ᠭᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠬᠤᠲᠠ ᠳᠤ ᠡᠷᠦᠭᠡ ᠠᠮᠠ ᠣᠷᠤᠭᠤᠯᠬᠤ | ᠨᠥᠬᠦᠴᠡᠯ ᠢ ᠤᠯᠠᠮ ᠨᠢᠭᠡ ᠠᠯᠬᠤᠮ ᠠᠭᠤᠵᠢᠭᠤ ᠴᠢᠯᠦᠭᠡᠲᠡᠢ ᠪᠤᠯᠭᠠᠵᠤ᠂ ᠰᠢᠶᠠᠨ ᠤ ᠬᠤᠲᠠ ᠶᠢᠨ ᠶᠡᠷᠦᠩᠬᠡᠶᠢᠯᠡᠭᠰᠡᠨ ᠳᠠᠭᠠᠭᠠᠬᠤ ᠴᠢᠳᠠᠪᠤᠷᠢ ᠶᠢ ᠴᠢᠩᠭᠠᠷᠠᠭᠤᠯᠤᠨ᠂ | ᠪᠠᠶᠢᠩᠭᠤ ᠰᠠᠭᠤᠭ᠎ᠠ ᠬᠥᠮᠥᠨ ᠠᠮᠠ ᠶᠢᠨ ᠬᠤᠲᠠ ᠪᠠᠯᠭᠠᠰᠤᠵᠢᠯᠲᠠ ᠶᠢᠨ ᠨᠣᠷᠮ᠎ᠠ ᠶᠢ 66.2% ᠪᠤᠯᠲᠠᠯ᠎ᠠ ᠳᠡᠭᠡᠭᠰᠢᠯᠡᠭᠦᠯᠪᠡ᠃ ᠲᠠᠷᠢᠶᠠᠯᠠᠩ ᠤᠨ ᠬᠥᠭᠵᠢᠯᠲᠡ ᠶᠢ | ᠳᠡᠮᠵᠢᠬᠦ ᠲᠥᠷᠥ ᠶᠢᠨ ᠪᠣᠳᠣᠯᠭ᠎ᠠ ᠶᠢ ᠴᠢᠩᠭᠠᠳᠬᠠᠵᠤ᠂ ᠭᠠᠮᠰᠢᠭ ᠲᠠᠢ ᠲᠡᠮᠡᠴᠡᠵᠦ ᠡᠯᠪᠡᠭ ᠬᠤᠷᠢᠶᠠᠯᠲᠠ ᠶᠢ ᠲᠡᠮᠡᠴᠡᠨ ᠣᠯᠬᠤ ᠠᠵᠢᠯ ᠢ ᠬᠦᠴᠦᠲᠡᠢ ᠥᠷᠨᠢᠭᠦᠯᠵᠦ᠂ | ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠶᠢ ᠮᠢᠩᠭᠠᠨ ᠳ᠋ᠦᠩᠰᠢᠭᠤᠷ ᠵᠢᠩ ᠨᠡᠮᠡᠭᠳᠡᠭᠦᠯᠬᠦ ᠰᠢᠨ᠎ᠡ ᠨᠢᠭᠡᠨ ᠡᠭᠡᠯᠵᠢ ᠶᠢᠨ ᠠᠵᠢᠯᠯᠠᠭ᠎ᠠ ᠶᠢ ᠬᠡᠷᠡᠭᠵᠢᠭᠦᠯᠵᠦ᠂ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠪᠠ᠃ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢᠨ | ᠪᠠᠶᠢᠭᠤᠯᠤᠯ ᠲᠣᠭᠲᠠᠴᠠ ᠶᠢ ᠲᠡᠭᠦᠯᠳᠡᠷᠵᠢᠭᠦᠯᠵᠦ᠂ ᠣᠷᠣᠨ ᠪᠦᠰᠡ ᠶᠢᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠬᠤ ᠲᠠᠯ᠎ᠠ ᠪᠠᠷ ᠨᠢᠭᠡ | ᠪᠦᠯᠦᠭ ᠰᠢᠨ᠎ᠡ ᠠᠷᠭ᠎ᠠ ᠬᠡᠮᠵᠢᠶ᠎ᠡ ᠶᠢ ᠭᠠᠷᠭᠠᠵᠤ᠂ ᠨᠢᠭᠡ ᠪᠦᠯᠦᠭ ᠴᠢᠬᠤᠯᠠ ᠶᠡᠭᠡ ᠲᠥᠰᠥᠯ ᠢ ᠬᠡᠷᠡᠭᠵᠢᠭᠦᠯᠵᠦ᠂ ᠣᠷᠣᠨ ᠪᠦᠰᠡ ᠶᠢᠨ ᠬᠥᠭᠵᠢᠯᠲᠡ ᠶᠢᠨ ᠵᠣᠬᠢᠴᠠᠯᠳᠤ | ᠴᠢᠨᠠᠷ ᠪᠠ ᠲᠡᠩᠴᠡᠭᠦᠷᠢᠲᠦ ᠴᠢᠨᠠᠷ ᠢ ᠲᠠᠰᠤᠷᠠᠯᠲᠠ ᠦᠭᠡᠢ ᠴᠢᠩᠭᠠᠷᠠᠭᠤᠯᠪᠠ᠃ | ᠭᠤᠷᠪᠠ ᠳᠤ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠨᠡᠭᠡᠭᠡᠯᠲᠡ ᠶᠢ ᠥᠷᠭᠡᠳᠬᠡᠵᠦ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ | ᠰᠠᠶᠢᠵᠢᠷᠠᠭᠤᠯᠪᠠ᠃ ᠪᠦᠭᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠢ ᠪᠦᠲᠦᠭᠡᠨ ᠪᠠᠶᠢᠭᠤᠯᠬᠤ ᠶᠡᠷᠦᠩᠬᠡᠢ ᠠᠵᠢᠯ ᠤᠨ ᠲᠥᠰᠥᠯ ᠢ ᠨᠡᠶᠢᠲᠡᠯᠡᠵᠦ᠂ | ᠭᠤᠤᠯᠴᠢ ᠥᠷᠢᠰᠦᠯᠳᠦᠭᠡᠨ ᠢ ᠬᠠᠷᠰᠢᠯᠠᠬᠤ ᠨᠢᠭᠡ ᠪᠦᠯᠦᠭ ᠲᠦᠷᠦ ᠶᠢᠨ ᠪᠣᠳᠣᠯᠭ᠎ᠠ ᠶᠢᠨ ᠲᠣᠭᠲᠠᠭᠠᠯ ᠢ ᠢᠯᠭᠠᠷᠠᠭᠤᠯᠤᠨ ᠴᠡᠪᠡᠷᠯᠡᠪᠡ᠃ ᠤᠯᠤᠰ ᠤᠨ ᠥᠮᠴᠢᠯᠡᠯ ᠤᠨ | ᠠᠵᠤ ᠠᠬᠤᠶᠢᠯᠠᠯ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ᠂ ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ ᠬᠥᠭᠵᠢᠯᠲᠡ ᠶᠢ ᠳᠡᠮᠵᠢᠬᠦ ᠲᠥᠷᠥ ᠶᠢᠨ | ᠪᠣᠳᠣᠯᠭ᠎ᠠ ᠶᠢ ᠲᠤᠰ ᠲᠤᠰ ᠭᠠᠷᠭᠠᠵᠤ᠂ ᠵᠠᠰᠠᠭ ᠤᠨ ᠣᠷᠳᠣᠨ ᠪᠠ ᠠᠵᠤ ᠠᠬᠤᠶᠢᠯᠠᠯ ᠤᠨ ᠪᠠᠶᠢᠩᠭᠤ ᠶᠢᠨ ᠴᠢᠨᠠᠷᠲᠠᠢ ᠪᠠᠷ ᠨᠡᠪᠲᠡᠷᠡᠯᠴᠡᠨ ᠰᠣᠯᠢᠯᠴᠠᠬᠤ ᠲᠣᠭᠲᠠᠴᠠ ᠶᠢ | ᠪᠠᠶᠢᠭᠤᠯᠵᠤ᠂ ᠠᠵᠤ ᠠᠬᠤᠶᠢᠯᠠᠯ ᠤᠨ ᠠᠪᠴᠠᠭᠠᠨ ᠤ ᠵᠣᠭᠤᠰ ᠢ ᠥᠷᠢᠲᠦᠬᠦ ᠶᠢ ᠢᠯᠭᠠᠷᠠᠭᠤᠯᠤᠨ ᠴᠡᠪᠡᠷᠯᠡᠬᠦ ᠲᠤᠰᠬᠠᠢ ᠠᠵᠢᠯᠯᠠᠭ᠎ᠠ ᠶᠢ ᠥᠷᠨᠢᠭᠦᠯᠵᠦ᠂ | ᠲᠣᠭᠲᠠᠭᠠᠯ ᠠᠴᠠ ᠵᠥᠷᠢᠴᠡᠭᠰᠡᠨ ᠰᠦᠢᠳᠬᠡᠯ ᠬᠤᠷᠢᠶᠠᠯᠲᠠ ᠶᠢ ᠴᠡᠭᠴᠡᠯᠡᠨ ᠵᠠᠰᠠᠬᠤ ᠠᠵᠢᠯ ᠢ ᠴᠢᠩᠭᠠᠳᠬᠠᠪᠠ᠃ ᠡᠳ᠋ ᠤᠨ ᠵᠠᠰᠠᠭ ᠭᠠᠶᠢᠯᠢ ᠮᠥᠩᠭᠦᠨ ᠭᠦᠢᠯᠭᠡᠭᠡ᠂ | ᠲᠠᠷᠢᠶᠠᠯᠠᠩ ᠬᠥᠳᠡᠭᠡ ᠲᠣᠰᠬᠤᠨ᠂ ᠠᠮᠢ ᠠᠬᠤᠢ ᠶᠢᠨ ᠣᠷᠴᠢᠨ ᠨᠥᠬᠦᠴᠡᠯ ᠤᠨ ᠬᠠᠮᠠᠭᠠᠯᠠᠯᠲᠠ ᠵᠡᠷᠭᠡ ᠬᠦᠷᠢᠶᠡᠨ ᠳᠠᠬᠢ ᠥᠭᠡᠷᠡᠴᠢᠯᠡᠯᠲᠡ ᠶᠢ ᠭᠦᠨᠵᠡᠭᠡᠶᠢᠷᠡᠭᠦᠯᠪᠡ᠃ | ᠭᠠᠳᠠᠭᠠᠳᠤ ᠠᠷᠠᠯᠵᠢᠶᠠᠨ ᠤ ᠬᠡᠪᠴᠢᠶ᠎ᠡ ᠶᠢ ᠲᠣᠭᠲᠠᠪᠤᠷᠢᠵᠢᠭᠤᠯᠬᠤ ᠪᠠ ᠪᠦᠲᠦᠴᠡ ᠶᠢ ᠰᠢᠯᠢᠳᠡᠭᠵᠢᠭᠦᠯᠬᠦ ᠶᠢ ᠠᠬᠢᠭᠤᠯᠵᠤ᠂ ᠴᠠᠭᠢᠯᠭᠠᠨ ᠮᠠᠰᠢᠨ ᠲᠡᠷᠭᠡ᠂ ᠯᠢᠲ᠋ᠢ ᠳ᠋ᠢᠶᠠᠨ | ᡂᠢ᠂ ᠭᠡᠷᠡᠯ ᠴᠠᠭᠢᠯᠭᠠᠨ ᠤ ᠦᠢᠯᠡᠳᠬᠦᠨ ︽ᠰᠢᠨ᠎ᠡ ᠭᠤᠷᠪᠠᠨ ᠵᠦᠢᠯ︾ ᠤᠨ ᠭᠠᠳᠠᠭᠠᠳᠤ ᠭᠠᠷᠭᠠᠯᠲᠠ 30% ᠰᠢᠬᠠᠮ ᠢᠶᠠᠷ ᠨᠡᠮᠡᠭᠳᠡᠪᠡ᠃ ᠭᠠᠳᠠᠭᠠᠳᠤ ᠪᠡᠯᠡ ᠶᠢ | ᠲᠠᠲᠠᠬᠤ ᠲᠦᠷᠦ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠳᠦᠷᠢᠮ ᠤᠨ ᠭᠡᠯᠪᠡᠷᠢ ᠶᠢᠨ ᠨᠡᠭᠡᠭᠡᠯᠲᠡ ᠶᠢ ᠥᠷᠭᠡᠳᠬᠡᠪᠡ᠃ ︽ᠨᠢᠭᠡ ᠪᠦᠰᠡ ᠨᠢᠭᠡ ᠵᠠᠮ︾ ᠢ | ᠬᠠᠮᠲᠤ ᠪᠠᠷ ᠪᠠᠶᠢᠭᠤᠯᠬᠤ ᠶᠢᠨ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠵᠤ᠂ ᠬᠠᠮᠲᠤ ᠪᠠᠷ ᠪᠠᠶᠢᠭᠤᠯᠬᠤ ᠤᠯᠤᠰ ᠯᠤᠭ᠎ᠠ ᠶᠢᠨ ᠠᠷᠠᠯᠵᠢᠶ᠎ᠠ | ᠪᠡᠯᠡ ᠣᠷᠣᠭᠤᠯᠤᠯᠲᠠ ᠨᠡᠯᠢᠶᠡᠳ ᠲᠦᠷᠭᠡᠨ ᠢᠶᠠᠷ ᠨᠡᠮᠡᠭᠳᠡᠪᠡ᠃ | ᠳᠥᠷᠪᠡ ᠳᠤ ᠠᠮᠢ ᠠᠬᠤᠢ ᠶᠢᠨ ᠣᠷᠴᠢᠨ ᠨᠥᠬᠦᠴᠡᠯ ᠤᠨ ᠬᠠᠮᠠᠭᠠᠯᠠᠯᠲᠠ ᠵᠠᠰᠠᠯᠲᠠ ᠶᠢ ᠴᠢᠩᠭᠠᠳᠬᠠᠵᠤ᠂ ᠬᠥᠭᠵᠢᠯᠲᠡ ᠶᠢᠨ ᠠᠷᠭ᠎ᠠ ᠮᠠᠶ᠋ᠢᠭ ᠤᠨ ᠨᠣᠭᠤᠭᠠᠨ | ᠬᠤᠪᠢᠷᠠᠭᠤᠯᠤᠯᠲᠠ ᠶᠢ ᠲᠦᠷᠭᠡᠳᠬᠡᠪᠡ᠃ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢ ᠭᠦᠨᠵᠡᠭᠡᠢ ᠠᠬᠢᠭᠤᠯᠪᠠ᠃ ᠴᠡᠯᠮᠡᠭ | ᠲᠡᠭᠷᠢ᠂ ᠲᠤᠩᠭᠠᠯᠠᠭ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠲᠠᠶᠢᠨ ᠢ ᠦᠷᠭᠦᠯᠵᠢᠯᠡᠨ ᠰᠠᠶᠢᠲᠤᠷ ᠬᠢᠪᠡ᠃ ᠴᠢᠬᠤᠯᠠ ᠠᠮᠢ ᠠᠬᠤᠢ ᠶᠢᠨ ᠰᠢᠰᠲ᠋ᠧᠮ ᠢ | ᠬᠠᠮᠠᠭᠠᠯᠠᠬᠤ ᠪᠠ ᠵᠠᠰᠠᠨ ᠰᠡᠷᠭᠦᠭᠡᠬᠦ ᠴᠢᠬᠤᠯᠠ ᠶᠡᠭᠡ ᠢᠨᠵᠧᠨᠧᠷᠢᠩ ᠢ ᠲᠦᠷᠭᠡᠯᠡᠨ ᠬᠡᠷᠡᠭᠵᠢᠭᠦᠯᠪᠡ᠃ ᠬᠥᠷᠥᠰᠥ ᠰᠢᠷᠣᠢ ᠶᠢᠨ ᠢᠳᠡᠭᠳᠡᠯ᠂ ᠴᠥᠯᠵᠢᠯᠲᠡ ᠶᠢ | ᠶᠡᠷᠦᠩᠬᠡᠶᠢᠯᠡᠨ ᠰᠡᠷᠭᠡᠶᠢᠯᠡᠨ ᠵᠠᠰᠠᠬᠤ ᠠᠵᠢᠯ ᠢ ᠰᠠᠶᠢᠲᠤᠷ ᠠᠳᠬᠤᠪᠠ᠃ ᠠᠮᠢ ᠠᠬᠤᠢ ᠶᠢᠨ ᠣᠷᠴᠢᠨ ᠨᠥᠬᠦᠴᠡᠯ ᠤᠨ ᠬᠠᠮᠠᠭᠠᠯᠠᠯᠲᠠ ᠶᠢᠨ ᠰᠢᠪᠠᠳᠠᠨ ᠪᠠᠶᠢᠴᠠᠭᠠᠯᠲᠠ ᠶᠢ | ᠴᠢᠩᠭᠠᠳᠬᠠᠪᠠ᠃ ᠨᠣᠭᠤᠭᠠᠨ ᠪᠥᠭᠡᠳ ᠨᠡᠭᠦᠷᠡᠰᠦᠲᠥ᠋ᠷᠥᠭᠴᠢ ᠪᠠᠭᠠᠲᠠᠢ ᠠᠵᠤ ᠦᠢᠯᠡᠰ ᠤᠨ ᠬᠥᠭᠵᠢᠯᠲᠡ ᠶᠢ ᠳᠡᠮᠵᠢᠬᠦ ᠲᠦᠷᠦ ᠶᠢᠨ ᠪᠣᠳᠣᠯᠭ᠎ᠠ ᠶᠢ ᠲᠣᠭᠲᠠᠭᠠᠪᠠ᠃ | ᠭᠤᠣᠯᠳᠠᠯᠭ᠎ᠠ ᠲᠠᠢ ᠠᠵᠢᠯ ᠲᠥᠷᠥᠯ ᠤᠨ ᠭᠡᠲᠦ ᠳᠣᠣᠷ᠎ᠠ ᠭᠠᠳᠠᠭᠰᠢᠯᠠᠭᠤᠯᠬᠤ ᠥᠭᠡᠷᠡᠴᠢᠯᠡᠯᠲᠡ ᠶᠢ ᠠᠬᠢᠭᠤᠯᠪᠠ᠃ ᠨᠡᠭᠦᠷᠡᠰᠦᠳᠦ᠋ᠷᠦᠭᠴᠢ ᠶᠢᠨ | ᠭᠠᠳᠠᠭᠰᠢᠯᠠᠭᠤᠯᠤᠯᠲᠠ ᠶᠢ ᠤᠷᠭᠢᠯ ᠬᠡᠮᠵᠢᠭᠳᠡᠯ ᠳᠤᠨᠢ ᠬᠦᠷᠭᠡᠬᠦ ᠲᠤᠷᠰᠢᠯᠲᠠ ᠶᠢᠨ ᠲᠦᠷᠦᠭᠦᠥ ᠪᠦᠯᠦᠭ ᠬᠤᠳᠠ ᠪᠠ ᠬᠦᠷᠢᠶᠡᠯᠡᠩ ᠲᠣᠭᠤᠷᠢᠭ ᠤᠨ ᠪᠦᠲᠦᠭᠡᠨ | ᠪᠠᠶᠢᠭᠤᠯᠤᠯᠲᠠ ᠶᠢ ᠡᠬᠢᠯᠡᠭᠦᠯᠪᠡ᠃ ᠪᠦᠭᠦ ᠪᠥᠮᠪᠥᠷᠴᠡᠭ ᠤᠨ ᠠᠭᠤᠷ ᠠᠮᠢᠰᠬᠤᠯ ᠤᠨ ᠵᠠᠰᠠᠯᠲᠠ ᠳᠤ ᠢᠳᠡᠪᠬᠢᠲᠡᠢ ᠣᠷᠣᠯᠴᠠᠬᠰᠠᠨ ᠪᠠ ᠲᠡᠭᠦᠨ ᠢ ᠠᠬᠢᠭᠤᠯᠪᠠ᠃ | ᠲᠠᠪᠤ ᠳᠤ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠬᠦᠴᠦᠯᠡᠨ ᠰᠠᠶᠢᠲᠤᠷ ᠠᠳᠬᠤᠵᠤ᠂ ᠨᠡᠶᠢᠭᠡᠮ ᠤᠨ ᠦᠢᠯᠡᠰ ᠤᠨ ᠬᠥᠭᠵᠢᠯᠲᠡ ᠶᠢ ᠠᠬᠢᠭᠤᠯᠪᠠ᠃ | ᠣᠯᠠᠨ ᠲᠦᠮᠡᠨ ᠤ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ | ᠬᠢᠪᠡ᠃ ᠠᠵᠢᠯ ᠣᠯᠭᠤᠯᠲᠠ ᠶᠢ ᠲᠣᠭᠲᠠᠭᠤᠨ ᠪᠠᠶᠢᠯᠭᠠᠬᠤ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠠᠵᠤ ᠠᠬᠤᠶᠢᠯᠠᠯ ᠤᠨ ᠠᠵᠢᠯ ᠤᠨ ᠪᠠᠶᠢᠷᠢ ᠶᠢ | ᠲᠣᠭᠲᠠᠪᠤᠷᠢᠵᠢᠭᠤᠯᠤᠨ ᠠᠵᠢᠯ ᠤᠨ ᠪᠠᠶᠢᠷᠢ ᠶᠢ ᠥᠷᠭᠡᠳᠬᠡᠬᠦ ᠶᠢ ᠳᠡᠮᠵᠢᠬᠦ ᠲᠥᠷᠥ ᠶᠢᠨ ᠪᠣᠳᠣᠯᠭ᠎ᠠ ᠶᠢ ᠨᠡᠶᠢᠲᠡᠯᠡᠵᠦ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ | ᠵᠡᠷᠭᠡ ᠭᠤᠣᠯᠳᠠᠯᠭ᠎ᠠ ᠲᠠᠢ ᠬᠠᠮᠲᠤᠯᠢᠭ ᠲᠤ ᠠᠵᠢᠯ ᠣᠯᠭᠤᠬᠤ ᠶᠢ ᠠᠬᠢᠭᠤᠯᠬᠤ ᠦᠢᠯᠡᠴᠢᠯᠡᠭᠡ ᠶᠢ ᠴᠢᠩᠭᠠᠳᠬᠠᠵᠤ᠂ ᠶᠠᠳᠠᠭᠤ ᠠᠴᠠ ᠠᠩᠭᠢᠵᠢᠷᠠᠭᠰᠠᠨ ᠬᠥᠮᠥᠨ | ᠠᠮᠠ ᠶᠢᠨ ᠠᠵᠢᠯ ᠭᠦᠳᠡᠯᠮᠤᠷᠢ ᠬᠢᠬᠦ ᠬᠡᠪᠴᠢᠶ᠎ᠡ 3300 ᠲᠦᠮᠡ ᠶᠢ ᠳᠠᠪᠠᠪᠠ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭᠤᠷᠠᠢ ᠭᠤᠭᠴᠤᠭ᠎ᠠ ᠶᠢᠨ | ᠪᠠᠶᠢᠭᠤᠯᠤᠯᠲᠠ ᠶᠢ ᠴᠢᠩᠭᠠᠳᠬᠠᠵᠤ᠂ ︽ᠬᠤᠶᠠᠷ ᠢ ᠬᠥᠩᠭᠡᠷᠡᠭᠦᠯᠬᠦ︾ ᠠᠵᠢᠯ ᠢ ᠰᠠᠶᠢᠲᠤᠷ ᠬᠢᠵᠦ᠂ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢᠨ | ᠪᠠᠷᠢᠮᠵᠢᠶ᠎ᠠ ᠶᠢ ᠳᠡᠭᠡᠭᠰᠢᠯᠡᠭᠦᠯᠦᠨ ᠬᠦᠦ ᠮᠥᠩᠭᠦ ᠶᠢ ᠨᠢ ᠪᠠᠭᠤᠷᠠᠭᠤᠯᠤᠭᠠᠳ 1100 ᠭᠠᠷᠤᠢ ᠲᠦᠮᠡᠨ ᠰᠤᠷᠤᠬᠴᠢᠳ ᠲᠤ ᠠᠰᠢᠭ ᠬᠦᠷᠲᠡᠭᠡᠪᠡ᠃ ᠰᠢᠨ᠎ᠡ ᠲᠢᠲᠢᠮᠯᠢᠭ | ᠸᠢᠷᠦ᠋ᠰ ᠤᠨ ᠬᠠᠯᠳᠠᠪᠤᠷᠢᠯᠠᠯ ᠳᠤ ︽ᠬᠥᠬᠡᠭᠴᠢᠨ ᠲᠦᠷᠦᠯ ᠬᠥᠬᠡᠭᠴᠢᠨ ᠬᠠᠮᠢᠶᠠᠷᠤᠯᠲᠠ︾ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠬᠠᠯᠳᠠᠪᠤᠷᠢᠲᠤ | ᠲᠠᠭᠰᠢᠭᠤᠷ᠂ ᠰᠠᠯᠠᠭᠠᠲᠤ ᠠᠩᠬᠠᠨ ᠤ ᠪᠠᠶᠠᠳᠠᠨ ᠤ ᠠᠭᠤᠰᠬᠢᠨ ᠦᠷᠪᠢᠰᠦᠯ ᠵᠡᠷᠭᠡ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠠᠵᠢᠯ ᠢ ᠯᠠᠪᠳᠠᠭᠤᠨ | ᠪᠠᠲᠤᠲᠠᠢ ᠰᠠᠶᠢᠲᠤᠷ ᠬᠢᠪᠡ᠃ ᠠᠵᠢᠯᠲᠠᠨ ᠠᠵᠢᠯᠴᠢᠨ ᠤ ᠡᠮᠨᠡᠯᠭᠡ ᠶᠢᠨ ᠳᠠᠭᠠᠳᠬᠠᠯ ᠤᠨ ᠡᠩ ᠤᠨ ᠡᠭᠦᠳᠡᠨ ᠡᠮᠨᠡᠯᠭᠡ ᠶᠢᠨ ᠵᠠᠷᠤᠳᠠᠯ ᠢ ᠨᠢᠭᠡᠳᠦᠯᠲᠡᠢ ᠲᠥᠯᠥᠪᠯᠡᠬᠦ ᠶᠢ | ᠬᠡᠷᠡᠭᠵᠢᠭᠦᠯᠪᠡ᠃ ᠨᠡᠶᠢᠭᠡᠮ ᠲᠣᠭᠤᠷᠢᠭ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ | ᠨᠠᠰᠤᠲᠠᠶᠢᠴᠤᠳ ᠤᠨ ᠬᠤᠭᠤᠯᠠ ᠪᠤᠳᠠᠭ᠎ᠠ ᠳᠤ ᠲᠤᠰᠠᠯᠠᠮᠵᠢ ᠥᠵᠡᠭᠦᠯᠭᠦ ᠦᠢᠯᠡᠴᠢᠯᠡᠭᠡ ᠶᠢ ᠶᠡᠭᠡ ᠪᠠᠷ ᠬᠥᠭᠵᠢᠭᠦᠯᠪᠡ᠃ ᠠᠰᠠᠷᠠᠨ ᠬᠠᠷᠠᠭᠠᠯᠵᠠᠬᠤ ᠪᠠᠷᠢᠮᠵᠢᠶ᠎ᠠ ᠶᠢ | ᠳᠡᠭᠡᠭᠰᠢᠯᠡᠭᠦᠯᠪᠡ᠃ ᠬᠦᠴᠢᠷᠳᠡᠯᠲᠡᠢ ᠣᠯᠠᠨ ᠲᠦᠮᠡᠨ ᠤ ᠦᠨᠳᠦᠰᠦᠨ ᠵᠦᠢᠯ ᠢ ᠪᠠᠲᠤᠯᠠᠬᠤ ᠪᠠᠲᠤᠯᠠᠭ᠎ᠠ ᠶᠢ ᠴᠢᠩᠭᠠᠳᠬᠠᠪᠠ᠃ ᠬᠠᠶᠢᠾᠧ ᠭᠤᠣᠯ ᠵᠡᠷᠭᠡ ᠰᠠᠪᠠ | ᠭᠠᠵᠠᠷ ᠤᠨ ᠣᠨᠴᠠ ᠶᠡᠭᠡ ᠦᠶᠡᠷ ᠤᠰᠤᠲᠤᠯ ᠤᠨ ᠭᠠᠮᠰᠢᠭ ᠢ ᠪᠦᠲᠦᠮᠵᠢᠲᠡᠶ ᠠᠷᠭᠠᠴᠠᠵᠤ᠂ ᠭᠠᠨᠰᠤ ᠶᠢᠨ ᠵᠢᠢ ᠱᠢ ᠱᠠᠨ ᠤ ᠭᠠᠵᠠᠷ ᠬᠥᠳᠡᠯᠦᠯᠲᠡ ᠵᠡᠷᠭᠡ ᠶᠢᠨ | ᠠᠶᠤᠯ ᠠᠴᠠ ᠠᠪᠤᠷᠠᠨ ᠲᠤᠰᠠᠯᠠᠬᠤ ᠠᠵᠢᠯ ᠢ ᠰᠠᠶᠢᠲᠤᠷ ᠬᠢᠵᠦ᠂ ᠭᠠᠮᠰᠢᠭ ᠤᠨ ᠳᠠᠷᠠᠭ᠎ᠠ ᠰᠡᠷᠭᠦᠭᠡᠨ ᠳᠠᠭᠢᠨ ᠪᠦᠲᠦᠭᠡᠨ ᠪᠠᠶᠢᠭᠤᠯᠬᠤ ᠠᠵᠢᠯ ᠢ ᠴᠢᠩᠭᠠᠳᠬᠠᠪᠠ᠃ | ᠰᠣᠶᠣᠯ ᠢ ᠤᠯᠠᠮᠵᠢᠯᠠᠨ ᠬᠥᠭᠵᠢᠭᠦᠯᠬᠦ ᠶᠢ ᠠᠬᠢᠭᠤᠯᠵᠤ᠂ ᠵᠢᠭᠤᠯᠴᠢᠯᠠᠯ ᠤᠨ ᠵᠠᠬ᠎ᠠ ᠳᠡᠯᠭᠡᠭᠦᠷ ᠪᠦᠭᠦ ᠲᠠᠯ᠎ᠠ ᠪᠠᠷ ᠰᠡᠷᠭᠦᠪᠡ᠃ ᠣᠯᠠᠨ ᠲᠦᠮᠡᠨ ᠤ ᠪᠡᠶ᠎ᠡ ᠶᠢᠨ ᠲᠠᠮᠢᠷ | ᠥᠷᠨᠢᠨ ᠬᠥᠭᠵᠢᠵᠦ᠂ ᠴᠧᠩᠳᠦ᠋ ᠳᠤ ᠪᠣᠯᠤᠭᠰᠠᠨ ᠣᠶᠤᠲᠠᠳ ᠤᠨ ᠪᠡᠶ᠎ᠡ ᠶᠢᠨ ᠲᠠᠮᠢᠷ ᠤᠨ ᠴᠤᠭᠯᠠᠭᠠᠨ᠂ ᠬᠠᠩᠵᠧᠦ ᠶᠢᠨ ᠠᠽᠢᠶ᠎ᠠ ᠲᠢᠪ ᠤᠨ ᠪᠡᠶ᠎ᠡ ᠶᠢᠨ ᠲᠠᠮᠢᠷ ᠤᠨ | ᠴᠤᠭᠯᠠᠭᠠᠨ ᠪᠠ ᠠᠽᠢᠶ᠎ᠠ ᠲᠢᠪ ᠤᠨ ᠵᠡᠮᠳᠡᠭᠴᠦᠳ ᠤᠨ ᠪᠡᠶ᠎ᠡ ᠶᠢᠨ ᠲᠠᠮᠢᠷ ᠤᠨ ᠴᠤᠭᠯᠠᠭᠠᠨ ᠢ ᠠᠮᠵᠢᠯᠲᠠᠲᠠᠢ ᠡᠷᠭᠢᠯᠡᠵᠦ᠂ ᠮᠠᠨ ᠤ ᠤᠯᠤᠰ ᠤᠨ ᠲᠠᠮᠢᠷᠴᠢᠳ | ᠵᠣᠷᠢᠭᠲᠠᠢ ᠪᠠᠷ ᠰᠢᠯᠢᠳᠡᠭ ᠬᠢᠷᠢ ᠪᠦᠲᠦᠮᠵᠢ ᠡᠭᠦᠳᠪᠡ᠃ | ᠵᠢᠷᠭᠤᠭ᠎ᠠ ᠳᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠪᠦᠭᠦ ᠲᠠᠯ᠎ᠠ ᠪᠠᠷ ᠴᠢᠩᠭᠠᠳᠬᠠᠵᠤ᠂ ᠵᠠᠰᠠᠯᠲᠠ ᠶᠢᠨ ᠦᠢᠯᠡᠳᠦᠯ ᠴᠢᠳᠠᠪᠤᠷᠢ ᠶᠢ ᠶᠡᠭᠡ ᠪᠠᠷ | ᠳᠡᠭᠡᠭᠰᠢᠯᠡᠭᠦᠯᠪᠡ᠃ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶᠠᠨ ᠤ ᠡᠷᠬᠡ ᠰᠦᠷ ᠪᠠ ᠲᠥᠪᠯᠡᠷᠡᠩᠭᠦᠢ ᠨᠢᠭᠡᠳᠦᠯᠲᠡᠢ | ᠤᠳᠤᠷᠢᠳᠤᠯᠭ᠎ᠠ ᠶᠢ ᠡᠷᠡᠰ ᠬᠠᠮᠠᠭᠠᠯᠠᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠬᠤ ᠶᠢᠨ ᠰᠠᠶᠢᠨ | ᠭᠦᠢᠴᠡᠳᠭᠡᠭᠴᠢ᠂ ᠦᠢᠯᠡᠳᠦᠯᠭᠡᠵᠢᠭᠦᠯᠦᠭᠴᠢ᠂ ᠰᠢᠷᠭᠠᠭᠤ ᠠᠵᠢᠯᠯᠠᠭᠴᠢ ᠪᠣᠯᠪᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ | ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠢ ᠭᠦᠨᠵᠡᠭᠡᠢ ᠥᠷᠨᠢᠭᠦᠯᠪᠡ᠃ ᠤᠯᠤᠰ | ᠲᠥᠷᠥ ᠶᠢᠨ ᠪᠠᠶᠢᠭᠤᠯᠤᠯᠲᠠ ᠶᠢ ᠲᠡᠷᠢᠭᠦᠨ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠵᠠᠰᠠᠭ ᠤᠨ ᠣᠷᠳᠣᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ | ᠴᠢᠳᠠᠪᠤᠷᠢ ᠶᠢ ᠪᠦᠭᠦ ᠲᠠᠯ᠎ᠠ ᠪᠠᠷ ᠳᠡᠭᠡᠭᠰᠢᠯᠡᠭᠦᠯᠪᠡ᠃ ᠬᠠᠤᠯᠢᠵᠢᠯ ᠤᠨ ᠵᠠᠰᠠᠭ ᠤᠨ ᠣᠷᠳᠣᠨ ᠤ ᠪᠦᠲᠦᠭᠡᠨ ᠪᠠᠶᠢᠭᠤᠯᠤᠯᠲᠠ ᠶᠢ ᠭᠦᠨᠵᠡᠭᠡᠢ ᠠᠬᠢᠭᠤᠯᠪᠠ᠃ ᠪᠦᠭᠦ | ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ 10 ᠬᠤᠪᠢ ᠬᠠᠤᠯᠢ ᠴᠠᠭᠠᠵᠠ ᠶᠢᠨ ᠰᠠᠨᠠᠯ ᠵᠥᠪᠯᠡᠯᠭᠡ ᠶᠢ ᠬᠢᠨᠠᠨ | ᠶᠠᠷᠢᠯᠴᠠᠭᠤᠯᠬᠤ ᠪᠠᠷ ᠳᠡᠪᠰᠢᠭᠦᠯᠵᠦ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠢ 25 ᠬᠤᠪᠢ ᠲᠣᠭᠲᠠᠭᠠᠭᠰᠠᠨ ᠪᠠ ᠵᠠᠰᠠᠨ ᠲᠣᠭᠲᠠᠭᠠᠵᠤ᠂ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠦᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠭᠦ ᠭᠤᠷᠪᠠᠨ ᠵᠢᠯ ᠤᠨ ᠠᠵᠢᠯᠯᠠᠭ᠎ᠠ ᠶᠢ ᠬᠡᠷᠡᠭᠵᠢᠭᠦᠯᠪᠡ᠃ ᠤᠬᠠᠮᠰᠠᠷ ᠠᠴᠠ ᠪᠠᠨ ᠬᠠᠤᠯᠢ ᠶᠣᠰᠣᠭᠠᠷ | ᠬᠢᠨᠠᠯᠲᠠ ᠶᠢ ᠬᠦᠯᠢᠶᠡᠪᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ ᠪᠠ ᠤᠯᠤᠰ ᠲᠦᠷᠦ ᠶᠢᠨ ᠵᠥᠪᠯᠡᠯᠭᠡᠨ ᠤ | ᠭᠡᠰᠢᠭᠦᠳ ᠤᠨ ᠳᠤᠷᠠᠳᠤᠯᠭ᠎ᠠ ᠶᠢ ᠬᠢᠨᠠᠮᠠᠭᠠᠢ ᠰᠢᠢᠳᠪᠦᠷᠢᠯᠡᠪᠡ᠃ ᠪᠠᠶᠢᠴᠠᠭᠠᠨ ᠰᠤᠳᠤᠯᠤᠯᠲᠠ ᠶᠢ ᠴᠢᠬᠤᠯᠠᠴᠢᠯᠠᠵᠤ᠂ ᠲᠥᠷᠥ ᠶᠢᠨ ᠪᠣᠳᠣᠯᠭ᠎ᠠ ᠪᠣᠯᠣᠨ ᠠᠵᠢᠯ ᠢ | ᠪᠣᠳᠠᠲᠤ ᠪᠠᠶᠢᠳᠠᠯ ᠳᠤ ᠨᠡᠶᠢᠴᠡᠭᠦᠯᠬᠦ᠂ ᠣᠯᠠᠨ ᠲᠦᠮᠡᠨ ᠲᠠᠢ ᠣᠶᠢᠷᠠᠲᠤᠭᠤᠯᠬᠤ ᠪᠠᠷ ᠴᠢᠷᠮᠠᠶᠢᠪᠠ᠃ ᠰᠢᠪᠠᠳᠠᠨ ᠪᠠᠶᠢᠴᠠᠭᠠᠬᠤ ᠠᠵᠢᠯ ᠤᠨ ᠲᠣᠭᠲᠠᠴᠠ ᠶᠢ | ᠰᠢᠯᠢᠳᠡᠭᠵᠢᠭᠦᠯᠪᠡ᠃ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠣᠨ ᠢᠯᠵᠢᠷᠡᠯ ᠢ ᠡᠰᠡᠷᠭᠦᠴᠡᠬᠦ ᠲᠡᠮᠡᠴᠡᠯ ᠢ | ᠴᠢᠩᠭᠠᠳᠬᠠᠪᠠ᠃ ᠲᠥᠪ ᠬᠤᠷᠢᠶᠠᠨ ᠤ ᠨᠠᠢᠮᠠᠨ ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠳᠦᠷᠪᠡᠨ ᠰᠤᠷᠲᠠᠯ︾ ᠢ | ᠦᠷᠭᠦᠯᠵᠢᠯᠡᠨ ᠵᠠᠯᠠᠷᠠᠭᠤᠯᠤᠨ ᠵᠠᠰᠠᠵᠤ᠂ ᠮᠥᠩᠭᠦᠨ ᠭᠦᠢᠯᠭᠡᠭᠡᠨ ᠤ ᠨᠢᠭᠡᠴᠢ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠵᠡᠷᠭᠡ ᠶᠢ ᠲᠣᠭᠤᠷᠢᠨ ᠪᠠᠶᠢᠴᠠᠭᠠᠵᠤ | ᠴᠡᠭᠴᠡᠯᠡᠨ ᠰᠠᠶᠢᠵᠢᠷᠠᠭᠤᠯᠬᠤ ᠠᠵᠢᠯ ᠢ ᠬᠦᠴᠦᠲᠡᠢ ᠠᠬᠢᠭᠤᠯᠪᠠ᠃ ᠬᠤᠲᠠ ᠬᠥᠳᠡᠭᠡ ᠶᠢᠨ ᠦᠨᠳᠦᠰᠦᠨ ᠱᠠᠲᠤᠨ ᠤ ᠵᠠᠰᠠᠯᠲᠠ ᠶᠢᠨ ᠲᠠᠯ᠎ᠠ ᠪᠠᠷ ᠰᠢᠨ᠎ᠡ ᠶᠢ ᠡᠭᠦᠳᠦᠨ | ᠲᠡᠭᠦᠯᠳᠡᠷᠵᠢᠭᠦᠯᠪᠡ᠃ ᠵᠠᠬᠢᠳᠠᠯ ᠰᠣᠷᠪᠤᠯᠵᠢᠯᠠᠭ᠎ᠠ ᠶᠢᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠪᠡ᠃ ᠠᠶᠤᠯ ᠦᠭᠡᠢ ᠦᠢᠯᠡᠳᠪᠦᠷᠢᠯᠡᠯ ᠪᠠ ᠪᠠᠴᠢᠮ ᠪᠠᠶᠢᠳᠠᠯ ᠢ | ᠠᠷᠭᠠᠴᠠᠬᠤ ᠬᠠᠮᠢᠶᠠᠷᠤᠯᠲᠠ ᠶᠢ ᠬᠦᠴᠦᠲᠡᠢ ᠠᠳᠬᠤᠵᠤ᠂ ᠬᠦᠨᠳᠦ ᠶᠡᠭᠡ ᠠᠳᠡᠯ ᠤᠨ ᠳᠠᠯᠳᠠ ᠭᠡᠮ ᠢ ᠲᠤᠰᠬᠠᠢ ᠰᠠᠮᠨᠠᠨ ᠪᠠᠶᠢᠴᠠᠭᠠᠵᠤ ᠴᠡᠭᠴᠡᠯᠡᠨ ᠵᠠᠰᠠᠬᠤ ᠶᠢ | ᠥᠷᠨᠢᠭᠦᠯᠪᠡ᠃ ᠤᠯᠤᠰ ᠤᠨ ᠠᠮᠤᠷ ᠲᠦᠪᠰᠢᠨ ᠤ ᠰᠢᠰᠲ᠋ᠧᠮ ᠢ ᠲᠡᠭᠦᠯᠳᠡᠷᠵᠢᠭᠦᠯᠬᠦ ᠶᠢ ᠠᠬᠢᠭᠤᠯᠪᠠ᠃ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠶᠢ | ᠴᠢᠩᠭᠠᠳᠬᠠᠵᠤ᠂ ᠴᠠᠭᠢᠯᠭᠠᠨ ᠬᠤᠯᠪᠤᠭ᠎ᠠ ᠰᠦᠯᠵᠢᠶᠡᠨ ᠤ ᠮᠡᠬᠡᠯᠡᠯ ᠵᠡᠷᠭᠡ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠪᠦᠲᠦᠮᠵᠢᠲᠡᠢ ᠪᠠᠷ ᠴᠣᠬᠢᠯᠲᠠ | ᠥᠭᠴᠦ᠂ ᠠᠮᠤᠷ ᠠᠮᠤᠭᠤᠯᠠᠩ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠰᠢᠨ᠎ᠡ ᠠᠬᠢᠴᠠ ᠲᠠᠢ ᠪᠣᠯᠪᠠ᠃ | ᠨᠢᠭᠡ ᠵᠢᠯ ᠤᠨ ᠲᠤᠷᠰᠢ᠂ ᠳᠤᠮᠳᠠᠳᠤ ᠤᠯᠤᠰ ᠤᠨ ᠣᠨᠴᠠᠯᠢᠭ ᠪᠦᠬᠦᠢ ᠲᠣᠮᠣ ᠤᠯᠤᠰ ᠤᠨ ᠭᠠᠳᠠᠭᠠᠳᠤ ᠬᠠᠷᠢᠯᠴᠠᠭ᠎ᠠ ᠶᠢ ᠪᠦᠭᠦ ᠲᠠᠯ᠎ᠠ ᠪᠠᠷ ᠠᠬᠢᠭᠤᠯᠪᠠ᠃ | ᠲᠡᠷᠢᠭᠦᠯᠡᠭᠴᠢ ᠰᠢ ᠶᠢᠨ ᠫᠢᠩ ᠵᠡᠷᠭᠡ ᠨᠠᠮ ᠪᠣᠯᠣᠨ ᠲᠦᠷᠦ ᠶᠢᠨ ᠤᠳᠤᠷᠢᠳᠬᠤ ᠬᠥᠮᠥᠰ ᠤᠯᠠᠨ ᠤᠯᠤᠰ ᠲᠤ ᠠᠶᠢᠯᠴᠢᠯᠠᠯᠲᠠ ᠬᠢᠵᠦ᠂ BRICS ᠤᠨ | ᠤᠯᠤᠰ ᠤᠳ ᠤᠨ ᠤᠳᠤᠷᠢᠳᠬᠤ ᠬᠥᠮᠥᠰ ᠤᠨ ᠠᠭᠤᠯᠵᠠᠯᠲᠠ᠂ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠠᠵᠤ ᠠᠬᠤᠢ ᠶᠢᠨ ᠬᠠᠮᠲᠤᠷᠠᠯᠴᠠᠭᠠᠨ ᠤ ᠵᠣᠬᠢᠶᠠᠨ | ᠪᠠᠶᠢᠭᠤᠯᠤᠯᠲᠠ ᠶᠢᠨ ᠤᠳᠤᠷᠢᠳᠬᠤ ᠬᠥᠮᠥᠰ ᠤᠨ ᠠᠯᠪᠠᠨ ᠶᠣᠰᠣᠨ ᠤ ᠪᠤᠰᠤ ᠬᠤᠷᠠᠯᠳᠤᠭᠠᠨ᠂ ᠵᠡᠭᠦᠨ ᠠᠽᠢᠶ᠎ᠠ ᠶᠢᠨ ᠬᠠᠮᠲᠤᠷᠠᠯᠴᠠᠭᠠᠨ ᠤ ᠤᠳᠤᠷᠢᠳᠬᠤ ᠬᠥᠮᠥᠰ ᠤᠨ | ᠰᠢᠷᠢᠰ ᠬᠤᠷᠠᠯᠳᠤᠭᠠᠨ ᠵᠡᠷᠭᠡ ᠤᠯᠠᠨ ᠲᠠᠯ᠎ᠠ ᠶᠢᠨ ᠪᠠ ᠬᠤᠶᠠᠷ ᠲᠠᠯ᠎ᠠ ᠶᠢᠨ ᠴᠢᠬᠤᠯᠠ ᠶᠡᠭᠡ ᠠᠵᠢᠯᠯᠠᠭ᠎ᠠ ᠳᠤ ᠣᠷᠣᠯᠴᠠᠪᠠ᠃ ᠳᠤᠮᠳᠠᠳᠤ ᠤᠯᠤᠰ – ᠳᠤᠮᠳᠠᠳᠤ | ᠠᠽᠢᠶ᠎ᠠ ᠶᠢᠨ ᠲᠦᠷᠦᠭᠦᠴᠦᠳ ᠤᠨ ᠬᠤᠷᠠᠯ᠂ ᠭᠤᠷᠪᠠᠳᠤᠭᠠᠷ ᠬᠤᠭᠤᠴᠠᠭᠠᠨ ᠤ ︽ᠨᠢᠭᠡ ᠪᠦᠰᠡ ᠨᠢᠭᠡ ᠵᠠᠮ︾ ᠤᠨ ᠤᠯᠠᠨ ᠤᠯᠤᠰ ᠤᠨ ᠬᠠᠮᠲᠤᠷᠠᠯᠴᠠᠭᠠᠨ ᠤ | ᠲᠦᠷᠦᠭᠦᠴᠦᠳ ᠤᠨ ᠶᠠᠷᠢᠯᠴᠠᠭᠠᠨ ᠤ ᠲᠠᠪᠴᠠᠩ ᠵᠡᠷᠭᠡ ᠴᠢᠬᠤᠯᠠ ᠶᠡᠭᠡ ᠡᠵᠡᠨ ᠲᠠᠯᠠᠪᠤᠷ ᠤᠨ ᠭᠠᠳᠠᠭᠠᠳᠤ ᠬᠠᠷᠢᠯᠴᠠᠭᠠᠨ ᠤ ᠠᠵᠢᠯᠯᠠᠭ᠎ᠠ ᠶᠢ ᠠᠮᠵᠢᠯᠲᠠᠲᠠᠢ ᠡᠷᠭᠢᠯᠡᠪᠡ᠃ | ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠵᠤ᠂ ᠪᠦᠭᠦ ᠪᠥᠮᠪᠥᠷᠴᠡᠭ ᠤᠨ ᠬᠥᠭᠵᠢᠯᠲᠡ ᠶᠢᠨ | ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ ᠨᠠᠶᠢᠳᠠᠪᠤᠷᠢᠵᠢᠭᠤᠯᠵᠤ᠂ | ᠪᠦᠭᠦ ᠪᠥᠮᠪᠥᠷᠴᠡᠭ ᠤᠨ ᠬᠠᠨᠢᠲᠠᠨ ᠤ ᠬᠠᠷᠢᠴᠠᠭ᠎ᠠ ᠶᠢ ᠭᠦᠨᠵᠡᠭᠡᠶᠢᠷᠡᠭᠦᠯᠦᠨ ᠥᠷᠭᠡᠳᠬᠡᠵᠦ᠂ ᠳᠡᠯᠡᠬᠡᠢ ᠶᠢᠨ ᠪᠠ ᠭᠠᠵᠠᠷ ᠣᠷᠣᠨ ᠤ ᠬᠠᠯᠠᠭᠤᠨ ᠴᠡᠭ ᠤᠨ ᠠᠰᠠᠭᠤᠳᠠᠯ ᠢ | ᠰᠢᠢᠳᠪᠦᠷᠢᠯᠡᠬᠦ ᠳᠤᠮᠳᠠ ᠢᠳᠡᠪᠬᠢᠲᠡᠢ ᠪᠦᠲᠦᠭᠡᠯᠴᠢ ᠴᠢᠨᠠᠷᠲᠠᠢ ᠦᠢᠯᠡᠳᠦᠯ ᠪᠠᠳᠠᠷᠠᠭᠤᠯᠪᠠ᠃ ᠳᠤᠮᠳᠠᠳᠤ ᠤᠯᠤᠰ ᠳᠡᠯᠡᠬᠡᠢ ᠶᠢᠨ ᠡᠩᠬᠡ ᠲᠠᠶᠢᠪᠤᠩ ᠪᠠ ᠬᠥᠭᠵᠢᠯᠲᠡ ᠶᠢ | ᠠᠬᠢᠭᠤᠯᠬᠤ ᠳᠤ ᠴᠢᠬᠤᠯᠠ ᠬᠤᠪᠢ ᠨᠡᠮᠡᠷᠢ ᠦᠵᠡᠭᠦᠯᠪᠡ᠃ | ᠲᠥᠯᠥᠭᠡᠯᠡᠭᠴᠢᠳ ᠠ᠋︕ | ᠥᠩᠭᠡᠷᠡᠭᠰᠡᠨ ᠨᠢᠭᠡ ᠵᠢᠯ ᠳᠤ ᠣᠯᠣᠭᠰᠠᠨ ᠠᠮᠵᠢᠯᠲᠠ ᠪᠦᠲᠦᠮᠵᠢ ᠶᠢᠨ ᠦᠨᠳᠦᠰᠦᠨ ᠰᠢᠯᠲᠠᠭᠠᠨ ᠨᠢ ᠶᠡᠷᠦᠩᠬᠡᠢ ᠱᠦᠵᠢ ᠰᠢ ᠶᠢᠨ ᠫᠢᠩ ᠤᠨ ᠠᠶᠠᠯᠠᠯ | ᠵᠠᠮᠴᠢᠯᠠᠨ ᠴᠢᠭᠯᠡᠯ ᠢ ᠡᠵᠡᠮᠳᠡᠭᠰᠡᠨ ᠳᠤ ᠪᠤᠢ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ | ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠵᠢᠯᠣᠭᠤᠳᠤᠯᠭ᠎ᠠ ᠳᠤ ᠪᠤᠢ᠂ ᠲᠡᠷᠡ ᠨᠢ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ | ᠬᠤᠷᠢᠶᠠᠨ ᠤ ᠪᠠᠲᠤ ᠴᠢᠩᠭ᠎ᠠ ᠤᠳᠤᠷᠢᠳᠤᠭᠰᠠᠨ ᠤ ᠦᠷ᠎ᠡ ᠳ᠋ᠦᠩ ᠮᠥᠨ᠂ ᠪᠦᠭᠦ ᠨᠠᠮ ᠪᠦᠭᠦ ᠴᠡᠷᠢᠭ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ | ᠲᠦᠮᠡᠨ ᠪᠦᠯᠬᠦᠮᠳᠡᠨ ᠲᠡᠮᠡᠴᠡᠭᠰᠡᠨ ᠤ ᠦᠷ᠎ᠡ ᠳ᠋ᠦᠩ ᠮᠥᠨ᠃ ᠪᠢ ᠲᠥᠷᠥ ᠶᠢᠨ ᠶᠠᠪᠤᠳᠠᠯ ᠤᠨ ᠬᠤᠷᠢᠶᠠᠨ ᠤ ᠡᠮᠦᠨ᠎ᠡ ᠠᠴᠠ ᠪᠦᠭᠦ ᠤᠯᠤᠰ ᠤᠨ | ᠦᠨᠳᠦᠰᠦᠲᠡᠨ ᠨᠦᠭᠦᠳ ᠤᠨ ᠠᠷᠠᠳ ᠲᠦᠮᠡᠨ᠂ ᠡᠯ᠎ᠡ ᠠᠷᠠᠳᠴᠢᠯᠠᠭᠰᠠᠨ ᠨᠠᠮ ᠪᠦᠯᠦᠭ᠂ ᠡᠯ᠎ᠡ ᠠᠷᠠᠳ ᠤᠨ ᠪᠦᠯᠭᠦᠮ ᠪᠣᠯᠣᠨ ᠡᠯ᠎ᠡ ᠡᠲᠡᠭᠡᠳ ᠤᠨ ᠬᠥᠮᠥᠰ ᠲᠤ | ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕ ᠰᠢᠶᠠᠩᠭᠠᠩ ᠤᠨ ᠵᠠᠰᠠᠭ ᠵᠠᠬᠢᠷᠭᠠᠨ ᠤ ᠣᠨᠴᠠᠭᠠᠶ ᠣᠷᠣᠨ ᠤ ᠠᠬ᠎ᠠ ᠳᠡᠭᠦᠦ ᠨᠠᠷ᠂ ᠣᠣᠮᠧᠨ ᠤ ᠵᠠᠰᠠᠭ | ᠵᠠᠬᠢᠷᠭᠠᠨ ᠤ ᠣᠨᠴᠠᠭᠠᠶ ᠣᠷᠣᠨ ᠤ ᠠᠬ᠎ᠠ ᠳᠡᠭᠦᠦ ᠨᠠᠷ᠂ ᠲᠠᠶᠢᠸᠠᠨ ᠤ ᠠᠬ᠎ᠠ ᠳᠡᠭᠦᠦ ᠨᠠᠷ ᠪᠠ ᠭᠠᠳᠠᠭᠠᠳᠤ ᠳᠤ ᠰᠠᠭᠤᠭ᠎ᠠ ᠬᠠᠷᠢᠶᠠᠲᠤ ᠠᠬ᠎ᠠ ᠳᠡᠭᠦᠦ ᠨᠠᠷ ᠲᠤ ᠴᠢᠩ | ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕ ᠳᠤᠮᠳᠠᠳᠤ ᠤᠯᠤᠰ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢ ᠬᠠᠯᠠᠮᠵᠢᠯᠠᠨ ᠳᠠᠮᠵᠢᠵᠤ ᠪᠠᠶᠢᠭ᠎ᠠ ᠡᠯ᠎ᠡ | ᠤᠯᠤᠰ ᠤᠨ ᠵᠠᠰᠠᠭ ᠤᠨ ᠣᠷᠳᠣᠨ᠂ ᠣᠯᠠᠨ ᠤᠯᠤᠰ ᠤᠨ ᠵᠣᠬᠢᠶᠠᠨ ᠪᠠᠶᠢᠭᠤᠯᠤᠯᠲᠠ ᠪᠣᠯᠣᠨ ᠡᠯ᠎ᠡ ᠤᠯᠤᠰ ᠤᠨ ᠨᠠᠶᠢᠵᠠ ᠨᠠᠷ ᠲᠤ ᠴᠢᠩ ᠰᠡᠳᠬᠢᠯ ᠤᠨ | ᠲᠠᠯᠠᠷᠬᠠᠯ ᠢᠶᠠᠨ ᠳᠡᠪᠰᠢᠭᠦᠯᠦᠶ᠎ᠡ︕ | ᠠᠮᠵᠢᠯᠲᠠ ᠪᠠᠨ ᠨᠤᠲᠠᠯᠠᠬᠤ ᠶᠢᠨ ᠬᠠᠮᠲᠤ᠂ ᠪᠢᠳᠡ ᠪᠠᠰᠠ ᠲᠤᠯᠭᠠᠷᠠᠵᠤ ᠪᠠᠶᠢᠭ᠎ᠠ ᠬᠦᠴᠢᠷ ᠪᠡᠷᠬᠡᠰᠢᠶᠡᠯ ᠪᠠ ᠰᠢᠯᠭᠠᠯᠲᠠ ᠶᠢ ᠰᠡᠷᠭᠡᠭ ᠢᠶᠠᠷ ᠣᠯᠵᠤ ᠬᠠᠷᠠᠪᠠ᠃ | ᠳᠡᠯᠡᠬᠡᠢ ᠶᠢᠨ ᠠᠵᠤ ᠠᠬᠤᠢ ᠶᠢᠨ ᠨᠡᠮᠡᠭᠳᠡᠯ ᠤᠨ ᠬᠥᠳᠡᠯᠭᠡᠭᠴᠢ ᠡᠨᠧᠷᠭᠢ ᠭᠦᠢᠴᠡᠳ ᠪᠤᠰᠤ ᠪᠠᠶᠢᠵᠤ᠂ ᠭᠠᠵᠠᠷ ᠣᠷᠣᠨ ᠤ ᠬᠠᠯᠠᠭᠤᠨ ᠴᠡᠭ ᠤᠨ ᠠᠰᠠᠭᠤᠳᠠᠯ ᠣᠯᠠᠨᠲᠠ | ᠡᠭᠦᠰᠴᠦ᠂ ᠭᠠᠳᠠᠭᠠᠳᠤ ᠣᠷᠴᠢᠨ ᠨᠥᠬᠦᠴᠡᠯ ᠤᠨ ᠪᠤᠳᠤᠯᠢᠶᠠᠨᠲᠤ ᠴᠢᠨᠠᠷ᠂ ᠬᠦᠨᠳᠦ ᠬᠡᠴᠡᠭᠦᠦ ᠴᠢᠨᠠᠷ᠂ ᠮᠠᠭᠠᠳ ᠪᠤᠰᠤ ᠴᠢᠨᠠᠷ ᠳᠡᠭᠡᠭᠰᠢᠯᠡᠵᠦ ᠪᠠᠶᠢᠨ᠎ᠠ᠃ ᠮᠠᠨ ᠤ | ᠤᠯᠤᠰ ᠤᠨ ᠠᠵᠤ ᠠᠬᠤᠢ ᠶᠢᠨ ᠦᠷᠭᠦᠯᠵᠢᠯᠡᠨ ᠰᠡᠷᠭᠦᠵᠦ ᠰᠠᠶᠢᠵᠢᠷᠠᠬᠤ ᠰᠠᠭᠤᠷᠢ ᠪᠠᠰᠠ ᠪᠠᠲᠤ ᠪᠢᠰᠢ ᠪᠠᠶᠢᠵᠤ᠂ ᠪᠦᠲᠦᠮᠵᠢᠲᠡᠶ ᠬᠡᠷᠡᠭᠴᠡᠭᠡ ᠬᠦᠷᠦᠯᠴᠡᠬᠦ ᠦᠭᠡᠢ᠂ | ᠬᠡᠰᠡᠭ ᠠᠵᠢᠯ ᠲᠥᠷᠥᠯ ᠤᠨ ᠥᠢᠢᠯᠡᠳᠪᠦᠷᠢᠯᠡᠭᠦ ᠴᠢᠳᠠᠪᠤᠷᠢ ᠦᠯᠡᠭᠦᠳᠡᠵᠦ᠂ ᠨᠡᠶᠢᠭᠡᠮ ᠤᠨ ᠵᠢᠱᠢᠯᠲᠡ ᠪᠠᠭᠤᠷᠠᠢ᠂ ᠠᠶᠤᠯ ᠲᠦᠭᠰᠢᠭᠦᠷᠢ ᠶᠢᠨ ᠳᠠᠯᠳᠠ ᠭᠡᠮ ᠮᠥᠨ ᠬᠦ | ᠨᠡᠯᠢᠶᠡᠳ ᠣᠯᠠᠨ ᠪᠠᠶᠢᠵᠤ᠂ ᠤᠯᠤᠰ ᠤᠨ ᠳᠣᠲᠣᠭᠠᠳᠤ ᠶᠢᠨ ᠶᠡᠭᠡ ᠣᠷᠴᠢᠯ ᠳᠤ ᠲᠦᠭᠵᠢᠷᠡᠯ ᠣᠷᠣᠰᠢᠵᠤ᠂ ᠤᠯᠠᠨ ᠤᠯᠤᠰ ᠤᠨ ᠣᠷᠴᠢᠯ ᠳᠤ ᠬᠠᠷᠰᠢᠯᠠᠯ ᠣᠷᠣᠰᠢᠵᠤ | ᠪᠠᠶᠢᠨ᠎ᠠ᠃ ᠬᠡᠰᠡᠭ ᠳᠤᠮᠳᠠ ᠵᠢᠵᠢᠭ ᠠᠵᠤ ᠠᠬᠤᠶᠢᠯᠠᠯ ᠪᠣᠯᠣᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ ᠶᠢᠨ ᠡᠵᠡᠩᠨᠡᠯᠲᠡ ᠬᠦᠴᠢᠷᠳᠡᠯ ᠲᠠᠢ ᠪᠠᠶᠢᠨ᠎ᠠ᠃ | ᠠᠵᠢᠯ ᠣᠯᠭᠤᠯᠲᠠ ᠶᠢᠨ ᠶᠡᠷᠦᠩᠬᠡᠢ ᠬᠡᠮᠵᠢᠶ᠎ᠡ ᠶᠢᠨ ᠳᠠᠷᠤᠯᠲᠠ ᠪᠣᠯᠣᠨ ᠪᠦᠲᠦᠴᠡ ᠶᠢᠨ ᠴᠢᠨᠠᠷᠲᠠᠢ ᠵᠥᠷᠢᠴᠡᠯ ᠵᠡᠷᠭᠡ ᠪᠠᠷ ᠣᠷᠣᠰᠢᠵᠤ᠂ ᠣᠯᠠᠨ ᠨᠡᠶᠢᠲᠡ ᠶᠢᠨ | ᠦᠢᠯᠡᠴᠢᠯᠡᠭᠡ ᠳᠤ ᠮᠥᠨ ᠴᠤ ᠴᠥᠭᠡᠨ ᠪᠤᠰᠤ ᠳᠤᠲᠠᠭᠤᠳᠠᠯ ᠣᠷᠣᠰᠢᠵᠤ ᠪᠠᠶᠢᠨ᠎ᠠ᠃ ᠵᠠᠷᠢᠮ ᠭᠠᠵᠠᠷ ᠣᠷᠣᠨ ᠤ ᠦᠨᠳᠦᠰᠦᠨ ᠱᠠᠲᠤᠨ ᠤ ᠡᠳ᠋ ᠤᠨ ᠬᠦᠴᠦᠨ | ᠨᠡᠯᠢᠶᠡᠳ ᠪᠠᠴᠢᠮ ᠪᠠᠶᠢᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠪᠠᠰᠠ ᠴᠢᠩᠭ᠎ᠠ ᠪᠢᠰᠢ ᠪᠠᠶᠢᠨ᠎ᠠ᠃ ᠭᠤᠣᠯᠳᠠᠯᠭ᠎ᠠ ᠲᠠᠢ | ᠬᠦᠷᠢᠶᠡᠨ ᠤ ᠥᠭᠡᠷᠡᠴᠢᠯᠡᠯᠲᠡ ᠳᠤ ᠮᠥᠨ ᠬᠦ ᠴᠥᠭᠡᠨ ᠪᠤᠰᠤ ᠬᠦᠴᠢᠷ ᠠᠰᠠᠭᠤᠳᠠᠯ ᠢ ᠰᠢᠢᠳᠪᠦᠷᠢᠯᠡᠬᠦ ᠴᠢᠬᠤᠯᠠᠲᠠᠢ ᠪᠠᠶᠢᠨ᠎ᠠ᠃ ᠠᠮᠢ ᠠᠬᠤᠢ ᠶᠢᠨ ᠣᠷᠴᠢᠨ | ᠨᠥᠬᠦᠴᠡᠯ ᠤᠨ ᠬᠠᠮᠠᠭᠠᠯᠠᠯᠲᠠ ᠵᠠᠰᠠᠯᠲᠠ ᠶᠢᠨ ᠡᠭᠦᠷᠭᠡ ᠬᠦᠨᠳᠦ ᠵᠠᠮ ᠬᠤᠯᠠ ᠪᠠᠶᠢᠨ᠎ᠠ᠃ ᠠᠶᠤᠯ ᠦᠭᠡᠢ ᠦᠢᠯᠡᠳᠪᠦᠷᠢᠯᠡᠯ ᠤᠨ ᠪᠠᠭᠤᠷᠠᠢ ᠭᠤᠭᠴᠤᠭ᠎ᠠ ᠶᠢ | ᠣᠮᠲᠣᠭᠠᠶᠢᠯᠠᠵᠤ ᠪᠣᠯᠣᠰᠢ ᠦᠭᠡᠢ ᠪᠠᠶᠢᠨ᠎ᠠ᠃ ᠵᠠᠰᠠᠭ ᠤᠨ ᠣᠷᠳᠣᠨ ᠤ ᠠᠵᠢᠯ ᠳᠤ ᠬᠦᠷᠦᠯᠴᠡᠬᠦ ᠦᠭᠡᠢ ᠲᠠᠯ᠎ᠠ ᠣᠷᠣᠰᠢᠵᠤ᠂ ᠭᠡᠯᠪᠡᠷᠢ ᠶᠢᠨ ᠦᠵᠡᠯ᠂ ᠨᠣᠶᠠᠨᠴᠢ | ᠰᠤᠷᠲᠠᠯ ᠤᠨ ᠦᠵᠡᠭᠳᠡᠯ ᠮᠥᠨ ᠬᠦ ᠨᠡᠯᠢᠶᠡᠳ ᠲᠣᠪᠣᠶᠢᠮ᠎ᠠ ᠣᠷᠣᠰᠢᠵᠤ᠂ ᠥᠭᠡᠷᠡᠴᠢᠯᠡᠯᠲᠡ ᠬᠥᠭᠵᠢᠭᠦᠯᠦᠯᠲᠡ ᠶᠢᠨ ᠵᠠᠷᠢᠮ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠤᠭᠰᠠᠨ ᠢᠶᠠᠷ ᠬᠦᠷᠦᠯᠴᠡᠬᠦ ᠦᠭᠡᠢ ᠪᠠᠶᠢᠨ᠎ᠠ᠃ ᠵᠠᠷᠢᠮ ᠺᠠᠳ᠋ᠷ ᠬᠠᠷᠢᠭᠤᠴᠠᠯᠭ᠎ᠠ ᠡᠭᠦᠷᠭᠡᠯᠡᠵᠦ ᠰᠢᠷᠭᠠᠭᠤ ᠠᠵᠢᠯᠯᠠᠬᠤ ᠵᠣᠷᠢᠭ ᠰᠠᠨᠠᠭ᠎ᠠ ᠪᠠᠷ ᠳᠤᠲᠠᠮᠠᠭ | ᠪᠠᠶᠢᠵᠤ᠂ ᠨᠠᠵᠠᠭᠠᠶᠢᠷᠠᠨ ᠬᠤᠶᠢᠷᠭᠤᠰᠢᠵᠤ ᠬᠠᠷᠢᠭᠤᠴᠠᠯᠭ᠎ᠠ ᠠᠴᠠ ᠵᠠᠶᠢᠯᠠᠨ᠂ ᠥᠩᠭᠡᠪᠴᠢ ᠠᠵᠢᠯ ᠬᠢᠵᠦ ᠪᠠᠶᠢᠨ᠎ᠠ᠃ ᠵᠠᠷᠢᠮ ᠬᠦᠷᠢᠶᠡᠨ ᠳᠤ ᠢᠯᠵᠢᠷᠡᠯ ᠤᠨ | ᠠᠰᠠᠭᠤᠳᠠᠯ ᠮᠥᠨ ᠯᠡ ᠤᠯᠠᠨ ᠭᠠᠷᠴᠤ ᠪᠠᠶᠢᠨ᠎ᠠ᠃ ᠪᠢᠳᠡ ᠯᠠᠪ ᠠᠰᠠᠭᠤᠳᠠᠯ ᠪᠠ ᠰᠢᠯᠭᠠᠯᠲᠠ ᠳᠤ ᠰᠢᠭᠤᠳ ᠬᠠᠨᠳᠤᠵᠤ᠂ ᠪᠦᠭᠦ ᠰᠡᠳᠬᠢᠯ ᠪᠦᠭᠦ ᠴᠢᠳᠠᠯ ᠢᠶᠠᠷ ᠢᠶᠠᠨ | ᠠᠵᠢᠯ ᠢᠶᠠᠨ ᠰᠠᠶᠢᠲᠤᠷ ᠬᠢᠵᠦ᠂ ᠠᠷᠠᠳ ᠲᠦᠮᠡᠨ ᠤ ᠬᠦᠰᠡᠯ ᠡᠷᠡᠮᠡᠯᠵᠡᠯ ᠪᠠ ᠬᠦᠨᠳᠦ ᠨᠠᠶᠢᠳᠠᠯᠭ᠎ᠠ ᠶᠢ ᠶᠠᠭᠠᠬᠢᠭᠰᠠᠨ ᠴᠤ ᠬᠥᠰᠡᠷᠳᠡᠭᠦᠯᠬᠦ ᠦᠭᠡᠢ︕ | ᠠᠷᠠᠳ ᠤᠨ ᠠᠮᠢᠳᠤᠷᠠᠯ ᠤᠨ ᠪᠠᠲᠤᠯᠠᠭ᠎ᠠ ᠬᠦᠴᠦᠲᠡᠢ ᠪᠥᠭᠡᠳ ᠪᠦᠲᠦᠮᠵᠢᠲᠡᠢ ᠪᠣᠯᠪᠠ᠃ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠤᠯᠬᠤ | ᠣᠷᠣᠯᠭ᠎ᠠ 6.1% ᠪᠠᠷ ᠨᠡᠮᠡᠭᠳᠡᠵᠦ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠵᠥᠷᠢᠶ᠎ᠡ ᠦᠷᠭᠦᠯᠵᠢᠯᠡᠨ ᠪᠠᠭᠠᠰᠪᠠ᠃ ᠶᠠᠳᠠᠭᠤ ᠠᠴᠠ | ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠭᠰᠡᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠶᠠᠳᠠᠭᠤ ᠠᠴᠠ ᠠᠩᠭᠢᠵᠢᠷᠠᠭᠰᠠᠨ ᠭᠠᠵᠠᠷ ᠣᠷᠣᠨ ᠤ | ᠬᠥᠳᠡᠭᠡ ᠲᠣᠰᠬᠤᠨ ᠤ ᠰᠠᠭᠤᠭᠠᠯᠢ ᠠᠷᠠᠳ ᠤᠨ ᠣᠷᠣᠯᠭ᠎ᠠ 8.4% ᠪᠠᠷ ᠨᠡᠮᠡᠭᠳᠡᠪᠡ᠃ ᠠᠯᠪᠠᠨ ᠵᠢᠷᠤᠮ ᠤᠨ ᠰᠤᠷᠭᠠᠨ ᠬᠥᠮᠦᠵᠢᠯ᠂ ᠨᠠᠰᠤᠵᠢᠯ ᠤᠨ ᠦᠨᠳᠦᠰᠦᠨ | ᠠᠰᠠᠷᠠᠮᠵᠢ᠂ ᠦᠨᠳᠦᠰᠦᠨ ᠡᠮᠨᠡᠯᠭᠡ ᠵᠡᠷᠭᠡ ᠶᠢᠨ ᠡᠳ᠋ ᠤᠨ ᠵᠠᠰᠠᠭ ᠤᠨ ᠨᠥᠬᠦᠪᠦᠷᠢ ᠶᠢᠨ ᠡᠷᠴᠢᠮ ᠢ ᠴᠢᠩᠭᠠᠷᠠᠭᠤᠯᠵᠤ᠂ ᠠᠪᠤᠷᠠᠨ ᠲᠤᠰᠠᠯᠠᠯᠲᠠ ᠶᠢᠨ ᠪᠠᠲᠤᠯᠠᠭ᠎ᠠ | ᠭᠦᠷᠳᠡᠭᠦ ᠡᠲᠡᠭᠡᠳ ᠤᠨ ᠬᠡᠪᠴᠢᠶ᠎ᠡ ᠶᠢ ᠥᠷᠭᠡᠳᠬᠡᠪᠡ᠃ ᠬᠤᠪᠢ ᠬᠥᠮᠥᠨ ᠤ ᠠᠰᠢᠭ ᠣᠷᠣᠯᠭ᠎ᠠ ᠶᠢᠨ ᠭᠠᠶᠢᠯᠢ ᠳᠠᠬᠢ ︽ᠨᠠᠰᠤᠲᠠᠨ ᠢ ᠠᠰᠠᠷᠠᠬᠤ ᠪᠠ ᠬᠡᠦᠬᠡᠳ | ᠬᠥᠮᠥᠵᠢᠭᠦᠯᠬᠦ︾ ᠲᠤᠰᠬᠠᠢ ᠵᠦᠢᠯ ᠤᠨ ᠨᠡᠮᠡᠯᠲᠡ ᠰᠠᠭᠤᠳᠬᠠᠯ ᠤᠨ ᠪᠠᠷᠢᠮᠵᠢᠶ᠎ᠠ ᠶᠢ ᠳᠡᠭᠡᠭᠰᠢᠯᠡᠭᠦᠯᠵᠦ᠂ 6600 ᠭᠠᠷᠤᠢ ᠲᠦᠮᠡᠨ ᠭᠠᠶᠢᠯᠢ ᠲᠤᠰᠢᠶᠠᠭᠴᠢ ᠠᠰᠢᠭ | ᠭᠦᠷᠲᠡᠪᠡ᠃ ᠬᠤᠲᠠ ᠪᠠᠯᠭᠠᠰᠤᠨ ᠤ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠵᠠᠰᠠᠬᠤ ᠪᠠ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ | ᠬᠠᠩᠭᠠᠯᠭ᠎ᠠ ᠶᠢ ᠴᠢᠩᠭᠠᠳᠬᠠᠵᠤ᠂ ᠮᠢᠩᠭ᠎ᠠ ᠭᠠᠷᠤᠢ ᠲᠦᠮᠡᠨ ᠭᠡᠷ ᠪᠦᠯᠢ ᠳᠤ ᠠᠰᠢᠭ ᠬᠦᠷᠲᠡᠭᠡᠪᠡ᠃ | ᠥᠩᠭᠡᠷᠡᠭᠰᠡᠨ ᠨᠢᠭᠡ ᠵᠢᠯ ᠢ ᠡᠷᠭᠢᠴᠡᠭᠦᠯᠪᠡᠯ᠂ ᠤᠯᠠᠨ ᠳᠠᠪᠬᠤᠷ ᠪᠡᠷᠬᠡᠰᠢᠶᠡᠯ ᠪᠠ ᠰᠢᠯᠭᠠᠯᠲᠠ ᠰᠣᠯᠪᠢᠴᠠᠨ ᠳᠠᠪᠬᠤᠴᠠᠵᠤ᠂ ᠮᠠᠨ ᠤ ᠤᠯᠤᠰ ᠤᠨ ᠠᠵᠤ ᠠᠬᠤᠢ | ᠳᠠᠪᠠᠯᠭᠠᠨ ᠮᠠᠶ᠋ᠢᠭ ᠢᠶᠠᠷ ᠬᠥᠭᠵᠢᠵᠦ᠂ ᠨᠤᠭᠤᠷᠠᠯ ᠪᠦᠳᠦᠷᠢᠯ ᠲᠠᠢ ᠪᠠᠷ ᠤᠷᠤᠭᠰᠢᠯᠠᠨ᠂ ᠠᠮᠵᠢᠯᠲᠠ ᠪᠦᠲᠦᠮᠵᠢ ᠶᠢ ᠭᠢᠯᠪᠠᠷ ᠪᠤᠰᠤ ᠪᠠᠷ ᠣᠯᠣᠭᠰᠠᠨ ᠶᠤᠮ᠃ | ᠳᠡᠯᠡᠬᠡᠢ ᠶᠢᠨ ᠪᠠᠶᠢᠳᠠᠯ ᠠᠴᠠ ᠠᠪᠴᠤ ᠦᠵᠡᠪᠡᠯ᠂ ᠳᠡᠯᠡᠬᠡᠢ ᠶᠢᠨ ᠠᠵᠤ ᠠᠬᠤᠢ ᠶᠢᠨ ᠰᠡᠷᠭᠦᠯᠲᠡ ᠳᠣᠷᠪᠢ ᠮᠠᠭᠤᠲᠠᠢ᠂ ᠭᠠᠵᠠᠷ ᠣᠷᠣᠨ ᠤ ᠤᠯᠤᠰ ᠲᠦᠷᠦ ᠶᠢᠨ | ᠮᠥᠷᠭᠦᠯᠳᠦᠭᠡᠨ ᠰᠢᠷᠦᠭᠦᠰᠴᠦ᠂ ᠬᠠᠮᠠᠭᠠᠯᠠᠬᠤ ᠦᠵᠡᠯ᠂ ᠭᠠᠭᠴᠠ ᠲᠠᠯᠠᠲᠤ ᠦᠵᠡᠯ ᠳᠡᠭᠡᠭᠰᠢᠯᠡᠵᠦ᠂ ᠮᠠᠨ ᠤ ᠤᠯᠤᠰ ᠤᠨ ᠬᠥᠭᠵᠢᠯᠲᠡ ᠳᠤ ᠦᠵᠡᠭᠦᠯᠭᠦ ᠭᠠᠳᠠᠭᠠᠳᠤ | ᠣᠷᠴᠢᠨ ᠨᠥᠬᠦᠴᠡᠯ ᠤᠨ ᠠᠰᠢᠭ ᠦᠭᠡᠢ ᠨᠥᠯᠥᠭᠡ ᠦᠷᠭᠦᠯᠵᠢᠯᠡᠨ ᠶᠡᠬᠡᠰᠴᠦ ᠪᠠᠶᠢᠨ᠎ᠠ᠃ ᠤᠯᠤᠰ ᠤᠨ ᠳᠣᠲᠣᠭᠠᠳᠤ ᠶᠢᠨ ᠪᠠᠶᠢᠳᠠᠯ ᠠᠴᠠ ᠠᠪᠴᠤ ᠦᠵᠡᠪᠡᠯ᠂ | ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠭᠤᠷᠪᠠᠨ ᠵᠢᠯ ᠤᠨ ᠳᠠᠭᠠᠷᠢᠯᠲᠠ ᠶᠢ ᠥᠩᠭᠡᠷᠡᠭᠡᠭᠡᠳ᠂ ᠠᠵᠤ ᠠᠬᠤᠢ ᠶᠢᠨ ᠰᠡᠷᠭᠦᠯᠲᠡ ᠬᠥᠭᠵᠢᠯᠲᠡ ᠶᠢᠨ | ᠲᠤᠰ ᠪᠡᠶ᠎ᠡ ᠳᠤ ᠴᠥᠭᠡᠨ ᠪᠤᠰᠤ ᠬᠦᠴᠢᠷ ᠠᠰᠠᠭᠤᠳᠠᠯ ᠣᠷᠣᠰᠢᠵᠤ᠂ ᠤᠷᠲᠤ ᠬᠤᠭᠤᠴᠠᠭ᠎ᠠ ᠪᠠᠷ ᠬᠤᠷᠠᠮᠳᠤᠭᠰᠠᠨ ᠭᠦᠨ ᠳᠠᠪᠬᠤᠷᠭ᠎ᠠ ᠶᠢᠨ ᠵᠥᠷᠢᠴᠡᠯ ᠲᠦᠷᠭᠡᠰᠦᠨ | ᠢᠯᠡᠷᠡᠵᠦ᠂ ᠮᠠᠰᠢ ᠣᠯᠠᠨ ᠰᠢᠨ᠎ᠡ ᠪᠠᠶᠢᠳᠠᠯ ᠰᠢᠨ᠎ᠡ ᠠᠰᠠᠭᠤᠳᠠᠯ ᠴᠤ ᠬᠤᠶᠢᠨ᠎ᠠ ᠬᠤᠶᠢᠨ᠎ᠠ ᠠᠴᠠ ᠪᠠᠨ ᠢᠯᠡᠷᠡᠨ ᠭᠠᠷᠪᠠ᠃ ᠭᠠᠳᠠᠭᠠᠳᠤ ᠬᠡᠷᠡᠭᠴᠡᠭᠡ ᠪᠠᠭᠤᠷᠠᠵᠤ | ᠪᠠᠶᠢᠬᠤ ᠪᠠ ᠳᠣᠲᠣᠭᠠᠳᠤ ᠬᠡᠷᠡᠭᠴᠡᠭᠡ ᠬᠦᠷᠦᠯᠴᠡᠬᠦ ᠦᠭᠡᠢ ᠪᠠᠶᠢᠬᠤ ᠪᠠᠶᠢᠳᠠᠯ ᠳᠠᠪᠬᠤᠴᠠᠵᠤ᠂ ᠦᠶᠡᠯᠡᠯ ᠤᠨ ᠴᠢᠨᠠᠷᠲᠠᠢ ᠪᠠ ᠪᠦᠲᠦᠴᠡ ᠶᠢᠨ ᠴᠢᠨᠠᠷᠲᠠᠢ ᠠᠰᠠᠭᠤᠳᠠᠯ | ᠵᠡᠷᠭᠡ ᠪᠠᠷ ᠣᠷᠣᠰᠢᠵᠤ᠂ ᠵᠠᠷᠢᠮ ᠭᠠᠵᠠᠷ ᠣᠷᠣᠨ ᠤ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ᠂ ᠣᠷᠣᠨ ᠨᠤᠲᠤᠭ ᠤᠨ ᠥᠷᠢ ᠥᠭᠴᠡᠭᠡ᠂ ᠳᠤᠮᠳᠠ ᠵᠢᠵᠢᠭ | ᠮᠥᠩᠭᠦᠨ ᠭᠦᠢᠯᠭᠡᠭᠡᠨ ᠤ ᠪᠠᠶᠢᠭᠤᠯᠤᠮᠵᠢ ᠵᠡᠷᠭᠡ ᠶᠢᠨ ᠲᠦᠭᠰᠢᠭᠦᠷᠢ ᠶᠢᠨ ᠳᠠᠯᠳᠠ ᠭᠡᠮ ᠲᠣᠪᠣᠶᠢᠮ᠎ᠠ ᠢᠯᠡᠷᠡᠵᠦ᠂ ᠬᠡᠰᠡᠭ ᠭᠠᠵᠠᠷ ᠣᠷᠣᠨ ᠦᠶᠡᠷ ᠤᠰᠤᠲᠤᠯ᠂ | ᠲᠠᠶᠢᠹᠧᠩ ᠰᠠᠯᠬᠢ᠂ ᠭᠠᠵᠠᠷ ᠬᠥᠳᠡᠯᠦᠯᠲᠡ ᠵᠡᠷᠭᠡ ᠬᠦᠨᠳᠦ ᠨᠣᠴᠢᠲᠠᠢ ᠪᠠᠶᠢᠭᠠᠯᠢ ᠶᠢᠨ ᠭᠠᠮᠰᠢᠭ ᠲᠤ ᠲᠠᠭᠠᠷᠢᠬᠳᠠᠪᠠ᠃ ᠡᠶᠢᠮᠦᠷᠬᠦᠦ ᠪᠠᠶᠢᠳᠠᠯ ᠤᠨ ᠳᠣᠣᠷ᠎ᠠ᠂ | ᠲᠦᠷᠦ ᠶᠢᠨ ᠪᠣᠳᠣᠯᠭ᠎ᠠ ᠶᠢ ᠰᠣᠩᠭᠤᠬᠤ ᠪᠠ ᠠᠵᠢᠯ ᠢ ᠠᠬᠢᠭᠤᠯᠬᠤ ᠳᠤ ᠲᠤᠯᠭᠠᠷᠠᠬᠤ ᠢᠩᠭᠢᠪᠡᠴᠦ ᠪᠡᠷᠬᠡᠲᠡᠢ ᠲᠡᠭᠡᠪᠡᠴᠦ ᠪᠡᠷᠬᠡᠲᠡᠢ ᠬᠡᠷᠬᠢᠪᠡᠴᠦ ᠪᠡᠷᠬᠡᠲᠡᠢ ᠠᠰᠠᠭᠤᠳᠠᠯ | ᠢᠯᠡᠳᠲᠡ ᠣᠯᠠᠰᠢᠷᠠᠪᠠ᠃ ᠤᠯᠤᠰ ᠳᠠᠶᠠᠭᠠᠷ ᠤᠨ ᠬᠠᠮᠲᠤ ᠶᠢᠨ ᠴᠢᠷᠮᠠᠶᠢᠯᠭ᠎ᠠ ᠪᠠᠷ ᠳᠠᠮᠵᠢᠨ᠂ ᠪᠦᠭᠦ ᠵᠢᠯ ᠤᠨ ᠵᠢᠱᠢᠭᠰᠡᠨ ᠬᠥᠭᠵᠢᠯᠲᠡ ᠶᠢᠨ ᠬᠠᠷᠠᠯᠲᠠ ᠶᠢ | ᠪᠡᠶᠡᠯᠡᠭᠦᠯᠦᠭᠰᠡᠨ ᠢᠶᠠᠷ ᠪᠠᠷᠠᠬᠤ ᠦᠭᠡᠢ ᠮᠠᠰᠢ ᠤᠯᠠᠨ ᠲᠠᠯ᠎ᠠ ᠪᠠᠷ ᠪᠠᠰᠠ ᠢᠳᠡᠪᠬᠢᠲᠡᠢ ᠰᠠᠶᠢᠵᠢᠷᠠᠬᠤ ᠬᠤᠪᠢᠷᠠᠯᠲᠠ ᠭᠠᠷᠤᠭᠰᠠᠨ ᠪᠠᠶᠢᠨ᠎ᠠ᠃ ᠢᠯᠠᠩᠭᠤᠶ᠎ᠠ ᠪᠢᠳᠡ ᠰᠢᠨ᠎ᠡ | ᠴᠠᠭ ᠦᠶ᠎ᠡ ᠳᠤ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠲᠤᠬᠠᠢ ᠵᠢᠮ᠎ᠡ ᠶᠣᠰᠣᠴᠢ ᠴᠢᠨᠠᠷᠲᠠᠢ ᠲᠠᠨᠢᠯᠲᠠ ᠪᠠᠨ ᠭᠦᠨᠵᠡᠭᠡᠶᠢᠷᠡᠭᠦᠯᠵᠦ᠂ ᠬᠦᠨᠳᠦ ᠶᠡᠭᠡ ᠬᠦᠴᠢᠷ | ᠪᠡᠷᠬᠡᠰᠢᠶᠡᠯ ᠢ ᠢᠯᠠᠨ ᠳᠠᠪᠠᠭ᠋ᠤ ᠡᠷᠬᠢᠮ ᠨᠠᠨᠳᠢᠨ ᠲᠤᠷᠰᠢᠯᠭ᠎ᠠ ᠶᠢ ᠬᠤᠷᠠᠮᠳᠤᠭᠤᠯᠪᠠ᠃ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ | ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠳᠤᠮᠳᠠᠳᠤ ᠤᠯᠤᠰ ᠤᠨ ᠠᠷᠠᠳ ᠲᠦᠮᠡᠨ ᠶᠠᠮᠠᠷᠪᠠ ᠬᠦᠴᠢᠷ ᠪᠡᠷᠬᠡᠰᠢᠶᠡᠯ ᠬᠠᠷᠰᠢ ᠰᠠᠭᠠᠳ ᠢ ᠢᠯᠠᠨ | ᠳᠠᠪᠠᠭ᠋ᠤ ᠰᠥᠰᠥ ᠵᠣᠷᠢᠭ᠂ ᠤᠶᠤᠨ ᠤᠬᠠᠭᠠᠨ᠂ ᠴᠢᠳᠠᠪᠤᠷᠢ ᠲᠠᠢ ᠶᠤᠮ᠂ ᠳᠤᠮᠳᠠᠳᠤ ᠤᠯᠤᠰ ᠤᠨ ᠬᠥᠭᠵᠢᠯᠲᠡ ᠯᠠᠪᠲᠠᠢ ᠰᠠᠯᠬᠢ ᠬᠥᠯᠭᠡᠯᠡᠨ ᠳᠠᠪᠠᠯᠭᠠᠨ ᠢ ᠵᠦᠰᠦᠵᠦ | ᠂ ᠭᠡᠭᠡᠨ ᠰᠠᠷᠠᠭᠤᠯ ᠢᠷᠡᠭᠡᠳᠦᠢ ᠲᠡᠶᠢᠰᠢ ᠤᠷᠤᠭᠰᠢᠯᠠᠵᠤ ᠴᠢᠳᠠᠬᠤ ᠶᠤᠮ ᠭᠡᠳᠡᠭ ᠢ ᠦᠢᠯᠡᠳᠦᠯᠭᠡ ᠭᠦᠢᠴᠡᠳ ᠬᠠᠷᠠᠭᠤᠯᠵᠠᠢ︕ | ᠨᠢᠭᠡ ᠵᠢᠯ ᠤᠨ ᠲᠤᠷᠰᠢ᠂ ᠪᠢᠳᠡ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠦᠭᠦᠳᠡ | ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ | ᠶᠣᠰᠣᠭᠠᠷ᠂ ᠭᠤᠣᠯᠳᠠᠭᠤ ᠳᠣᠣᠷᠠᠬᠢ ᠠᠵᠢᠯ ᠤᠳ ᠢ ᠬᠢᠪᠡ᠃ | ᠨᠢᠭᠡ ᠳᠤ ᠬᠤᠷᠸ᠎ᠠ ᠲᠣᠬᠢᠷᠠᠭᠤᠯᠤᠯ ᠡᠵᠡᠮᠳᠡᠯ ᠤᠨ ᠡᠷᠴᠢᠮ ᠢ ᠴᠢᠩᠭᠠᠷᠠᠭᠤᠯᠵᠤ᠂ ᠠᠵᠤ ᠠᠬᠤᠢ ᠶᠢᠨ ᠠᠵᠢᠯᠯᠠᠭᠠᠨ ᠤ ᠦᠷᠭᠦᠯᠵᠢᠯᠡᠨ ᠰᠠᠶᠢᠵᠢᠷᠠᠬᠤ ᠶᠢ | ᠠᠬᠢᠭᠤᠯᠪᠠ᠃ ᠬᠦᠨᠳᠦ ᠬᠡᠴᠡᠭᠦᠦ ᠰᠢᠯᠭᠠᠯᠲᠠ ᠪᠣᠯᠣᠨ ᠬᠢᠵᠢᠭ ᠤᠨ ᠳᠠᠷᠠᠭᠠᠬᠢ ᠠᠵᠤ ᠠᠬᠤᠢ ᠶᠢᠨ ᠰᠡᠷᠭᠦᠯᠲᠡ ᠶᠢᠨ ᠣᠨᠴᠠᠯᠢᠭ ᠲᠤ ᠴᠢᠭᠯᠡᠭᠦᠯᠦᠨ᠂ ᠪᠢᠳᠡ ᠨᠡᠮᠡᠭᠳᠡᠯ ᠢ | ᠲᠣᠭᠲᠠᠭᠤᠨ ᠪᠠᠶᠢᠯᠭᠠᠬᠤ ᠪᠠ ᠰᠡᠯᠭᠦᠬᠦ ᠬᠦᠴᠦᠨ ᠢ ᠨᠡᠮᠡᠭᠳᠡᠭᠦᠯᠬᠦ ᠶᠢ ᠨᠢᠭᠡᠳᠦᠯᠲᠡᠢ ᠲᠥᠯᠥᠪᠯᠡᠵᠦ᠂ ᠦᠨᠳᠦᠰᠦ ᠰᠠᠭᠤᠷᠢ ᠶᠢ ᠪᠠᠬᠢᠵᠢᠭᠦᠯᠬᠦ ᠶᠢ ᠳᠣᠪᠤᠶᠢᠯᠭᠠᠵᠤ᠂ | ᠨᠠᠷᠢᠯᠢᠭ ᠣᠨᠣᠴᠠᠲᠠᠢ ᠪᠠᠷ ᠠᠷᠭ᠎ᠠ ᠪᠣᠳᠣᠯᠭ᠎ᠠ ᠬᠡᠷᠡᠭᠵᠢᠭᠦᠯᠬᠦ ᠶᠢ ᠴᠢᠬᠤᠯᠠᠴᠢᠯᠠᠵᠤ᠂ ᠬᠤᠷᠸ᠎ᠠ ᠲᠣᠬᠢᠷᠠᠭᠤᠯᠤᠯ ᠡᠵᠡᠮᠳᠡᠯ ᠤᠨ ᠴᠠᠭ ᠬᠡᠮᠵᠢᠶ᠎ᠡ ᠪᠦᠲᠦᠮᠵᠢ ᠶᠢ ᠡᠵᠡᠮᠳᠡᠵᠦ | ᠂ ᠦᠶᠡᠯᠡᠯ ᠥᠭᠰᠥᠭᠦᠯᠦᠨ ᠲᠣᠬᠢᠷᠠᠭᠤᠯᠤᠯᠲᠠ ᠬᠢᠬᠦ ᠶᠢ ᠴᠢᠩᠭᠠᠳᠬᠠᠵᠤ᠂ ︽ᠨᠡᠯᠦᠶᠢᠯᠭᠡᠨ ᠤᠰᠤᠯᠠᠬᠤ︾ ᠪᠠ ᠣᠬᠤᠷ ᠬᠤᠭᠤᠴᠠᠭᠠᠨ ᠤ ᠴᠢᠩᠭ᠎ᠠ ᠰᠡᠳᠦᠯᠲᠡ ᠥᠭᠬᠦ | ᠦᠭᠡᠢ ᠪᠠᠶᠢᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠡᠭᠡᠷ᠎ᠡ ᠨᠡᠩ ᠢᠯᠡᠭᠦᠦ ᠬᠦᠴᠦᠯᠡᠨ᠂ ᠪᠦᠭᠦ ᠵᠢᠯ ᠤᠨ ᠠᠵᠤ ᠠᠬᠤᠢ ᠶᠢᠨ ᠠᠵᠢᠯᠯᠠᠭᠠᠨ ᠳᠤ ᠡᠮᠦᠨᠡᠬᠢ | ᠬᠤᠭᠤᠴᠠᠭᠠᠨ ᠳᠤ ᠳᠣᠣᠷ᠎ᠠ᠂ ᠳᠤᠮᠳᠠ ᠬᠤᠭᠤᠴᠠᠭᠠᠨ ᠳᠤ ᠥᠨᠳᠥᠷ᠂ ᠰᠡᠭᠦᠯ ᠤᠨ ᠬᠤᠭᠤᠴᠠᠭᠠᠨ ᠳᠤ ᠲᠣᠭᠲᠠᠭᠤᠨ ᠪᠠᠶᠢᠳᠠᠯ ᠢᠯᠡᠷᠡᠪᠡ᠃ ᠳᠣᠲᠣᠭᠠᠳᠤ | ᠬᠡᠷᠡᠭᠴᠡᠭᠡ ᠶᠢ ᠥᠷᠭᠡᠳᠬᠡᠬᠦ᠂ ᠪᠦᠲᠦᠴᠡ ᠶᠢ ᠰᠢᠯᠢᠳᠡᠭᠵᠢᠭᠦᠯᠬᠦ᠂ ᠢᠲᠡᠭᠡᠯ ᠵᠣᠷᠢᠭ ᠢ ᠬᠥᠪᠴᠢᠯᠡᠬᠦ᠂ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠶᠢᠨ | ᠲᠣᠭᠤᠷᠢᠨ ᠳᠤ᠂ ᠬᠡᠰᠡᠭ ᠱᠠᠲᠤ ᠦᠶᠡᠴᠢ ᠴᠢᠨᠠᠷᠲᠠᠢ ᠲᠦᠷᠤ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠦᠭᠰᠡᠨ ᠪᠠ ᠰᠢᠯᠢᠳᠡᠭᠵᠢᠭᠦᠯᠵᠦ᠂ ᠨᠢᠭᠡ ᠪᠦᠯᠦᠭ ᠰᠢᠨ᠎ᠡ | ᠲᠥᠷᠥ ᠶᠢᠨ ᠪᠣᠳᠣᠯᠭ᠎ᠠ ᠶᠢ ᠴᠠᠭ ᠲᠤᠬᠠᠢ ᠳᠤᠨᠢ ᠨᠡᠶᠢᠲᠡᠯᠡᠵᠦ᠂ ᠬᠦᠴᠦᠲᠡᠢ ᠪᠥᠭᠡᠳ ᠪᠦᠲᠦᠮᠵᠢᠲᠡᠶ ᠬᠠᠮ ᠲᠥᠷᠥ ᠶᠢᠨ ᠪᠣᠳᠣᠯᠭ᠎ᠠ ᠶᠢ ᠬᠡᠷᠡᠭᠵᠢᠭᠦᠯᠪᠡ᠃ ᠡᠳ᠋ ᠤᠨ | ᠵᠠᠰᠠᠭ ᠤᠨ ᠲᠥᠷᠥ ᠶᠢᠨ ᠪᠣᠳᠣᠯᠭ᠎ᠠ ᠶᠢᠨ ᠡᠷᠴᠢᠮ ᠢ ᠴᠢᠩᠭᠠᠷᠠᠭᠤᠯᠤᠨ ᠦᠷ᠎ᠡ ᠪᠦᠳᠤᠮᠵᠢ ᠶᠢ ᠲᠡᠭᠡᠭᠰᠢᠯᠡᠭᠦᠯᠵᠤ᠂ ᠭᠤᠣᠯᠳᠠᠯᠭ᠎ᠠ ᠲᠠᠢ ᠬᠦᠷᠢᠶᠡᠨ ᠳᠠᠬᠢ | ᠵᠠᠷᠤᠯᠭ᠎ᠠ ᠶᠢᠨ ᠪᠠᠲᠤᠯᠠᠭ᠎ᠠ ᠶᠢ ᠴᠢᠩᠭᠠᠳᠬᠠᠵᠤ᠂ ᠪᠦᠭᠦ ᠵᠢᠯ ᠳᠤ ᠰᠢᠨ᠎ᠡ ᠪᠠᠷ ᠨᠡᠮᠡᠭᠳᠡᠭᠰᠡᠨ ᠭᠠᠶᠢᠯᠢ ᠰᠦᠢᠳᠬᠡᠯ ᠤᠨ ᠬᠠᠷᠠᠭᠠᠯᠵᠠᠯ 2.2 ᠲᠦᠮᠡᠨ ᠳ᠋ᠦᠩᠰᠢᠭᠤᠷ | ᠲᠥᠭᠦᠷᠢᠭ ᠢ ᠳᠠᠪᠠᠵᠤ᠂ 1 ᠲᠦᠮᠡᠨ ᠳ᠋ᠦᠩᠰᠢᠭᠤᠷ ᠲᠥᠭᠦᠷᠢᠭ ᠤᠨ ᠤᠯᠤᠰ ᠤᠨ ᠵᠢᠭᠡᠯᠡᠯᠭᠡ ᠶᠢ ᠨᠡᠮᠡᠨ ᠲᠠᠷᠬᠠᠭᠠᠵᠤ᠂ ᠭᠠᠮᠰᠢᠭ ᠤᠨ ᠳᠠᠷᠠᠭᠠᠬᠢ ᠰᠡᠷᠭᠦᠭᠡᠵᠦ ᠲᠠᠭᠢᠨ | ᠪᠦᠲᠦᠭᠡᠨ ᠪᠠᠶᠢᠭᠤᠯᠬᠤ ᠪᠠ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠴᠢᠳᠠᠪᠤᠷᠢ ᠶᠢ ᠲᠡᠭᠡᠭᠰᠢᠯᠡᠭᠦᠯᠭᠦ ᠶᠢ ᠳᠡᠮᠵᠢᠪᠡ᠃ | ᠵᠣᠭᠤᠰᠤᠨ ᠤ ᠲᠥᠷᠥ ᠶᠢᠨ ᠪᠣᠳᠣᠯᠭ᠎ᠠ ᠶᠢ ᠨᠠᠷᠢᠯᠢᠭ ᠣᠨᠣᠴᠠᠲᠠᠢ ᠪᠥᠭᠡᠳ ᠬᠦᠴᠦᠲᠡᠢ ᠪᠠᠶᠢᠯᠭᠠᠵᠤ᠂ ᠬᠠᠳᠠᠭᠠᠯᠠᠮᠵᠢ ᠶᠢᠨ ᠪᠡᠯᠡᠳᠬᠡᠯ ᠮᠥᠩᠭᠦᠨ ᠤ ᠨᠤᠷᠮ᠎ᠠ ᠶᠢ ᠬᠤᠶᠠᠷ | ᠤᠳᠠᠭ᠎ᠠ ᠪᠠᠭᠤᠷᠠᠭᠤᠯᠵᠤ᠂ ᠲᠦᠷᠦ ᠶᠢᠨ ᠪᠣᠳᠣᠯᠭ᠎ᠠ ᠶᠢᠨ ᠴᠢᠨᠠᠷᠲᠠᠢ ᠬᠦᠦ ᠮᠥᠩᠭᠦ ᠶᠢᠨ ᠨᠤᠷᠮ᠎ᠠ ᠶᠢ ᠬᠤᠶᠠᠷ ᠤᠳᠠᠭ᠎ᠠ ᠪᠠᠭᠤᠷᠠᠭᠤᠯᠵᠤ᠂ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠡᠭᠦᠳᠦᠯᠲᠡ᠂ ᠲᠡᠷᠢᠭᠦᠨ ᠤ ᠦᠢᠯᠡᠳᠬᠦ ᠦᠢᠯᠡᠰ᠂ ᠲᠦᠭᠡᠮᠡᠯ ᠬᠠᠷᠠᠭᠠᠯᠵᠠᠯᠲᠤ ᠵᠢᠵᠢᠭ ᠪᠢᠴᠢᠯ ᠠᠵᠤ ᠠᠬᠤᠶᠢᠯᠠᠯ᠂ ᠨᠣᠭᠤᠭᠠᠨ ᠬᠥᠭᠵᠢᠯᠲᠡ | ᠵᠡᠷᠭᠡ ᠶᠢᠨ ᠵᠢᠭᠡᠯᠡᠯᠭᠡ ᠶᠢ ᠶᠡᠭᠡ ᠪᠠᠷ ᠨᠡᠮᠡᠭᠳᠡᠭᠦᠯᠪᠡ᠃ ᠮᠠᠰᠢᠨ ᠲᠡᠷᠭᠡ᠂ ᠭᠡᠷ ᠦᠷᠤᠭᠡ᠂ ᠡᠯᠧᠺᠲᠷᠣᠨ ᠦᠢᠯᠡᠳᠬᠦᠨ᠂ ᠵᠢᠭᠤᠯᠴᠢᠯᠠᠯ ᠵᠡᠷᠭᠡ ᠶᠢᠨ ᠬᠡᠷᠡᠭᠯᠡᠭᠡ ᠶᠢ | ᠳᠡᠮᠵᠢᠬᠦ ᠲᠥᠷᠥ ᠶᠢᠨ ᠪᠣᠳᠣᠯᠭ᠎ᠠ ᠶᠢ ᠨᠡᠶᠢᠲᠡᠯᠡᠵᠦ᠂ ᠪᠥᠭᠡᠮ ᠬᠡᠷᠡᠭᠯᠡᠭᠡ ᠯᠠᠪᠳᠠᠭᠤᠨ ᠢᠶᠠᠷ ᠰᠡᠷᠭᠦᠨ ᠳᠡᠭᠡᠭᠰᠢᠯᠡᠵᠦ᠂ ᠠᠮᠢᠳᠤᠷᠠᠯ ᠤᠨ ᠦᠢᠯᠡᠴᠢᠯᠡᠭᠡᠨ ᠤ ᠬᠡᠷᠡᠭᠯᠡᠭᠡ ᠶᠢᠨ | ᠰᠡᠷᠭᠦᠯᠲᠡ ᠲᠦᠷᠭᠡᠰᠪᠡ᠃ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠬᠥᠰᠢᠨ ᠬᠥᠳᠡᠯᠭᠡᠬᠦ ᠦᠢᠯᠡᠳᠦᠯ ᠢ ᠪᠠᠳᠠᠷᠠᠭᠤᠯᠵᠤ᠂ ᠠᠷᠠᠳ ᠤᠨ ᠪᠡᠯᠡ | ᠣᠷᠣᠭᠤᠯᠤᠯᠲᠠ ᠶᠢ ᠠᠬᠢᠭᠤᠯᠬᠤ ᠲᠦᠷᠦ ᠶᠢᠨ ᠪᠣᠳᠣᠯᠭ᠎ᠠ ᠶᠢ ᠲᠣᠭᠲᠠᠭᠠᠵᠤ᠂ ᠡᠨᠧᠷᠭᠢ ᠶᠢᠨ ᠰᠤᠷᠪᠤᠯᠵᠢ᠂ ᠤᠰᠤᠨ ᠠᠰᠢᠭᠯᠠᠯᠲᠠ ᠵᠡᠷᠭᠡ ᠰᠠᠭᠤᠷᠢ ᠲᠥᠬᠦᠭᠡᠷᠦᠮᠵᠢ | ᠪᠣᠯᠣᠨ ᠦᠢᠯᠡᠳᠬᠦ ᠦᠢᠯᠡᠰ ᠤᠨ ᠪᠡᠯᠡ ᠣᠷᠣᠭᠤᠯᠤᠯᠲᠠ ᠨᠡᠯᠢᠶᠡᠳ ᠲᠦᠷᠭᠡᠨ ᠨᠡᠮᠡᠭᠳᠡᠪᠡ᠃ ᠬᠤᠲᠠ ᠶᠢᠨ ᠪᠠᠶᠢᠳᠠᠯ ᠳᠤᠨᠢ ᠲᠣᠬᠢᠷᠠᠭᠤᠯᠵᠤ ᠠᠷᠭ᠎ᠠ ᠪᠣᠳᠣᠯᠭ᠎ᠠ | ᠬᠡᠷᠡᠭᠵᠢᠭᠦᠯᠦᠨ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠲᠣᠬᠢᠷᠠᠭᠤᠯᠤᠯ ᠡᠵᠡᠮᠳᠡᠯ ᠢ ᠰᠢᠯᠢᠳᠡᠭᠵᠢᠭᠦᠯᠵᠦ᠂ ᠣᠷᠣᠨ ᠰᠠᠭᠤᠴᠠ ᠶᠢᠨ ᠵᠢᠭᠡᠯᠡᠯᠭᠡ ᠶᠢᠨ | ᠥᠪᠡᠷ ᠤᠨ ᠥᠷᠲᠡᠭ ᠢ ᠪᠠᠭᠤᠷᠠᠭᠤᠯᠬᠤ ᠶᠢ ᠠᠬᠢᠭᠤᠯᠤᠨ᠂ ᠠᠰᠠᠷ ᠢ ᠪᠠᠲᠤᠲᠠᠢ ᠲᠤᠰᠢᠶᠠᠬᠤ ᠠᠵᠢᠯ ᠢ ᠢᠳᠡᠪᠬᠢᠲᠡᠢ ᠪᠠᠷ ᠠᠬᠢᠭᠤᠯᠪᠠ᠃ ᠣᠷᠣᠨ ᠨᠤᠲᠤᠭ ᠤᠨ ᠥᠷᠢ | ᠥᠭᠴᠡᠭᠡ ᠶᠢ ᠠᠷᠢᠯᠭᠠᠬᠤ ᠪᠦᠭᠦᠨ ᠢ ᠬᠠᠮᠤᠷᠤᠭᠰᠠᠨ ᠲᠥᠰᠥᠯ ᠢ ᠲᠣᠭᠲᠠᠭᠠᠨ ᠬᠡᠷᠡᠭᠵᠢᠭᠦᠯᠵᠦ᠂ ᠮᠥᠩᠭᠦᠨ ᠭᠦᠢᠯᠭᠡᠭᠡᠨ ᠤ ᠲᠦᠭᠰᠢᠭᠦᠷᠢ ᠶᠢ ᠲᠦᠷᠦᠯ ᠬᠤᠪᠢᠶᠠᠨ | ᠰᠢᠢᠳᠪᠦᠷᠢᠯᠡᠵᠦ᠂ ᠰᠢᠰᠲ᠋ᠧᠮ ᠤᠨ ᠴᠢᠨᠠᠷᠲᠠᠢ ᠲᠦᠭᠰᠢᠭᠦᠷᠢ ᠦᠯᠦ ᠭᠠᠷᠭᠠᠬᠤ ᠬᠢᠵᠠᠭᠠᠷ ᠱᠤᠭᠤᠮ ᠢ ᠰᠠᠬᠢᠵᠤ ᠴᠢᠳᠠᠪᠠ᠃ | ᠬᠤᠶᠠᠷ ᠲᠤ ᠰᠢᠨ᠎ᠡ ᠶᠢ ᠡᠭᠦᠳᠬᠦ ᠳᠤ ᠲᠦᠰᠢᠭᠯᠡᠨ ᠠᠵᠤ ᠦᠢᠯᠡᠰ ᠤᠨ ᠲᠡᠰ ᠳᠡᠪᠰᠢᠬᠦ ᠶᠢ ᠬᠥᠲᠥᠯᠥᠨ ᠳᠠᠭᠠᠭᠤᠯᠵᠤ᠂ ᠬᠤᠳᠠ ᠬᠥᠳᠡᠭᠡ ᠣᠷᠣᠨ | ᠪᠦᠰᠡ ᠶᠢᠨ ᠬᠥᠭᠵᠢᠯᠲᠡ ᠶᠢᠨ ᠰᠢᠨ᠎ᠡ ᠬᠥᠳᠡᠯᠭᠡᠭᠴᠢ ᠡᠨᠧᠷᠭᠢ ᠶᠢ ᠴᠢᠩᠭᠠᠷᠠᠭᠤᠯᠪᠠ᠃ ᠤᠯᠤᠰ ᠤᠨ ᠪᠠᠶᠢᠯᠳᠤᠬᠤ ᠪᠣᠳᠣᠯᠭ᠎ᠠ ᠶᠢᠨ ᠰᠢᠨᠵᠢᠯᠡᠬᠦ ᠤᠬᠠᠭᠠᠨ | ᠮᠡᠷᠭᠡᠵᠢᠯ ᠤᠨ ᠬᠦᠴᠦᠨ ᠢ ᠴᠢᠩᠭᠠᠳᠬᠠᠵᠤ᠂ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠲᠥᠰᠥᠯ ᠢ ᠲᠦᠷᠭᠡᠯᠡᠨ ᠬᠡᠷᠡᠭᠵᠢᠭᠦᠯᠪᠡ᠃ ᠰᠢᠨ᠎ᠡ ᠭᠡᠯᠪᠡᠷᠢ ᠶᠢᠨ | ᠠᠵᠤ ᠦᠢᠯᠡᠳᠪᠦᠷᠢᠵᠢᠯᠲᠡ ᠶᠢ ᠪᠦᠭᠦ ᠲᠠᠯ᠎ᠠ ᠪᠠᠷ ᠪᠠᠶᠢᠷᠢᠯᠠᠭᠤᠯᠤᠨ ᠠᠬᠢᠭᠤᠯᠪᠠ᠃ ᠠᠵᠤ ᠦᠢᠯᠡᠳᠪᠦᠷᠢ ᠶᠢᠨ ᠠᠵᠤ ᠠᠬᠤᠢ ᠶᠢᠨ ᠠᠵᠢᠯᠯᠠᠭᠠᠨ ᠢ | ᠲᠣᠭᠲᠠᠪᠤᠷᠢᠵᠢᠭᠤᠯᠬᠤ᠂ ᠲᠡᠷᠢᠭᠦᠨ ᠤ ᠦᠢᠯᠡᠳᠬᠦ ᠦᠢᠯᠡᠰ ᠢ ᠳᠡᠮᠵᠢᠬᠦ ᠠᠷᠭ᠎ᠠ ᠬᠡᠮᠵᠢᠶ᠎ᠡ ᠶᠢ ᠨᠡᠶᠢᠲᠡᠯᠡᠵᠦ᠂ ᠭᠤᠣᠯᠳᠠᠯᠭ᠎ᠠ ᠲᠠᠢ ᠠᠵᠢᠯ ᠲᠥᠷᠥᠯ ᠤᠨ ᠠᠵᠤ | ᠠᠬᠤᠶᠢᠯᠠᠯ ᠤᠨ ᠰᠤᠳᠤᠯᠤᠨ ᠨᠡᠭᠡᠭᠡᠬᠦ ᠵᠠᠷᠤᠳᠠᠯ ᠤᠨ ᠨᠡᠮᠡᠨ ᠪᠤᠳᠣᠵᠤ ᠰᠠᠭᠤᠯᠭᠠᠨ ᠬᠠᠰᠤᠬᠤ ᠬᠠᠷᠢᠴᠠᠯ ᠢ ᠳᠡᠭᠡᠭᠰᠢᠯᠡᠭᠦᠯᠵᠦ᠂ ᠭᠤᠣᠯᠳᠠᠯᠭ᠎ᠠ ᠲᠠᠢ ᠠᠵᠤ ᠦᠢᠯᠡᠰ ᠤᠨ | ᠬᠡᠯᠬᠢᠶ᠎ᠡ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠂ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠠᠰᠢᠭ ᠬᠤᠨᠵᠢᠪᠤᠷᠢ ᠪᠠᠭᠤᠷᠠᠵᠤ | ᠪᠠᠶᠢᠭᠰᠠᠨ ᠠᠴᠠ ᠪᠠᠨ ᠨᠡᠮᠡᠭᠳᠡᠬᠦ ᠪᠣᠯᠪᠠ᠃ ᠳ᠋ᠢᠵᠢᠲ᠋ᠠᠯ ᠠᠵᠤ ᠠᠬᠤᠢ ᠲᠦᠷᠭᠡᠯᠡᠨ ᠬᠥᠭᠵᠢᠵᠦ᠂ 5G ᠬᠡᠷᠡᠭᠯᠡᠭᠴᠢ ᠶᠢᠨ ᠲᠦᠭᠡᠮᠡᠯᠵᠢᠭᠰᠡᠨ ᠨᠣᠷᠮ᠎ᠠ 50% ᠶᠢ | ᠳᠠᠪᠠᠪᠠ᠃ ᠰᠢᠨ᠎ᠡ ᠭᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠬᠤᠲᠠ ᠳᠤ ᠡᠷᠦᠭᠡ ᠠᠮᠠ ᠣᠷᠤᠭᠤᠯᠬᠤ | ᠨᠥᠬᠦᠴᠡᠯ ᠢ ᠤᠯᠠᠮ ᠨᠢᠭᠡ ᠠᠯᠬᠤᠮ ᠠᠭᠤᠵᠢᠭᠤ ᠴᠢᠯᠦᠭᠡᠲᠡᠢ ᠪᠤᠯᠭᠠᠵᠤ᠂ ᠰᠢᠶᠠᠨ ᠤ ᠬᠤᠲᠠ ᠶᠢᠨ ᠶᠡᠷᠦᠩᠬᠡᠶᠢᠯᠡᠭᠰᠡᠨ ᠳᠠᠭᠠᠭᠠᠬᠤ ᠴᠢᠳᠠᠪᠤᠷᠢ ᠶᠢ ᠴᠢᠩᠭᠠᠷᠠᠭᠤᠯᠤᠨ᠂ | ᠪᠠᠶᠢᠩᠭᠤ ᠰᠠᠭᠤᠭ᠎ᠠ ᠬᠥᠮᠥᠨ ᠠᠮᠠ ᠶᠢᠨ ᠬᠤᠲᠠ ᠪᠠᠯᠭᠠᠰᠤᠵᠢᠯᠲᠠ ᠶᠢᠨ ᠨᠣᠷᠮ᠎ᠠ ᠶᠢ 66.2% ᠪᠤᠯᠲᠠᠯ᠎ᠠ ᠳᠡᠭᠡᠭᠰᠢᠯᠡᠭᠦᠯᠪᠡ᠃ ᠲᠠᠷᠢᠶᠠᠯᠠᠩ ᠤᠨ ᠬᠥᠭᠵᠢᠯᠲᠡ ᠶᠢ | ᠳᠡᠮᠵᠢᠬᠦ ᠲᠥᠷᠥ ᠶᠢᠨ ᠪᠣᠳᠣᠯᠭ᠎ᠠ ᠶᠢ ᠴᠢᠩᠭᠠᠳᠬᠠᠵᠤ᠂ ᠭᠠᠮᠰᠢᠭ ᠲᠠᠢ ᠲᠡᠮᠡᠴᠡᠵᠦ ᠡᠯᠪᠡᠭ ᠬᠤᠷᠢᠶᠠᠯᠲᠠ ᠶᠢ ᠲᠡᠮᠡᠴᠡᠨ ᠣᠯᠬᠤ ᠠᠵᠢᠯ ᠢ ᠬᠦᠴᠦᠲᠡᠢ ᠥᠷᠨᠢᠭᠦᠯᠵᠦ᠂ | ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠶᠢ ᠮᠢᠩᠭᠠᠨ ᠳ᠋ᠦᠩᠰᠢᠭᠤᠷ ᠵᠢᠩ ᠨᠡᠮᠡᠭᠳᠡᠭᠦᠯᠬᠦ ᠰᠢᠨ᠎ᠡ ᠨᠢᠭᠡᠨ ᠡᠭᠡᠯᠵᠢ ᠶᠢᠨ ᠠᠵᠢᠯᠯᠠᠭ᠎ᠠ ᠶᠢ ᠬᠡᠷᠡᠭᠵᠢᠭᠦᠯᠵᠦ᠂ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠪᠠ᠃ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢᠨ | ᠪᠠᠶᠢᠭᠤᠯᠤᠯ ᠲᠣᠭᠲᠠᠴᠠ ᠶᠢ ᠲᠡᠭᠦᠯᠳᠡᠷᠵᠢᠭᠦᠯᠵᠦ᠂ ᠣᠷᠣᠨ ᠪᠦᠰᠡ ᠶᠢᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠬᠤ ᠲᠠᠯ᠎ᠠ ᠪᠠᠷ ᠨᠢᠭᠡ | ᠪᠦᠯᠦᠭ ᠰᠢᠨ᠎ᠡ ᠠᠷᠭ᠎ᠠ ᠬᠡᠮᠵᠢᠶ᠎ᠡ ᠶᠢ ᠭᠠᠷᠭᠠᠵᠤ᠂ ᠨᠢᠭᠡ ᠪᠦᠯᠦᠭ ᠴᠢᠬᠤᠯᠠ ᠶᠡᠭᠡ ᠲᠥᠰᠥᠯ ᠢ ᠬᠡᠷᠡᠭᠵᠢᠭᠦᠯᠵᠦ᠂ ᠣᠷᠣᠨ ᠪᠦᠰᠡ ᠶᠢᠨ ᠬᠥᠭᠵᠢᠯᠲᠡ ᠶᠢᠨ ᠵᠣᠬᠢᠴᠠᠯᠳᠤ | ᠴᠢᠨᠠᠷ ᠪᠠ ᠲᠡᠩᠴᠡᠭᠦᠷᠢᠲᠦ ᠴᠢᠨᠠᠷ ᠢ ᠲᠠᠰᠤᠷᠠᠯᠲᠠ ᠦᠭᠡᠢ ᠴᠢᠩᠭᠠᠷᠠᠭᠤᠯᠪᠠ᠃ | ᠭᠤᠷᠪᠠ ᠳᠤ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠨᠡᠭᠡᠭᠡᠯᠲᠡ ᠶᠢ ᠥᠷᠭᠡᠳᠬᠡᠵᠦ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ | ᠰᠠᠶᠢᠵᠢᠷᠠᠭᠤᠯᠪᠠ᠃ ᠪᠦᠭᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠢ ᠪᠦᠲᠦᠭᠡᠨ ᠪᠠᠶᠢᠭᠤᠯᠬᠤ ᠶᠡᠷᠦᠩᠬᠡᠢ ᠠᠵᠢᠯ ᠤᠨ ᠲᠥᠰᠥᠯ ᠢ ᠨᠡᠶᠢᠲᠡᠯᠡᠵᠦ᠂ | ᠭᠤᠤᠯᠴᠢ ᠥᠷᠢᠰᠦᠯᠳᠦᠭᠡᠨ ᠢ ᠬᠠᠷᠰᠢᠯᠠᠬᠤ ᠨᠢᠭᠡ ᠪᠦᠯᠦᠭ ᠲᠦᠷᠦ ᠶᠢᠨ ᠪᠣᠳᠣᠯᠭ᠎ᠠ ᠶᠢᠨ ᠲᠣᠭᠲᠠᠭᠠᠯ ᠢ ᠢᠯᠭᠠᠷᠠᠭᠤᠯᠤᠨ ᠴᠡᠪᠡᠷᠯᠡᠪᠡ᠃ ᠤᠯᠤᠰ ᠤᠨ ᠥᠮᠴᠢᠯᠡᠯ ᠤᠨ | ᠠᠵᠤ ᠠᠬᠤᠶᠢᠯᠠᠯ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ᠂ ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ ᠬᠥᠭᠵᠢᠯᠲᠡ ᠶᠢ ᠳᠡᠮᠵᠢᠬᠦ ᠲᠥᠷᠥ ᠶᠢᠨ | ᠪᠣᠳᠣᠯᠭ᠎ᠠ ᠶᠢ ᠲᠤᠰ ᠲᠤᠰ ᠭᠠᠷᠭᠠᠵᠤ᠂ ᠵᠠᠰᠠᠭ ᠤᠨ ᠣᠷᠳᠣᠨ ᠪᠠ ᠠᠵᠤ ᠠᠬᠤᠶᠢᠯᠠᠯ ᠤᠨ ᠪᠠᠶᠢᠩᠭᠤ ᠶᠢᠨ ᠴᠢᠨᠠᠷᠲᠠᠢ ᠪᠠᠷ ᠨᠡᠪᠲᠡᠷᠡᠯᠴᠡᠨ ᠰᠣᠯᠢᠯᠴᠠᠬᠤ ᠲᠣᠭᠲᠠᠴᠠ ᠶᠢ | ᠪᠠᠶᠢᠭᠤᠯᠵᠤ᠂ ᠠᠵᠤ ᠠᠬᠤᠶᠢᠯᠠᠯ ᠤᠨ ᠠᠪᠴᠠᠭᠠᠨ ᠤ ᠵᠣᠭᠤᠰ ᠢ ᠥᠷᠢᠲᠦᠬᠦ ᠶᠢ ᠢᠯᠭᠠᠷᠠᠭᠤᠯᠤᠨ ᠴᠡᠪᠡᠷᠯᠡᠬᠦ ᠲᠤᠰᠬᠠᠢ ᠠᠵᠢᠯᠯᠠᠭ᠎ᠠ ᠶᠢ ᠥᠷᠨᠢᠭᠦᠯᠵᠦ᠂ | ᠲᠣᠭᠲᠠᠭᠠᠯ ᠠᠴᠠ ᠵᠥᠷᠢᠴᠡᠭᠰᠡᠨ ᠰᠦᠢᠳᠬᠡᠯ ᠬᠤᠷᠢᠶᠠᠯᠲᠠ ᠶᠢ ᠴᠡᠭᠴᠡᠯᠡᠨ ᠵᠠᠰᠠᠬᠤ ᠠᠵᠢᠯ ᠢ ᠴᠢᠩᠭᠠᠳᠬᠠᠪᠠ᠃ ᠡᠳ᠋ ᠤᠨ ᠵᠠᠰᠠᠭ ᠭᠠᠶᠢᠯᠢ ᠮᠥᠩᠭᠦᠨ ᠭᠦᠢᠯᠭᠡᠭᠡ᠂ | ᠲᠠᠷᠢᠶᠠᠯᠠᠩ ᠬᠥᠳᠡᠭᠡ ᠲᠣᠰᠬᠤᠨ᠂ ᠠᠮᠢ ᠠᠬᠤᠢ ᠶᠢᠨ ᠣᠷᠴᠢᠨ ᠨᠥᠬᠦᠴᠡᠯ ᠤᠨ ᠬᠠᠮᠠᠭᠠᠯᠠᠯᠲᠠ ᠵᠡᠷᠭᠡ ᠬᠦᠷᠢᠶᠡᠨ ᠳᠠᠬᠢ ᠥᠭᠡᠷᠡᠴᠢᠯᠡᠯᠲᠡ ᠶᠢ ᠭᠦᠨᠵᠡᠭᠡᠶᠢᠷᠡᠭᠦᠯᠪᠡ᠃ | ᠭᠠᠳᠠᠭᠠᠳᠤ ᠠᠷᠠᠯᠵᠢᠶᠠᠨ ᠤ ᠬᠡᠪᠴᠢᠶ᠎ᠡ ᠶᠢ ᠲᠣᠭᠲᠠᠪᠤᠷᠢᠵᠢᠭᠤᠯᠬᠤ ᠪᠠ ᠪᠦᠲᠦᠴᠡ ᠶᠢ ᠰᠢᠯᠢᠳᠡᠭᠵᠢᠭᠦᠯᠬᠦ ᠶᠢ ᠠᠬᠢᠭᠤᠯᠵᠤ᠂ ᠴᠠᠭᠢᠯᠭᠠᠨ ᠮᠠᠰᠢᠨ ᠲᠡᠷᠭᠡ᠂ ᠯᠢᠲ᠋ᠢ ᠳ᠋ᠢᠶᠠᠨ | ᡂᠢ᠂ ᠭᠡᠷᠡᠯ ᠴᠠᠭᠢᠯᠭᠠᠨ ᠤ ᠦᠢᠯᠡᠳᠬᠦᠨ ︽ᠰᠢᠨ᠎ᠡ ᠭᠤᠷᠪᠠᠨ ᠵᠦᠢᠯ︾ ᠤᠨ ᠭᠠᠳᠠᠭᠠᠳᠤ ᠭᠠᠷᠭᠠᠯᠲᠠ 30% ᠰᠢᠬᠠᠮ ᠢᠶᠠᠷ ᠨᠡᠮᠡᠭᠳᠡᠪᠡ᠃ ᠭᠠᠳᠠᠭᠠᠳᠤ ᠪᠡᠯᠡ ᠶᠢ | ᠲᠠᠲᠠᠬᠤ ᠲᠦᠷᠦ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠳᠦᠷᠢᠮ ᠤᠨ ᠭᠡᠯᠪᠡᠷᠢ ᠶᠢᠨ ᠨᠡᠭᠡᠭᠡᠯᠲᠡ ᠶᠢ ᠥᠷᠭᠡᠳᠬᠡᠪᠡ᠃ ︽ᠨᠢᠭᠡ ᠪᠦᠰᠡ ᠨᠢᠭᠡ ᠵᠠᠮ︾ ᠢ | ᠬᠠᠮᠲᠤ ᠪᠠᠷ ᠪᠠᠶᠢᠭᠤᠯᠬᠤ ᠶᠢᠨ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠵᠤ᠂ ᠬᠠᠮᠲᠤ ᠪᠠᠷ ᠪᠠᠶᠢᠭᠤᠯᠬᠤ ᠤᠯᠤᠰ ᠯᠤᠭ᠎ᠠ ᠶᠢᠨ ᠠᠷᠠᠯᠵᠢᠶ᠎ᠠ | ᠪᠡᠯᠡ ᠣᠷᠣᠭᠤᠯᠤᠯᠲᠠ ᠨᠡᠯᠢᠶᠡᠳ ᠲᠦᠷᠭᠡᠨ ᠢᠶᠠᠷ ᠨᠡᠮᠡᠭᠳᠡᠪᠡ᠃ | ᠳᠥᠷᠪᠡ ᠳᠤ ᠠᠮᠢ ᠠᠬᠤᠢ ᠶᠢᠨ ᠣᠷᠴᠢᠨ ᠨᠥᠬᠦᠴᠡᠯ ᠤᠨ ᠬᠠᠮᠠᠭᠠᠯᠠᠯᠲᠠ ᠵᠠᠰᠠᠯᠲᠠ ᠶᠢ ᠴᠢᠩᠭᠠᠳᠬᠠᠵᠤ᠂ ᠬᠥᠭᠵᠢᠯᠲᠡ ᠶᠢᠨ ᠠᠷᠭ᠎ᠠ ᠮᠠᠶ᠋ᠢᠭ ᠤᠨ ᠨᠣᠭᠤᠭᠠᠨ | ᠬᠤᠪᠢᠷᠠᠭᠤᠯᠤᠯᠲᠠ ᠶᠢ ᠲᠦᠷᠭᠡᠳᠬᠡᠪᠡ᠃ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢ ᠭᠦᠨᠵᠡᠭᠡᠢ ᠠᠬᠢᠭᠤᠯᠪᠠ᠃ ᠴᠡᠯᠮᠡᠭ | ᠲᠡᠭᠷᠢ᠂ ᠲᠤᠩᠭᠠᠯᠠᠭ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠲᠠᠶᠢᠨ ᠢ ᠦᠷᠭᠦᠯᠵᠢᠯᠡᠨ ᠰᠠᠶᠢᠲᠤᠷ ᠬᠢᠪᠡ᠃ ᠴᠢᠬᠤᠯᠠ ᠠᠮᠢ ᠠᠬᠤᠢ ᠶᠢᠨ ᠰᠢᠰᠲ᠋ᠧᠮ ᠢ | ᠬᠠᠮᠠᠭᠠᠯᠠᠬᠤ ᠪᠠ ᠵᠠᠰᠠᠨ ᠰᠡᠷᠭᠦᠭᠡᠬᠦ ᠴᠢᠬᠤᠯᠠ ᠶᠡᠭᠡ ᠢᠨᠵᠧᠨᠧᠷᠢᠩ ᠢ ᠲᠦᠷᠭᠡᠯᠡᠨ ᠬᠡᠷᠡᠭᠵᠢᠭᠦᠯᠪᠡ᠃ ᠬᠥᠷᠥᠰᠥ ᠰᠢᠷᠣᠢ ᠶᠢᠨ ᠢᠳᠡᠭᠳᠡᠯ᠂ ᠴᠥᠯᠯᠡᠷᠭᠡᠭᠵᠢᠯ ᠢ | ᠶᠡᠷᠦᠩᠬᠡᠶᠢᠯᠡᠨ ᠰᠡᠷᠭᠡᠶᠢᠯᠡᠨ ᠵᠠᠰᠠᠬᠤ ᠠᠵᠢᠯ ᠢ ᠰᠠᠶᠢᠲᠤᠷ ᠠᠳᠬᠤᠪᠠ᠃ ᠠᠮᠢ ᠠᠬᠤᠢ ᠶᠢᠨ ᠣᠷᠴᠢᠨ ᠨᠥᠬᠦᠴᠡᠯ ᠤᠨ ᠬᠠᠮᠠᠭᠠᠯᠠᠯᠲᠠ ᠶᠢᠨ ᠰᠢᠪᠠᠳᠠᠨ ᠪᠠᠶᠢᠴᠠᠭᠠᠯᠲᠠ ᠶᠢ | ᠴᠢᠩᠭᠠᠳᠬᠠᠪᠠ᠃ ᠨᠣᠭᠤᠭᠠᠨ ᠪᠥᠭᠡᠳ ᠨᠡᠭᠦᠷᠡᠰᠦᠲᠥ᠋ᠷᠥᠭᠴᠢ ᠪᠠᠭᠠᠲᠠᠢ ᠠᠵᠤ ᠦᠢᠯᠡᠰ ᠤᠨ ᠬᠥᠭᠵᠢᠯᠲᠡ ᠶᠢ ᠳᠡᠮᠵᠢᠬᠦ ᠲᠦᠷᠦ ᠶᠢᠨ ᠪᠣᠳᠣᠯᠭ᠎ᠠ ᠶᠢ ᠲᠣᠭᠲᠠᠭᠠᠪᠠ᠃ | ᠭᠤᠣᠯᠳᠠᠯᠭ᠎ᠠ ᠲᠠᠢ ᠠᠵᠢᠯ ᠲᠥᠷᠥᠯ ᠤᠨ ᠭᠡᠲᠦ ᠳᠣᠣᠷ᠎ᠠ ᠭᠠᠳᠠᠭᠰᠢᠯᠠᠭᠤᠯᠬᠤ ᠥᠭᠡᠷᠡᠴᠢᠯᠡᠯᠲᠡ ᠶᠢ ᠠᠬᠢᠭᠤᠯᠪᠠ᠃ ᠨᠡᠭᠦᠷᠡᠰᠦᠳᠦ᠋ᠷᠦᠭᠴᠢ ᠶᠢᠨ | ᠭᠠᠳᠠᠭᠰᠢᠯᠠᠭᠤᠯᠤᠯᠲᠠ ᠶᠢ ᠤᠷᠭᠢᠯ ᠬᠡᠮᠵᠢᠭᠳᠡᠯ ᠳᠤᠨᠢ ᠬᠦᠷᠭᠡᠬᠦ ᠲᠤᠷᠰᠢᠯᠲᠠ ᠶᠢᠨ ᠲᠦᠷᠦᠭᠦᠥ ᠪᠦᠯᠦᠭ ᠤᠨ ᠬᠤᠳᠠ ᠪᠠ ᠬᠦᠷᠢᠶᠡᠯᠡᠩ ᠲᠣᠭᠤᠷᠢᠭ ᠤᠨ ᠪᠦᠲᠦᠭᠡᠨ | ᠪᠠᠶᠢᠭᠤᠯᠤᠯᠲᠠ ᠶᠢ ᠡᠬᠢᠯᠡᠭᠦᠯᠪᠡ᠃ ᠪᠦᠭᠦ ᠪᠥᠮᠪᠥᠷᠴᠡᠭ ᠤᠨ ᠠᠭᠤᠷ ᠠᠮᠢᠰᠬᠤᠯ ᠤᠨ ᠵᠠᠰᠠᠯᠲᠠ ᠳᠤ ᠢᠳᠡᠪᠬᠢᠲᠡᠢ ᠣᠷᠣᠯᠴᠠᠬᠰᠠᠨ ᠪᠠ ᠲᠡᠭᠦᠨ ᠢ ᠠᠬᠢᠭᠤᠯᠪᠠ᠃ | ᠲᠠᠪᠤ ᠳᠤ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠬᠦᠴᠦᠯᠡᠨ ᠰᠠᠶᠢᠲᠤᠷ ᠠᠳᠬᠤᠵᠤ᠂ ᠨᠡᠶᠢᠭᠡᠮ ᠤᠨ ᠦᠢᠯᠡᠰ ᠤᠨ ᠬᠥᠭᠵᠢᠯᠲᠡ ᠶᠢ ᠠᠬᠢᠭᠤᠯᠪᠠ᠃ | ᠣᠯᠠᠨ ᠲᠦᠮᠡᠨ ᠤ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ | ᠬᠢᠪᠡ᠃ ᠠᠵᠢᠯ ᠣᠯᠭᠤᠯᠲᠠ ᠶᠢ ᠲᠣᠭᠲᠠᠭᠤᠨ ᠪᠠᠶᠢᠯᠭᠠᠬᠤ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠠᠵᠤ ᠠᠬᠤᠶᠢᠯᠠᠯ ᠤᠨ ᠠᠵᠢᠯ ᠤᠨ ᠪᠠᠶᠢᠷᠢ ᠶᠢ | ᠲᠣᠭᠲᠠᠪᠤᠷᠢᠵᠢᠭᠤᠯᠤᠨ ᠠᠵᠢᠯ ᠤᠨ ᠪᠠᠶᠢᠷᠢ ᠶᠢ ᠥᠷᠭᠡᠳᠬᠡᠬᠦ ᠶᠢ ᠳᠡᠮᠵᠢᠬᠦ ᠲᠥᠷᠥ ᠶᠢᠨ ᠪᠣᠳᠣᠯᠭ᠎ᠠ ᠶᠢ ᠨᠡᠶᠢᠲᠡᠯᠡᠵᠦ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ | ᠵᠡᠷᠭᠡ ᠭᠤᠣᠯᠳᠠᠯᠭ᠎ᠠ ᠲᠠᠢ ᠬᠠᠮᠲᠤᠯᠢᠭ ᠲᠤ ᠠᠵᠢᠯ ᠣᠯᠭᠤᠬᠤ ᠶᠢ ᠠᠬᠢᠭᠤᠯᠬᠤ ᠦᠢᠯᠡᠴᠢᠯᠡᠭᠡ ᠶᠢ ᠴᠢᠩᠭᠠᠳᠬᠠᠵᠤ᠂ ᠶᠠᠳᠠᠭᠤ ᠠᠴᠠ ᠠᠩᠭᠢᠵᠢᠷᠠᠭᠰᠠᠨ ᠬᠥᠮᠥᠨ | ᠠᠮᠠ ᠶᠢᠨ ᠠᠵᠢᠯ ᠭᠦᠳᠡᠯᠮᠤᠷᠢ ᠬᠢᠬᠦ ᠬᠡᠪᠴᠢᠶ᠎ᠡ 3300 ᠲᠦᠮᠡ ᠶᠢ ᠳᠠᠪᠠᠪᠠ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭᠤᠷᠠᠢ ᠭᠤᠭᠴᠤᠭ᠎ᠠ ᠶᠢᠨ | ᠪᠠᠶᠢᠭᠤᠯᠤᠯᠲᠠ ᠶᠢ ᠴᠢᠩᠭᠠᠳᠬᠠᠵᠤ᠂ ︽ᠬᠤᠶᠠᠷ ᠢ ᠬᠥᠩᠭᠡᠷᠡᠭᠦᠯᠬᠦ︾ ᠠᠵᠢᠯ ᠢ ᠰᠠᠶᠢᠲᠤᠷ ᠬᠢᠵᠦ᠂ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢᠨ | ᠪᠠᠷᠢᠮᠵᠢᠶ᠎ᠠ ᠶᠢ ᠳᠡᠭᠡᠭᠰᠢᠯᠡᠭᠦᠯᠦᠨ ᠬᠦᠦ ᠮᠥᠩᠭᠦ ᠶᠢ ᠨᠢ ᠪᠠᠭᠤᠷᠠᠭᠤᠯᠤᠭᠠᠳ 1100 ᠭᠠᠷᠤᠢ ᠲᠦᠮᠡᠨ ᠰᠤᠷᠤᠬᠴᠢᠳ ᠲᠤ ᠠᠰᠢᠭ ᠬᠦᠷᠲᠡᠭᠡᠪᠡ᠃ ᠰᠢᠨ᠎ᠡ ᠲᠢᠲᠢᠮᠯᠢᠭ | ᠸᠢᠷᠦ᠋ᠰ ᠤᠨ ᠬᠠᠯᠳᠠᠪᠤᠷᠢᠯᠠᠯ ᠳᠤ ︽ᠬᠥᠬᠡᠭᠴᠢᠨ ᠲᠦᠷᠦᠯ ᠬᠥᠬᠡᠭᠴᠢᠨ ᠬᠠᠮᠢᠶᠠᠷᠤᠯᠲᠠ︾ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠬᠠᠯᠳᠠᠪᠤᠷᠢᠲᠤ | ᠲᠠᠭᠰᠢᠭᠤᠷ᠂ ᠰᠠᠯᠠᠭᠠᠲᠤ ᠠᠩᠬᠠᠨ ᠤ ᠪᠠᠶᠠᠳᠠᠨ ᠤ ᠠᠭᠤᠰᠬᠢᠨ ᠦᠷᠪᠢᠰᠦᠯ ᠵᠡᠷᠭᠡ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠠᠵᠢᠯ ᠢ ᠯᠠᠪᠳᠠᠭᠤᠨ | ᠪᠠᠲᠤᠲᠠᠢ ᠰᠠᠶᠢᠲᠤᠷ ᠬᠢᠪᠡ᠃ ᠠᠵᠢᠯᠲᠠᠨ ᠠᠵᠢᠯᠴᠢᠨ ᠤ ᠡᠮᠨᠡᠯᠭᠡ ᠶᠢᠨ ᠳᠠᠭᠠᠳᠬᠠᠯ ᠤᠨ ᠡᠩ ᠤᠨ ᠡᠭᠦᠳᠡᠨ ᠡᠮᠨᠡᠯᠭᠡ ᠶᠢᠨ ᠵᠠᠷᠤᠳᠠᠯ ᠢ ᠨᠢᠭᠡᠳᠦᠯᠲᠡᠢ ᠲᠥᠯᠥᠪᠯᠡᠬᠦ ᠶᠢ | ᠬᠡᠷᠡᠭᠵᠢᠭᠦᠯᠪᠡ᠃ ᠨᠡᠶᠢᠭᠡᠮ ᠲᠣᠭᠤᠷᠢᠭ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ | ᠨᠠᠰᠤᠲᠠᠶᠢᠴᠤᠳ ᠤᠨ ᠬᠤᠭᠤᠯᠠ ᠪᠤᠳᠠᠭ᠎ᠠ ᠳᠤ ᠲᠤᠰᠠᠯᠠᠮᠵᠢ ᠥᠵᠡᠭᠦᠯᠭᠦ ᠦᠢᠯᠡᠴᠢᠯᠡᠭᠡ ᠶᠢ ᠶᠡᠭᠡ ᠪᠠᠷ ᠬᠥᠭᠵᠢᠭᠦᠯᠪᠡ᠃ ᠠᠰᠠᠷᠠᠨ ᠬᠠᠷᠠᠭᠠᠯᠵᠠᠬᠤ ᠪᠠᠷᠢᠮᠵᠢᠶ᠎ᠠ ᠶᠢ | ᠳᠡᠭᠡᠭᠰᠢᠯᠡᠭᠦᠯᠪᠡ᠃ ᠬᠦᠴᠢᠷᠳᠡᠯᠲᠡᠢ ᠣᠯᠠᠨ ᠲᠦᠮᠡᠨ ᠤ ᠦᠨᠳᠦᠰᠦᠨ ᠵᠦᠢᠯ ᠢ ᠪᠠᠲᠤᠯᠠᠬᠤ ᠪᠠᠲᠤᠯᠠᠭ᠎ᠠ ᠶᠢ ᠴᠢᠩᠭᠠᠳᠬᠠᠪᠠ᠃ ᠬᠠᠶᠢᠾᠧ ᠭᠤᠣᠯ ᠵᠡᠷᠭᠡ ᠰᠠᠪᠠ | ᠭᠠᠵᠠᠷ ᠤᠨ ᠣᠨᠴᠠ ᠶᠡᠭᠡ ᠦᠶᠡᠷ ᠤᠰᠤᠲᠤᠯ ᠤᠨ ᠭᠠᠮᠰᠢᠭ ᠢ ᠪᠦᠲᠦᠮᠵᠢᠲᠡᠶ ᠠᠷᠭᠠᠴᠠᠵᠤ᠂ ᠭᠠᠨᠰᠤ ᠶᠢᠨ ᠵᠢᠢ ᠱᠢ ᠱᠠᠨ ᠤ ᠭᠠᠵᠠᠷ ᠬᠥᠳᠡᠯᠦᠯᠲᠡ ᠵᠡᠷᠭᠡ ᠶᠢᠨ | ᠠᠶᠤᠯ ᠠᠴᠠ ᠠᠪᠤᠷᠠᠨ ᠲᠤᠰᠠᠯᠠᠬᠤ ᠠᠵᠢᠯ ᠢ ᠰᠠᠶᠢᠲᠤᠷ ᠬᠢᠵᠦ᠂ ᠭᠠᠮᠰᠢᠭ ᠤᠨ ᠳᠠᠷᠠᠭ᠎ᠠ ᠰᠡᠷᠭᠦᠭᠡᠨ ᠳᠠᠭᠢᠨ ᠪᠦᠲᠦᠭᠡᠨ ᠪᠠᠶᠢᠭᠤᠯᠬᠤ ᠠᠵᠢᠯ ᠢ ᠴᠢᠩᠭᠠᠳᠬᠠᠪᠠ᠃ | ᠰᠣᠶᠣᠯ ᠢ ᠤᠯᠠᠮᠵᠢᠯᠠᠨ ᠬᠥᠭᠵᠢᠭᠦᠯᠬᠦ ᠶᠢ ᠠᠬᠢᠭᠤᠯᠵᠤ᠂ ᠵᠢᠭᠤᠯᠴᠢᠯᠠᠯ ᠤᠨ ᠵᠠᠬ᠎ᠠ ᠳᠡᠯᠭᠡᠭᠦᠷ ᠪᠦᠭᠦ ᠲᠠᠯ᠎ᠠ ᠪᠠᠷ ᠰᠡᠷᠭᠦᠪᠡ᠃ ᠣᠯᠠᠨ ᠲᠦᠮᠡᠨ ᠤ ᠪᠡᠶ᠎ᠡ ᠶᠢᠨ ᠲᠠᠮᠢᠷ | ᠥᠷᠨᠢᠨ ᠬᠥᠭᠵᠢᠵᠦ᠂ ᠴᠧᠩᠳᠦ᠋ ᠳᠤ ᠪᠣᠯᠤᠭᠰᠠᠨ ᠣᠶᠤᠲᠠᠳ ᠤᠨ ᠪᠡᠶ᠎ᠡ ᠶᠢᠨ ᠲᠠᠮᠢᠷ ᠤᠨ ᠴᠤᠭᠯᠠᠭᠠᠨ᠂ ᠬᠠᠩᠵᠧᠦ ᠶᠢᠨ ᠠᠽᠢᠶ᠎ᠠ ᠲᠢᠪ ᠤᠨ ᠪᠡᠶ᠎ᠡ ᠶᠢᠨ ᠲᠠᠮᠢᠷ ᠤᠨ | ᠴᠤᠭᠯᠠᠭᠠᠨ ᠪᠠ ᠠᠽᠢᠶ᠎ᠠ ᠲᠢᠪ ᠤᠨ ᠵᠡᠮᠳᠡᠭᠴᠦᠳ ᠤᠨ ᠪᠡᠶ᠎ᠡ ᠶᠢᠨ ᠲᠠᠮᠢᠷ ᠤᠨ ᠴᠤᠭᠯᠠᠭᠠᠨ ᠢ ᠠᠮᠵᠢᠯᠲᠠᠲᠠᠢ ᠡᠷᠭᠢᠯᠡᠵᠦ᠂ ᠮᠠᠨ ᠤ ᠤᠯᠤᠰ ᠤᠨ ᠲᠠᠮᠢᠷᠴᠢᠳ | ᠵᠣᠷᠢᠭᠲᠠᠢ ᠪᠠᠷ ᠰᠢᠯᠢᠳᠡᠭ ᠬᠢᠷᠢ ᠪᠦᠲᠦᠮᠵᠢ ᠡᠭᠦᠳᠪᠡ᠃ | ᠵᠢᠷᠭᠤᠭ᠎ᠠ ᠳᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠪᠦᠭᠦ ᠲᠠᠯ᠎ᠠ ᠪᠠᠷ ᠴᠢᠩᠭᠠᠳᠬᠠᠵᠤ᠂ ᠵᠠᠰᠠᠯᠲᠠ ᠶᠢᠨ ᠦᠢᠯᠡᠳᠦᠯ ᠴᠢᠳᠠᠪᠤᠷᠢ ᠶᠢ ᠶᠡᠭᠡ ᠪᠠᠷ | ᠳᠡᠭᠡᠭᠰᠢᠯᠡᠭᠦᠯᠪᠡ᠃ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶᠠᠨ ᠤ ᠡᠷᠬᠡ ᠰᠦᠷ ᠪᠠ ᠲᠥᠪᠯᠡᠷᠡᠩᠭᠦᠢ ᠨᠢᠭᠡᠳᠦᠯᠲᠡᠢ | ᠤᠳᠤᠷᠢᠳᠤᠯᠭ᠎ᠠ ᠶᠢ ᠡᠷᠡᠰ ᠬᠠᠮᠠᠭᠠᠯᠠᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠬᠤ ᠶᠢᠨ ᠰᠠᠶᠢᠨ | ᠭᠦᠢᠴᠡᠳᠭᠡᠭᠴᠢ᠂ ᠦᠢᠯᠡᠳᠦᠯᠭᠡᠵᠢᠭᠦᠯᠦᠭᠴᠢ᠂ ᠰᠢᠷᠭᠠᠭᠤ ᠠᠵᠢᠯᠯᠠᠭᠴᠢ ᠪᠣᠯᠪᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ | ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠢ ᠭᠦᠨᠵᠡᠭᠡᠢ ᠥᠷᠨᠢᠭᠦᠯᠪᠡ᠃ ᠤᠯᠤᠰ | ᠲᠥᠷᠥ ᠶᠢᠨ ᠪᠠᠶᠢᠭᠤᠯᠤᠯᠲᠠ ᠶᠢ ᠲᠡᠷᠢᠭᠦᠨ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠵᠠᠰᠠᠭ ᠤᠨ ᠣᠷᠳᠣᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ | ᠴᠢᠳᠠᠪᠤᠷᠢ ᠶᠢ ᠪᠦᠭᠦ ᠲᠠᠯ᠎ᠠ ᠪᠠᠷ ᠳᠡᠭᠡᠭᠰᠢᠯᠡᠭᠦᠯᠪᠡ᠃ ᠬᠠᠤᠯᠢᠵᠢᠯ ᠤᠨ ᠵᠠᠰᠠᠭ ᠤᠨ ᠣᠷᠳᠣᠨ ᠤ ᠪᠦᠲᠦᠭᠡᠨ ᠪᠠᠶᠢᠭᠤᠯᠤᠯᠲᠠ ᠶᠢ ᠭᠦᠨᠵᠡᠭᠡᠢ ᠠᠬᠢᠭᠤᠯᠪᠠ᠃ ᠪᠦᠭᠦ | ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ 10 ᠬᠤᠪᠢ ᠬᠠᠤᠯᠢ ᠴᠠᠭᠠᠵᠠ ᠶᠢᠨ ᠰᠠᠨᠠᠯ ᠵᠥᠪᠯᠡᠯᠭᠡ ᠶᠢ ᠬᠢᠨᠠᠨ | ᠶᠠᠷᠢᠯᠴᠠᠭᠤᠯᠬᠤ ᠪᠠᠷ ᠳᠡᠪᠰᠢᠭᠦᠯᠵᠦ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠢ 25 ᠬᠤᠪᠢ ᠲᠣᠭᠲᠠᠭᠠᠭᠰᠠᠨ ᠪᠠ ᠵᠠᠰᠠᠨ ᠲᠣᠭᠲᠠᠭᠠᠵᠤ᠂ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠦᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠭᠦ ᠭᠤᠷᠪᠠᠨ ᠵᠢᠯ ᠤᠨ ᠠᠵᠢᠯᠯᠠᠭ᠎ᠠ ᠶᠢ ᠬᠡᠷᠡᠭᠵᠢᠭᠦᠯᠪᠡ᠃ ᠤᠬᠠᠮᠰᠠᠷ ᠠᠴᠠ ᠪᠠᠨ ᠬᠠᠤᠯᠢ ᠶᠣᠰᠣᠭᠠᠷ | ᠬᠢᠨᠠᠯᠲᠠ ᠶᠢ ᠬᠦᠯᠢᠶᠡᠪᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ ᠪᠠ ᠤᠯᠤᠰ ᠲᠦᠷᠦ ᠶᠢᠨ ᠵᠥᠪᠯᠡᠯᠭᠡᠨ ᠤ | ᠭᠡᠰᠢᠭᠦᠳ ᠤᠨ ᠳᠤᠷᠠᠳᠤᠯᠭ᠎ᠠ ᠶᠢ ᠬᠢᠨᠠᠮᠠᠭᠠᠢ ᠰᠢᠢᠳᠪᠦᠷᠢᠯᠡᠪᠡ᠃ ᠪᠠᠶᠢᠴᠠᠭᠠᠨ ᠰᠤᠳᠤᠯᠤᠯᠲᠠ ᠶᠢ ᠴᠢᠬᠤᠯᠠᠴᠢᠯᠠᠵᠤ᠂ ᠲᠥᠷᠥ ᠶᠢᠨ ᠪᠣᠳᠣᠯᠭ᠎ᠠ ᠪᠣᠯᠣᠨ ᠠᠵᠢᠯ ᠢ | ᠪᠣᠳᠠᠲᠤ ᠪᠠᠶᠢᠳᠠᠯ ᠳᠤ ᠨᠡᠶᠢᠴᠡᠭᠦᠯᠬᠦ᠂ ᠣᠯᠠᠨ ᠲᠦᠮᠡᠨ ᠲᠠᠢ ᠣᠶᠢᠷᠠᠲᠤᠭᠤᠯᠬᠤ ᠪᠠᠷ ᠴᠢᠷᠮᠠᠶᠢᠪᠠ᠃ ᠰᠢᠪᠠᠳᠠᠨ ᠪᠠᠶᠢᠴᠠᠭᠠᠬᠤ ᠠᠵᠢᠯ ᠤᠨ ᠲᠣᠭᠲᠠᠴᠠ ᠶᠢ | ᠰᠢᠯᠢᠳᠡᠭᠵᠢᠭᠦᠯᠪᠡ᠃ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠣᠨ ᠢᠯᠵᠢᠷᠡᠯ ᠢ ᠡᠰᠡᠷᠭᠦᠴᠡᠬᠦ ᠲᠡᠮᠡᠴᠡᠯ ᠢ ᠴᠢᠩᠭᠠᠳᠬᠠᠪᠠ | ᠃ ᠲᠥᠪ ᠬᠤᠷᠢᠶᠠᠨ ᠤ ᠨᠠᠢᠮᠠᠨ ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠳᠦᠷᠪᠡᠨ ᠰᠤᠷᠲᠠᠯ︾ ᠢ ᠦᠷᠭᠦᠯᠵᠢᠯᠡᠨ | ᠵᠠᠯᠠᠷᠠᠭᠤᠯᠤᠨ ᠵᠠᠰᠠᠵᠤ᠂ ᠮᠥᠩᠭᠦᠨ ᠭᠦᠢᠯᠭᠡᠭᠡᠨ ᠤ ᠨᠢᠭᠡᠴᠢ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠵᠡᠷᠭᠡ ᠶᠢ ᠲᠣᠭᠤᠷᠢᠨ ᠪᠠᠶᠢᠴᠠᠭᠠᠵᠤ ᠴᠡᠭᠴᠡᠯᠡᠨ | ᠰᠠᠶᠢᠵᠢᠷᠠᠭᠤᠯᠬᠤ ᠠᠵᠢᠯ ᠢ ᠬᠦᠴᠦᠲᠡᠢ ᠠᠬᠢᠭᠤᠯᠪᠠ᠃ ᠬᠤᠲᠠ ᠬᠥᠳᠡᠭᠡ ᠶᠢᠨ ᠦᠨᠳᠦᠰᠦᠨ ᠱᠠᠲᠤᠨ ᠤ ᠵᠠᠰᠠᠯᠲᠠ ᠶᠢᠨ ᠲᠠᠯ᠎ᠠ ᠪᠠᠷ ᠰᠢᠨ᠎ᠡ ᠶᠢ ᠡᠭᠦᠳᠦᠨ | ᠲᠡᠭᠦᠯᠳᠡᠷᠵᠢᠭᠦᠯᠪᠡ᠃ ᠵᠠᠬᠢᠳᠠᠯ ᠰᠣᠷᠪᠤᠯᠵᠢᠯᠠᠭ᠎ᠠ ᠶᠢᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠪᠡ᠃ ᠠᠶᠤᠯ ᠦᠭᠡᠢ ᠦᠢᠯᠡᠳᠪᠦᠷᠢᠯᠡᠯ ᠪᠠ ᠪᠠᠴᠢᠮ ᠪᠠᠶᠢᠳᠠᠯ ᠢ | ᠠᠷᠭᠠᠴᠠᠬᠤ ᠬᠠᠮᠢᠶᠠᠷᠤᠯᠲᠠ ᠶᠢ ᠬᠦᠴᠦᠲᠡᠢ ᠠᠳᠬᠤᠵᠤ᠂ ᠬᠦᠨᠳᠦ ᠶᠡᠭᠡ ᠠᠳᠡᠯ ᠤᠨ ᠳᠠᠯᠳᠠ ᠭᠡᠮ ᠢ ᠲᠤᠰᠬᠠᠢ ᠰᠠᠮᠨᠠᠨ ᠪᠠᠶᠢᠴᠠᠭᠠᠵᠤ ᠴᠡᠭᠴᠡᠯᠡᠨ ᠵᠠᠰᠠᠬᠤ ᠶᠢ | ᠥᠷᠨᠢᠭᠦᠯᠪᠡ᠃ ᠤᠯᠤᠰ ᠤᠨ ᠠᠮᠤᠷ ᠲᠦᠪᠰᠢᠨ ᠤ ᠰᠢᠰᠲ᠋ᠧᠮ ᠢ ᠲᠡᠭᠦᠯᠳᠡᠷᠵᠢᠭᠦᠯᠬᠦ ᠶᠢ ᠠᠬᠢᠭᠤᠯᠪᠠ᠃ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠶᠢ | ᠴᠢᠩᠭᠠᠳᠬᠠᠵᠤ᠂ ᠴᠠᠭᠢᠯᠭᠠᠨ ᠬᠤᠯᠪᠤᠭ᠎ᠠ ᠰᠦᠯᠵᠢᠶᠡᠨ ᠤ ᠮᠡᠬᠡᠯᠡᠯ ᠵᠡᠷᠭᠡ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠪᠦᠲᠦᠮᠵᠢᠲᠡᠢ ᠪᠠᠷ ᠴᠣᠬᠢᠯᠲᠠ | ᠥᠭᠴᠦ᠂ ᠠᠮᠤᠷ ᠠᠮᠤᠭᠤᠯᠠᠩ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠰᠢᠨ᠎ᠡ ᠠᠬᠢᠴᠠ ᠲᠠᠢ ᠪᠣᠯᠪᠠ᠃ | ᠨᠢᠭᠡ ᠵᠢᠯ ᠤᠨ ᠲᠤᠷᠰᠢ᠂ ᠳᠤᠮᠳᠠᠳᠤ ᠤᠯᠤᠰ ᠤᠨ ᠣᠨᠴᠠᠯᠢᠭ ᠪᠦᠬᠦᠢ ᠲᠣᠮᠣ ᠤᠯᠤᠰ ᠤᠨ ᠭᠠᠳᠠᠭᠠᠳᠤ ᠬᠠᠷᠢᠯᠴᠠᠭ᠎ᠠ ᠶᠢ ᠪᠦᠭᠦ ᠲᠠᠯ᠎ᠠ ᠪᠠᠷ ᠠᠬᠢᠭᠤᠯᠪᠠ᠃ | ᠲᠡᠷᠢᠭᠦᠯᠡᠭᠴᠢ ᠰᠢ ᠶᠢᠨ ᠫᠢᠩ ᠵᠡᠷᠭᠡ ᠨᠠᠮ ᠪᠣᠯᠣᠨ ᠲᠦᠷᠦ ᠶᠢᠨ ᠤᠳᠤᠷᠢᠳᠬᠤ ᠬᠥᠮᠥᠰ ᠤᠯᠠᠨ ᠤᠯᠤᠰ ᠲᠤ ᠠᠶᠢᠯᠴᠢᠯᠠᠯᠲᠠ ᠬᠢᠵᠦ᠂ BRICS ᠤᠨ | ᠤᠯᠤᠰ ᠤᠳ ᠤᠨ ᠤᠳᠤᠷᠢᠳᠬᠤ ᠬᠥᠮᠥᠰ ᠤᠨ ᠠᠭᠤᠯᠵᠠᠯᠲᠠ᠂ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠠᠵᠤ ᠠᠬᠤᠢ ᠶᠢᠨ ᠬᠠᠮᠲᠤᠷᠠᠯᠴᠠᠭᠠᠨ ᠤ ᠵᠣᠬᠢᠶᠠᠨ | ᠪᠠᠶᠢᠭᠤᠯᠤᠯᠲᠠ ᠶᠢᠨ ᠤᠳᠤᠷᠢᠳᠬᠤ ᠬᠥᠮᠥᠰ ᠤᠨ ᠠᠯᠪᠠᠨ ᠶᠣᠰᠣᠨ ᠤ ᠪᠤᠰᠤ ᠬᠤᠷᠠᠯᠳᠤᠭᠠᠨ᠂ ᠵᠡᠭᠦᠨ ᠠᠽᠢᠶ᠎ᠠ ᠶᠢᠨ ᠬᠠᠮᠲᠤᠷᠠᠯᠴᠠᠭᠠᠨ ᠤ ᠤᠳᠤᠷᠢᠳᠬᠤ ᠬᠥᠮᠥᠰ ᠤᠨ | ᠰᠢᠷᠢᠰ ᠬᠤᠷᠠᠯᠳᠤᠭᠠᠨ ᠵᠡᠷᠭᠡ ᠤᠯᠠᠨ ᠲᠠᠯ᠎ᠠ ᠶᠢᠨ ᠪᠠ ᠬᠤᠶᠠᠷ ᠲᠠᠯ᠎ᠠ ᠶᠢᠨ ᠴᠢᠬᠤᠯᠠ ᠶᠡᠭᠡ ᠠᠵᠢᠯᠯᠠᠭ᠎ᠠ ᠳᠤ ᠣᠷᠣᠯᠴᠠᠪᠠ᠃ ᠳᠤᠮᠳᠠᠳᠤ ᠤᠯᠤᠰ – ᠳᠤᠮᠳᠠᠳᠤ | ᠠᠽᠢᠶ᠎ᠠ ᠶᠢᠨ ᠲᠦᠷᠦᠭᠦᠴᠦᠳ ᠤᠨ ᠬᠤᠷᠠᠯ᠂ ᠭᠤᠷᠪᠠᠳᠤᠭᠠᠷ ᠬᠤᠭᠤᠴᠠᠭᠠᠨ ᠤ ︽ᠨᠢᠭᠡ ᠪᠦᠰᠡ ᠨᠢᠭᠡ ᠵᠠᠮ︾ ᠤᠨ ᠤᠯᠠᠨ ᠤᠯᠤᠰ ᠤᠨ ᠬᠠᠮᠲᠤᠷᠠᠯᠴᠠᠭᠠᠨ ᠤ | ᠲᠦᠷᠦᠭᠦᠴᠦᠳ ᠤᠨ ᠶᠠᠷᠢᠯᠴᠠᠭᠠᠨ ᠤ ᠲᠠᠪᠴᠠᠩ ᠵᠡᠷᠭᠡ ᠴᠢᠬᠤᠯᠠ ᠶᠡᠭᠡ ᠡᠵᠡᠨ ᠲᠠᠯᠠᠪᠤᠷ ᠤᠨ ᠭᠠᠳᠠᠭᠠᠳᠤ ᠬᠠᠷᠢᠯᠴᠠᠭᠠᠨ ᠤ ᠠᠵᠢᠯᠯᠠᠭ᠎ᠠ ᠶᠢ ᠠᠮᠵᠢᠯᠲᠠᠲᠠᠢ ᠡᠷᠭᠢᠯᠡᠪᠡ᠃ | ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠵᠤ᠂ ᠪᠦᠭᠦ ᠪᠥᠮᠪᠥᠷᠴᠡᠭ ᠤᠨ ᠬᠥᠭᠵᠢᠯᠲᠡ ᠶᠢᠨ | ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ ᠨᠠᠶᠢᠳᠠᠪᠤᠷᠢᠵᠢᠭᠤᠯᠵᠤ᠂ | ᠪᠦᠭᠦ ᠪᠥᠮᠪᠥᠷᠴᠡᠭ ᠤᠨ ᠬᠠᠨᠢᠲᠠᠨ ᠤ ᠬᠠᠷᠢᠴᠠᠭ᠎ᠠ ᠶᠢ ᠭᠦᠨᠵᠡᠭᠡᠶᠢᠷᠡᠭᠦᠯᠦᠨ ᠥᠷᠭᠡᠳᠬᠡᠵᠦ᠂ ᠳᠡᠯᠡᠬᠡᠢ ᠶᠢᠨ ᠪᠠ ᠭᠠᠵᠠᠷ ᠣᠷᠣᠨ ᠤ ᠬᠠᠯᠠᠭᠤᠨ ᠴᠡᠭ ᠤᠨ ᠠᠰᠠᠭᠤᠳᠠᠯ ᠢ | ᠰᠢᠢᠳᠪᠦᠷᠢᠯᠡᠬᠦ ᠳᠤᠮᠳᠠ ᠢᠳᠡᠪᠬᠢᠲᠡᠢ ᠪᠦᠲᠦᠭᠡᠯᠴᠢ ᠴᠢᠨᠠᠷᠲᠠᠢ ᠦᠢᠯᠡᠳᠦᠯ ᠪᠠᠳᠠᠷᠠᠭᠤᠯᠪᠠ᠃ ᠳᠤᠮᠳᠠᠳᠤ ᠤᠯᠤᠰ ᠳᠡᠯᠡᠬᠡᠢ ᠶᠢᠨ ᠡᠩᠬᠡ ᠲᠠᠶᠢᠪᠤᠩ ᠪᠠ ᠬᠥᠭᠵᠢᠯᠲᠡ ᠶᠢ | ᠠᠬᠢᠭᠤᠯᠬᠤ ᠳᠤ ᠴᠢᠬᠤᠯᠠ ᠬᠤᠪᠢ ᠨᠡᠮᠡᠷᠢ ᠦᠵᠡᠭᠦᠯᠪᠡ᠃ | ᠲᠥᠯᠥᠭᠡᠯᠡᠭᠴᠢᠳ ᠠ᠋︕ | ᠥᠩᠭᠡᠷᠡᠭᠰᠡᠨ ᠨᠢᠭᠡ ᠵᠢᠯ ᠳᠤ ᠣᠯᠣᠭᠰᠠᠨ ᠠᠮᠵᠢᠯᠲᠠ ᠪᠦᠲᠦᠮᠵᠢ ᠶᠢᠨ ᠦᠨᠳᠦᠰᠦᠨ ᠰᠢᠯᠲᠠᠭᠠᠨ ᠨᠢ ᠶᠡᠷᠦᠩᠬᠡᠢ ᠱᠦᠵᠢ ᠰᠢ ᠶᠢᠨ ᠫᠢᠩ ᠤᠨ ᠠᠶᠠᠯᠠᠯ | ᠵᠠᠮᠴᠢᠯᠠᠨ ᠴᠢᠭᠯᠡᠯ ᠢ ᠡᠵᠡᠮᠳᠡᠭᠰᠡᠨ ᠳᠤ ᠪᠤᠢ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ | ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠵᠢᠯᠣᠭᠤᠳᠤᠯᠭ᠎ᠠ ᠳᠤ ᠪᠤᠢ᠂ ᠲᠡᠷᠡ ᠨᠢ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶᠠᠨ ᠤ | ᠪᠠᠲᠤ ᠴᠢᠩᠭ᠎ᠠ ᠤᠳᠤᠷᠢᠳᠤᠭᠰᠠᠨ ᠤ ᠦᠷ᠎ᠡ ᠳ᠋ᠦᠩ ᠮᠥᠨ᠂ ᠪᠦᠭᠦ ᠨᠠᠮ ᠪᠦᠭᠦ ᠴᠡᠷᠢᠭ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ | ᠪᠦᠯᠬᠦᠮᠳᠡᠨ ᠲᠡᠮᠡᠴᠡᠭᠰᠡᠨ ᠤ ᠦᠷ᠎ᠡ ᠳ᠋ᠦᠩ ᠮᠥᠨ᠃ ᠪᠢ ᠲᠥᠷᠥ ᠶᠢᠨ ᠶᠠᠪᠤᠳᠠᠯ ᠤᠨ ᠬᠤᠷᠢᠶᠠᠨ ᠤ ᠡᠮᠦᠨ᠎ᠡ ᠠᠴᠠ ᠪᠦᠭᠦ ᠤᠯᠤᠰ ᠤᠨ ᠦᠨᠳᠦᠰᠦᠲᠡᠨ ᠨᠦᠭᠦᠳ ᠤᠨ | ᠠᠷᠠᠳ ᠲᠦᠮᠡᠨ᠂ ᠡᠯ᠎ᠡ ᠠᠷᠠᠳᠴᠢᠯᠠᠭᠰᠠᠨ ᠨᠠᠮ ᠪᠦᠯᠦᠭ᠂ ᠡᠯ᠎ᠡ ᠠᠷᠠᠳ ᠤᠨ ᠪᠦᠯᠭᠦᠮ ᠪᠣᠯᠣᠨ ᠡᠯ᠎ᠡ ᠡᠲᠡᠭᠡᠳ ᠤᠨ ᠬᠥᠮᠥᠰ ᠲᠤ ᠴᠢᠩ ᠰᠡᠳᠬᠢᠯ ᠤᠨ | ᠲᠠᠯᠠᠷᠬᠠᠯ ᠢᠶᠠᠨ ᠳᠡᠪᠰᠢᠭᠦᠯᠦᠶ᠎ᠡ︕ ᠰᠢᠶᠠᠩᠭᠠᠩ ᠤᠨ ᠵᠠᠰᠠᠭ ᠵᠠᠬᠢᠷᠭᠠᠨ ᠤ ᠣᠨᠴᠠᠭᠠᠶ ᠣᠷᠣᠨ ᠤ ᠠᠬ᠎ᠠ ᠳᠡᠭᠦᠦ ᠨᠠᠷ᠂ ᠣᠣᠮᠧᠨ ᠤ ᠵᠠᠰᠠᠭ ᠵᠠᠬᠢᠷᠭᠠᠨ ᠤ ᠣᠨᠴᠠᠭᠠᠶ | ᠣᠷᠣᠨ ᠤ ᠠᠬ᠎ᠠ ᠳᠡᠭᠦᠦ ᠨᠠᠷ᠂ ᠲᠠᠶᠢᠸᠠᠨ ᠤ ᠠᠬ᠎ᠠ ᠳᠡᠭᠦᠦ ᠨᠠᠷ ᠪᠠ ᠭᠠᠳᠠᠭᠠᠳᠤ ᠳᠤ ᠰᠠᠭᠤᠭ᠎ᠠ ᠬᠠᠷᠢᠶᠠᠲᠤ ᠠᠬ᠎ᠠ ᠳᠡᠭᠦᠦ ᠨᠠᠷ ᠲᠤ ᠴᠢᠩ ᠰᠡᠳᠬᠢᠯ ᠤᠨ | ᠲᠠᠯᠠᠷᠬᠠᠯ ᠢᠶᠠᠨ ᠳᠡᠪᠰᠢᠭᠦᠯᠦᠶ᠎ᠡ︕ ᠳᠤᠮᠳᠠᠳᠤ ᠤᠯᠤᠰ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢ ᠬᠠᠯᠠᠮᠵᠢᠯᠠᠨ ᠳᠠᠮᠵᠢᠵᠤ ᠪᠠᠶᠢᠭ᠎ᠠ ᠡᠯ᠎ᠡ ᠤᠯᠤᠰ ᠤᠨ | ᠵᠠᠰᠠᠭ ᠤᠨ ᠣᠷᠳᠣᠨ᠂ ᠣᠯᠠᠨ ᠤᠯᠤᠰ ᠤᠨ ᠵᠣᠬᠢᠶᠠᠨ ᠪᠠᠶᠢᠭᠤᠯᠤᠯᠲᠠ ᠪᠣᠯᠣᠨ ᠡᠯ᠎ᠡ ᠤᠯᠤᠰ ᠤᠨ ᠨᠠᠶᠢᠵᠠ ᠨᠠᠷ ᠲᠤ ᠴᠢᠩ ᠰᠡᠳᠬᠢᠯ ᠤᠨ ᠲᠠᠯᠠᠷᠬᠠᠯ ᠢᠶᠠᠨ | ᠳᠡᠪᠰᠢᠭᠦᠯᠦᠶ᠎ᠡ︕ | ᠠᠮᠵᠢᠯᠲᠠ ᠪᠠᠨ ᠨᠤᠲᠠᠯᠠᠬᠤ ᠶᠢᠨ ᠬᠠᠮᠲᠤ᠂ ᠪᠢᠳᠡ ᠪᠠᠰᠠ ᠲᠤᠯᠭᠠᠷᠠᠵᠤ ᠪᠠᠶᠢᠭ᠎ᠠ ᠬᠦᠴᠢᠷ ᠪᠡᠷᠬᠡᠰᠢᠶᠡᠯ ᠪᠠ ᠰᠢᠯᠭᠠᠯᠲᠠ ᠶᠢ ᠰᠡᠷᠭᠡᠭ ᠢᠶᠠᠷ ᠣᠯᠵᠤ ᠬᠠᠷᠠᠪᠠ᠃ | ᠳᠡᠯᠡᠬᠡᠢ ᠶᠢᠨ ᠠᠵᠤ ᠠᠬᠤᠢ ᠶᠢᠨ ᠨᠡᠮᠡᠭᠳᠡᠯ ᠤᠨ ᠬᠥᠳᠡᠯᠭᠡᠭᠴᠢ ᠡᠨᠧᠷᠭᠢ ᠭᠦᠢᠴᠡᠳ ᠪᠤᠰᠤ ᠪᠠᠶᠢᠵᠤ᠂ ᠭᠠᠵᠠᠷ ᠣᠷᠣᠨ ᠤ ᠬᠠᠯᠠᠭᠤᠨ ᠴᠡᠭ ᠤᠨ ᠠᠰᠠᠭᠤᠳᠠᠯ ᠣᠯᠠᠨᠲᠠ | ᠡᠭᠦᠰᠴᠦ᠂ ᠭᠠᠳᠠᠭᠠᠳᠤ ᠣᠷᠴᠢᠨ ᠨᠥᠬᠦᠴᠡᠯ ᠤᠨ ᠪᠤᠳᠤᠯᠢᠶᠠᠨᠲᠤ ᠴᠢᠨᠠᠷ᠂ ᠬᠦᠨᠳᠦ ᠬᠡᠴᠡᠭᠦᠦ ᠴᠢᠨᠠᠷ᠂ ᠮᠠᠭᠠᠳ ᠪᠤᠰᠤ ᠴᠢᠨᠠᠷ ᠳᠡᠭᠡᠭᠰᠢᠯᠡᠵᠦ ᠪᠠᠶᠢᠨ᠎ᠠ᠃ ᠮᠠᠨ ᠤ | ᠤᠯᠤᠰ ᠤᠨ ᠠᠵᠤ ᠠᠬᠤᠢ ᠶᠢᠨ ᠦᠷᠭᠦᠯᠵᠢᠯᠡᠨ ᠰᠡᠷᠭᠦᠵᠦ ᠰᠠᠶᠢᠵᠢᠷᠠᠬᠤ ᠰᠠᠭᠤᠷᠢ ᠪᠠᠰᠠ ᠪᠠᠲᠤ ᠪᠢᠰᠢ ᠪᠠᠶᠢᠵᠤ᠂ ᠪᠦᠲᠦᠮᠵᠢᠲᠡᠶ ᠬᠡᠷᠡᠭᠴᠡᠭᠡ ᠬᠦᠷᠦᠯᠴᠡᠬᠦ ᠦᠭᠡᠢ᠂ | ᠬᠡᠰᠡᠭ ᠠᠵᠢᠯ ᠲᠥᠷᠥᠯ ᠤᠨ ᠦᠢᠯᠡᠳᠪᠦᠷᠢᠯᠡᠬᠦ ᠴᠢᠳᠠᠪᠤᠷᠢ ᠦᠯᠡᠭᠦᠳᠡᠵᠦ᠂ ᠨᠡᠶᠢᠭᠡᠮ ᠤᠨ ᠵᠢᠱᠢᠯᠲᠡ ᠪᠠᠭᠤᠷᠠᠢ᠂ ᠠᠶᠤᠯ ᠲᠦᠭᠰᠢᠭᠦᠷᠢ ᠶᠢᠨ ᠳᠠᠯᠳᠠ ᠭᠡᠮ ᠮᠥᠨ ᠬᠦ | ᠨᠡᠯᠢᠶᠡᠳ ᠣᠯᠠᠨ ᠪᠠᠶᠢᠵᠤ᠂ ᠤᠯᠤᠰ ᠤᠨ ᠳᠣᠲᠣᠭᠠᠳᠤ ᠶᠢᠨ ᠶᠡᠭᠡ ᠣᠷᠴᠢᠯ ᠳᠤ ᠲᠦᠭᠵᠢᠷᠡᠯ ᠣᠷᠣᠰᠢᠵᠤ᠂ ᠤᠯᠠᠨ ᠤᠯᠤᠰ ᠤᠨ ᠣᠷᠴᠢᠯ ᠳᠤ ᠬᠠᠷᠰᠢᠯᠠᠯ ᠣᠷᠣᠰᠢᠵᠤ | ᠪᠠᠶᠢᠨ᠎ᠠ᠃ ᠬᠡᠰᠡᠭ ᠳᠤᠮᠳᠠ ᠵᠢᠵᠢᠭ ᠠᠵᠤ ᠠᠬᠤᠶᠢᠯᠠᠯ ᠪᠣᠯᠣᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ ᠶᠢᠨ ᠡᠵᠡᠩᠨᠡᠯᠲᠡ ᠬᠦᠴᠢᠷᠳᠡᠯ ᠲᠠᠢ ᠪᠠᠶᠢᠨ᠎ᠠ᠃ | ᠠᠵᠢᠯ ᠣᠯᠭᠤᠯᠲᠠ ᠶᠢᠨ ᠶᠡᠷᠦᠩᠬᠡᠢ ᠬᠡᠮᠵᠢᠶ᠎ᠡ ᠶᠢᠨ ᠳᠠᠷᠤᠯᠲᠠ ᠪᠣᠯᠣᠨ ᠪᠦᠲᠦᠴᠡ ᠶᠢᠨ ᠴᠢᠨᠠᠷᠲᠠᠢ ᠵᠥᠷᠢᠴᠡᠯ ᠵᠡᠷᠭᠡ ᠪᠠᠷ ᠣᠷᠣᠰᠢᠵᠤ᠂ ᠣᠯᠠᠨ ᠨᠡᠶᠢᠲᠡ ᠶᠢᠨ | ᠦᠢᠯᠡᠴᠢᠯᠡᠭᠡ ᠳᠤ ᠮᠥᠨ ᠴᠤ ᠴᠥᠭᠡᠨ ᠪᠤᠰᠤ ᠳᠤᠲᠠᠭᠤᠳᠠᠯ ᠣᠷᠣᠰᠢᠵᠤ ᠪᠠᠶᠢᠨ᠎ᠠ᠃ ᠵᠠᠷᠢᠮ ᠭᠠᠵᠠᠷ ᠣᠷᠣᠨ ᠤ ᠦᠨᠳᠦᠰᠦᠨ ᠱᠠᠲᠤᠨ ᠤ ᠡᠳ᠋ ᠤᠨ ᠬᠦᠴᠦᠨ | ᠨᠡᠯᠢᠶᠡᠳ ᠪᠠᠴᠢᠮ ᠪᠠᠶᠢᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠪᠠᠰᠠ ᠴᠢᠩᠭ᠎ᠠ ᠪᠢᠰᠢ ᠪᠠᠶᠢᠨ᠎ᠠ᠃ ᠭᠤᠣᠯᠳᠠᠯᠭ᠎ᠠ ᠲᠠᠢ | ᠬᠦᠷᠢᠶᠡᠨ ᠤ ᠥᠭᠡᠷᠡᠴᠢᠯᠡᠯᠲᠡ ᠳᠤ ᠮᠥᠨ ᠬᠦ ᠴᠥᠭᠡᠨ ᠪᠤᠰᠤ ᠬᠦᠴᠢᠷ ᠠᠰᠠᠭᠤᠳᠠᠯ ᠢ ᠰᠢᠢᠳᠪᠦᠷᠢᠯᠡᠬᠦ ᠴᠢᠬᠤᠯᠠᠲᠠᠢ ᠪᠠᠶᠢᠨ᠎ᠠ᠃ ᠠᠮᠢ ᠠᠬᠤᠢ ᠶᠢᠨ ᠣᠷᠴᠢᠨ | ᠨᠥᠬᠦᠴᠡᠯ ᠤᠨ ᠬᠠᠮᠠᠭᠠᠯᠠᠯᠲᠠ ᠵᠠᠰᠠᠯᠲᠠ ᠶᠢᠨ ᠡᠭᠦᠷᠭᠡ ᠬᠦᠨᠳᠦ ᠵᠠᠮ ᠬᠤᠯᠠ ᠪᠠᠶᠢᠨ᠎ᠠ᠃ ᠠᠶᠤᠯ ᠦᠭᠡᠢ ᠦᠢᠯᠡᠳᠪᠦᠷᠢᠯᠡᠯ ᠤᠨ ᠪᠠᠭᠤᠷᠠᠢ ᠭᠤᠭᠴᠤᠭ᠎ᠠ ᠶᠢ | ᠣᠮᠲᠣᠭᠠᠶᠢᠯᠠᠵᠤ ᠪᠣᠯᠣᠰᠢ ᠦᠭᠡᠢ ᠪᠠᠶᠢᠨ᠎ᠠ᠃ ᠵᠠᠰᠠᠭ ᠤᠨ ᠣᠷᠳᠣᠨ ᠤ ᠠᠵᠢᠯ ᠳᠤ ᠬᠦᠷᠦᠯᠴᠡᠬᠦ ᠦᠭᠡᠢ ᠲᠠᠯ᠎ᠠ ᠣᠷᠣᠰᠢᠵᠤ᠂ ᠭᠡᠯᠪᠡᠷᠢ ᠶᠢᠨ ᠦᠵᠡᠯ᠂ ᠨᠣᠶᠠᠨᠴᠢ | ᠰᠤᠷᠲᠠᠯ ᠤᠨ ᠦᠵᠡᠭᠳᠡᠯ ᠮᠥᠨ ᠬᠦ ᠨᠡᠯᠢᠶᠡᠳ ᠲᠣᠪᠣᠶᠢᠮ᠎ᠠ ᠣᠷᠣᠰᠢᠵᠤ᠂ ᠥᠭᠡᠷᠡᠴᠢᠯᠡᠯᠲᠡ ᠬᠥᠭᠵᠢᠭᠦᠯᠦᠯᠲᠡ ᠶᠢᠨ ᠵᠠᠷᠢᠮ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠤᠭᠰᠠᠨ ᠢᠶᠠᠷ ᠬᠦᠷᠦᠯᠴᠡᠬᠦ ᠦᠭᠡᠢ ᠪᠠᠶᠢᠨ᠎ᠠ᠃ ᠵᠠᠷᠢᠮ ᠺᠠᠳ᠋ᠷ ᠬᠠᠷᠢᠭᠤᠴᠠᠯᠭ᠎ᠠ ᠡᠭᠦᠷᠭᠡᠯᠡᠵᠦ ᠰᠢᠷᠭᠠᠭᠤ ᠠᠵᠢᠯᠯᠠᠬᠤ ᠵᠣᠷᠢᠭ ᠰᠠᠨᠠᠭ᠎ᠠ ᠪᠠᠷ ᠳᠤᠲᠠᠮᠠᠭ | ᠪᠠᠶᠢᠵᠤ᠂ ᠨᠠᠵᠠᠭᠠᠶᠢᠷᠠᠨ ᠬᠤᠶᠢᠷᠭᠤᠰᠢᠵᠤ ᠬᠠᠷᠢᠭᠤᠴᠠᠯᠭ᠎ᠠ ᠠᠴᠠ ᠵᠠᠶᠢᠯᠠᠨ᠂ ᠥᠩᠭᠡᠪᠴᠢ ᠠᠵᠢᠯ ᠬᠢᠵᠦ ᠪᠠᠶᠢᠨ᠎ᠠ᠃ ᠵᠠᠷᠢᠮ ᠬᠦᠷᠢᠶᠡᠨ ᠳᠤ ᠢᠯᠵᠢᠷᠡᠯ ᠤᠨ | ᠠᠰᠠᠭᠤᠳᠠᠯ ᠮᠥᠨ ᠯᠡ ᠤᠯᠠᠨ ᠭᠠᠷᠴᠤ ᠪᠠᠶᠢᠨ᠎ᠠ᠃ ᠪᠢᠳᠡ ᠯᠠᠪ ᠠᠰᠠᠭᠤᠳᠠᠯ ᠪᠠ ᠰᠢᠯᠭᠠᠯᠲᠠ ᠳᠤ ᠰᠢᠭᠤᠳ ᠬᠠᠨᠳᠤᠵᠤ᠂ ᠪᠦᠭᠦ ᠰᠡᠳᠬᠢᠯ ᠪᠦᠭᠦ ᠴᠢᠳᠠᠯ ᠢᠶᠠᠷ ᠢᠶᠠᠨ | ᠠᠵᠢᠯ ᠢᠶᠠᠨ ᠰᠠᠶᠢᠲᠤᠷ ᠬᠢᠵᠦ᠂ ᠠᠷᠠᠳ ᠲᠦᠮᠡᠨ ᠤ ᠬᠦᠰᠡᠯ ᠡᠷᠡᠮᠡᠯᠵᠡᠯ ᠪᠠ ᠬᠦᠨᠳᠦ ᠨᠠᠶᠢᠳᠠᠯᠭ᠎ᠠ ᠶᠢ ᠶᠠᠭᠠᠬᠢᠭᠰᠠᠨ ᠴᠤ ᠬᠥᠰᠡᠷᠳᠡᠭᠦᠯᠬᠦ ᠦᠭᠡᠢ︕ | ᠬᠤᠶᠠᠷ᠂ 2024 ᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠷᠦᠩᠬᠡᠢ ᠱᠠᠭᠠᠷᠳᠠᠯᠭ᠎ᠠ ᠪᠠ ᠲᠦᠷᠦ ᠶᠢᠨ ᠪᠣᠳᠣᠯᠭ᠎ᠠ ᠶᠢᠨ ᠬᠠᠨᠳᠤᠰᠢ | ᠡᠨᠡ ᠵᠢᠯ ᠪᠣᠯ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠤᠢ ᠮᠥᠨ᠂ ᠠᠷᠪᠠᠨ ᠳᠥᠷᠪᠡᠳᠦᠭᠡᠷ ᠲᠠᠪᠤᠨ | ᠵᠢᠯ ᠤᠨ ᠲᠥᠯᠦᠪᠵᠢᠭᠦᠯᠭᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠵᠠᠩᠭᠢᠯᠠᠭ᠎ᠠ ᠶᠢᠨ ᠨᠢᠭᠡ ᠵᠢᠯ ᠮᠥᠨ᠃ ᠵᠠᠰᠠᠭ ᠤᠨ ᠣᠷᠳᠣᠨ ᠤ ᠠᠵᠢᠯ ᠢ ᠰᠠᠶᠢᠲᠤᠷ ᠬᠢᠬᠦ ᠳᠤ᠂ | ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠨ᠂ ᠨᠠᠮ ᠤᠨ ᠬᠤᠷᠢᠳᠤᠭᠠᠷ ᠶᠡᠭᠡ ᠬᠤᠷᠠᠯ | ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯᠳᠤᠭᠠᠨ ᠤ ᠪᠠᠶᠢᠷᠢᠯᠠᠭᠤᠯᠤᠯᠲᠠ ᠶᠣᠰᠣᠭᠠᠷ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ | ᠤᠷᠤᠭᠰᠢᠯᠠᠭᠤᠯᠬᠤ ᠠᠵᠢᠯ ᠤᠨ ᠶᠡᠷᠦᠩᠬᠡᠢ ᠭᠦᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠶ᠂ | ᠪᠦᠭᠦ ᠲᠠᠯ᠎ᠠ ᠪᠠᠷ ᠲᠤᠭᠤᠰᠢᠯᠠᠭᠤᠯᠤᠨ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠯᠡᠨ ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ | ᠠᠬᠢᠭᠤᠯᠵᠤ᠂ ᠥᠭᠡᠷᠡᠴᠢᠯᠡᠯᠲᠡ ᠨᠡᠭᠡᠭᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠦᠨ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠮᠡᠷᠭᠡᠵᠢᠯ ᠢ ᠪᠡᠶ᠎ᠡ ᠪᠠᠨ | ᠳᠠᠭᠠᠭᠠᠵᠤ ᠬᠦᠴᠦᠷᠬᠡᠭᠵᠢᠭᠦᠯᠬᠦ ᠶᠢ ᠠᠬᠢᠭᠤᠯᠵᠤ᠂ ᠬᠤᠷᠸ᠎ᠠ ᠲᠣᠬᠢᠷᠠᠭᠤᠯᠤᠯ ᠡᠵᠡᠮᠳᠡᠯ ᠤᠨ ᠡᠷᠴᠢᠮ ᠢᠶᠠᠨ ᠴᠢᠩᠭᠠᠷᠠᠭᠤᠯᠤᠨ᠂ ᠳᠣᠲᠣᠭᠠᠳᠤ ᠬᠡᠷᠡᠭᠴᠡᠭᠡ ᠶᠢ | ᠥᠷᠭᠡᠳᠬᠡᠬᠦ ᠪᠠ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠨᠢᠭᠡᠳᠦᠯᠲᠡᠢ ᠲᠥᠯᠥᠪᠯᠡᠵᠦ᠂ ᠰᠢᠨ᠎ᠡ | ᠭᠡᠯᠪᠡᠷᠢ ᠶᠢᠨ ᠬᠤᠲᠠ ᠪᠠᠯᠭᠠᠰᠤᠵᠢᠯᠲᠠ ᠪᠠ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠨᠢᠭᠡᠳᠦᠯᠲᠡᠢ ᠲᠥᠯᠥᠪᠯᠡᠵᠦ᠂ ᠴᠢᠨᠠᠷ | ᠰᠠᠶᠢᠲᠠᠢ ᠬᠥᠭᠵᠢᠯᠲᠡ ᠪᠠ ᠥᠨᠳᠥᠷ ᠲᠦᠪᠰᠢᠨ ᠪᠦᠬᠦᠢ ᠠᠮᠤᠷ ᠲᠦᠪᠰᠢᠨ ᠢ ᠨᠢᠭᠡᠳᠦᠯᠲᠡᠢ ᠲᠥᠯᠥᠪᠯᠡᠵᠦ᠂ ᠠᠵᠤ ᠠᠬᠤᠢ ᠶᠢᠨ ᠠᠮᠢᠵᠢᠷᠠᠯ ᠤᠨ ᠬᠦᠴᠦᠨ ᠢ ᠦᠨᠡᠨ | ᠬᠦ ᠨᠡᠮᠡᠭᠳᠡᠭᠦᠯᠦᠨ᠂ ᠠᠶᠤᠯ ᠲᠦᠭᠰᠢᠭᠦᠷᠢ ᠶᠢ ᠦᠨᠡᠨ ᠬᠦ ᠰᠡᠷᠭᠡᠶᠢᠯᠡᠨ ᠠᠷᠢᠯᠭᠠᠵᠤ᠂ ᠨᠡᠶᠢᠭᠡᠮ ᠤᠨ ᠵᠢᠱᠢᠯᠲᠡ ᠶᠢ ᠦᠨᠡᠨ ᠬᠦ ᠰᠠᠶᠢᠵᠢᠷᠠᠭᠤᠯᠤᠨ᠂ ᠠᠵᠤ ᠠᠬᠤᠢ ᠶᠢᠨ | ᠰᠡᠷᠭᠦᠨ ᠰᠠᠶᠢᠵᠢᠷᠠᠬᠤ ᠬᠠᠨᠳᠤᠰᠢ ᠶᠢ ᠪᠠᠲᠤᠳᠬᠠᠨ ᠴᠢᠩᠭᠠᠷᠠᠭᠤᠯᠵᠤ᠂ ᠠᠵᠤ ᠠᠬᠤᠢ ᠶᠢᠨ ᠶᠠᠰᠤ ᠴᠢᠨᠠᠷ ᠤᠨ ᠪᠦᠲᠦᠮᠵᠢᠲᠡᠶ ᠳᠡᠭᠡᠭᠰᠢᠯᠡᠯᠲᠡ ᠪᠠ ᠲᠤᠭ᠎ᠠ ᠬᠡᠮᠵᠢᠶᠡᠨ ᠤ | ᠵᠦᠢ ᠵᠣᠬᠢᠰᠲᠠᠢ ᠨᠡᠮᠡᠭᠳᠡᠯ ᠢ ᠦᠷᠭᠦᠯᠵᠢᠯᠡᠨ ᠠᠬᠢᠭᠤᠯᠵᠤ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠨᠡᠮᠡᠭᠳᠡᠭᠦᠯᠵᠦ᠂ ᠨᠡᠶᠢᠭᠡᠮ ᠤᠨ ᠲᠣᠭᠲᠠᠭᠤᠨ ᠪᠠᠶᠢᠳᠠᠯ ᠢ | ᠪᠠᠲᠤᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ | ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠬᠡᠷᠡᠭᠲᠡᠢ᠃ | ᠶᠡᠷᠦᠩᠬᠡᠶᠢᠯᠡᠨ ᠵᠠᠳᠠᠯᠵᠤ ᠰᠤᠳᠤᠯᠤᠨ ᠮᠠᠭᠠᠳᠯᠠᠪᠠᠯ᠂ ᠡᠨᠡ ᠵᠢᠯ ᠤᠨ ᠮᠠᠨ ᠤ ᠤᠯᠤᠰ ᠤᠨ ᠬᠥᠭᠵᠢᠯᠲᠡ ᠳᠤ ᠲᠤᠯᠭᠠᠷᠠᠵᠤ ᠪᠠᠶᠢᠭ᠎ᠠ ᠣᠷᠴᠢᠨ ᠨᠥᠬᠦᠴᠡᠯ ᠮᠥᠨ | ᠬᠦ ᠪᠠᠶᠢᠯᠳᠤᠬᠤ ᠪᠣᠳᠣᠯᠭ᠎ᠠ ᠶᠢᠨ ᠲᠣᠭᠢᠶᠠᠯ ᠪᠠ ᠲᠦᠭᠰᠢᠭᠦᠷᠢ ᠰᠢᠯᠭᠠᠯᠲᠠ ᠵᠡᠷᠭᠡ ᠪᠠᠷ ᠣᠷᠣᠰᠢᠵᠤ᠂ ᠠᠰᠢᠭᠲᠠᠢ ᠨᠥᠬᠦᠴᠡᠯ ᠨᠢ ᠠᠰᠢᠭ ᠦᠭᠡᠢ ᠬᠦᠴᠦᠨ ᠵᠦᠢᠯ ᠠᠴᠠ | ᠢᠯᠡᠭᠦᠦ ᠪᠠᠶᠢᠨ᠎ᠠ᠃ ᠮᠠᠨ ᠤ ᠤᠯᠤᠰ ᠲᠤ ᠢᠯᠡ ᠲᠣᠳᠣ ᠪᠠᠶᠢᠭᠤᠯᠤᠯ ᠤᠨ ᠳᠠᠪᠠᠭᠤᠯᠢᠭ᠂ ᠭᠡᠲᠦ ᠶᠡᠭᠡ ᠬᠡᠪᠴᠢᠶᠡᠨ ᠤ ᠵᠠᠬ᠎ᠠ ᠳᠡᠯᠭᠡᠭᠦᠷ ᠤᠨ ᠳᠠᠪᠠᠭᠤᠯᠢᠭ᠂ ᠠᠵᠤ | ᠦᠢᠯᠡᠰ ᠤᠨ ᠰᠢᠰᠲ᠋ᠧᠮ ᠪᠦᠷᠢᠨ ᠲᠥᠬᠦᠷ ᠪᠠᠶᠢᠳᠠᠭ ᠬᠠᠩᠭᠠᠯᠭ᠎ᠠ ᠶᠢᠨ ᠳᠠᠪᠠᠭᠤᠯᠢᠭ᠂ ᠬᠡᠪ ᠴᠢᠨᠠᠷ ᠰᠠᠶᠢᠲᠠᠢ ᠬᠥᠳᠡᠯᠮᠦᠷᠢᠴᠢᠨ ᠣᠯᠠᠨ ᠪᠠᠶᠢᠳᠠᠭ ᠴᠢᠳᠠᠪᠤᠷᠢᠲᠠᠨ ᠤ | ᠳᠠᠪᠠᠭᠤᠯᠢᠭ ᠲᠠᠢ ᠪᠠᠶᠢᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠦᠷᠭᠦᠯᠵᠢᠯᠡᠨ ᠳᠡᠭᠡᠭᠰᠢᠯᠡᠵᠦ᠂ ᠰᠢᠨ᠎ᠡ ᠠᠵᠤ ᠦᠢᠯᠡᠰ᠂ ᠰᠢᠨ᠎ᠡ | ᠬᠡᠪ ᠵᠠᠭᠪᠤᠷ᠂ ᠰᠢᠨ᠎ᠡ ᠬᠥᠳᠡᠯᠭᠡᠭᠴᠢ ᠡᠨᠧᠷᠭᠢ ᠲᠦᠷᠭᠡᠰᠦᠨ ᠪᠤᠵᠠᠭᠠᠶᠢᠷᠠᠵᠤ᠂ ᠬᠥᠭᠵᠢᠯᠲᠡ ᠶᠢᠨ ᠳᠣᠲᠣᠭᠠᠳᠤ ᠬᠥᠳᠡᠯᠭᠡᠭᠴᠢ ᠬᠦᠴᠦᠨ ᠲᠠᠰᠤᠷᠠᠯᠲᠠ ᠦᠭᠡᠢ | ᠬᠤᠷᠠᠮᠳᠤᠨ᠂ ᠠᠵᠤ ᠠᠬᠤᠢ ᠰᠡᠷᠭᠦᠨ ᠰᠠᠶᠢᠵᠢᠷᠠᠵᠤ᠂ ᠤᠷᠲᠤ ᠬᠤᠭᠤᠴᠠᠭ᠎ᠠ ᠪᠠᠷ ᠰᠠᠶᠢᠵᠢᠷᠠᠬᠤ ᠦᠨᠳᠦᠰᠦᠨ ᠬᠠᠨᠳᠤᠰᠢ ᠬᠤᠪᠢᠷᠠᠭ᠎ᠠ ᠦᠭᠡᠢ ᠪᠥᠭᠡᠳ ᠬᠤᠪᠢᠷᠠᠬᠤ | ᠴᠤ ᠦᠭᠡᠢ ᠶᠤᠮ᠂ ᠡᠶᠢᠮᠦ ᠠᠴᠠ ᠡᠷᠬᠡᠪᠰᠢ ᠢᠲᠡᠭᠡᠯ ᠵᠣᠷᠢᠭ ᠪᠠ ᠢᠳᠡ ᠬᠦᠴᠦᠨ ᠢᠶᠠᠨ ᠴᠢᠩᠭᠠᠳᠬᠠᠬᠤ ᠬᠡᠷᠡᠭᠲᠡᠢ᠃ ᠡᠭᠦᠨ ᠤ ᠬᠠᠮᠲᠤ ᠬᠢᠵᠠᠭᠠᠷ ᠱᠤᠭᠤᠮ ᠤᠨ | ᠰᠡᠳᠬᠢᠬᠦᠢ ᠶᠢ ᠪᠠᠷᠢᠮᠲᠠᠯᠠᠨ᠂ ᠡᠯ᠎ᠡ ᠵᠦᠢᠯ ᠤᠨ ᠲᠦᠭᠰᠢᠭᠦᠷᠢ ᠰᠢᠯᠭᠠᠯᠲᠠ ᠶᠢ ᠠᠷᠭᠠᠴᠠᠭᠠᠬᠤ ᠪᠡᠯᠡᠳᠬᠡᠯ ᠢ ᠭᠦᠢᠴᠡᠳ ᠰᠠᠶᠢᠲᠤᠷ ᠬᠢᠬᠦ ᠬᠡᠷᠡᠭᠲᠡᠢ᠃ ᠪᠢᠳᠡ ᠨᠠᠮ ᠤᠨ | ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠰᠠᠶᠢᠲᠤᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠰᠢᠭᠲᠠᠢ ᠲᠣᠭᠢᠶᠠᠯ ᠢ ᠠᠯᠳᠠᠯ | ᠦᠭᠡᠢ ᠠᠮᠵᠢᠵᠤ᠂ ᠠᠰᠢᠭᠲᠠᠢ ᠨᠥᠬᠦᠴᠡᠯ ᠢ ᠰᠠᠶᠢᠲᠤᠷ ᠠᠰᠢᠭᠯᠠᠨ᠂ ᠡᠯ᠎ᠡ ᠲᠠᠯ᠎ᠠ ᠶᠢᠨ ᠬᠢᠨ ᠤ ᠠᠵᠢᠯ ᠬᠢᠵᠦ ᠦᠢᠯᠡᠰ ᠪᠦᠲᠦᠭᠡᠬᠦ ᠢᠳᠡᠪᠬᠢᠵᠢᠯ ᠢ ᠭᠦᠢᠴᠡᠳ | ᠳᠠᠶᠢᠴᠢᠯᠠᠳᠠᠭ ᠯᠠ ᠶᠤᠮ ᠪᠣᠯ ᠯᠠᠪᠲᠠᠶᠢᠶ᠎ᠠ ᠬᠦᠴᠢᠷ ᠪᠡᠷᠬᠡᠰᠢᠶᠡᠯ ᠪᠠ ᠰᠢᠯᠭᠠᠯᠲᠠ ᠶᠢ ᠢᠯᠠᠨ ᠳᠠᠪᠠᠵᠤ᠂ ᠮᠠᠨ ᠤ ᠤᠯᠤᠰ ᠤᠨ ᠠᠵᠤ ᠠᠬᠤᠢ ᠶᠢᠨ ᠦᠷᠭᠦᠯᠵᠢᠯᠡᠨ | ᠰᠠᠶᠢᠵᠢᠷᠠᠬᠤ ᠪᠠ ᠲᠣᠭᠲᠠᠭᠤᠨ ᠪᠥᠭᠡᠳ ᠤᠷᠲᠤ ᠤᠳᠠᠭᠠᠨ ᠬᠥᠭᠵᠢᠬᠦ ᠶᠢ ᠠᠬᠢᠭᠤᠯᠵᠤ ᠴᠢᠳᠠᠬᠤ ᠶᠤᠮ᠃ | ᠡᠨᠡ ᠵᠢᠯ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ᠄ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠪᠦᠭᠦ ᠦᠷᠲᠡᠭ ᠢ 5% | ᠣᠷᠴᠢᠮ ᠨᠡᠮᠡᠭᠳᠡᠭᠦᠯᠦᠨ᠎ᠡ︔ ᠬᠤᠳᠠ ᠪᠠᠯᠭᠠᠰᠤᠨ ᠳᠤ ᠠᠵᠢᠯ ᠣᠯᠣᠭᠰᠠᠨ ᠬᠥᠮᠥᠨ ᠢ 1200 ᠲᠦᠮᠡ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠵᠦ᠂ ᠬᠤᠳᠠ | ᠪᠠᠯᠭᠠᠰᠤᠨ ᠤ ᠪᠠᠶᠢᠴᠠᠭᠠᠭᠰᠠᠨ ᠠᠵᠢᠯ ᠠᠯᠳᠠᠯᠲᠠ ᠶᠢᠨ ᠨᠤᠷᠮ᠎ᠠ ᠶᠢ 5.5% ᠣᠷᠴᠢᠮ ᠪᠠᠶᠢᠯᠭᠠᠨ᠎ᠠ︔ ᠰᠠᠭᠤᠭᠠᠯᠢ ᠠᠷᠠᠳ ᠤᠨ ᠬᠡᠷᠡᠭᠯᠡᠭᠡ ᠶᠢᠨ ᠦᠨ᠎ᠡ ᠶᠢᠨ | ᠥᠰᠦᠯᠲᠡ ᠶᠢᠨ ᠬᠡᠮᠵᠢᠶ᠎ᠡ ᠶᠢ 3% ᠣᠷᠴᠢᠮ ᠪᠠᠶᠢᠯᠭᠠᠨ᠎ᠠ︔ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠪᠣᠯᠣᠨ ᠠᠵᠤ ᠠᠬᠤᠢ ᠶᠢᠨ ᠨᠡᠮᠡᠭᠳᠡᠯ ᠢ ᠵᠢᠭᠳᠡ | ᠪᠠᠶᠢᠯᠭᠠᠨ᠎ᠠ︔ ᠤᠯᠤᠰ ᠤᠨ ᠬᠤᠭᠤᠷᠣᠨᠳᠣᠭᠢ ᠣᠷᠣᠯᠭ᠎ᠠ ᠵᠠᠷᠤᠯᠭ᠎ᠠ ᠶᠢ ᠦᠨᠳᠦᠰᠦᠨ ᠳᠡᠭᠡᠨ ᠲᠡᠩᠴᠡᠭᠦᠷᠢᠲᠡᠢ ᠪᠠᠶᠢᠯᠭᠠᠨ᠎ᠠ︔ ᠠᠮᠤ ᠪᠤᠳᠠᠭᠠᠨ ᠤ ᠤᠨᠠᠯᠳᠠ ᠶᠢ 1.3 | ᠲᠦᠮᠡᠨ ᠳ᠋ᠦᠩᠰᠢᠭᠤᠷ ᠵᠢᠩ ᠠᠴᠠ ᠳᠡᠭᠡᠭᠰᠢ ᠪᠠᠶᠢᠯᠭᠠᠨ᠎ᠠ︔ ᠨᠢᠭᠡᠴᠢ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠪᠦᠭᠦ ᠦᠷᠲᠡᠭ ᠤᠨ ᠡᠨᠧᠷᠭᠢ ᠶᠢᠨ | ᠬᠤᠷᠣᠭᠳᠠᠭᠤᠯᠤᠯ ᠢ 2.5% ᠣᠷᠴᠢᠮ ᠢᠶᠠᠷ ᠪᠠᠭᠤᠷᠠᠭᠤᠯᠵᠤ᠂ ᠠᠮᠢ ᠠᠬᠤᠢ ᠶᠢᠨ ᠣᠷᠴᠢᠨ ᠨᠥᠬᠦᠴᠡᠯ ᠤᠨ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠤᠨ᠎ᠠ᠃ | ᠳᠡᠭᠡᠷ᠎ᠡ ᠳᠤᠷᠠᠳᠤᠭᠰᠠᠨ ᠵᠢᠱᠢᠭᠰᠡᠨ ᠬᠠᠷᠠᠯᠲᠠ ᠶᠢ ᠳᠤᠷᠠᠳᠬᠤ ᠳᠠᠭᠠᠨ᠂ ᠤᠯᠤᠰ ᠤᠨ ᠳᠣᠲᠣᠭᠠᠳᠤ ᠭᠠᠳᠠᠭᠠᠳᠤ ᠶᠢᠨ ᠪᠠᠶᠢᠳᠠᠯ ᠪᠣᠯᠣᠨ ᠡᠯ᠎ᠡ ᠲᠠᠯ᠎ᠠ ᠶᠢᠨ | ᠬᠦᠴᠦᠨ ᠵᠦᠢᠯ ᠢ ᠶᠡᠷᠦᠩᠬᠡᠶᠢᠯᠡᠨ ᠪᠣᠳᠣᠯᠬᠢᠯᠠᠵᠤ᠂ ᠬᠡᠷᠡᠭᠴᠡᠭᠡ ᠪᠠ ᠪᠣᠯᠣᠯᠴᠠᠭ᠎ᠠ ᠶᠢ ᠬᠠᠮᠲᠤ ᠳᠤᠨᠢ ᠬᠠᠷᠠᠭᠠᠯᠵᠠᠭᠰᠠᠨ ᠶᠤᠮ᠃ ᠠᠵᠤ ᠠᠬᠤᠢ ᠶᠢᠨ ᠨᠡᠮᠡᠭᠳᠡᠯ ᠤᠨ | ᠵᠢᠱᠢᠭᠰᠡᠨ ᠬᠠᠷᠠᠯᠲᠠ ᠶᠢ 5% ᠣᠷᠴᠢᠮ ᠪᠠᠶᠢᠯᠭᠠᠬᠤ ᠨᠢ ᠠᠵᠢᠯ ᠣᠯᠭᠤᠯᠲᠠ ᠶᠢ ᠠᠬᠢᠭᠤᠯᠤᠨ ᠣᠷᠣᠯᠭ᠎ᠠ ᠶᠢ ᠨᠡᠮᠡᠭᠳᠡᠭᠦᠯᠬᠦ᠂ ᠠᠶᠤᠯ ᠲᠦᠭᠰᠢᠭᠦᠷᠢ ᠶᠢ ᠰᠡᠷᠭᠡᠶᠢᠯᠡᠨ | ᠠᠷᠢᠯᠭᠠᠬᠤ ᠵᠡᠷᠭᠡ ᠬᠡᠷᠡᠭᠴᠡᠭᠡ ᠶᠢ ᠪᠣᠳᠣᠯᠬᠢᠯᠠᠭᠰᠠᠨ ᠪᠥᠭᠡᠳ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠪᠣᠯᠣᠨ ᠣᠳᠣᠬᠢᠴᠢᠯᠠᠯᠲᠠ ᠶᠢ | ᠦᠨᠳᠦᠰᠦᠨ ᠳᠡᠭᠡᠨ ᠪᠡᠶᠡᠯᠡᠭᠦᠯᠬᠦ ᠬᠠᠷᠠᠯᠲᠠ ᠯᠤᠭ᠎ᠠ ᠵᠣᠯᠭᠠᠯᠳᠤᠭᠤᠯᠬᠤ ᠭᠡᠰᠡᠨ ᠶᠤᠮ᠂ ᠠᠵᠤ ᠠᠬᠤᠢ ᠶᠢᠨ ᠨᠡᠮᠡᠭᠳᠡᠯ ᠤᠨ ᠳᠠᠯᠳᠠ ᠬᠦᠴᠦᠨ ᠪᠠ ᠲᠤᠯᠭᠠᠭᠤᠷᠢᠯᠠᠬᠤ | ᠨᠥᠬᠦᠴᠡᠯ ᠢ ᠴᠤ ᠪᠣᠳᠣᠯᠬᠢᠯᠠᠭᠰᠠᠨ ᠶᠤᠮ᠂ ᠡᠨᠡ ᠨᠢ ᠢᠳᠡᠪᠬᠢᠲᠡᠢ ᠪᠠᠷ ᠤᠷᠤᠭᠰᠢᠯᠠᠨ ᠳᠠᠪᠰᠢᠬᠤ᠂ ᠠᠮᠵᠢᠯᠲᠠ ᠪᠦᠳᠥᠮᠵᠢ ᠭᠠᠷᠭᠠᠬᠤ ᠪᠠᠷ ᠬᠦᠴᠦᠯᠡᠨ ᠴᠢᠷᠮᠠᠶᠢᠬᠤ | ᠱᠠᠭᠠᠷᠳᠠᠯᠭ᠎ᠠ ᠶᠢ ᠢᠯᠡᠷᠡᠭᠦᠯᠪᠡ᠃ ᠡᠨᠡ ᠵᠢᠯ ᠤᠨ ᠵᠢᠱᠢᠭᠰᠡᠨ ᠬᠠᠷᠠᠯᠲᠠ ᠶᠢ ᠪᠡᠶᠡᠯᠡᠭᠦᠯᠬᠦ ᠨᠢ ᠭᠢᠯᠪᠠᠷ ᠶᠠᠪᠤᠳᠠᠯ ᠪᠢᠰᠢ ᠲᠤᠯᠠ ᠲᠦᠷᠦ ᠶᠢᠨ ᠪᠣᠳᠣᠯᠭ᠎ᠠ ᠶᠢᠨ ᠲᠠᠯ᠎ᠠ ᠪᠠᠷ | ᠠᠩᠬᠠᠷᠤᠯ ᠢᠶᠠᠨ ᠲᠥᠪᠯᠡᠷᠡᠭᠦᠯᠦᠨ ᠬᠦᠴᠦᠯᠡᠵᠦ᠂ ᠬᠤᠪᠢ ᠳᠠᠭᠢᠨ ᠴᠢᠷᠮᠠᠶᠢᠨ ᠠᠵᠢᠯᠯᠠᠵᠤ᠂ ᠡᠯ᠎ᠡ ᠲᠠᠯ᠎ᠠ ᠶᠢᠨ ᠬᠢᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠬᠤ | ᠴᠢᠬᠤᠯᠠᠲᠠᠢ᠃ | ᠪᠢᠳᠠ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ᠂ ᠤᠷᠤᠭᠰᠢᠯᠠᠭᠤᠯᠬᠤ ᠪᠠᠷ ᠲᠣᠭᠲᠠᠭᠤᠨ ᠪᠠᠶᠢᠯᠭᠠᠬᠤ ᠶᠢ ᠠᠬᠢᠭᠤᠯᠬᠤ᠂ ᠤᠷᠢᠳ ᠢᠶᠠᠷ | ᠪᠠᠶᠢᠭᠤᠯᠵᠤ ᠳᠠᠷᠠᠭ᠎ᠠ ᠨᠢ ᠡᠪᠳᠡᠬᠦ ᠶᠢ ᠪᠠᠷᠢᠮᠲᠠᠯᠠᠬᠤ ᠬᠡᠷᠡᠭᠲᠡᠢ᠃ ᠲᠣᠭᠲᠠᠭᠤᠨ ᠪᠠᠶᠢᠯᠭᠠᠬᠤ ᠪᠣᠯ ᠶᠡᠭᠡ ᠲᠠᠯ᠎ᠠ ᠪᠠ ᠰᠠᠭᠤᠷᠢ ᠮᠥᠨ᠂ ᠡᠯ᠎ᠡ ᠭᠠᠵᠠᠷ ᠣᠷᠣᠨ ᠡᠯ᠎ᠡ | ᠰᠠᠯᠠᠭ᠎ᠠ ᠮᠥᠴᠢᠷ ᠤᠨ ᠬᠢᠨ ᠵᠢᠱᠢᠯᠲᠡ ᠶᠢ ᠲᠣᠭᠲᠠᠭᠤᠨ ᠪᠠᠶᠢᠯᠭᠠᠬᠤ᠂ ᠨᠡᠮᠡᠭᠳᠡᠯ ᠢ ᠲᠣᠭᠲᠠᠭᠤᠨ ᠪᠠᠶᠢᠯᠭᠠᠬᠤ᠂ ᠠᠵᠢᠯ ᠣᠯᠭᠤᠯᠲᠠ ᠶᠢ ᠲᠣᠭᠲᠠᠭᠤᠨ ᠪᠠᠶᠢᠯᠭᠠᠬᠤ ᠳᠤ | ᠠᠰᠢᠭᠲᠠᠢ ᠲᠥᠷᠥ ᠶᠢᠨ ᠪᠣᠳᠣᠯᠭ᠎ᠠ ᠶᠢ ᠢᠯᠡᠭᠦᠬᠡᠨ ᠲᠣᠭᠲᠠᠭᠠᠵᠤ᠂ ᠠᠪᠴᠢᠭᠠᠬᠤ ᠴᠢᠨᠠᠷᠲᠠᠢ ᠬᠤᠷᠢᠭᠯᠠᠬᠤ ᠴᠢᠨᠠᠷᠲᠠᠢ ᠠᠷᠭ᠎ᠠ ᠬᠡᠮᠵᠢᠶ᠎ᠡ ᠶᠢ ᠬᠢᠨᠠᠭᠤᠷ ᠪᠣᠯᠭᠤᠮᠵᠢᠲᠠᠢ | ᠨᠡᠶᠢᠲᠡᠯᠡᠵᠦ᠂ ᠴᠢᠨᠠᠷ ᠰᠠᠶᠢᠲᠠᠢ ᠬᠥᠭᠵᠢᠯᠲᠡ ᠯᠦᠭᠡ ᠵᠥᠷᠢᠴᠡᠯᠳᠦᠬᠦ ᠲᠥᠷᠥ ᠶᠢᠨ ᠪᠣᠳᠣᠯᠭ᠎ᠠ ᠶᠢᠨ ᠲᠣᠭᠲᠠᠭᠠᠯ ᠢ ᠢᠯᠭᠠᠷᠠᠭᠤᠯᠤᠨ ᠲᠢᠭᠯᠡᠭᠦ ᠪᠠ ᠬᠦᠴᠦᠨ ᠦᠭᠡᠢ | ᠪᠤᠯᠭᠠᠬᠤ ᠬᠡᠷᠡᠭᠲᠡᠢ᠃ ᠤᠷᠤᠭᠰᠢᠯᠠᠭᠤᠯᠬᠤ ᠪᠣᠯ ᠴᠢᠭᠯᠡᠯ ᠪᠠ ᠬᠥᠳᠡᠯᠭᠡᠭᠴᠢ ᠬᠦᠴᠦᠨ ᠮᠥᠨ᠂ ᠪᠠᠶᠢᠭᠤᠯᠬᠤ ᠶᠣᠰᠣᠲᠠᠢ ᠶᠢ ᠨᠢ ᠢᠳᠡᠪᠬᠢᠲᠡᠢ ᠰᠠᠨᠠᠭᠠᠴᠢᠯᠠᠭ᠎ᠠ ᠲᠠᠢ ᠪᠠᠷ | ᠪᠠᠶᠢᠭᠤᠯᠵᠤ᠂ ᠡᠪᠳᠡᠬᠦ ᠶᠣᠰᠣᠲᠠᠢ ᠶᠢ ᠨᠢ ᠪᠠᠶᠢᠭᠤᠯᠤᠭᠰᠠᠨ ᠰᠠᠭᠤᠷᠢᠨ ᠳᠡᠭᠡᠷ᠎ᠡ ᠡᠷᠡᠰ ᠡᠪᠳᠡᠬᠦ ᠬᠡᠷᠡᠭᠲᠡᠢ᠂ ᠢᠯᠠᠩᠭᠤᠶ᠎ᠠ ᠠᠷᠭ᠎ᠠ ᠮᠠᠶ᠋ᠢᠭ ᠢᠶᠠᠨ ᠬᠤᠪᠢᠷᠠᠭᠤᠯᠬᠤ᠂ | ᠪᠦᠲᠦᠴᠡ ᠶᠢ ᠲᠣᠬᠢᠷᠠᠭᠤᠯᠬᠤ᠂ ᠶᠠᠰᠤ ᠴᠢᠨᠠᠷ ᠢ ᠳᠡᠭᠡᠭᠰᠢᠯᠡᠭᠦᠯᠭᠦ᠂ ᠦᠷ᠎ᠡ ᠠᠰᠢᠭ ᠢ ᠨᠡᠮᠡᠭᠳᠡᠭᠦᠯᠬᠦ ᠲᠠᠯ᠎ᠠ ᠪᠠᠷ ᠢᠳᠡᠪᠬᠢᠲᠡᠢ ᠤᠷᠤᠭᠰᠢᠯᠠᠨ ᠲᠠᠪᠰᠢᠬᠤ ᠬᠡᠷᠡᠭᠲᠡᠢ᠃ | ᠬᠤᠷᠸ᠎ᠠ ᠲᠥᠷᠥ ᠶᠢᠨ ᠪᠣᠳᠣᠯᠭ᠎ᠠ ᠶᠢᠨ ᠦᠶᠡᠯᠡᠯ ᠥᠭᠰᠥᠭᠦᠯᠦᠨ ᠲᠣᠬᠢᠷᠠᠭᠤᠯᠬᠤ ᠪᠠ ᠦᠶᠡᠯᠡᠯ ᠠᠯᠤᠰᠯᠠᠨ ᠲᠣᠬᠢᠷᠠᠭᠤᠯᠬᠤ ᠶᠢ ᠴᠢᠩᠭᠠᠳᠬᠠᠵᠤ᠂ ᠡᠳ᠋ ᠤᠨ ᠵᠠᠰᠠᠭ ᠤᠨ | ᠢᠳᠡᠪᠬᠢᠲᠡᠢ ᠲᠦᠷᠦ ᠶᠢᠨ ᠪᠣᠳᠣᠯᠭ᠎ᠠ ᠪᠠ ᠵᠣᠭᠤᠰᠤᠨ ᠤ ᠯᠠᠪᠳᠠᠭᠤᠨ ᠲᠦᠷᠦ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠵᠦ᠂ ᠲᠦᠷᠦ ᠶᠢᠨ ᠪᠣᠳᠣᠯᠭ᠎ᠠ ᠶᠢᠨ | ᠪᠠᠭᠠᠵᠢ ᠶᠢᠨ ᠰᠢᠨ᠎ᠡ ᠡᠭᠦᠳᠦᠯᠲᠡ ᠪᠠ ᠵᠣᠬᠢᠴᠠᠭᠤᠯᠭ᠎ᠠ ᠬᠠᠮᠵᠢᠯᠴᠠᠭ᠎ᠠ ᠶᠢ ᠴᠢᠩᠭᠠᠳᠬᠠᠨ᠎ᠠ᠃ | ᠡᠳ᠋ ᠤᠨ ᠵᠠᠰᠠᠭ ᠤᠨ ᠢᠳᠡᠪᠬᠢᠲᠡᠢ ᠲᠦᠷᠦ ᠶᠢᠨ ᠪᠣᠳᠣᠯᠭ᠎ᠠ ᠶᠢᠨ ᠡᠷᠴᠢᠮ ᠢ ᠵᠣᠬᠢᠰᠲᠠᠢ ᠴᠢᠩᠭᠠᠷᠠᠭᠤᠯᠵᠤ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ | ᠠᠰᠢᠭ ᠢ ᠨᠡᠮᠡᠭᠳᠡᠭᠦᠯᠬᠦ ᠬᠡᠷᠡᠭᠲᠡᠢ᠃ ᠬᠥᠭᠵᠢᠯᠲᠡ ᠶᠢᠨ ᠬᠡᠷᠡᠭᠴᠡᠭᠡ ᠪᠣᠯᠣᠨ ᠡᠳ᠋ ᠤᠨ ᠵᠠᠰᠠᠭ ᠤᠨ ᠦᠷᠭᠦᠯᠵᠢᠯᠡᠬᠦᠶᠢᠴᠡ ᠴᠢᠨᠠᠷ ᠢ ᠶᠡᠷᠦᠩᠬᠡᠶᠢᠯᠡᠨ ᠪᠣᠳᠣᠯᠬᠢᠯᠠᠵᠤ᠂ | ᠡᠳ᠋ ᠤᠨ ᠵᠠᠰᠠᠭ ᠤᠨ ᠲᠥᠷᠥ ᠶᠢᠨ ᠪᠣᠳᠣᠯᠭ᠎ᠠ ᠶᠢᠨ ᠣᠷᠣᠨ ᠵᠠᠢ ᠶᠢ ᠰᠠᠶᠢᠲᠤᠷ ᠬᠡᠷᠡᠭᠯᠡᠨ᠂ ᠲᠥᠷᠥ ᠶᠢᠨ ᠪᠣᠳᠣᠯᠭ᠎ᠠ ᠶᠢᠨ ᠪᠠᠭᠠᠵᠢ ᠶᠢᠨ ᠨᠡᠶᠢᠯᠡᠯ ᠢ | ᠰᠢᠯᠢᠳᠡᠭᠵᠢᠭᠦᠯᠦᠨ᠎ᠡ᠃ ᠤᠯᠠᠭᠠᠨ ᠲᠤᠭ᠎ᠠ ᠶᠢᠨ ᠨᠤᠷᠮ᠎ᠠ ᠶᠢ 3% ᠪᠠᠷ ᠲᠣᠬᠢᠷᠠᠭᠤᠯᠤᠨ᠂ ᠤᠯᠠᠭᠠᠨ ᠲᠤᠭ᠎ᠠ ᠶᠢᠨ ᠬᠡᠪᠴᠢᠶ᠎ᠡ ᠶᠢ 4.06 ᠲᠦᠮᠡᠨ ᠳ᠋ᠦᠩᠰᠢᠭᠤᠷ | ᠲᠥᠭᠦᠷᠢᠭ ᠪᠠᠶᠢᠯᠭᠠᠵᠤ᠂ ᠲᠦᠷᠦᠭᠦᠥ ᠵᠢᠯ ᠤᠨ ᠵᠢᠯ ᠤᠨ ᠡᠬᠢᠨ ᠤ ᠲᠥᠰᠥᠪ ᠠᠴᠠ 1800 ᠳ᠋ᠦᠩᠰᠢᠭᠤᠷ ᠲᠥᠭᠦᠷᠢᠭ ᠨᠡᠮᠡᠭᠳᠡᠭᠦᠯᠬᠦ ᠪᠠᠷ ᠲᠥᠯᠥᠪᠯᠡᠵᠦ ᠪᠠᠶᠢᠨ᠎ᠠ᠃ | ᠵᠢᠱᠢᠯᠲᠡ ᠪᠠᠷ ᠡᠨᠡ ᠵᠢᠯ ᠤᠨ ᠡᠳ᠋ ᠤᠨ ᠵᠠᠰᠠᠭ ᠤᠨ ᠣᠷᠣᠯᠭ᠎ᠠ ᠦᠷᠭᠦᠯᠵᠢᠯᠡᠨ ᠰᠡᠷᠭᠦᠵᠦ ᠨᠡᠮᠡᠭᠳᠡᠬᠦ ᠶᠢᠨ ᠳᠡᠭᠡᠷ᠎ᠡ ᠰᠢᠯᠵᠢᠭᠦᠯᠦᠨ ᠣᠷᠣᠭᠤᠯᠬᠤ ᠪᠡᠯᠡ ᠮᠥᠩᠭᠦ | ᠵᠡᠷᠭᠡ ᠶᠢ ᠨᠡᠮᠡᠪᠡᠯ᠂ ᠡᠩ ᠤᠨ ᠤᠯᠠᠨ ᠨᠡᠶᠢᠲᠡ ᠶᠢᠨ ᠲᠥᠰᠥᠪ ᠤᠨ ᠵᠠᠷᠤᠯᠭ᠎ᠠ ᠶᠢᠨ ᠬᠡᠪᠴᠢᠶ᠎ᠡ 28.5 ᠲᠦᠮᠡᠨ ᠳ᠋ᠦᠩᠰᠢᠭᠤᠷ ᠲᠥᠭᠦᠷᠢᠭ ᠪᠣᠯᠵᠤ᠂ ᠲᠦᠷᠦᠭᠦᠦ | ᠵᠢᠯ ᠤᠨ ᠬᠢ ᠠᠴᠠ 1.1 ᠲᠦᠮᠡᠨ ᠳ᠋ᠦᠩᠰᠢᠭᠤᠷ ᠲᠥᠭᠦᠷᠢᠭ ᠨᠡᠮᠡᠭᠳᠡᠨ᠎ᠡ᠃ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠢ ᠵᠦᠢᠯ ᠤᠨ ᠵᠢᠭᠡᠯᠡᠯᠭᠡ ᠶᠢᠨ | ᠲᠡᠮᠳᠡᠭᠲᠦ ᠶᠢ 3.9 ᠲᠦᠮᠡᠨ ᠳ᠋ᠦᠩᠰᠢᠭᠤᠷ ᠲᠥᠭᠦᠷᠢᠭ ᠲᠣᠬᠢᠷᠠᠭᠤᠯᠵᠤ᠂ ᠲᠦᠷᠦᠭᠦᠦ ᠵᠢᠯ ᠤᠨ ᠬᠢ ᠠᠴᠠ 1000 ᠳ᠋ᠦᠩᠰᠢᠭᠤᠷ ᠲᠥᠭᠦᠷᠢᠭ ᠨᠡᠮᠡᠭᠳᠡᠭᠦᠯᠬᠦ ᠪᠠᠷ | ᠲᠥᠯᠥᠪᠯᠡᠵᠦ ᠪᠠᠶᠢᠨ᠎ᠠ᠃ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠬᠢᠴᠠ ᠳᠤᠮᠳᠠᠬᠢ ᠵᠠᠷᠢᠮ ᠴᠢᠬᠤᠯᠠ | ᠶᠡᠭᠡ ᠲᠥᠰᠥᠯ ᠤᠨ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢᠨ ᠠᠰᠠᠭᠤᠳᠠᠯ ᠢ ᠰᠢᠰᠲ᠋ᠧᠮ ᠲᠠᠢ ᠰᠢᠢᠳᠪᠦᠷᠢᠯᠡᠬᠦ ᠶᠢᠨ ᠲᠥᠯᠥᠭᠡ᠂ ᠡᠨᠡ ᠵᠢᠯ ᠠᠴᠠ ᠡᠬᠢᠯᠡᠨ | ᠵᠠᠯᠭᠠᠭ᠎ᠠ ᠪᠠᠷ ᠬᠡᠳᠦᠨ ᠵᠢᠯ ᠭᠡᠳᠥ ᠤᠷᠲᠤ ᠬᠤᠭᠤᠴᠠᠭᠠᠨ ᠤ ᠣᠨᠴᠠᠭᠠᠢ ᠤᠯᠤᠰ ᠤᠨ ᠵᠢᠭᠡᠯᠡᠯᠭᠡ ᠲᠠᠷᠬᠠᠭᠠᠵᠤ᠂ ᠤᠯᠤᠰ ᠤᠨ ᠴᠢᠬᠤᠯᠠ ᠶᠡᠭᠡ ᠪᠠᠶᠢᠯᠳᠤᠬᠤ | ᠪᠣᠳᠣᠯᠭ᠎ᠠ ᠶᠢᠨ ᠬᠡᠷᠡᠭᠵᠢᠭᠦᠯᠦᠯᠲᠡ ᠪᠠ ᠭᠤᠣᠯᠳᠠᠯᠭ᠎ᠠ ᠲᠠᠢ ᠬᠦᠷᠢᠶᠡᠨ ᠤ ᠠᠮᠤᠷ ᠲᠦᠪᠰᠢᠨ ᠤ ᠴᠢᠳᠠᠪᠤᠷᠢ ᠶᠢᠨ ᠪᠠᠶᠢᠭᠤᠯᠤᠯᠲᠠ ᠳᠤ ᠲᠤᠰᠬᠠᠢ ᠬᠡᠷᠡᠭᠯᠡᠭᠦᠯᠵᠦ᠂ ᠡᠨᠡ | ᠵᠢᠯ ᠤᠷᠢᠳ ᠢᠶᠠᠷ ᠲᠦᠮᠡᠨ ᠳ᠋ᠦᠩᠰᠢᠭᠤᠷ ᠲᠥᠭᠦᠷᠢᠭ ᠲᠠᠷᠬᠠᠭᠠᠬᠤ ᠪᠠᠷ ᠲᠥᠯᠥᠪᠯᠡᠵᠦ ᠪᠠᠶᠢᠨ᠎ᠠ᠃ ᠣᠳᠣ ᠣᠯᠠᠨ ᠲᠠᠯ᠎ᠠ ᠪᠠᠷ ᠴᠥᠮ ᠡᠳ᠋ ᠤᠨ ᠵᠠᠰᠠᠭ ᠤᠨ ᠪᠡᠯᠡ | ᠣᠷᠣᠭᠤᠯᠤᠯᠲᠠ ᠶᠢ ᠨᠡᠮᠡᠭᠳᠡᠭᠦᠯᠬᠦ ᠴᠢᠬᠤᠯᠠᠲᠠᠢ ᠪᠣᠯᠬᠤᠷ ᠵᠠᠷᠤᠯᠭ᠎ᠠ ᠶᠢᠨ ᠪᠦᠲᠦᠴᠡ ᠶᠢ ᠶᠡᠭᠡ ᠪᠠᠷ ᠰᠢᠯᠢᠳᠡᠭᠵᠢᠭᠦᠯᠦᠨ᠂ ᠤᠯᠤᠰ ᠤᠨ ᠴᠢᠬᠤᠯᠠ ᠶᠡᠭᠡ ᠪᠠᠶᠢᠯᠳᠤᠬᠤ | ᠪᠣᠳᠣᠯᠭ᠎ᠠ ᠶᠢᠨ ᠡᠭᠦᠷᠭᠡ ᠪᠠ ᠠᠷᠠᠳ ᠤᠨ ᠦᠨᠳᠦᠰᠦᠨ ᠠᠮᠢᠳᠤᠷᠠᠯ ᠤᠨ ᠡᠳ᠋ ᠤᠨ ᠬᠦᠴᠦᠨ ᠤ ᠪᠠᠲᠤᠯᠠᠭ᠎ᠠ ᠶᠢ ᠴᠢᠩᠭᠠᠳᠬᠠᠵᠤ᠂ ᠡᠩ ᠤᠨ ᠴᠢᠨᠠᠷᠲᠠᠢ ᠵᠠᠷᠤᠯᠭ᠎ᠠ ᠶᠢ | ᠴᠢᠩᠭ᠎ᠠ ᠬᠢᠵᠠᠭᠠᠷᠯᠠᠬᠤ ᠬᠡᠷᠡᠭᠲᠡᠢ᠃ ᠲᠥᠪ ᠤᠨ ᠡᠳ᠋ ᠤᠨ ᠵᠠᠰᠠᠭ ᠠᠴᠠ ᠣᠷᠣᠨ ᠨᠤᠲᠤᠭ ᠲᠤ ᠲᠡᠩᠴᠡᠭᠦᠷᠢᠰᠢᠭᠦᠯᠬᠦ ᠴᠢᠨᠠᠷᠲᠠᠢ ᠰᠢᠯᠵᠢᠭᠦᠯᠦᠨ ᠥᠭᠬᠦ ᠡᠷᠴᠢᠮ ᠢᠶᠠᠨ | ᠴᠢᠩᠭᠠᠷᠠᠭᠤᠯᠵᠤ᠂ ᠬᠦᠴᠢᠷᠳᠡᠯ ᠲᠠᠢ ᠭᠠᠵᠠᠷ ᠣᠷᠣᠨ ᠲᠡᠶᠢᠰᠢ ᠵᠣᠬᠢᠰᠲᠠᠢ ᠬᠡᠯᠪᠡᠶᠢᠯᠭᠡᠵᠦ᠂ ᠮᠤᠵᠢ ᠶᠢᠨ ᠱᠠᠲᠤᠨ ᠤ ᠵᠠᠰᠠᠭ ᠤᠨ ᠣᠷᠳᠣᠨ ᠡᠳ᠋ ᠤᠨ ᠬᠦᠴᠦᠨ ᠤ | ᠬᠤᠪᠢᠶᠠᠷᠢᠯᠠᠯᠲᠠ ᠶᠢ ᠳᠣᠷᠣᠭᠰᠢ ᠪᠠᠭᠤᠯᠭᠠᠬᠤ ᠶᠢ ᠠᠬᠢᠭᠤᠯᠵᠤ᠂ ᠦᠨᠳᠦᠰᠦᠨ ᠱᠠᠲᠤᠨ ᠤ ︽ᠭᠤᠷᠪᠠ ᠶᠢ ᠪᠠᠲᠤᠯᠠᠬᠤ︾ ᠬᠢᠵᠠᠭᠠᠷ ᠱᠤᠭᠤᠮ ᠢ ᠪᠠᠲᠤ ᠰᠠᠬᠢᠬᠤ | ᠬᠡᠷᠡᠭᠲᠡᠢ᠃ ᠪᠦᠲᠦᠴᠡ ᠶᠢᠨ ᠴᠢᠨᠠᠷᠲᠠᠢ ᠪᠠᠷ ᠭᠠᠶᠢᠯᠢ ᠬᠥᠩᠭᠡᠯᠡᠨ ᠰᠦᠢᠳᠬᠡᠯ ᠪᠠᠭᠤᠷᠠᠭᠤᠯᠬᠤ ᠲᠦᠷᠦ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ ᠪᠠ ᠦᠢᠯᠡᠳᠬᠦ ᠦᠢᠯᠡᠰ ᠤᠨ ᠬᠥᠭᠵᠢᠯᠲᠡ ᠶᠢ ᠭᠤᠣᠯᠳᠠᠯᠭ᠎ᠠ ᠲᠠᠢ ᠪᠠᠷ ᠲᠡᠮᠵᠢᠨ᠎ᠠ᠃ ᠡᠳ᠋ ᠤᠨ ᠵᠠᠰᠠᠭ | ᠠᠵᠤ ᠠᠬᠤᠢ ᠶᠢᠨ ᠰᠠᠬᠢᠯᠭ᠎ᠠ ᠪᠠᠲᠤ ᠶᠢ ᠴᠢᠩᠳᠠᠯᠠᠵᠤ᠂ ᠡᠳ᠋ ᠤᠨ ᠶᠠᠪᠤᠳᠠᠯ ᠤᠨ ᠨᠢᠭᠲᠠᠯᠠᠨ ᠪᠣᠳᠣᠯᠲᠠ ᠶᠢᠨ ᠬᠢᠨᠠᠯᠲᠠ ᠲᠠᠯᠪᠢᠬᠤ ᠶᠢ ᠴᠢᠩᠭᠠᠳᠬᠠᠵᠤ᠂ ᠦᠡᠭᠭᠡᠨ | ᠲᠠᠯ᠎ᠠ ᠶᠢᠨ ᠢᠨᠵᠧᠨᠧᠷᠢᠩ᠂ ᠳᠦᠷᠢ ᠲᠥᠷᠬᠦ ᠶᠢᠨ ᠢᠨᠵᠧᠨᠧᠷᠢᠩ ᠬᠢᠬᠦ ᠶᠢ ᠴᠢᠩᠭ᠎ᠠ ᠴᠠᠭᠠᠵᠠᠯᠠᠵᠤ᠂ ᠪᠦᠷᠢᠯᠭᠡᠨ ᠰᠦᠢᠳᠬᠡᠬᠦ ᠶᠢ ᠡᠷᠡᠰ ᠬᠤᠷᠢᠭᠯᠠᠨ ᠵᠣᠭᠰᠣᠭᠠᠨ᠎ᠠ᠃ | ᠡᠯ᠎ᠡ ᠱᠠᠲᠤᠨ ᠤ ᠵᠠᠰᠠᠭ ᠤᠨ ᠣᠷᠳᠣᠨ ᠭᠠᠮᠨᠠᠨ ᠠᠮᠢᠳᠤᠷᠠᠬᠤ ᠳᠠᠳᠬᠠᠯ ᠲᠠᠢ ᠪᠣᠯᠵᠤ᠂ ᠦᠨᠡᠨ ᠬᠦ ᠨᠠᠷᠢᠯᠢᠭ ᠪᠤᠳᠤᠵᠤ ᠨᠢᠮᠪᠠᠢ ᠲᠥᠯᠥᠪᠯᠡᠨ᠂ ᠡᠳ᠋ ᠤᠨ ᠵᠠᠰᠠᠭ ᠤᠨ | ᠪᠡᠯᠡ ᠮᠥᠩᠭᠦ ᠶᠢ ᠦᠨᠡᠨ ᠬᠦ ᠴᠢᠬᠤᠯᠠᠲᠠᠢ ᠭᠠᠵᠠᠷ ᠲᠤᠨᠢ ᠬᠡᠷᠡᠭᠯᠡᠵᠦ᠂ ᠪᠣᠳᠠᠲᠤ ᠦᠷ᠎ᠡ ᠪᠦᠲᠦᠮᠵᠢ ᠭᠠᠷᠭᠠᠬᠤ ᠬᠡᠷᠡᠭᠲᠡᠢ᠃ | ᠵᠣᠭᠤᠰᠤᠨ ᠤ ᠯᠠᠪᠳᠠᠭᠤᠨ ᠲᠦᠷᠦ ᠶᠢᠨ ᠪᠣᠳᠣᠯᠭ᠎ᠠ ᠶᠢ ᠠᠮᠢᠳᠤᠯᠢᠭ ᠪᠥᠭᠡᠳ ᠲᠣᠬᠢᠷᠠᠮᠵᠢᠲᠠᠢ᠂ ᠨᠠᠷᠢᠯᠢᠭ ᠣᠨᠣᠴᠠᠲᠠᠢ ᠪᠥᠭᠡᠳ ᠪᠦᠲᠦᠮᠵᠢᠲᠡᠶ ᠪᠠᠶᠢᠯᠭᠠᠬᠤ | ᠬᠡᠷᠡᠭᠲᠡᠢ᠃ ᠭᠦᠢᠯᠭᠡᠭᠡᠨ ᠤ ᠴᠢᠨᠠᠷ ᠢ ᠵᠦᠢ ᠵᠣᠬᠢᠰᠲᠠᠢ ᠪᠥᠭᠡᠳ ᠭᠦᠢᠴᠡᠳ ᠲᠡᠭᠦᠯᠳᠡᠷ ᠪᠠᠶᠢᠯᠭᠠᠵᠤ᠂ ᠨᠡᠶᠢᠭᠡᠮ ᠤᠨ ᠪᠡᠯᠡ ᠲᠣᠬᠢᠷᠠᠭᠤᠯᠬᠤ ᠬᠡᠪᠴᠢᠶ᠎ᠡ᠂ ᠵᠣᠭᠤᠰᠤᠨ ᠤ | ᠬᠠᠩᠭᠠᠯᠭ᠎ᠠ ᠶᠢᠨ ᠬᠡᠮᠵᠢᠶ᠎ᠡ ᠶᠢ ᠠᠵᠤ ᠠᠬᠤᠢ ᠶᠢᠨ ᠨᠡᠮᠡᠭᠳᠡᠯ ᠪᠠ ᠦᠨ᠎ᠡ ᠬᠠᠩᠰᠢ ᠶᠢᠨ ᠲᠦᠪᠰᠢᠨ ᠤ ᠵᠢᠱᠢᠭᠰᠡᠨ ᠬᠠᠷᠠᠯᠲᠠ ᠯᠤᠭ᠎ᠠ ᠵᠣᠬᠢᠴᠠᠭᠤᠯᠤᠨ᠎ᠠ᠃ ᠶᠡᠷᠦᠩᠬᠡᠢ | ᠬᠡᠮᠵᠢᠶ᠎ᠡ ᠪᠠ ᠪᠦᠲᠦᠴᠡ ᠶᠢᠨ ᠳᠠᠪᠬᠤᠷ ᠲᠣᠬᠢᠷᠠᠭᠤᠯᠭ᠎ᠠ ᠶᠢ ᠴᠢᠩᠭᠠᠳᠬᠠᠵᠤ᠂ ᠬᠠᠳᠠᠭᠠᠯᠠᠯᠲᠠ ᠶᠢ ᠠᠮᠢᠳᠤᠯᠢᠭᠵᠢᠭᠤᠯᠤᠨ᠂ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ | ᠴᠢᠬᠤᠯᠠ ᠶᠡᠭᠡ ᠪᠠᠶᠢᠯᠳᠤᠬᠤ ᠪᠣᠳᠣᠯᠭ᠎ᠠ᠂ ᠭᠤᠣᠯᠳᠠᠯᠭ᠎ᠠ ᠲᠠᠢ ᠬᠦᠷᠢᠶ᠎ᠡ ᠪᠠ ᠪᠠᠭᠤᠷᠠᠢ ᠭᠤᠭᠴᠤᠭ᠎ᠠ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠤᠨ᠎ᠠ᠃ ᠨᠡᠶᠢᠭᠡᠮ ᠤᠨ | ᠶᠡᠷᠦᠩᠬᠡᠶᠢᠯᠡᠭᠰᠡᠨ ᠪᠡᠯᠡ ᠲᠣᠬᠢᠷᠠᠭᠤᠯᠭ᠎ᠠ ᠶᠢᠨ ᠥᠪᠡᠷ ᠤᠨ ᠦᠷᠳᠡᠭ ᠢ ᠲᠣᠭᠲᠠᠭᠤᠨ ᠪᠠᠶᠢᠯᠭᠠᠬᠤ ᠶᠢᠨ ᠵᠡᠷᠭᠡ ᠳᠤ ᠪᠠᠭᠤᠷᠠᠭᠤᠯᠬᠤ ᠶᠢ ᠠᠬᠢᠭᠤᠯᠤᠨ᠎ᠠ᠃ ᠵᠣᠭᠤᠰᠤᠨ ᠤ | ᠲᠦᠷᠦ ᠶᠢᠨ ᠪᠣᠳᠣᠯᠭ᠎ᠠ ᠶᠢᠨ ᠳᠠᠮᠵᠢᠭᠤᠯᠬᠤ ᠲᠣᠭᠲᠠᠴᠠ ᠶᠢ ᠰᠠᠭᠠᠳ ᠦᠭᠡᠢ ᠨᠠᠪᠲᠠᠷᠡᠭᠦᠯᠵᠦ᠂ ᠪᠡᠯᠡ ᠮᠥᠩᠭᠦ ᠶᠢᠨ ᠰᠤᠯᠠ ᠳᠠᠷᠤᠭᠳᠠᠬᠤ ᠪᠠ ᠬᠤᠭᠤᠰᠤᠨ | ᠡᠷᠭᠢᠯᠳᠦᠬᠦ ᠠᠴᠠ ᠵᠠᠶᠢᠯᠠᠰᠬᠢᠨ᠎ᠡ᠃ ᠬᠥᠷᠥᠩᠭᠡ ᠶᠢᠨ ᠵᠠᠬ᠎ᠠ ᠳᠡᠯᠭᠡᠭᠦᠷ ᠤᠨ ᠳᠣᠲᠣᠭᠠᠳᠤ ᠶᠢᠨ ᠲᠣᠭᠲᠠᠪᠤᠷᠢᠲᠤ ᠴᠢᠨᠠᠷ ᠢ ᠨᠡᠮᠡᠭᠳᠡᠭᠦᠯᠦᠨ᠎ᠡ᠃ ᠠᠷᠠᠳ ᠤᠨ ᠵᠣᠭᠤᠰ ᠤᠨ | ᠭᠤᠪᠢᠭᠤᠯᠭ᠎ᠠ ᠶᠢᠨ ᠨᠤᠷᠮ᠎ᠠ ᠶᠢᠨ ᠵᠦᠢ ᠵᠣᠬᠢᠰᠲᠠᠢ ᠪᠥᠭᠡᠳ ᠲᠡᠩᠴᠡᠭᠦᠷᠢᠲᠡᠢ ᠲᠦᠪᠰᠢᠨ ᠳᠡᠭᠡᠷ᠎ᠡ ᠦᠨᠳᠦᠰᠦᠨ ᠳᠡᠭᠡᠨ ᠲᠣᠭᠲᠠᠭᠤᠨ ᠪᠠᠶᠢᠬᠤ ᠶᠢ ᠪᠠᠲᠤᠯᠠᠨ᠎ᠠ᠃ | ᠰᠢᠨᠵᠢᠯᠡᠬᠦ ᠤᠬᠠᠭᠠᠨ ᠮᠡᠷᠭᠡᠵᠢᠯ ᠤᠨ ᠮᠥᠩᠭᠦᠨ ᠭᠦᠢᠯᠭᠡᠭᠡ᠂ ᠨᠣᠭᠤᠭᠠᠨ ᠮᠥᠩᠭᠦᠨ ᠭᠦᠢᠯᠭᠡᠭᠡ᠂ ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡ᠂ ᠨᠠᠰᠤᠵᠢᠯ ᠤᠨ | ᠠᠰᠠᠷᠠᠮᠵᠢ ᠶᠢᠨ ᠮᠥᠩᠭᠦᠨ ᠭᠦᠢᠯᠭᠡᠭᠡ᠂ ᠳ᠋ᠢᠵᠢᠲ᠋ᠠᠯ ᠮᠥᠩᠭᠦᠨ ᠭᠦᠢᠯᠭᠡᠭᠡ ᠶᠢ ᠶᠡᠭᠡ ᠪᠠᠷ ᠬᠥᠭᠵᠢᠭᠦᠯᠦᠨ᠎ᠡ᠃ ᠪᠡᠯᠡ ᠲᠣᠬᠢᠷᠠᠭᠤᠯᠭ᠎ᠠ ᠶᠢᠨ ᠢᠲᠡᠭᠡᠮᠵᠢ ᠶᠢ ᠨᠡᠮᠡᠭᠳᠡᠭᠦᠯᠬᠦ | ᠂ ᠲᠦᠭᠰᠢᠭᠦᠷᠢ ᠶᠢ ᠬᠤᠪᠢᠶᠠᠨ ᠡᠭᠦᠷᠭᠡᠯᠡᠬᠦ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠵᠡᠷᠭᠡ ᠢᠵᠢ ᠪᠦᠷᠢᠳᠦᠭᠰᠡᠨ ᠠᠷᠭ᠎ᠠ ᠬᠡᠮᠵᠢᠶ᠎ᠡ ᠶᠢ ᠰᠢᠯᠢᠳᠡᠭᠵᠢᠭᠦᠯᠵᠦ᠂ ᠳᠤᠮᠳᠠ | ᠵᠢᠵᠢᠭ ᠪᠢᠴᠢᠯ ᠠᠵᠤ ᠠᠬᠤᠶᠢᠯᠠᠯ ᠤᠨ ᠪᠡᠯᠡ ᠲᠣᠬᠢᠷᠠᠭᠤᠯᠬᠤ ᠬᠡᠷᠡᠭᠴᠡᠭᠡ ᠶᠢ ᠨᠠᠩ ᠰᠠᠶᠢᠨ ᠬᠠᠩᠭᠠᠨ᠎ᠠ᠃ | ᠬᠤᠷᠸ᠎ᠠ ᠲᠦᠷᠦ ᠶᠢᠨ ᠪᠣᠳᠣᠯᠭ᠎ᠠ ᠶᠢᠨ ᠬᠠᠨᠳᠤᠰᠢ ᠶᠢᠨ ᠨᠢᠭᠡᠳᠦᠯᠲᠦ ᠴᠢᠨᠠᠷ ᠢ ᠴᠢᠩᠭᠠᠳᠬᠠᠨ᠎ᠠ᠃ ᠬᠥᠭᠵᠢᠯᠲᠡ ᠶᠢᠨ ᠶᠡᠭᠡ ᠲᠠᠯ᠎ᠠ ᠲᠠᠢ ᠤᠶᠠᠯᠳᠤᠭᠤᠯᠵᠤ᠂ | ᠡᠳ᠋ ᠤᠨ ᠵᠠᠰᠠᠭ᠂ ᠵᠣᠭᠤᠰ᠂ ᠠᠵᠢᠯ ᠣᠯᠭᠤᠯᠲᠠ᠂ ᠠᠵᠤ ᠦᠢᠯᠡᠰ᠂ ᠣᠷᠣᠨ ᠪᠦᠰᠡ᠂ ᠰᠢᠨᠵᠢᠯᠡᠬᠦ ᠤᠬᠠᠭᠠᠨ ᠮᠡᠷᠭᠡᠵᠢᠯ᠂ ᠣᠷᠴᠢᠨ ᠠᠬᠤᠢ ᠶᠢᠨ ᠬᠠᠮᠠᠭᠠᠯᠠᠯᠲᠠ | ᠵᠡᠷᠭᠡ ᠲᠥᠷᠥ ᠶᠢᠨ ᠪᠣᠳᠣᠯᠭ᠎ᠠ ᠶᠢᠨ ᠵᠣᠬᠢᠴᠠᠭᠤᠯᠭ᠎ᠠ ᠬᠠᠮᠵᠢᠯᠴᠠᠭ᠎ᠠ ᠶᠢ ᠴᠢᠩᠭᠠᠳᠬᠠᠵᠤ᠂ ᠠᠵᠤ ᠠᠬᠤᠢ ᠶᠢᠨ ᠪᠤᠰᠤ ᠲᠥᠷᠥ ᠶᠢᠨ ᠪᠣᠳᠣᠯᠭ᠎ᠠ ᠶᠢ ᠬᠤᠷᠸ᠎ᠠ | ᠲᠥᠷᠥ ᠶᠢᠨ ᠪᠣᠳᠣᠯᠭ᠎ᠠ ᠶᠢᠨ ᠬᠠᠨᠳᠤᠰᠢ ᠶᠢᠨ ᠨᠢᠭᠡᠳᠦᠯᠲᠦ ᠴᠢᠨᠠᠷ ᠤᠨ ᠦᠨᠡᠯᠡᠨ ᠵᠢᠱᠢᠯᠲᠡ ᠳᠤ ᠣᠷᠣᠭᠤᠯᠵᠤ᠂ ᠲᠥᠷᠥ ᠶᠢᠨ ᠪᠣᠳᠣᠯᠭ᠎ᠠ ᠶᠢ ᠨᠢᠭᠡᠳᠦᠯᠲᠡᠢ | ᠲᠥᠯᠥᠪᠯᠡᠬᠦ ᠶᠢ ᠴᠢᠩᠭᠠᠳᠬᠠᠨ᠂ ᠢᠵᠢᠯ ᠴᠢᠭᠯᠡᠯ ᠢᠶᠠᠷ ᠬᠦᠴᠦᠯᠡᠵᠦ᠂ ᠨᠡᠶᠢᠯᠡᠯ ᠬᠦᠴᠦᠨ ᠢ ᠪᠦᠷᠢᠯᠳᠦᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠡᠯ᠎ᠡ ᠭᠠᠵᠠᠷ | ᠣᠷᠣᠨ ᠡᠯ᠎ᠡ ᠰᠠᠯᠠᠭ᠎ᠠ ᠮᠥᠴᠢᠷ ᠤᠨ ᠬᠢᠨ ᠲᠦᠷᠦ ᠶᠢᠨ ᠪᠣᠳᠣᠯᠭ᠎ᠠ ᠲᠣᠭᠲᠠᠭᠠᠬᠤ ᠳᠠᠭᠠᠨ ᠡᠯ᠎ᠡ ᠲᠠᠯ᠎ᠠ ᠶᠢᠨ ᠬᠢᠨ ᠤ ᠰᠠᠨᠠᠯ ᠢ ᠬᠢᠨᠠᠮᠠᠭᠠᠢ ᠰᠣᠨᠣᠰᠬᠤ ᠪᠠ ᠰᠢᠩᠭᠡᠬᠡᠨ | ᠠᠪᠴᠤ᠂ ᠠᠵᠤ ᠠᠬᠤᠶᠢᠯᠠᠯ ᠳᠤ ᠬᠤᠯᠪᠣᠭᠳᠠᠬᠤ ᠲᠦᠷᠦ ᠶᠢᠨ ᠪᠣᠳᠣᠯᠭ᠎ᠠ ᠶᠢᠨ ᠵᠠᠬ᠎ᠠ ᠳᠡᠯᠭᠡᠭᠦᠷ ᠲᠠᠢ ᠨᠡᠪᠲᠡᠷᠡᠯᠴᠡᠬᠦ ᠪᠠ ᠠᠵᠤ ᠠᠬᠤᠶᠢᠯᠠᠯ ᠤᠨ ᠠᠩᠬᠠᠷᠤᠯ ᠲᠠᠯᠪᠢᠵᠤ | ᠪᠠᠶᠢᠭ᠎ᠠ ᠵᠦᠢᠯ ᠳᠤ ᠬᠠᠷᠢᠭᠤᠯᠲᠠ ᠥᠭᠬᠦ ᠶᠢ ᠴᠢᠬᠤᠯᠠᠴᠢᠯᠠᠬᠤ ᠬᠡᠷᠡᠭᠲᠡᠢ᠃ ᠲᠦᠷᠦ ᠶᠢᠨ ᠪᠣᠳᠣᠯᠭ᠎ᠠ ᠶᠢ ᠬᠡᠷᠡᠭᠵᠢᠭᠦᠯᠬᠦ ᠳᠡᠭᠡᠨ ᠬᠠᠮᠵᠢᠯᠴᠠᠵᠤ ᠬᠤᠯᠪᠣᠯᠳᠤᠨ | ᠬᠥᠳᠡᠯᠦᠯᠴᠡᠬᠦ ᠶᠢ ᠴᠢᠩᠭᠠᠳᠬᠠᠵᠤ᠂ ᠨᠡᠶᠢᠯᠡᠮᠡᠯ ᠦᠢᠯᠡᠳᠦᠯ ᠢ ᠶᠡᠬᠡᠰᠬᠡᠵᠦ᠂ ᠨᠢᠭᠡ ᠶᠢ ᠨᠢ ᠠᠩᠬᠠᠷᠤᠭᠠᠳ ᠨᠦᠭᠦᠭᠡ ᠶᠢ ᠨᠢ ᠤᠷᠭᠢᠬᠤ ᠪᠠ ᠬᠠᠷᠢᠯᠴᠠᠨ | ᠬᠠᠷᠰᠢᠯᠠᠬᠤ ᠠᠴᠠ ᠰᠡᠷᠭᠡᠶᠢᠯᠡᠬᠦ ᠬᠡᠷᠡᠭᠲᠡᠢ᠃ | ᠨᠥᠭᠡᠴᠡ ᠲᠥᠷᠥ ᠶᠢᠨ ᠪᠣᠳᠣᠯᠭ᠎ᠠ ᠶᠢ ᠰᠤᠳᠤᠯᠬᠤ ᠳᠠᠭᠠᠨ ᠪᠠᠷᠠᠯᠠᠭᠢᠯᠠᠯᠲᠤ ᠴᠢᠨᠠᠷ ᠢ ᠨᠢ ᠴᠢᠩᠭᠠᠷᠠᠭᠤᠯᠤᠨ᠂ ᠪᠠᠭᠠᠵᠢ ᠶᠢᠨ ᠬᠠᠶᠢᠷᠴᠠᠭ ᠢ ᠨᠢ | ᠪᠠᠶᠠᠯᠢᠭᠵᠢᠭᠤᠯᠬᠤ ᠶᠢᠨ ᠬᠠᠮᠲᠤ ᠦᠯᠡᠭᠦᠴᠡ ᠵᠠᠢ ᠦᠯᠡᠳᠡᠭᠡᠨ᠂ ᠴᠢᠬᠤᠯᠠᠲᠠᠢ ᠦᠶ᠎ᠡ ᠳᠤ ᠴᠠᠭ ᠲᠤᠬᠠᠢ ᠳᠤᠨᠢ ᠬᠡᠷᠡᠭᠵᠢᠭᠦᠯᠬᠦ ᠪᠠ ᠦᠢᠯᠡᠳᠦᠯ ᠢ ᠨᠢ ᠪᠦᠲᠦᠮᠵᠢᠲᠡᠢ | ᠪᠠᠳᠠᠷᠠᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠢ ᠮᠥᠷᠳᠡᠨ ᠦᠨᠡᠯᠡᠨ ᠵᠢᠱᠢᠬᠦ ᠶᠢ | ᠴᠢᠩᠭᠠᠳᠬᠠᠵᠤ᠂ ᠠᠵᠤ ᠠᠬᠤᠶᠢᠯᠠᠯ ᠪᠠ ᠣᠯᠠᠨ ᠲᠦᠮᠡᠨ ᠤ ᠲᠠᠭᠠᠰᠢᠶᠠᠯ ᠤᠨ ᠬᠡᠮᠵᠢᠶ᠎ᠡ ᠪᠠᠷ ᠴᠢᠬᠤᠯᠠ ᠪᠠᠷᠢᠮᠵᠢᠶ᠎ᠠ ᠪᠤᠯᠭᠠᠵᠤ᠂ ᠴᠠᠭ ᠲᠤᠬᠠᠢ ᠳᠤᠨᠢ ᠲᠣᠬᠢᠷᠠᠭᠤᠯᠤᠨ | ᠲᠡᠭᠦᠯᠳᠡᠷᠵᠢᠭᠦᠯᠬᠦ ᠬᠡᠷᠡᠭᠲᠡᠢ᠃ ᠲᠦᠷᠦ ᠶᠢᠨ ᠪᠣᠳᠣᠯᠭ᠎ᠠ ᠶᠢᠨ ᠤᠬᠠᠭᠤᠯᠭ᠎ᠠ ᠲᠠᠶᠢᠯᠤᠮᠵᠢ ᠶᠢ ᠨᠠᠷᠢᠯᠢᠭ ᠣᠨᠣᠴᠠᠲᠠᠢ ᠰᠠᠶᠢᠲᠤᠷ ᠬᠢᠵᠦ᠂ ᠲᠣᠭᠲᠠᠭᠤᠨ ᠪᠥᠭᠡᠳ ᠢᠯᠡ | ᠲᠣᠳᠣ ᠵᠢᠱᠢᠵᠦ ᠪᠣᠯᠬᠤᠶᠢᠴᠠ ᠲᠦᠷᠦ ᠶᠢᠨ ᠪᠣᠳᠣᠯᠭ᠎ᠠ ᠶᠢᠨ ᠣᠷᠴᠢᠨ ᠨᠥᠬᠦᠴᠡᠯ ᠢ ᠪᠤᠢ ᠪᠤᠯᠭᠠᠬᠤ ᠬᠡᠷᠡᠭᠲᠡᠢ᠃ | ᠡᠨᠡ ᠵᠢᠯ ᠤᠨ ᠬᠥᠭᠵᠢᠯᠲᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠳᠤ᠂ ᠡᠷᠬᠡᠪᠰᠢ ᠰᠢ ᠶᠢᠨ ᠫᠢᠩ ᠤᠨ ᠠᠵᠤ ᠠᠬᠤᠢ ᠶᠢᠨ ᠦᠵᠡᠯ ᠰᠠᠨᠠᠭ᠎ᠠ ᠶᠢ ᠭᠦᠨᠵᠡᠭᠡᠢ | ᠲᠤᠭᠤᠰᠢᠯᠠᠭᠤᠯᠤᠨ᠂ ᠤᠶᠤᠨ ᠴᠢᠳᠠᠯ ᠢᠶᠠᠨ ᠲᠥᠪᠯᠡᠷᠡᠭᠦᠯᠦᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠰᠢᠰᠲ᠋ᠧᠮ ᠤᠨ ᠦᠵᠡᠯᠲᠡ ᠪᠠᠨ | ᠴᠢᠩᠭᠠᠳᠬᠠᠵᠤ᠂ ᠴᠢᠬᠤᠯᠠ ᠶᠡᠭᠡ ᠬᠠᠷᠢᠴᠠᠭ᠎ᠠ ᠶᠢ ᠡᠵᠡᠮᠳᠡᠬᠦ ᠪᠠ ᠰᠠᠶᠢᠲᠤᠷ ᠰᠢᠢᠳᠪᠦᠷᠢᠯᠡᠵᠦ᠂ ᠡᠯ᠎ᠡ ᠵᠦᠢᠯ ᠤᠨ ᠠᠵᠢᠯ ᠢ ᠪᠦᠬᠦᠯᠢ ᠴᠣᠭᠴᠠ ᠠᠴᠠ ᠨᠢ ᠭᠦᠨᠵᠡᠭᠡᠢ | ᠤᠬᠠᠭᠠᠯᠠᠨ ᠲᠥᠯᠥᠪᠯᠡᠬᠦ ᠪᠠ ᠠᠬᠢᠭᠤᠯᠬᠤ ᠬᠡᠷᠡᠭᠲᠡᠢ᠃ ᠶᠠᠰᠤ ᠴᠢᠨᠠᠷ ᠢ ᠲᠡᠷᠢᠭᠦᠨ ᠳᠤ ᠲᠠᠯᠪᠢᠬᠤ᠂ ᠦᠷ᠎ᠡ ᠠᠰᠢᠭ ᠢ ᠤᠷᠢᠳ ᠢᠶᠠᠷ ᠪᠣᠳᠣᠯᠬᠢᠯᠠᠬᠤ ᠶᠢ ᠪᠠᠷᠢᠮᠲᠠᠯᠠᠵᠤ᠂ | ᠦᠨᠳᠦᠰᠦ ᠰᠠᠭᠤᠷᠢ ᠪᠠᠨ ᠦᠷᠭᠦᠯᠵᠢᠯᠡᠨ ᠪᠠᠬᠢᠵᠢᠭᠦᠯᠵᠦ᠂ ᠬᠤᠷᠸ᠎ᠠ ᠲᠣᠬᠢᠷᠠᠭᠤᠯᠤᠯ ᠡᠵᠡᠮᠳᠡᠯ ᠤᠨ ᠬᠠᠨᠳᠤᠯᠭᠠᠲᠤ ᠴᠢᠨᠠᠷ ᠪᠠ ᠪᠦᠲᠦᠮᠵᠢᠲᠦ ᠴᠢᠨᠠᠷ ᠢ ᠴᠢᠩᠭᠠᠳᠬᠠᠨ᠂ | ᠠᠵᠤ ᠠᠬᠤᠶᠢᠯᠠᠯ ᠪᠣᠯᠣᠨ ᠤᠯᠠᠨ ᠲᠦᠮᠡᠨ ᠤ ᠬᠦᠰᠡᠯ ᠡᠷᠡᠮᠡᠯᠵᠡᠯ ᠤᠨ ᠳᠤᠮᠳᠠ ᠠᠴᠠ ᠠᠵᠢᠯ ᠤᠨ ᠪᠣᠳᠣᠯᠬᠢᠯᠠᠬᠤ ᠴᠡᠭ᠂ ᠲᠦᠷᠦ ᠶᠢᠨ ᠪᠣᠳᠣᠯᠭ᠎ᠠ ᠶᠢᠨ ᠬᠦᠴᠦᠯᠡᠬᠦ | ᠴᠡᠭ ᠢ ᠣᠨᠣᠪᠴᠢᠲᠠᠢ ᠡᠷᠢᠵᠦ ᠣᠯᠬᠤ ᠶᠢ ᠴᠢᠬᠤᠯᠠᠴᠢᠯᠠᠨ᠂ ᠪᠦᠭᠦ ᠵᠢᠯ ᠤᠨ ᠨᠡᠮᠡᠭᠳᠡᠯ ᠤᠨ ᠬᠠᠷᠠᠯᠲᠠ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ᠃ ᠴᠢᠨᠠᠷ ᠰᠠᠶᠢᠲᠠᠢ | ᠬᠥᠭᠵᠢᠯᠲᠡ ᠪᠠ ᠥᠨᠳᠥᠷ ᠲᠦᠪᠰᠢᠨ ᠪᠦᠬᠦᠢ ᠠᠮᠤᠷ ᠲᠦᠪᠰᠢᠨ ᠢ ᠰᠠᠶᠢᠨ ᠦᠢᠯᠡᠳᠦᠯᠴᠡᠭᠦᠯᠬᠦ ᠶᠢ ᠪᠠᠷᠢᠮᠲᠠᠯᠠᠵᠤ᠂ ᠠᠮᠤᠷ ᠲᠦᠪᠰᠢᠨ ᠤ ᠬᠢᠵᠠᠭᠠᠷ ᠱᠤᠭᠤᠮ ᠢ ᠪᠠᠲᠤ | ᠰᠠᠬᠢᠭᠰᠠᠨ ᠤᠷᠢᠲᠠᠯ ᠳᠣᠣᠷ᠎ᠠ᠂ ᠬᠥᠭᠵᠢᠯᠲᠡ ᠳᠤ ᠨᠡᠩ ᠢᠯᠡᠭᠦᠦ ᠠᠷᠭ᠎ᠠ ᠰᠦᠪᠡᠭᠴᠢᠯᠡᠵᠦ᠂ ᠠᠵᠤ ᠠᠬᠤᠶᠢᠯᠠᠯ ᠳᠤ ᠨᠡᠩ ᠢᠯᠡᠭᠦᠦ ᠬᠦᠴᠦ ᠨᠡᠮᠡᠷᠢᠯᠡᠬᠦ ᠬᠡᠷᠡᠭᠲᠡᠢ᠃ | ᠬᠥᠭᠵᠢᠭᠦᠯᠬᠦ ᠳᠤᠮᠳᠠ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠶᠢ ᠪᠠᠷᠢᠮᠲᠠᠯᠠᠵᠤ᠂ ᠠᠷᠠᠳ ᠤᠨ ᠠᠮᠢᠳᠤᠷᠠᠯ ᠤᠨ ᠳᠤᠲᠠᠭᠤᠳᠠᠯ ᠢ ᠨᠥᠬᠦᠪᠦᠷᠢᠯᠡᠬᠦ | ᠠᠰᠠᠭᠤᠳᠠᠯ ᠳᠤ ᠬᠥᠭᠵᠢᠯᠲᠡ ᠶᠢᠨ ᠰᠡᠳᠬᠢᠬᠦᠢ ᠪᠠᠷ ᠬᠠᠨᠳᠤᠬᠤ ᠶᠢ ᠴᠢᠬᠤᠯᠠᠴᠢᠯᠠᠵᠤ᠂ ᠠᠷᠠᠳ ᠤᠯᠠᠨ ᠤ ᠪᠠᠴᠢᠮᠳᠠᠵᠤ ᠬᠦᠴᠢᠷᠳᠡᠵᠦ ᠵᠣᠪᠠᠵᠤ ᠬᠦᠰᠡᠵᠦ ᠪᠠᠶᠢᠭ᠎ᠠ | ᠵᠦᠢᠯ ᠢ ᠰᠢᠢᠳᠪᠦᠷᠢᠯᠡᠬᠦ ᠳᠤᠮᠳᠠ ᠠᠵᠤ ᠠᠬᠤᠢ ᠶᠢᠨ ᠰᠢᠨ᠎ᠡ ᠨᠡᠮᠡᠭᠳᠡᠯ ᠤᠨ ᠴᠡᠭ ᠢ ᠪᠣᠶᠢᠵᠢᠭᠤᠯᠬᠤ ᠬᠡᠷᠡᠭᠲᠡᠢ᠃ ᠦᠨᠳᠦᠰᠦᠨ ᠠᠴᠠ ᠨᠢ ᠠᠪᠴᠤ ᠬᠡᠯᠡᠪᠡᠯ᠂ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠬᠤ ᠳᠤ ᠥᠭᠡᠷᠡᠴᠢᠯᠡᠯᠲᠡ ᠳᠤ ᠲᠦᠰᠢᠭᠯᠡᠬᠦ ᠬᠡᠷᠡᠭᠲᠡᠢ᠃ ᠪᠢᠳᠡ ᠨᠡᠩ ᠶᠡᠭᠡ ᠡᠷᠡᠰ ᠵᠣᠷᠢᠭ ᠪᠠ ᠡᠷᠴᠢᠮ ᠢᠶᠠᠷ ᠥᠭᠡᠷᠡᠴᠢᠯᠡᠯᠲᠡ | ᠨᠡᠭᠡᠭᠡᠯᠲᠡ ᠶᠢ ᠭᠦᠨᠵᠡᠭᠡᠶᠢᠷᠡᠭᠦᠯᠦᠨ᠂ ᠪᠦᠲᠦᠮᠵᠢᠲᠡᠢ ᠵᠠᠬ᠎ᠠ ᠳᠡᠯᠭᠡᠭᠦᠷ ᠪᠣᠯᠣᠨ ᠴᠢᠷᠮᠠᠶᠢᠯᠲᠠ ᠲᠠᠢ ᠵᠠᠰᠠᠭ ᠤᠨ ᠣᠷᠳᠣᠨ ᠢ ᠨᠡᠩ ᠰᠠᠶᠢᠨ ᠤᠶᠠᠯᠳᠤᠭᠤᠯᠬᠤ ᠶᠢ | ᠠᠬᠢᠭᠤᠯᠵᠤ᠂ ᠨᠡᠶᠢᠭᠡᠮ ᠤᠨ ᠠᠮᠢᠵᠢᠷᠠᠯ ᠤᠨ ᠬᠦᠴᠦᠨ ᠢ ᠦᠷᠭᠦᠯᠵᠢᠯᠡᠨ ᠬᠥᠭᠵᠢᠭᠡᠨ ᠴᠢᠩᠭᠠᠳᠬᠠᠵᠤ᠂ ᠴᠢᠨᠠᠷ ᠰᠠᠶᠢᠲᠠᠢ ᠬᠥᠭᠵᠢᠯᠲᠡ ᠶᠢᠨ ᠨᠡᠩ ᠶᠡᠭᠡ ᠰᠢᠨ᠎ᠡ | ᠠᠮᠵᠢᠯᠲᠠ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ᠃ | ᠭᠤᠷᠪᠠ᠂ 2024 ᠣᠨ ᠤ ᠵᠠᠰᠠᠭ ᠤᠨ ᠣᠷᠳᠣᠨ ᠤ ᠠᠵᠢᠯ ᠤᠨ ᠡᠭᠦᠷᠭᠡ | ᠨᠠᠮ ᠤᠨ ᠲᠥᠪ ᠬᠤᠷᠢᠶ᠎ᠠ ᠡᠨᠡ ᠵᠢᠯ ᠤᠨ ᠠᠵᠢᠯ ᠳᠤ ᠪᠦᠭᠦ ᠲᠠᠯ᠎ᠠ ᠶᠢᠨ ᠪᠠᠶᠢᠷᠢᠯᠠᠭᠤᠯᠤᠯᠲᠠ ᠬᠢᠵᠡᠢ᠂ ᠪᠢᠳᠡ ᠭᠦᠨᠵᠡᠭᠡᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠭᠤᠣᠯ ᠵᠥᠷᠢᠴᠡᠯ ᠢ ᠴᠢᠩᠭ᠎ᠠ ᠠᠳᠬᠤᠵᠤ᠂ ᠪᠣᠭᠤᠮᠢ ᠬᠢᠵᠠᠭᠠᠷᠯᠠᠯ ᠢ ᠬᠦᠴᠦᠯᠡᠨ ᠰᠢᠪᠲᠤᠯᠵᠤ᠂ ᠡᠯ᠎ᠡ ᠵᠦᠢᠯ ᠤᠨ ᠠᠵᠢᠯ ᠢ ᠯᠠᠪᠳᠠᠭᠤᠨ | ᠪᠠᠲᠤᠲᠠᠢ ᠰᠠᠶᠢᠲᠤᠷ ᠬᠢᠬᠦ ᠬᠡᠷᠡᠭᠲᠡᠢ᠃ | ︵ᠨᠢᠭᠡ︶ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠤᠨ ᠪᠠᠶᠢᠭᠤᠯᠤᠯᠲᠠ ᠶᠢ ᠶᠡᠭᠡ ᠪᠠᠷ ᠠᠬᠢᠭᠤᠯᠵᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ | ᠬᠦᠴᠦᠨ ᠢ ᠲᠦᠷᠭᠡᠯᠡᠨ ᠬᠥᠭᠵᠢᠭᠦᠯᠦᠨ᠎ᠡ᠃ ᠰᠢᠨ᠎ᠡ ᠶᠢ ᠡᠭᠦᠳᠬᠦ ᠶᠢᠨ ᠭᠤᠣᠯ ᠤᠳᠤᠷᠢᠳᠤᠮᠵᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠡᠭᠦᠳᠦᠯᠲᠡ ᠪᠠᠷ ᠠᠵᠤ ᠦᠢᠯᠡᠰ ᠤᠨ ᠰᠢᠨ᠎ᠡ ᠡᠭᠦᠳᠦᠯᠲᠡ ᠶᠢ ᠠᠬᠢᠭᠤᠯᠵᠤ᠂ ᠰᠢᠨ᠎ᠡ ᠭᠡᠯᠪᠡᠷᠢ ᠶᠢᠨ ᠠᠵᠤ ᠦᠢᠯᠡᠳᠪᠦᠷᠢᠵᠢᠯᠲᠡ ᠶᠢ ᠲᠦᠷᠭᠡᠯᠡᠨ | ᠠᠬᠢᠭᠤᠯᠵᠤ᠂ ᠪᠦᠭᠦ ᠡᠯᠧᠮᠧᠨ᠋ᠲ ᠤᠨ ᠦᠢᠯᠡᠳᠪᠦᠷᠢᠯᠡᠯ ᠤᠨ ᠨᠤᠷᠮ᠎ᠠ ᠶᠢ ᠳᠡᠭᠡᠭᠰᠢᠯᠡᠭᠦᠯᠦᠨ᠂ ᠬᠥᠭᠵᠢᠯᠲᠡ ᠶᠢᠨ ᠰᠢᠨ᠎ᠡ ᠬᠥᠳᠡᠯᠭᠡᠭᠴᠢ ᠡᠨᠧᠷᠭᠢ ᠰᠢᠨ᠎ᠡ ᠳᠠᠪᠠᠭᠤᠯᠢᠭ ᠢ | ᠲᠠᠰᠤᠷᠠᠯᠲᠠ ᠦᠭᠡᠢ ᠪᠤᠶ ᠪᠤᠯᠭᠠᠵᠤ᠂ ᠨᠡᠶᠢᠭᠡᠮ ᠤᠨ ᠦᠢᠯᠡᠳᠪᠦᠷᠢᠯᠡᠯ ᠤᠨ ᠬᠦᠴᠦᠨ ᠤ ᠰᠢᠨ᠎ᠡ ᠳᠡᠭᠡᠭᠰᠢᠯᠡᠯᠲᠡ ᠶᠢ ᠠᠬᠢᠭᠤᠯᠤᠨ᠎ᠠ᠃ | ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢ ᠰᠢᠯᠢᠳᠡᠭᠵᠢᠭᠦᠯᠦᠨ ᠲᠡᠰ ᠳᠡᠪᠰᠢᠭᠦᠯᠬᠦ ᠶᠢ ᠠᠬᠢᠭᠤᠯᠤᠨ᠎ᠠ᠃ ᠠᠵᠤ ᠦᠢᠯᠡᠳᠪᠦᠷᠢ ᠶᠢᠨ ᠠᠵᠤ | ᠠᠬᠤᠢ ᠶᠢᠨ ᠲᠣᠭᠲᠠᠭᠤᠨ ᠠᠵᠢᠯᠯᠠᠭ᠎ᠠ ᠶᠢ ᠪᠠᠲᠤᠯᠠᠨ᠎ᠠ᠃ ᠦᠢᠯᠡᠳᠬᠦ ᠦᠢᠯᠡᠰ ᠤᠨ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢ ᠴᠢᠨᠠᠷ ᠰᠠᠶᠢᠲᠠᠢ | ᠬᠥᠭᠵᠢᠭᠦᠯᠬᠦ ᠠᠵᠢᠯᠯᠠᠭ᠎ᠠ ᠶᠢ ᠬᠡᠷᠡᠭᠵᠢᠭᠦᠯᠵᠦ᠂ ᠳᠤᠲᠠᠭᠤᠳᠠᠯ ᠢᠶᠠᠨ ᠨᠥᠬᠦᠪᠦᠷᠢᠯᠡᠬᠦ᠂ ᠳᠠᠪᠠᠭᠤᠯᠢᠭ ᠢᠶᠠᠨ ᠪᠠᠳᠠᠷᠠᠭᠤᠯᠬᠤ᠂ ᠰᠢᠨ᠎ᠡ ᠳᠠᠪᠠᠭᠤᠯᠢᠭ ᠢ ᠪᠤᠢ ᠪᠤᠯᠭᠠᠬᠤ ᠪᠠᠷ | ᠬᠦᠴᠦᠯᠡᠵᠦ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠤᠶᠠᠨ ᠬᠠᠳᠠᠨ ᠴᠢᠨᠠᠷ ᠪᠠ ᠥᠷᠢᠰᠦᠯᠳᠦᠬᠦ ᠬᠦᠴᠦᠨ ᠢ ᠴᠢᠩᠭᠠᠳᠬᠨ᠎ᠠ᠃ ᠦᠢᠯᠡᠳᠬᠦ | ᠦᠢᠯᠡᠰ ᠤᠨ ᠮᠡᠷᠭᠡᠵᠢᠯ ᠤᠨ ᠥᠭᠡᠷᠡᠴᠢᠯᠡᠯᠲᠡ ᠬᠢᠵᠦ ᠳᠡᠰ ᠳᠡᠪᠰᠢᠭᠦᠯᠬᠦ ᠢᠨᠵᠧᠨᠧᠷᠢᠩ ᠢ ᠬᠡᠷᠡᠭᠵᠢᠭᠦᠯᠵᠦ᠂ ᠲᠡᠷᠢᠭᠦᠨ ᠤ ᠦᠢᠯᠡᠳᠬᠦ ᠦᠢᠯᠡᠰ ᠤᠨ ᠪᠥᠭᠡᠭᠡᠨᠡᠷᠡᠯ ᠢ | ᠪᠣᠶᠢᠵᠢᠭᠤᠯᠤᠨ ᠪᠤᠵᠠᠭᠠᠶᠢᠷᠠᠭᠤᠯᠵᠤ᠂ ᠤᠯᠤᠰ ᠤᠨ ᠰᠢᠨ᠎ᠡ ᠭᠡᠯᠪᠡᠷᠢ ᠶᠢᠨ ᠠᠵᠤ ᠦᠢᠯᠡᠳᠪᠦᠷᠢᠵᠢᠯᠲᠡ ᠶᠢᠨ ᠵᠢᠱᠢᠶ᠎ᠡ ᠦᠵᠡᠭᠦᠯᠭᠦ ᠣᠷᠣᠨ ᠢ ᠡᠭᠦᠳᠦᠨ ᠪᠠᠶᠢᠭᠤᠯᠵᠤ᠂ | ᠤᠯᠠᠮᠵᠢᠯᠠᠯᠲᠤ ᠠᠵᠤ ᠦᠢᠯᠡᠰ ᠢ ᠳᠡᠭᠡᠳᠦ ᠲᠡᠰᠴᠢᠯᠡᠭᠦ᠂ ᠣᠶᠤᠨᠴᠢᠯᠠᠬᠤ᠂ ᠨᠤᠭᠤᠭᠠᠨᠵᠢᠭᠤᠯᠬᠤ ᠭᠡᠯᠪᠡᠷᠢ ᠶᠢᠨ ᠬᠤᠪᠢᠷᠠᠭᠤᠯᠤᠯᠲᠠ ᠶᠢ ᠠᠬᠢᠭᠤᠯᠤᠨ᠎ᠠ᠃ ᠤᠳᠤ | ᠦᠶ᠎ᠡ ᠶᠢᠨ ᠦᠢᠯᠡᠳᠪᠦᠷᠢᠯᠡᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠢ ᠲᠦᠷᠭᠡᠯᠡᠨ ᠬᠥᠭᠵᠢᠭᠦᠯᠦᠨ᠎ᠡ᠃ ᠳᠤᠮᠳᠠ ᠵᠢᠵᠢᠭ ᠠᠵᠤ ᠠᠬᠤᠶᠢᠯᠠᠯ ᠤᠨ ᠲᠤᠰᠬᠠᠢ | ᠨᠠᠷᠢᠯᠢᠭ ᠥᠪᠡᠷᠮᠢᠴᠡ ᠰᠢᠨ᠎ᠡ ᠬᠥᠭᠵᠢᠯᠲᠡ ᠶᠢ ᠠᠬᠢᠭᠤᠯᠤᠨ᠎ᠠ᠃ ᠤᠷᠠᠨ ᠲᠠᠷᠬᠠᠨ ᠤ ᠵᠣᠷᠢᠭ ᠰᠠᠨᠠᠭ᠎ᠠ ᠶᠢ ᠪᠠᠳᠠᠷᠠᠭᠤᠯᠤᠨ᠎ᠠ᠃ ᠪᠠᠷᠢᠮᠵᠢᠶ᠎ᠠ ᠪᠠᠷ ᠬᠥᠲᠥᠯᠥᠨ | ᠳᠠᠭᠠᠭᠤᠯᠬᠤ ᠪᠠ ᠶᠠᠰᠤ ᠴᠢᠨᠠᠷ ᠢᠶᠠᠷ ᠲᠤᠯᠭᠠᠭᠤᠷᠢᠯᠠᠬᠤ ᠶᠢ ᠴᠢᠩᠭᠠᠳᠬᠠᠵᠤ᠂ ᠳᠡᠯᠡᠬᠡᠢ ᠳᠡᠭᠡᠷ᠎ᠡ ᠨᠥᠯᠥᠭᠡᠯᠡᠬᠦ ᠬᠦᠴᠦᠨ ᠪᠦᠬᠦᠢ ︽ᠳᠤᠮᠳᠠᠳᠤ ᠤᠯᠤᠰ ᠤᠨ ᠦᠢᠯᠡᠳᠬᠦ | ᠦᠢᠯᠡᠰ︾ ᠤᠨ ᠨᠠᠷᠠᠲᠤ ᠲᠡᠮᠳᠡᠭ ᠢ ᠨᠠᠩ ᠣᠯᠠᠨ ᠪᠤᠶ ᠪᠣᠯᠭᠠᠨ᠎ᠠ᠃ | ᠰᠢᠨ᠎ᠡ ᠪᠠᠷ ᠬᠥᠭᠵᠢᠭᠰᠡᠨ ᠠᠵᠤ ᠦᠢᠯᠡᠰ ᠪᠠ ᠢᠷᠡᠭᠡᠳᠦᠢ ᠶᠢᠨ ᠠᠵᠤ ᠦᠢᠯᠡᠰ ᠢ ᠢᠳᠡᠪᠬᠢᠲᠡᠢ ᠪᠣᠶᠢᠵᠢᠭᠤᠯᠤᠨ᠎ᠠ᠃ ᠠᠵᠤ ᠦᠢᠯᠡᠰ ᠤᠨ ᠰᠢᠨ᠎ᠡ ᠶᠢ | ᠡᠭᠦᠳᠬᠦ ᠪᠠᠷ ᠬᠥᠲᠥᠯᠥᠨ ᠳᠠᠭᠠᠭᠤᠯᠬᠤ ᠢᠨᠵᠧᠨᠧᠷᠢᠩ ᠢ ᠬᠡᠷᠡᠭᠵᠢᠭᠦᠯᠵᠦ᠂ ᠠᠵᠤ ᠦᠢᠯᠡᠰ ᠤᠨ ᠠᠮᠢ ᠠᠬᠤᠢ ᠶᠢ ᠲᠡᠭᠦᠯᠳᠡᠷᠵᠢᠭᠦᠯᠦᠨ᠂ ᠬᠡᠷᠡᠭᠯᠡᠯᠲᠡ ᠶᠢᠨ ᠠᠬᠤᠢ | ᠪᠠᠶᠢᠳᠠᠯ ᠢ ᠥᠷᠭᠡᠳᠬᠡᠨ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠠᠭᠤᠰᠤᠯᠴᠠᠵᠤ ᠪᠥᠭᠡᠭᠡᠨᠡᠷᠡᠨ ᠬᠥᠭᠵᠢᠬᠦ ᠶᠢ | ᠠᠬᠢᠭᠤᠯᠤᠨ᠎ᠠ᠃ ᠣᠶᠤᠨᠴᠢ ᠰᠦᠯᠵᠢᠶᠡᠨ ᠬᠤᠯᠪᠤᠯᠳᠠᠯᠲᠦ ᠰᠢᠨ᠎ᠡ ᠡᠨᠧᠷᠭᠢ ᠶᠢᠨ ᠰᠤᠷᠪᠤᠯᠵᠢ ᠬᠡᠷᠡᠭᠯᠡᠬᠦ ᠮᠠᠰᠢᠨ ᠲᠡᠷᠭᠡ ᠵᠡᠷᠭᠡ ᠠᠵᠤ ᠦᠢᠯᠡᠰ ᠤᠨ ᠲᠡᠷᠢᠭᠦᠯᠡᠬᠦ | ᠳᠠᠪᠠᠭᠤᠯᠢᠭ ᠢ ᠪᠠᠬᠢᠵᠢᠭᠦᠯᠦᠨ ᠥᠷᠭᠡᠳᠬᠡᠵᠦ᠂ ᠤᠰᠤᠲᠥ᠋ᠷᠥᠭᠴᠢ ᠡᠨᠧᠷᠭᠢ᠂ ᠰᠢᠨ᠎ᠡ ᠮᠠᠲ᠋ᠧᠷᠢᠶᠠᠯ᠂ ᠰᠢᠨ᠎ᠡ ᠶᠢ ᠡᠭᠦᠳᠦᠭᠰᠡᠨ ᠡᠮ ᠵᠡᠷᠭᠡ ᠰᠢᠨ᠎ᠡ ᠪᠠᠷ ᠬᠥᠭᠵᠢᠭᠰᠡᠨ | ᠬᠤᠰᠢᠭᠤᠷᠠᠯ ᠠᠵᠤ ᠦᠢᠯᠡᠰ ᠤᠨ ᠬᠥᠭᠵᠢᠯᠲᠡ ᠶᠢ ᠲᠦᠷᠭᠡᠳᠬᠡᠵᠦ᠂ ᠠᠮᠢᠳᠤ ᠪᠣᠳᠠᠰ ᠤᠨ ᠦᠢᠯᠡᠳᠬᠦ ᠦᠢᠯᠡᠰ᠂ ᠬᠤᠳᠠᠯᠳᠤᠭᠠᠨ ᠤ ᠰᠠᠨᠰᠠᠷ ᠤᠨ ᠠᠶᠠᠯᠠᠯ᠂ ᠳᠣᠣᠷ᠎ᠠ | ᠠᠭᠠᠷ ᠤᠨ ᠠᠵᠤ ᠠᠬᠤᠢ ᠵᠡᠷᠭᠡ ᠰᠢᠨ᠎ᠡ ᠨᠡᠮᠡᠭᠳᠡᠯ ᠤᠨ ᠬᠥᠳᠡᠯᠭᠡᠭᠦᠷ ᠢ ᠢᠳᠡᠪᠬᠢᠲᠡᠢ ᠪᠤᠢ ᠪᠣᠯᠭᠠᠨ᠎ᠠ᠃ ᠢᠷᠡᠭᠡᠳᠦᠢ ᠶᠢᠨ ᠠᠵᠤ ᠦᠢᠯᠡᠰ ᠤᠨ ᠬᠥᠭᠵᠢᠯᠲᠡ ᠶᠢᠨ | ᠲᠥᠯᠦᠪᠵᠢᠭᠦᠯᠭᠡ ᠶᠢ ᠲᠣᠭᠲᠠᠭᠠᠵᠤ᠂ ᠺᠸᠠᠨ᠋ᠲ ᠮᠡᠷᠭᠡᠵᠢᠯ᠂ ᠠᠮᠢ ᠨᠠᠰᠤᠨ ᠤ ᠰᠢᠨᠵᠢᠯᠡᠬᠦ ᠤᠬᠠᠭᠠᠨ ᠵᠡᠷᠭᠡ ᠰᠢᠨ᠎ᠡ ᠤᠷᠤᠯᠳᠤᠭᠠᠨ ᠤ ᠵᠠᠮ ᠢ ᠨᠡᠭᠡᠭᠡᠵᠦ᠂ ᠨᠢᠭᠡ | ᠪᠦᠯᠦᠭ ᠢᠷᠡᠭᠡᠳᠦᠢ ᠶᠢᠨ ᠠᠵᠤ ᠦᠢᠯᠡᠰ ᠤᠨ ᠬᠤᠰᠢᠭᠤᠴᠢ ᠣᠷᠣᠨ ᠢ ᠡᠭᠦᠳᠦᠨ ᠪᠠᠶᠢᠭᠤᠯᠤᠨ᠎ᠠ᠃ ᠠᠳᠠᠯ ᠦᠢᠯᠡᠰ ᠴᠣᠭᠴᠠᠯᠠᠬᠤ ᠪᠡᠯᠡ ᠣᠷᠣᠭᠤᠯᠤᠯᠲᠠ᠂ | ᠰᠲ᠋ᠣᠺ ᠤᠨ ᠡᠷᠬᠡ ᠶᠢᠨ ᠪᠡᠯᠡ ᠣᠷᠣᠭᠤᠯᠤᠯᠲᠠ ᠶᠢ ᠬᠥᠭᠵᠢᠭᠦᠯᠬᠦ ᠶᠢ ᠵᠣᠷᠢᠭᠵᠢᠭᠤᠯᠵᠤ᠂ ᠠᠵᠤ ᠦᠢᠯᠡᠰ ᠤᠨ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠶᠢᠨ | ᠴᠢᠳᠠᠮᠵᠢ ᠶᠢ ᠰᠢᠯᠢᠳᠡᠭᠵᠢᠭᠦᠯᠦᠨ᠎ᠡ᠃ ᠭᠤᠣᠯᠳᠠᠯᠭ᠎ᠠ ᠲᠠᠢ ᠠᠵᠢᠯ ᠲᠥᠷᠥᠯ ᠤᠨ ᠨᠢᠭᠡᠳᠦᠯᠲᠡᠢ ᠲᠥᠯᠥᠪᠯᠡᠨ ᠪᠠᠶᠢᠷᠢᠯᠠᠭᠤᠯᠬᠤ ᠪᠠ ᠪᠡᠯᠡ ᠣᠷᠣᠭᠤᠯᠤᠯᠲᠠ ᠶᠢ | ᠬᠥᠲᠥᠯᠥᠨ ᠵᠢᠯᠤᠭᠤᠳᠬᠤ ᠶᠢ ᠴᠢᠩᠭᠠᠳᠬᠠᠵᠤ᠂ ᠦᠢᠯᠡᠳᠪᠦᠷᠢᠯᠡᠬᠦ ᠴᠢᠳᠠᠪᠤᠷᠢ ᠦᠯᠡᠭᠦᠳᠡᠬᠦ ᠪᠠ ᠳᠣᠣᠷ᠎ᠠ ᠲᠦᠪᠰᠢᠨ ᠳᠤ ᠳᠠᠪᠬᠤᠷᠳᠠᠭᠤᠯᠤᠨ ᠪᠦᠲᠦᠭᠡᠨ | ᠪᠠᠶᠢᠭᠤᠯᠬᠤ ᠶᠢ ᠰᠡᠷᠭᠡᠶᠢᠯᠡᠨ᠎ᠡ᠃ | ᠳ᠋ᠢᠵᠢᠲ᠋ᠠᠯ ᠠᠵᠤ ᠠᠬᠤᠢ ᠶᠢᠨ ᠰᠢᠨ᠎ᠡ ᠶᠢ ᠡᠭᠦᠳᠬᠦ ᠬᠥᠭᠵᠢᠯᠲᠡ ᠶᠢ ᠭᠦᠨᠵᠡᠭᠡᠢ ᠠᠬᠢᠭᠤᠯᠤᠨ᠎ᠠ᠃ ᠳ᠋ᠢᠵᠢᠲ᠋ᠠᠯ ᠠᠵᠤ ᠠᠬᠤᠢ ᠶᠢᠨ ᠴᠢᠨᠠᠷ ᠰᠠᠶᠢᠲᠠᠢ | ᠬᠥᠭᠵᠢᠯᠲᠡ ᠶᠢ ᠳᠡᠮᠵᠢᠬᠦ ᠲᠥᠷᠥ ᠶᠢᠨ ᠪᠣᠳᠣᠯᠭ᠎ᠠ ᠶᠢ ᠲᠣᠭᠲᠠᠭᠠᠵᠤ᠂ ᠳ᠋ᠢᠵᠢᠲ᠋ᠠᠯ ᠤᠨ ᠠᠵᠤ ᠦᠢᠯᠡᠰᠵᠢᠯᠲᠡ ᠪᠠ ᠠᠵᠤ ᠦᠢᠯᠡᠰ ᠤᠨ ᠳ᠋ᠢᠵᠢᠲ᠋ᠠᠯᠴᠢᠯᠠᠯᠲᠠ ᠶᠢ | ᠢᠳᠡᠪᠬᠢᠲᠡᠢ ᠠᠬᠢᠭᠤᠯᠵᠤ᠂ ᠳ᠋ᠢᠵᠢᠲ᠋ᠠᠯ ᠮᠡᠷᠭᠡᠵᠢᠯ ᠪᠠ ᠪᠣᠳᠠᠲᠤ ᠴᠣᠭᠴᠠ ᠶᠢᠨ ᠠᠵᠤ ᠠᠬᠤᠢ ᠶᠢᠨ ᠭᠦᠨᠵᠡᠭᠡᠢ ᠠᠭᠤᠰᠤᠯᠴᠠᠯ ᠢ ᠠᠬᠢᠭᠤᠯᠤᠨ᠎ᠠ᠃ ᠲᠣᠮᠣ ᠳ᠋ᠠᠶᠢᠲ᠋ᠠ᠂ | ᠵᠣᠬᠢᠶᠠᠮᠠᠯ ᠣᠶᠤᠯᠢᠭ ᠵᠡᠷᠭᠡ ᠶᠢ ᠰᠤᠳᠤᠯᠤᠨ ᠨᠡᠭᠡᠭᠡᠵᠦ ᠬᠡᠷᠡᠭᠯᠡᠬᠦ ᠶᠢ ᠭᠦᠨᠵᠡᠭᠡᠶᠢᠷᠡᠭᠦᠯᠵᠦ᠂ ︽ᠵᠣᠬᠢᠶᠠᠮᠠᠯ ᠤᠶᠤᠯᠢᠭ +︾ᠠᠵᠢᠯᠯᠠᠭ᠎ᠠ ᠶᠢ ᠥᠷᠨᠢᠭᠦᠯᠵᠦ᠂ ᠳᠡᠯᠡᠬᠡᠢ | ᠳᠡᠭᠡᠷ᠎ᠡ ᠥᠷᠢᠰᠦᠯᠳᠦᠬᠦ ᠬᠦᠴᠦᠨ ᠪᠦᠬᠦᠢ ᠳ᠋ᠢᠵᠢᠲ᠋ᠠᠯ ᠠᠵᠤ ᠦᠢᠯᠡᠰ ᠤᠨ ᠪᠥᠭᠡᠭᠡᠨᠡᠷᠡᠯ ᠢ ᠪᠤᠢ ᠪᠣᠯᠭᠠᠨ᠎ᠠ᠃ ᠦᠢᠯᠡᠳᠬᠦ ᠦᠢᠯᠡᠰ ᠤᠨ ᠭᠡᠯᠪᠡᠷᠢ ᠶᠢ | ᠳ᠋ᠢᠵᠢᠲ᠋ᠠᠯᠴᠢᠯᠠᠬᠰᠠᠨ ᠲᠡᠶᠢᠰᠢ ᠬᠤᠪᠢᠷᠠᠭᠤᠯᠬᠤ ᠠᠵᠢᠯᠯᠠᠭ᠎ᠠ ᠶᠢ ᠬᠡᠷᠡᠭᠵᠢᠭᠦᠯᠵᠦ᠂ ᠠᠵᠤ ᠦᠢᠯᠡᠳᠪᠦᠷᠢ ᠶᠢᠨ ᠢᠨᠲ᠋ᠧᠷ ᠰᠦᠯᠵᠢᠶ᠎ᠡ ᠶᠢᠨ ᠬᠡᠪᠴᠢᠶᠡᠵᠢᠭᠦᠯᠦᠭᠰᠡᠨ | ᠬᠡᠷᠡᠭᠯᠡᠯᠲᠡ ᠶᠢ ᠲᠦᠷᠭᠡᠳᠬᠡᠵᠦ᠂ ᠦᠢᠯᠡᠴᠢᠯᠡᠭᠡᠨ ᠤ ᠦᠢᠯᠡᠰ ᠤᠨ ᠳ᠋ᠢᠵᠢᠲ᠋ᠠᠯᠴᠢᠯᠠᠯᠲᠠ ᠶᠢ ᠠᠬᠢᠭᠤᠯᠵᠤ᠂ ᠣᠶᠤᠨᠴᠢ ᠬᠤᠲᠠ᠂ ᠳ᠋ᠢᠵᠢᠲ᠋ᠠᠯ ᠬᠥᠳᠡᠭᠡ ᠲᠣᠰᠬᠤᠨ ᠢ | ᠪᠦᠲᠦᠭᠡᠨ ᠪᠠᠶᠢᠭᠤᠯᠤᠨ᠎ᠠ᠃ ᠳᠤᠮᠳᠠ ᠵᠢᠵᠢᠭ ᠠᠵᠤ ᠠᠬᠤᠶᠢᠯᠠᠯ ᠳᠤ ᠳ᠋ᠢᠵᠢᠲ᠋ᠠᠯᠵᠢᠭᠤᠯᠤᠨ ᠡᠨᠧᠷᠭᠢ ᠣᠯᠭᠤᠬᠤ ᠲᠤᠰᠬᠠᠢ ᠠᠵᠢᠯᠯᠠᠭ᠎ᠠ ᠶᠢ ᠭᠦᠨᠵᠡᠭᠡᠢ ᠥᠷᠨᠢᠭᠦᠯᠦᠨ᠎ᠡ᠃ | ᠲᠠᠪᠴᠠᠩ ᠤᠨ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠶᠢ ᠠᠬᠢᠭᠤᠯᠬᠤ᠂ ᠠᠵᠢᠯ ᠣᠯᠭᠤᠯᠲᠠ ᠶᠢ ᠨᠡᠮᠡᠭᠳᠡᠭᠦᠯᠬᠦ᠂ ᠤᠯᠠᠨ ᠤᠯᠤᠰ ᠤᠨ ᠥᠷᠢᠰᠦᠯᠳᠦᠭᠡᠨ ᠳᠤᠮᠳᠠ | ᠡᠷᠳᠡᠮ ᠴᠢᠳᠠᠪᠤᠷᠢ ᠪᠠᠨ ᠶᠡᠭᠡ ᠪᠠᠷ ᠪᠠᠳᠠᠷᠠᠭᠤᠯᠬᠤ ᠶᠢ ᠳᠡᠮᠵᠢᠨ᠎ᠡ᠃ ᠳ᠋ᠠᠶᠢᠲ᠋ᠠ ᠶᠢᠨ ᠰᠠᠭᠤᠷᠢ ᠳᠦᠷᠢᠮ ᠢ ᠪᠦᠷᠢᠨᠰᠢᠭᠦᠯᠵᠦ᠂ ᠳ᠋ᠠᠶᠢᠲ᠋ᠠ ᠶᠢ ᠨᠡᠭᠡᠭᠡᠨ ᠬᠥᠭᠵᠢᠭᠦᠯᠵᠦ | ᠨᠡᠭᠡᠭᠡᠯᠲᠡ ᠬᠢᠬᠦ ᠪᠠ ᠭᠦᠢᠯᠭᠡᠭᠡ ᠳᠤ ᠣᠷᠣᠭᠤᠯᠵᠤ ᠬᠡᠷᠡᠭᠯᠡᠬᠦ ᠶᠢ ᠶᠡᠭᠡ ᠪᠠᠷ ᠠᠬᠢᠭᠤᠯᠤᠨ᠎ᠠ᠃ ᠳ᠋ᠢᠵᠢᠲ᠋ᠠᠯ ᠰᠠᠭᠤᠷᠢ ᠲᠥᠬᠦᠭᠡᠷᠦᠮᠵᠢ ᠶᠢ ᠵᠣᠬᠢᠰᠲᠠᠢ ᠤᠷᠢᠳᠴᠢᠯᠠᠨ | ᠪᠦᠲᠦᠭᠡᠨ ᠪᠠᠶᠢᠭᠤᠯᠵᠤ᠂ ᠪᠦᠭᠦ ᠤᠯᠤᠰ ᠲᠤ ᠨᠢᠭᠡ ᠴᠣᠭᠴᠠᠵᠢᠭᠰᠠᠨ ᠪᠤᠳᠤᠬᠤ ᠬᠦᠴᠦᠨ ᠤ ᠰᠢᠰᠲ᠋ᠧᠮ ᠢ ᠲᠦᠷᠭᠡᠯᠡᠨ ᠪᠤᠢ ᠪᠤᠯᠭᠠᠵᠦ᠂ ᠪᠤᠳᠤᠬᠤ ᠬᠦᠴᠦᠨ ᠤ ᠠᠵᠤ | ᠦᠢᠯᠡᠰ ᠤᠨ ᠠᠮᠢ ᠠᠬᠤᠢ ᠶᠢ ᠪᠣᠶᠢᠵᠢᠭᠤᠯᠤᠨ᠎ᠠ᠃ ᠪᠢᠳᠡ ᠥᠷᠭᠡᠨ ᠳᠡᠯᠭᠡᠷᠡᠩᠭᠦᠢ ᠪᠥᠭᠡᠳ ᠭᠦᠨ ᠭᠦᠨᠵᠡᠭᠡᠢ ᠳ᠋ᠢᠵᠢᠲ᠋ᠠᠯ ᠬᠤᠪᠢᠰᠤᠯᠲᠠ ᠪᠠᠷ ᠠᠵᠤ ᠠᠬᠤᠢ ᠶᠢᠨ | ᠬᠥᠭᠵᠢᠯᠲᠡ ᠳᠤ ᠡᠨᠧᠷᠭᠢ ᠣᠯᠭᠤᠵᠤ᠂ ᠠᠷᠠᠳ ᠤᠨ ᠠᠮᠢᠳᠤᠷᠠᠯ ᠢ ᠪᠠᠶᠠᠯᠢᠭᠵᠢᠭᠤᠯᠤᠨ᠂ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠲᠦᠪᠰᠢᠨ ᠢ | ᠳᠡᠭᠡᠭᠰᠢᠯᠡᠭᠦᠯᠭᠦ ᠬᠡᠷᠡᠭᠲᠡᠢ᠃ | ︵ᠬᠤᠶᠠᠷ︶ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠢᠶᠠᠷ ᠤᠯᠤᠰ ᠢᠶᠠᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠴᠢᠨᠠᠷ | ᠰᠠᠶᠢᠲᠠᠢ ᠬᠥᠭᠵᠢᠯᠲᠡ ᠶᠢᠨ ᠰᠠᠭᠤᠷᠢ ᠲᠤᠯᠭᠠᠭᠤᠷᠢᠯᠠᠯ ᠢ ᠴᠢᠩᠭᠠᠳᠬᠠᠨ᠎ᠠ᠃ ᠰᠤᠷᠭᠠᠨ ᠬᠥᠮᠦᠵᠢᠯ ᠤᠨ ᠬᠦᠴᠦᠷᠬᠡᠭ ᠤᠯᠤᠰ᠂ ᠰᠢᠨᠵᠢᠯᠡᠬᠦ ᠤᠬᠠᠭᠠᠨ ᠮᠡᠷᠭᠡᠵᠢᠯ ᠤᠨ | ᠬᠦᠴᠦᠷᠬᠡᠭ ᠤᠯᠤᠰ᠂ ᠴᠢᠳᠠᠪᠤᠷᠢᠲᠠᠨ ᠤ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢ ᠨᠢᠭᠡ ᠴᠣᠭᠴᠠᠵᠢᠭᠤᠯᠤᠨ ᠨᠢᠭᠡᠳᠦᠯᠲᠡᠢ ᠲᠥᠯᠥᠪᠯᠡᠨ | ᠠᠬᠢᠭᠤᠯᠬᠤ ᠶᠢ ᠪᠠᠷᠢᠮᠲᠠᠯᠠᠵᠤ᠂ ᠰᠢᠨ᠎ᠡ ᠶᠢ ᠡᠭᠦᠳᠬᠦ ᠬᠡᠯᠬᠢᠶ᠎ᠡ ᠠᠵᠤ ᠦᠢᠯᠡᠰ ᠤᠨ ᠬᠡᠯᠬᠢᠶ᠎ᠡ ᠪᠡᠯᠡ ᠮᠥᠩᠭᠦ ᠶᠢᠨ ᠬᠡᠯᠬᠢᠶ᠎ᠡ ᠴᠢᠳᠠᠪᠤᠷᠢᠲᠠᠨ ᠤ ᠬᠡᠯᠬᠢᠶ᠎ᠡ ᠶᠢ ᠨᠢᠭᠡ | ᠴᠣᠭᠴᠠᠵᠢᠭᠤᠯᠤᠨ ᠪᠠᠶᠢᠷᠢᠯᠠᠭᠤᠯᠤᠨ ᠬᠡᠷᠡᠭᠵᠢᠭᠦᠯᠵᠦ᠂ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠮᠡᠷᠭᠡᠵᠢᠯ ᠴᠢᠳᠠᠪᠤᠷᠢᠲᠠᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠳᠤ ᠬᠦᠴᠦᠷᠬᠡᠭ ᠶᠡᠭᠡ ᠬᠥᠳᠡᠯᠭᠡᠭᠴᠢ ᠬᠦᠴᠦᠨ ᠬᠠᠩᠭᠠᠨ᠎ᠠ᠃ | ᠴᠢᠨᠠᠷ ᠰᠠᠶᠢᠲᠠᠢ ᠰᠤᠷᠭᠠᠨ ᠬᠥᠮᠦᠵᠢᠯ ᠤᠨ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠨᠠᠮ ᠤᠨ ᠰᠤᠷᠭᠠᠨ ᠬᠥᠮᠦᠵᠢᠯ ᠤᠨ | ᠴᠢᠭᠯᠡᠯᠲᠡ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠴᠢᠨᠠᠷ ᠰᠠᠶᠢᠲᠠᠢ ᠬᠥᠭᠵᠢᠯᠲᠡ ᠪᠠᠷ ᠡᠯ᠎ᠡ ᠱᠠᠲᠤᠨ ᠤ ᠡᠯ᠎ᠡ ᠲᠦᠷᠦᠯ ᠤᠨ ᠰᠤᠷᠭᠠᠨ ᠬᠥᠮᠦᠵᠢᠯ ᠤᠨ ᠠᠮᠢᠨ | ᠰᠤᠳᠠᠰᠤ ᠪᠤᠯᠭᠠᠬᠤ ᠶᠢ ᠪᠠᠷᠢᠮᠲᠠᠯᠠᠨ᠎ᠠ᠃ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠲᠥᠯᠦᠪᠵᠢᠭᠦᠯᠭᠡ ᠶᠢᠨ ᠲᠣᠪᠴᠢ ᠶᠢ ᠲᠣᠭᠲᠠᠭᠠᠨ | ᠬᠡᠷᠡᠭᠵᠢᠭᠦᠯᠦᠨ᠎ᠡ᠃ ᠶᠣᠰᠣ ᠰᠤᠷᠲᠠᠬᠤᠨ ᠢ ᠪᠤᠢ ᠪᠣᠯᠭᠠᠨ ᠬᠥᠮᠥᠨ ᠢ ᠬᠥᠮᠥᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠵᠤ᠂ ᠶᠡᠭᠡ ᠰᠤᠷᠭᠠᠭᠤᠯᠢ | ᠳᠤᠮᠳᠠᠳᠤ ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠦᠷᠦ ᠶᠢᠨ ᠬᠥᠮᠦᠵᠢᠯ ᠢ ᠨᠢᠭᠡ ᠴᠣᠭᠴᠠᠵᠢᠭᠤᠯᠬᠤ ᠪᠠᠶᠢᠭᠤᠯᠤᠯᠲᠠ ᠶᠢ ᠠᠬᠢᠭᠤᠯᠤᠨ᠎ᠠ᠃ ᠠᠯᠪᠠᠨ | ᠵᠢᠷᠤᠮ ᠤᠨ ᠰᠤᠷᠭᠠᠨ ᠬᠥᠮᠦᠵᠢᠯ ᠤᠨ ᠰᠢᠯᠢᠳᠡᠭ ᠢ ᠨᠢ ᠥᠷᠭᠡᠳᠬᠡᠨ ᠴᠢᠨᠠᠷ ᠢ ᠨᠢ ᠳᠡᠭᠡᠭᠰᠢᠯᠡᠭᠦᠯᠭᠦ ᠠᠵᠢᠯᠯᠠᠭ᠎ᠠ ᠶᠢ ᠥᠷᠨᠢᠭᠦᠯᠵᠦ᠂ ᠠᠯᠪᠠᠨ ᠵᠢᠷᠤᠮ ᠤᠨ ᠰᠤᠷᠭᠠᠨ | ᠬᠥᠮᠦᠵᠢᠯ ᠤᠨ ᠴᠢᠨᠠᠷ ᠰᠠᠶᠢᠲᠠᠢ ᠲᠡᠩᠴᠡᠭᠦᠷᠢᠲᠡᠢ ᠬᠥᠭᠵᠢᠯᠲᠡ ᠪᠠ ᠬᠤᠲᠠ ᠬᠥᠳᠡᠭᠡ ᠶᠢᠨ ᠨᠢᠭᠡ ᠴᠣᠭᠴᠠᠵᠢᠯᠲᠠ ᠶᠢ ᠲᠦᠷᠭᠡᠳᠬᠡᠵᠦ᠂ ᠬᠥᠳᠡᠭᠡ ᠲᠤᠰᠬᠤᠨ ᠤ | ᠪᠠᠶᠢᠷᠢ ᠳᠤ ᠰᠠᠭᠤᠬᠤ ᠳᠦᠷᠢᠮᠲᠦ ᠰᠤᠷᠭᠠᠭᠤᠯᠢ ᠶᠢᠨ ᠰᠤᠷᠭᠠᠭᠤᠯᠢ ᠡᠷᠭᠢᠯᠡᠭᠦ ᠨᠥᠬᠦᠴᠡᠯ ᠢ ᠰᠠᠶᠢᠵᠢᠷᠠᠭᠤᠯᠤᠨ᠂ ︽ᠬᠤᠶᠠᠷ ᠢ ᠬᠥᠩᠭᠡᠷᠡᠭᠦᠯᠬᠦ︾ ᠶᠢ ᠦᠷᠭᠦᠯᠵᠢᠯᠡᠨ | ᠭᠦᠨᠵᠡᠭᠡᠶᠢᠷᠡᠭᠦᠯᠵᠦ᠂ ᠰᠤᠷᠭᠠᠭᠤᠯᠢ ᠳᠤ ᠣᠷᠣᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠲᠦᠭᠡᠮᠡᠯ ᠬᠠᠷᠠᠭᠠᠯᠵᠠᠯᠲᠤ ᠬᠥᠭᠵᠢᠯᠲᠡ ᠶᠢ ᠠᠬᠢᠭᠤᠯᠵᠤ᠂ | ᠰᠢᠶᠠᠨ ᠤ ᠪᠦᠰᠡ ᠶᠢᠨ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠲᠤᠮᠲᠠᠲᠤ ᠪᠠᠭ᠎ᠠ | ᠰᠤᠷᠭᠠᠭᠤᠯᠢ ᠶᠢᠨ ᠪᠠᠭᠰᠢ ᠶᠢᠨ ᠵᠢᠭᠠᠨ ᠰᠤᠷᠭᠠᠯᠲᠠ ᠶᠢᠨ ᠪᠤᠰᠤ ᠳᠠᠷᠤᠭᠠᠰᠤ ᠶᠢ ᠬᠥᠩᠭᠡᠷᠡᠭᠦᠯᠦᠨ᠎ᠡ᠃ ᠣᠨᠴᠠᠭᠠᠶ ᠰᠤᠷᠭᠠᠨ ᠬᠥᠮᠦᠵᠢᠯ᠂ ᠦᠷᠭᠦᠯᠵᠢᠯᠡᠯ ᠰᠤᠷᠭᠠᠨ | ᠬᠥᠮᠦᠵᠢᠯ ᠢ ᠰᠠᠶᠢᠲᠤᠷ ᠡᠷᠭᠢᠯᠡᠵᠤ᠂ ᠠᠷᠠᠳ ᠠᠴᠠ ᠡᠷᠭᠢᠯᠡᠭᠰᠡᠨ ᠰᠤᠷᠭᠠᠨ ᠬᠥᠮᠦᠵᠢᠯ ᠤᠨ ᠬᠥᠭᠵᠢᠯᠲᠡ ᠶᠢ ᠬᠥᠲᠥᠯᠥᠨ ᠵᠢᠯᠤᠭᠤᠳᠴᠤ ᠵᠢᠷᠤᠮᠵᠢᠭᠤᠯᠤᠨ᠂ ᠠᠵᠢᠯ | ᠮᠡᠷᠭᠡᠵᠢᠯ ᠤᠨ ᠰᠤᠷᠭᠠᠨ ᠬᠥᠮᠦᠵᠢᠯ ᠤᠨ ᠶᠠᠰᠤ ᠴᠢᠨᠠᠷ ᠢ ᠶᠡᠭᠡ ᠪᠠᠷ ᠳᠡᠭᠡᠭᠰᠢᠯᠡᠭᠦᠯᠦᠨ᠎ᠡ᠃ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠶᠡᠷᠦᠩᠬᠡᠶᠢᠯᠡᠭᠰᠡᠨ | ᠥᠭᠡᠷᠡᠴᠢᠯᠡᠯᠲᠡ ᠶᠢᠨ ᠲᠤᠷᠰᠢᠯᠲᠠ ᠶᠢ ᠬᠡᠷᠡᠭᠵᠢᠭᠦᠯᠵᠦ᠂ ᠰᠢᠨᠵᠢᠯᠡᠭᠡᠨ ᠤ ᠰᠠᠯᠠᠭ᠎ᠠ ᠲᠤᠰᠬᠠᠢ ᠮᠡᠷᠭᠡᠵᠢᠯ ᠪᠠ ᠡᠬᠢ ᠪᠠᠶᠠᠯᠢᠭ ᠤᠨ ᠪᠦᠲᠦᠴᠡ ᠪᠠᠶᠢᠷᠢᠯᠠᠭᠤᠯᠤᠯᠲᠠ ᠶᠢ | ᠰᠢᠯᠢᠳᠡᠭᠵᠢᠭᠦᠯᠦᠨ᠂ ᠳᠤᠮᠳᠠᠳᠤ ᠤᠯᠤᠰ ᠤᠨ ᠣᠨᠴᠠᠯᠢᠭ ᠪᠦᠬᠦᠢ᠂ ᠳᠡᠯᠡᠬᠡᠢ ᠶᠢᠨ ᠲᠡᠷᠢᠭᠦᠨ ᠵᠡᠷᠭᠡ ᠶᠢᠨ ᠶᠡᠭᠡ ᠰᠤᠷᠭᠠᠭᠤᠯᠢ ᠪᠠ ᠳᠠᠪᠠᠭᠤᠯᠢᠭ ᠰᠢᠨᠵᠢᠯᠡᠭᠡᠨ ᠤ | ᠰᠠᠯᠠᠭ᠎ᠠ ᠶᠢ ᠲᠦᠷᠭᠡᠯᠡᠨ ᠪᠠᠶᠢᠭᠤᠯᠵᠤ᠂ ᠬᠡᠷᠡᠭᠯᠡᠭᠡᠨ ᠤ ᠭᠡᠯᠪᠡᠷᠢ ᠶᠢᠨ ᠵᠢᠩᠬᠢᠨᠢ ᠠᠩᠭᠢ ᠶᠢᠨ ᠶᠡᠭᠡ ᠳᠡᠭᠡᠳᠦ ᠰᠤᠷᠭᠠᠭᠤᠯᠢ ᠶᠢ ᠬᠦᠴᠦᠷᠬᠡᠭᠵᠢᠭᠦᠯᠦᠨ ᠪᠠᠶᠢᠭᠤᠯᠵᠤ᠂ | ᠳᠤᠮᠳᠠ ᠬᠡᠰᠡᠭ ᠪᠠ ᠪᠠᠷᠠᠭᠤᠨ ᠬᠡᠰᠡᠭ ᠤᠨ ᠭᠠᠵᠠᠷ ᠣᠷᠣᠨ ᠤ ᠶᠡᠭᠡ ᠳᠡᠭᠡᠳᠦ ᠰᠤᠷᠭᠠᠭᠤᠯᠢ ᠶᠢᠨ ᠰᠤᠷᠭᠠᠭᠤᠯᠢ ᠡᠷᠭᠢᠯᠡᠭᠦ ᠪᠣᠳᠠᠲᠤ ᠬᠦᠴᠦᠨ ᠢ ᠴᠢᠩᠭᠠᠷᠠᠭᠤᠯᠤᠨ᠎ᠠ᠃ | ᠰᠤᠷᠤᠬᠴᠢ ᠶᠢᠨ ᠰᠡᠳᠬᠢᠴᠡ ᠶᠢᠨ ᠡᠷᠡᠭᠦᠯ ᠮᠡᠨᠲᠦ ᠶᠢᠨ ᠬᠥᠮᠦᠵᠢᠯ ᠢ ᠴᠢᠩᠭᠠᠳᠬᠠᠨ᠎ᠠ᠃ ᠳ᠋ᠢᠵᠢᠲ᠋ᠠᠯ ᠰᠤᠷᠭᠠᠨ ᠬᠥᠮᠦᠵᠢᠯ ᠢ ᠶᠡᠭᠡ ᠪᠠᠷ ᠬᠥᠭᠵᠢᠭᠦᠯᠦᠨ᠎ᠡ᠃ ᠰᠤᠷᠭᠠᠨ | ᠬᠥᠮᠥᠵᠢᠯᠲᠡᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠥᠨᠳᠥᠷ ᠬᠡᠪ ᠴᠢᠨᠠᠷ ᠪᠦᠬᠦᠢ ᠲᠤᠰᠬᠠᠶᠢᠵᠢᠭᠰᠠᠨ ᠪᠠᠭᠰᠢ ᠶᠢᠨ ᠡᠩᠨᠡᠭᠡ ᠶᠢ ᠪᠠᠶᠢᠭᠤᠯᠤᠨ᠎ᠠ᠃ ᠪᠢᠳᠡ ᠰᠤᠷᠭᠠᠨ | ᠬᠥᠮᠦᠵᠢᠯ ᠢ ᠤᠷᠢᠳ ᠢᠶᠠᠷ ᠬᠥᠭᠵᠢᠭᠦᠯᠬᠦ ᠶᠢ ᠪᠠᠷᠢᠮᠲᠠᠯᠠᠵᠤ᠂ ᠰᠤᠷᠭᠠᠨ ᠬᠥᠮᠦᠵᠢᠯ ᠤᠨ ᠣᠳᠣᠬᠢᠴᠢᠯᠠᠯᠲᠠ ᠶᠢ ᠲᠦᠷᠭᠡᠯᠡᠨ ᠠᠬᠢᠭᠤᠯᠵᠤ᠂ ᠠᠷᠠᠳ ᠲᠦᠮᠡᠨ ᠤ ᠵᠣᠯ | ᠵᠢᠷᠭᠠᠯ ᠤᠨ ᠦᠨᠳᠦᠰᠦ ᠶᠢ ᠪᠠᠲᠤᠳᠬᠠᠨ᠂ ᠤᠯᠤᠰ ᠣᠷᠣᠨ ᠤ ᠪᠠᠶᠠᠵᠢᠯ ᠬᠦᠴᠦᠷᠬᠡᠭᠵᠢᠯ ᠤᠨ ᠰᠠᠭᠤᠷᠢ ᠶᠢ ᠪᠠᠬᠢᠵᠢᠭᠦᠯᠬᠦ ᠬᠡᠷᠡᠭᠲᠡᠢ᠃ | ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠮᠡᠷᠭᠡᠵᠢᠯ ᠢ ᠪᠡᠶ᠎ᠡ ᠪᠠᠨ ᠳᠠᠭᠠᠭᠠᠵᠤ ᠬᠦᠴᠦᠷᠬᠡᠭᠵᠢᠭᠦᠯᠬᠦ ᠶᠢ ᠲᠦᠷᠭᠡᠯᠡᠨ ᠠᠬᠢᠭᠤᠯᠤᠨ᠎ᠠ᠃ ᠰᠢᠨ᠎ᠡ | ᠭᠡᠯᠪᠡᠷᠢ ᠶᠢᠨ ᠤᠯᠤᠰ ᠳᠠᠶᠠᠭᠠᠷ ᠤᠨ ᠪᠠᠶᠢᠭᠤᠯᠤᠯ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠴᠢᠳᠠᠪᠤᠷᠢ ᠶᠢ ᠪᠦᠭᠦ | ᠲᠠᠯ᠎ᠠ ᠪᠠᠷ ᠳᠡᠭᠡᠭᠰᠢᠯᠡᠭᠦᠯᠦᠨ᠎ᠡ᠃ ᠰᠠᠭᠤᠷᠢ ᠰᠤᠳᠤᠯᠭᠠᠨ ᠤ ᠰᠢᠰᠲ᠋ᠧᠮᠲᠦ ᠪᠠᠶᠢᠷᠢᠯᠠᠭᠤᠯᠤᠯᠲᠠ ᠶᠢ ᠴᠢᠩᠭᠠᠳᠬᠠᠵᠤ᠂ ᠨᠢᠭᠡ ᠪᠦᠯᠦᠭ ᠰᠢᠨ᠎ᠡ ᠶᠢ ᠡᠭᠦᠳᠬᠦ ᠰᠠᠭᠤᠷᠢᠨ | ᠭᠠᠵᠠᠷ᠂ ᠳᠠᠪᠠᠭᠤᠯᠢᠭ ᠪᠦᠯᠭᠦᠮ ᠨᠡᠶᠢᠲᠡ ᠪᠣᠯᠣᠨ ᠭᠤᠣᠯᠳᠠᠯᠭ᠎ᠠ ᠲᠠᠢ ᠴᠢᠭᠯᠡᠯ ᠢ ᠤᠷᠲᠤ ᠬᠤᠭᠤᠴᠠᠭ᠎ᠠ ᠪᠠᠷ ᠲᠣᠭᠲᠠᠭᠤᠨ ᠢᠶᠠᠷ ᠳᠠᠮᠵᠢᠵᠤ᠂ ᠤᠤᠭᠠᠯ ᠰᠢᠨ᠎ᠡ ᠶᠢ | ᠡᠭᠦᠳᠬᠦ ᠴᠢᠳᠠᠪᠤᠷᠢ ᠶᠢ ᠴᠢᠩᠭᠠᠷᠠᠭᠤᠯᠤᠨ᠎ᠠ᠃ ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠬᠡᠷᠡᠭᠴᠡᠭᠡ ᠪᠠ ᠠᠵᠤ ᠦᠢᠯᠡᠰ ᠤᠨ ᠬᠥᠭᠵᠢᠯᠲᠡ ᠶᠢᠨ | ᠬᠡᠷᠡᠭᠴᠡᠭᠡ ᠶᠢ ᠬᠠᠷᠠᠭᠠᠯᠠᠵᠤ᠂ ᠨᠢᠭᠡ ᠪᠦᠯᠦᠭ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠲᠥᠰᠥᠯ ᠢ ᠪᠠᠶᠢᠷᠢᠯᠠᠭᠤᠯᠤᠨ ᠬᠡᠷᠡᠭᠵᠢᠭᠦᠯᠦᠨ᠎ᠡ᠃ ᠤᠯᠤᠰ ᠤᠨ | ᠪᠠᠶᠢᠯᠳᠤᠬᠤ ᠪᠣᠳᠣᠯᠭ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠴᠦᠨ᠂ ᠨᠡᠶᠢᠭᠡᠮ ᠤᠨ ᠰᠢᠨ᠎ᠡ ᠶᠢ ᠡᠭᠦᠳᠬᠦ ᠡᠬᠢ ᠪᠠᠶᠠᠯᠢᠭ ᠢ ᠬᠤᠷᠠᠭᠤᠯᠵᠤ᠂ ᠵᠠᠩᠭᠢᠯᠠᠭ᠎ᠠ ᠶᠢᠨ | ᠭᠤᠣᠯᠯᠠᠬᠤ ᠮᠡᠷᠭᠡᠵᠢᠯ ᠤᠨ ᠪᠡᠷᠬᠡ ᠰᠡᠳᠦᠪ ᠢ ᠬᠠᠮᠵᠢᠯᠴᠠᠭᠤᠯᠤᠨ ᠰᠢᠢᠳᠪᠦᠷᠢᠯᠡᠬᠦ ᠶᠢ ᠠᠬᠢᠭᠤᠯᠵᠤ᠂ ᠨᠤᠷᠠᠭᠠᠯᠲᠠ ᠶᠢᠨ ᠴᠢᠨᠠᠷᠲᠠᠢ ᠮᠡᠷᠭᠡᠵᠢᠯ ᠪᠠ ᠬᠤᠰᠢᠭᠤᠷᠠᠯ | ᠮᠡᠷᠭᠡᠵᠢᠯ ᠤᠨ ᠰᠤᠳᠤᠯᠭᠠᠨ ᠢ ᠴᠢᠩᠭᠠᠳᠬᠠᠨ᠎ᠠ᠃ ᠤᠯᠤᠰ ᠤᠨ ᠲᠤᠷᠰᠢᠯᠲᠠ ᠶᠢᠨ ᠲᠠᠰᠤᠭ ᠤᠨ ᠠᠵᠢᠯᠯᠠᠭᠠᠨ ᠤ ᠬᠠᠮᠢᠶᠠᠷᠤᠯᠲᠠ ᠶᠢᠨ ᠲᠣᠭᠲᠠᠴᠠ ᠶᠢ | ᠲᠡᠭᠦᠯᠳᠡᠷᠵᠢᠭᠦᠯᠵᠦ᠂ ᠤᠯᠠᠨ ᠤᠯᠤᠰ ᠤᠨ ᠪᠠ ᠣᠷᠣᠨ ᠪᠦᠰᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠨᠥᠯᠥᠭᠡᠯᠡᠨ ᠳᠠᠶᠢᠴᠢᠯᠠᠬᠤ | ᠦᠢᠯᠡᠳᠦᠯ ᠢ ᠪᠠᠳᠠᠷᠠᠭᠤᠯᠤᠨ᠎ᠠ᠃ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠰᠠᠭᠤᠷᠢ ᠲᠥᠬᠦᠭᠡᠷᠦᠮᠵᠢ ᠶᠢᠨ ᠰᠢᠰᠲ᠋ᠧᠮᠴᠢᠯᠡᠭᠰᠡᠨ ᠪᠠᠶᠢᠷᠢᠯᠠᠭᠤᠯᠤᠯᠲᠠ ᠶᠢ | ᠲᠦᠷᠭᠡᠳᠬᠡᠵᠦ᠂ ᠨᠡᠶᠢᠲᠡᠯᠢᠭ ᠴᠢᠨᠠᠷᠲᠠᠢ ᠮᠡᠷᠭᠡᠵᠢᠯ ᠤᠨ ᠲᠠᠪᠴᠠᠩ᠂ ᠵᠠᠪᠰᠠᠷ ᠤᠨ ᠲᠤᠷᠰᠢᠯᠲᠠ ᠪᠠᠷ ᠰᠢᠯᠭᠠᠨ ᠨᠤᠲᠠᠯᠠᠬᠤ ᠲᠠᠪᠴᠠᠩ ᠤᠨ ᠪᠠᠶᠢᠭᠤᠯᠤᠯᠲᠠ ᠶᠢ | ᠠᠬᠢᠭᠤᠯᠤᠨ᠎ᠠ᠃ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠡᠶᠡᠴᠢ ᠴᠣᠭᠴᠠ ᠶᠢᠨ ᠪᠠᠶᠢᠷᠢ ᠰᠠᠭᠤᠷᠢ ᠶᠢ ᠴᠢᠩᠭᠠᠳᠬᠠᠵᠤ᠂ | ᠠᠵᠤ ᠠᠬᠤᠶᠢᠯᠠᠯ ᠤᠨ ᠰᠢᠨ᠎ᠡ ᠶᠢ ᠡᠭᠦᠳᠬᠦ ᠣᠷᠣᠭᠤᠯᠤᠯᠲᠠ ᠪᠠᠨ ᠨᠡᠮᠡᠭᠳᠡᠭᠦᠯᠬᠦ ᠶᠢ ᠵᠣᠷᠢᠭᠵᠢᠭᠤᠯᠵᠤ᠂ ᠦᠢᠯᠡᠳᠪᠦᠷᠢᠯᠡᠬᠦ ᠵᠢᠭᠠᠬᠤ ᠰᠤᠳᠤᠯᠬᠤ ᠬᠡᠷᠡᠭᠯᠡᠬᠦ ᠶᠢ | ᠤᠶᠠᠯᠳᠤᠭᠤᠯᠬᠤ ᠶᠢ ᠭᠦᠨᠵᠡᠭᠡᠶᠢᠷᠡᠭᠦᠯᠵᠦ᠂ ᠪᠣᠳᠠᠲᠤ ᠬᠦᠴᠦᠨ ᠲᠠᠢ ᠠᠵᠤ ᠠᠬᠤᠶᠢᠯᠠᠯ ᠤᠨ ᠴᠢᠬᠤᠯᠠ ᠶᠡᠭᠡ ᠪᠡᠷᠬᠡ ᠰᠡᠳᠦᠪ ᠢ ᠰᠢᠢᠳᠪᠦᠷᠢᠯᠡᠬᠦ ᠡᠭᠦᠷᠭᠡ ᠶᠢ | ᠲᠦᠷᠦᠭᠦᠯᠡᠨ ᠬᠡᠷᠡᠭᠵᠢᠭᠦᠯᠬᠦ ᠶᠢ ᠳᠡᠮᠵᠢᠨ᠎ᠡ᠃ ᠡᠷᠡᠭᠦᠯ ᠮᠡᠨᠳᠦ᠂ ᠨᠠᠰᠤᠵᠢᠯ ᠤᠨ ᠠᠰᠠᠷᠠᠮᠵᠢ᠂ ᠵᠡᠮᠳᠡᠭᠴᠦᠳ ᠢ ᠲᠤᠰᠠᠯᠠᠬᠤ ᠵᠡᠷᠭᠡ ᠠᠷᠠᠳ ᠤᠨ ᠠᠮᠢᠳᠤᠷᠠᠯ ᠤᠨ ᠰᠢᠨᠵᠢᠯᠡᠬᠦ | ᠤᠬᠠᠭᠠᠨ ᠮᠡᠷᠭᠡᠵᠢᠯ ᠢ ᠰᠤᠳᠤᠯᠤᠨ ᠨᠡᠭᠡᠭᠡᠵᠦ ᠠᠰᠢᠭᠯᠠᠬᠤ ᠶᠢ ᠴᠢᠩᠭᠠᠳᠬᠠᠨ᠎ᠠ᠃ ᠪᠦᠭᠦ ᠲᠠᠯ᠎ᠠ ᠪᠠᠷ ᠰᠢᠨ᠎ᠡ ᠶᠢ ᠡᠭᠦᠳᠬᠦ ᠶᠢ ᠳᠡᠮᠵᠢᠬᠦ ᠰᠠᠭᠤᠷᠢ ᠳᠦᠷᠢᠮ ᠢ | ᠲᠦᠷᠭᠡᠯᠡᠨ ᠪᠤᠢ ᠪᠤᠯᠭᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠨᠡᠯᠡᠯᠲᠡ᠂ ᠰᠢᠨᠵᠢᠯᠡᠬᠦ ᠤᠬᠠᠭᠠᠨ ᠮᠡᠷᠭᠡᠵᠢᠯ ᠤᠨ ᠱᠠᠩᠨᠠᠯ᠂ ᠰᠢᠨᠵᠢᠯᠡᠬᠦ ᠤᠬᠠᠭᠠᠨ ᠤ | ᠰᠤᠳᠤᠯᠭᠠᠨ ᠤ ᠲᠥᠰᠥᠯ ᠪᠠ ᠵᠠᠷᠤᠳᠠᠯ ᠤᠨ ᠬᠠᠮᠢᠶᠠᠷᠤᠯᠲᠠ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ︽ᠲᠤᠩᠬᠠᠭ ᠨᠡᠶᠢᠲᠡᠯᠡᠨ ᠮᠠᠩᠯᠠᠶᠢᠯᠠᠭᠴᠢ | ᠡᠯᠰᠡᠬᠦ︾ ᠲᠣᠭᠲᠠᠴᠠ ᠶᠢ ᠪᠦᠷᠢᠨᠰᠢᠭᠦᠯᠦᠨ᠎ᠡ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢ ᠴᠢᠩᠭᠠᠳᠬᠠᠵᠤ᠂ ᠰᠢᠨᠵᠢᠯᠡᠬᠦ ᠤᠬᠠᠭᠠᠨ | ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠤᠨ ᠬᠡᠷᠡᠭᠯᠡᠬᠦ ᠶᠢ ᠠᠬᠢᠭᠤᠯᠬᠤ ᠲᠦᠷᠦ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠨ᠎ᠠ᠃ ᠰᠢᠨᠵᠢᠯᠡᠬᠦ | ᠤᠬᠠᠭᠠᠨ ᠢ ᠲᠦᠭᠡᠮᠡᠯᠵᠢᠭᠦᠯᠬᠦ ᠶᠢ ᠥᠷᠭᠡᠨ ᠢᠶᠠᠷ ᠥᠷᠨᠢᠭᠦᠯᠦᠨ᠎ᠡ᠃ ᠰᠢᠨ᠎ᠡ ᠶᠢ ᠡᠭᠦᠳᠬᠦ ᠰᠣᠶᠣᠯ ᠢ ᠪᠣᠶᠢᠵᠢᠭᠤᠯᠵᠤ᠂ ᠰᠢᠨᠵᠢᠯᠡᠬᠦ ᠤᠬᠠᠭᠠᠨᠲᠠᠨ ᠤ ᠵᠣᠷᠢᠭ ᠰᠠᠨᠠᠭ᠎ᠠ ᠶᠢ | ᠪᠠᠳᠠᠷᠠᠭᠤᠯᠵᠤ᠂ ᠰᠢᠯᠢᠳᠡᠭ ᠰᠤᠷᠤᠯᠴᠠᠬᠤ ᠰᠤᠷᠲᠠᠯ ᠢ ᠬᠠᠳᠠᠭᠠᠯᠠᠨ᠎ᠠ᠃ ᠤᠯᠠᠨ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠣᠯᠢᠯᠴᠠᠭ᠎ᠠ ᠬᠠᠮᠲᠤᠷᠠᠯᠴᠠᠭ᠎ᠠ ᠶᠢ | ᠥᠷᠭᠡᠳᠬᠡᠵᠦ᠂ ᠪᠦᠭᠦ ᠪᠥᠮᠪᠥᠷᠴᠡᠭ ᠤᠨ ᠥᠷᠢᠰᠦᠯᠳᠦᠬᠦ ᠬᠦᠴᠦᠨ ᠪᠦᠬᠦᠢ ᠰᠢᠨ᠎ᠡ ᠶᠢ ᠡᠭᠦᠳᠬᠦ ᠨᠡᠭᠡᠭᠡᠯᠲᠡᠲᠤ ᠠᠮᠢ ᠠᠬᠤᠢ ᠶᠢ ᠪᠤᠢ ᠪᠣᠯᠭᠠᠨ᠎ᠠ᠃ | ᠴᠢᠳᠠᠪᠤᠷᠢᠲᠠᠨ ᠢ ᠪᠦᠭᠦ ᠲᠠᠯ᠎ᠠ ᠪᠠᠷ ᠬᠥᠮᠥᠵᠢᠭᠦᠯᠦᠨ ᠰᠠᠶᠢᠲᠤᠷ ᠬᠡᠷᠡᠭᠯᠡᠨ᠎ᠡ᠃ ᠨᠠᠩ ᠢᠳᠡᠪᠬᠢᠲᠡᠢ᠂ ᠨᠠᠩ ᠨᠡᠭᠡᠭᠡᠯᠲᠡᠲᠡᠢ᠂ ᠨᠠᠩ ᠪᠦᠲᠦᠮᠵᠢᠲᠡᠶ | ᠴᠢᠳᠠᠪᠤᠷᠢᠲᠠᠨ ᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠎ᠡ᠃ ᠥᠨᠳᠥᠷ ᠲᠦᠪᠰᠢᠨ ᠪᠦᠬᠦᠢ ᠴᠢᠳᠠᠪᠤᠷᠢᠲᠠᠨ ᠤ ᠥᠨᠳᠦᠷᠯᠢᠭ ᠭᠠᠵᠠᠷ ᠪᠠ ᠴᠢᠳᠠᠪᠤᠷᠢᠲᠠᠨ ᠢ | ᠣᠷᠣᠭᠤᠯᠤᠨ ᠠᠪᠴᠢᠷᠠᠬᠤ ᠴᠢᠳᠠᠪᠤᠷᠢᠲᠠᠨ ᠢ ᠴᠤᠭᠯᠠᠭᠤᠯᠬᠤ ᠲᠠᠪᠴᠠᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠴᠢᠳᠠᠪᠤᠷᠢᠲᠠᠨ ᠤ ᠣᠷᠣᠨ ᠪᠦᠰᠡ ᠶᠢᠨ | ᠵᠦᠢ ᠵᠣᠬᠢᠰᠲᠠᠢ ᠪᠠᠶᠢᠷᠢᠰᠢᠯ ᠪᠠ ᠵᠣᠬᠢᠴᠠᠩᠭᠤᠢ ᠬᠥᠭᠵᠢᠯᠲᠡ ᠶᠢ ᠠᠬᠢᠭᠤᠯᠤᠨ᠎ᠠ᠃ ᠤᠯᠤᠰ ᠤᠨ ᠪᠠᠶᠢᠯᠳᠤᠬᠤ ᠪᠣᠳᠣᠯᠭ᠎ᠠ ᠶᠢᠨ ᠴᠢᠳᠠᠪᠤᠷᠢᠲᠠᠨ ᠤ ᠬᠦᠴᠦᠨ ᠢ | ᠲᠦᠷᠭᠡᠯᠡᠨ ᠪᠦᠲᠦᠭᠡᠨ ᠪᠠᠶᠢᠭᠤᠯᠵᠤ᠂ ᠨᠡᠩ ᠣᠯᠠᠨ ᠲᠡᠷᠢᠭᠦᠨ ᠵᠡᠷᠭᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠳᠠᠭᠠᠭᠤᠯᠤᠭᠴᠢ ᠴᠢᠳᠠᠪᠤᠷᠢᠲᠠᠨ ᠪᠠ ᠰᠢᠨ᠎ᠡ ᠶᠢ | ᠡᠭᠦᠳᠬᠦ ᠪᠦᠯᠭᠦᠮ ᠢ ᠴᠢᠷᠮᠠᠶᠢᠨ ᠬᠥᠮᠥᠵᠢᠭᠦᠯᠦᠨ ᠪᠤᠢ ᠪᠤᠯᠭᠠᠵᠤ᠂ ᠣᠷᠣᠶᠢᠯᠠᠭᠰᠠᠨ ᠰᠢᠨ᠎ᠡ ᠶᠢ ᠡᠭᠦᠳᠬᠦ ᠴᠢᠳᠠᠪᠤᠷᠢᠲᠠᠨ ᠢ ᠢᠯᠡᠷᠡᠭᠦᠯᠬᠦ ᠪᠠ ᠬᠥᠮᠥᠵᠢᠭᠦᠯᠬᠦ | ᠲᠣᠭᠲᠠᠴᠠ ᠶᠢ ᠲᠡᠭᠦᠯᠳᠡᠷᠵᠢᠭᠦᠯᠵᠦ᠂ ᠰᠠᠭᠤᠷᠢ ᠰᠤᠳᠤᠯᠭᠠᠨ ᠤ ᠴᠢᠳᠠᠪᠤᠷᠢᠲᠠᠨ ᠢ ᠬᠥᠮᠥᠵᠢᠭᠦᠯᠬᠦ ᠲᠠᠪᠴᠠᠩ ᠢ ᠪᠦᠲᠦᠭᠡᠨ ᠪᠠᠶᠢᠭᠤᠯᠵᠤ᠂ ᠰᠢᠯᠭᠠᠷᠠᠭᠰᠠᠨ ᠢᠨᠵᠧᠨᠧᠷ | ᠪᠠ ᠤᠷ᠎ᠠ ᠴᠢᠳᠠᠪᠤᠷᠢ ᠰᠠᠶᠢᠲᠠᠢ ᠴᠢᠳᠠᠪᠤᠷᠢᠲᠠᠨ ᠤ ᠡᠩᠨᠡᠭᠡ ᠶᠢ ᠪᠠᠶᠢᠭᠤᠯᠵᠤ᠂ ᠵᠠᠯᠠᠭᠤ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠢ ᠳᠡᠮᠵᠢᠬᠦ ᠡᠷᠴᠢᠮ ᠢᠶᠠᠨ | ᠴᠢᠩᠭᠠᠷᠠᠭᠤᠯᠤᠨ᠎ᠠ᠃ ᠴᠢᠳᠠᠪᠤᠷᠢᠲᠠᠨ ᠤ ᠣᠯᠠᠨ ᠤᠯᠤᠰ ᠤᠨ ᠰᠣᠯᠢᠯᠴᠠᠭ᠎ᠠ ᠶᠢ ᠢᠳᠡᠪᠬᠢᠲᠡᠢ ᠠᠬᠢᠭᠤᠯᠤᠨ᠎ᠠ᠃ ᠰᠢᠨ᠎ᠡ ᠶᠢ ᠡᠭᠦᠳᠬᠦ ᠦᠷᠳᠡᠭ᠂ ᠴᠢᠳᠠᠪᠤᠷᠢ᠂ ᠬᠤᠪᠢ | ᠨᠡᠮᠡᠷᠢ ᠪᠠᠷ ᠤᠳᠤᠷᠢᠳᠤᠮᠵᠢ ᠪᠤᠯᠭᠠᠬᠰᠠᠨ ᠴᠢᠳᠠᠪᠤᠷᠢᠲᠠᠨ ᠢ ᠦᠨᠡᠯᠡᠬᠦ ᠰᠢᠰᠲ᠋ᠧᠮ ᠢ ᠲᠦᠷᠭᠡᠯᠡᠨ ᠪᠠᠶᠢᠭᠤᠯᠵᠤ᠂ ᠠᠵᠢᠯ ᠠᠮᠢᠳᠤᠷᠠᠯ ᠤᠨ ᠪᠠᠲᠤᠯᠠᠭ᠎ᠠ ᠪᠠ ᠬᠥᠬᠢᠭᠦᠯᠦᠨ | ᠱᠠᠩᠨᠠᠬᠤ ᠳᠦᠷᠢᠮ ᠢ ᠰᠢᠯᠢᠳᠡᠭᠵᠢᠭᠦᠯᠦᠨ᠎ᠡ᠃ ᠪᠢᠳᠡ ᠴᠢᠳᠠᠪᠤᠷᠢᠲᠠᠨ ᠤ ᠬᠥᠭᠵᠢᠯᠲᠡ ᠶᠢᠨ ᠣᠷᠴᠢᠨ ᠨᠥᠬᠦᠴᠡᠯ ᠢ ᠰᠠᠶᠢᠵᠢᠷᠠᠭᠤᠯᠬᠤ ᠲᠠᠯ᠎ᠠ ᠪᠠᠷ ᠦᠷᠭᠦᠯᠵᠢᠯᠡᠨ | ᠬᠦᠴᠦᠯᠡᠨ ᠴᠢᠷᠮᠠᠶᠢᠵᠤ᠂ ᠬᠥᠮᠥᠨ ᠪᠣᠯᠭᠠᠨ ᠠᠪᠢᠶᠠᠰ ᠴᠢᠳᠠᠪᠤᠷᠢ ᠪᠠᠨ ᠭᠦᠢᠴᠡᠳ ᠪᠠᠳᠠᠷᠠᠭᠤᠯᠵᠤ ᠡᠷᠳᠡᠮ ᠴᠢᠳᠠᠪᠤᠷᠢ ᠪᠠᠨ ᠭᠦᠢᠴᠡᠳ ᠢᠯᠡᠷᠡᠭᠦᠯᠵᠦ ᠴᠢᠳᠠᠬᠤ ᠰᠠᠶᠢᠨ | ᠰᠠᠶᠢᠬᠠᠨ ᠪᠠᠶᠢᠳᠠᠯ ᠢ ᠪᠤᠢ ᠪᠤᠯᠭᠠᠬᠤ ᠬᠡᠷᠡᠭᠲᠡᠢ᠃ | ︵ᠭᠤᠷᠪᠠ︶ ᠤᠯᠤᠰ ᠤᠨ ᠳᠣᠲᠣᠭᠠᠳᠤ ᠶᠢᠨ ᠬᠡᠷᠡᠭᠴᠡᠭᠡ ᠶᠢ ᠬᠦᠴᠦᠯᠡᠨ ᠥᠷᠭᠡᠳᠬᠡᠵᠦ᠂ ᠠᠵᠤ ᠠᠬᠤᠢ ᠶᠢᠨ ᠰᠠᠶᠢᠨ ᠣᠷᠴᠢᠯ ᠢ ᠪᠡᠶᠡᠯᠡᠭᠦᠯᠬᠦ ᠶᠢ | ᠠᠬᠢᠭᠤᠯᠤᠨ᠎ᠠ᠃ ᠳᠣᠲᠣᠭᠠᠳᠤ ᠶᠢᠨ ᠬᠡᠷᠡᠭᠴᠡᠭᠡ ᠶᠢ ᠥᠷᠭᠡᠳᠬᠡᠬᠦ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠶᠢ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ | ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠯᠦᠭᠡ ᠣᠷᠭᠠᠨᠢᠭ ᠢᠶᠠᠷ ᠤᠶᠠᠯᠳᠤᠭᠤᠯᠤᠨ᠂ ᠬᠡᠷᠡᠭᠯᠡᠭᠡ ᠪᠠ ᠪᠡᠯᠡ ᠣᠷᠣᠭᠤᠯᠤᠯᠲᠠ ᠶᠢ ᠨᠠᠩ ᠰᠠᠶᠢᠨ ᠨᠢᠭᠡᠳᠦᠯᠲᠡᠢ | ᠲᠥᠯᠥᠪᠯᠡᠵᠦ᠂ ᠠᠵᠤ ᠠᠬᠤᠢ ᠶᠢᠨ ᠨᠡᠮᠡᠭᠳᠡᠯ ᠳᠤ ᠦᠵᠡᠭᠦᠯᠭᠦ ᠳᠠᠶᠢᠴᠢᠯᠠᠬᠤ ᠦᠢᠯᠡᠳᠦᠯ ᠢ ᠴᠢᠩᠭᠠᠷᠠᠭᠤᠯᠤᠨ᠎ᠠ᠃ | ᠬᠡᠷᠡᠭᠯᠡᠭᠡ ᠶᠢᠨ ᠲᠣᠭᠲᠠᠭᠤᠨ ᠢᠶᠠᠷ ᠨᠡᠮᠡᠭᠳᠡᠬᠦ ᠶᠢ ᠠᠬᠢᠭᠤᠯᠤᠨ᠎ᠠ᠃ ᠣᠷᠣᠯᠭ᠎ᠠ ᠶᠢ ᠨᠡᠮᠡᠭᠳᠡᠭᠦᠯᠬᠦ᠂ ᠬᠠᠩᠭᠠᠯᠭ᠎ᠠ ᠶᠢ ᠰᠢᠯᠢᠳᠡᠭᠵᠢᠭᠦᠯᠬᠦ᠂ ᠬᠢᠵᠠᠭᠠᠷᠯᠠᠯ ᠤᠨ | ᠴᠢᠨᠠᠷᠲᠠᠢ ᠠᠷᠭ᠎ᠠ ᠬᠡᠮᠵᠢᠶ᠎ᠡ ᠶᠢ ᠪᠠᠭᠠᠰᠬᠠᠬᠤ ᠵᠡᠷᠭᠡ ᠲᠠᠯ᠎ᠠ ᠪᠠᠷ ᠠᠷᠭ᠎ᠠ ᠪᠣᠳᠣᠯᠭ᠎ᠠ ᠶᠢ ᠶᠡᠷᠦᠩᠬᠡᠶᠢᠯᠡᠨ ᠬᠡᠷᠡᠭᠵᠢᠭᠦᠯᠵᠦ᠂ ᠬᠡᠷᠡᠭᠴᠡᠭᠡ ᠶᠢᠨ ᠳᠠᠯᠳᠠ ᠴᠢᠳᠠᠪᠤᠷᠢ ᠶᠢ | ᠬᠥᠭᠵᠢᠭᠡᠨ᠎ᠡ᠃ ᠰᠢᠨ᠎ᠡ ᠭᠡᠯᠪᠡᠷᠢ ᠶᠢᠨ ᠬᠡᠷᠡᠭᠯᠡᠭᠡ ᠶᠢ ᠪᠣᠶᠢᠵᠢᠭᠤᠯᠤᠨ ᠪᠤᠵᠠᠭᠠᠶᠢᠷᠠᠭᠤᠯᠵᠤ᠂ ᠳ᠋ᠢᠵᠢᠲ᠋ᠠᠯ ᠬᠡᠷᠡᠭᠯᠡᠭᠡ᠂ ᠨᠣᠭᠤᠭᠠᠨ ᠬᠡᠷᠡᠭᠯᠡᠭᠡ᠂ ᠡᠷᠡᠭᠦᠯ ᠮᠡᠨᠳᠦ ᠶᠢᠨ | ᠬᠡᠷᠡᠭᠯᠡᠭᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠤᠶᠤᠯᠢᠭ ᠭᠡᠷ ᠦᠷᠦᠭᠡ᠂ ᠰᠣᠶᠣᠯ ᠴᠡᠩᠭᠡᠯ ᠵᠢᠭᠤᠯᠴᠢᠯᠠᠯ᠂ ᠪᠡᠶ᠎ᠡ ᠶᠢᠨ ᠲᠠᠮᠢᠷ ᠤᠨ | ᠤᠷᠤᠯᠳᠤᠭᠠᠨ᠂ ᠤᠯᠤᠰ ᠤᠨ ᠪᠠᠷᠠᠭ᠎ᠠ ︽ᠭᠠᠩᠭᠠᠩ ᠲᠠᠸᠠᠷ︾ ᠵᠡᠷᠭᠡ ᠬᠡᠷᠡᠭᠯᠡᠭᠡᠨ ᠤ ᠰᠢᠨ᠎ᠡ ᠨᠡᠮᠡᠭᠳᠡᠯ ᠤᠨ ᠴᠡᠭ ᠢ ᠢᠳᠡᠪᠬᠢᠲᠡᠢ ᠪᠣᠶᠢᠵᠢᠭᠤᠯᠤᠨ᠎ᠠ᠃ ᠤᠯᠠᠮᠵᠢᠯᠠᠯᠲᠤ | ᠬᠡᠷᠡᠭᠯᠡᠭᠡ ᠶᠢ ᠲᠣᠭᠲᠠᠪᠤᠷᠢᠵᠢᠭᠤᠯᠤᠨ ᠥᠷᠭᠡᠳᠬᠡᠵᠦ᠂ ᠬᠡᠷᠡᠭᠯᠡᠭᠡᠨ ᠤ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠵᠣᠷᠢᠭᠵᠢᠭᠤᠯᠬᠤ ᠪᠠ ᠠᠬᠢᠭᠤᠯᠵᠤ᠂ | ᠣᠶᠤᠨᠴᠢ ᠰᠦᠯᠵᠢᠶᠡᠨ ᠬᠤᠯᠪᠤᠯᠳᠠᠯᠲᠤ ᠰᠢᠨ᠎ᠡ ᠡᠨᠧᠷᠭᠢ ᠶᠢᠨ ᠰᠤᠷᠪᠤᠯᠵᠢ ᠬᠡᠷᠡᠭᠯᠡᠬᠦ ᠮᠠᠰᠢᠨ ᠲᠡᠷᠭᠡ᠂ ᠡᠯᠧᠺᠲᠷᠣᠨ ᠦᠢᠯᠡᠳᠬᠦᠨ ᠵᠡᠷᠭᠡ ᠪᠥᠭᠡᠮ ᠬᠡᠷᠡᠭᠯᠡᠭᠡ ᠶᠢ | ᠬᠥᠭᠵᠢᠭᠡᠨ᠎ᠡ᠃ ᠨᠠᠰᠤᠵᠢᠯ ᠤᠨ ᠠᠰᠠᠷᠠᠮᠵᠢ᠂ ᠨᠢᠯᠬ᠎ᠠ ᠬᠡᠦᠬᠡᠳ ᠪᠣᠶᠢᠵᠢᠭᠤᠯᠬᠤ᠂ ᠭᠡᠷ ᠠᠬᠤᠢ ᠵᠡᠷᠭᠡ ᠦᠢᠯᠡᠴᠢᠯᠡᠭᠡᠨ ᠤ ᠪᠠᠭᠲᠠᠭᠠᠮᠵᠢ ᠶᠢ ᠥᠷᠭᠡᠳᠬᠡᠨ ᠶᠠᠰᠤ | ᠴᠢᠨᠠᠷ ᠢ ᠳᠡᠭᠡᠭᠰᠢᠯᠡᠭᠦᠯᠭᠦ ᠶᠢ ᠠᠬᠢᠭᠤᠯᠵᠤ᠂ ᠨᠡᠶᠢᠭᠡᠮ ᠤᠨ ᠬᠦᠴᠦᠨ ᠤ ᠨᠡᠶᠢᠭᠡᠮ ᠲᠣᠭᠤᠷᠢᠭ ᠤᠨ ᠦᠢᠯᠡᠴᠢᠯᠡᠭᠡ ᠬᠠᠩᠭᠠᠬᠤ ᠶᠢ ᠳᠡᠮᠵᠢᠨ᠎ᠡ᠃ ᠬᠡᠷᠡᠭᠯᠡᠭᠡᠨ ᠤ ᠣᠷᠴᠢᠨ | ᠨᠥᠬᠦᠴᠡᠯ ᠢ ᠰᠢᠯᠢᠳᠡᠭᠵᠢᠭᠦᠯᠵᠦ᠂ ︽ᠬᠡᠷᠡᠭᠯᠡᠭᠡ ᠶᠢ ᠠᠬᠢᠭᠤᠯᠬᠤ ᠣᠨ︾ ᠤ ᠠᠵᠢᠯᠯᠠᠭ᠎ᠠ ᠶᠢ ᠥᠷᠨᠢᠭᠦᠯᠵᠦ᠂ ︽ᠰᠠᠨᠠᠭ᠎ᠠ ᠠᠮᠤᠷ ᠬᠡᠷᠡᠭᠯᠡᠭᠡᠨ ᠤ ᠠᠵᠢᠯᠯᠠᠭ᠎ᠠ︾ ᠶᠢ | ᠬᠡᠷᠡᠭᠵᠢᠭᠦᠯᠦᠨ᠂ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠶᠢ ᠴᠢᠩᠭᠠᠳᠬᠠᠵᠤ᠂ ᠴᠠᠯᠢᠩ ᠲᠠᠢ ᠪᠠᠷ ᠠᠮᠠᠷᠠᠬᠤ ᠳᠦᠷᠢᠮ ᠢ ᠨᠠᠶᠢᠳᠠᠪᠤᠷᠢᠵᠢᠭᠤᠯᠤᠨ᠎ᠠ᠃ | ᠪᠠᠷᠢᠮᠵᠢᠶ᠎ᠠ ᠶᠢ ᠳᠡᠭᠡᠭᠰᠢᠯᠡᠭᠦᠯᠭᠦ ᠠᠵᠢᠯᠯᠠᠭ᠎ᠠ ᠶᠢ ᠬᠡᠷᠡᠭᠵᠢᠭᠦᠯᠵᠦ᠂ ᠴᠢᠨᠠᠷ ᠰᠠᠶᠢᠲᠠᠢ ᠬᠥᠭᠵᠢᠯᠲᠡ ᠶᠢᠨ ᠱᠠᠭᠠᠷᠳᠠᠯᠭ᠎ᠠ ᠳᠤ ᠵᠣᠬᠢᠴᠠᠭᠰᠠᠨ ᠪᠠᠷᠢᠮᠵᠢᠶ᠎ᠠ ᠶᠢᠨ ᠰᠢᠰᠲ᠋ᠧᠮ ᠢ | ᠲᠦᠷᠭᠡᠯᠡᠨ ᠪᠠᠶᠢᠭᠤᠯᠵᠤ᠂ ᠲᠠᠸᠠᠷ ᠪᠠ ᠦᠢᠯᠡᠴᠢᠯᠡᠭᠡ ᠶᠢᠨ ᠶᠠᠰᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠭᠦ ᠶᠢ ᠠᠬᠢᠭᠤᠯᠵᠤ᠂ ᠠᠷᠠᠳ ᠣᠯᠠᠨ ᠤ | ᠠᠮᠢᠳᠤᠷᠠᠯ ᠢᠶᠠᠨ ᠰᠠᠶᠢᠵᠢᠷᠠᠭᠤᠯᠬᠤ ᠬᠡᠷᠡᠭᠴᠡᠭᠡ ᠶᠢ ᠨᠠᠩ ᠰᠠᠶᠢᠨ ᠬᠠᠩᠭᠠᠬᠤ ᠬᠡᠷᠡᠭᠲᠡᠢ᠃ | ᠪᠦᠲᠦᠮᠵᠢᠲᠡᠶ ᠪᠡᠯᠡ ᠣᠷᠣᠭᠤᠯᠤᠯᠲᠠ ᠶᠢ ᠢᠳᠡᠪᠬᠢᠲᠡᠢ ᠪᠠᠷ ᠥᠷᠭᠡᠳᠬᠡᠨ᠎ᠡ᠃ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠳᠠᠶᠢᠴᠢᠯᠠᠨ | ᠲᠣᠮᠣᠷᠠᠭᠤᠯᠬᠤ ᠦᠢᠯᠡᠳᠦᠯ ᠢ ᠰᠠᠶᠢᠲᠤᠷ ᠪᠠᠳᠠᠷᠠᠭᠤᠯᠵᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠶᠢ ᠡᠭᠦᠳᠬᠦ᠂ ᠰᠢᠨ᠎ᠡ ᠭᠡᠯᠪᠡᠷᠢ ᠶᠢᠨ ᠰᠠᠭᠤᠷᠢ | ᠲᠥᠬᠦᠭᠡᠷᠦᠮᠵᠢ᠂ ᠡᠨᠧᠷᠭᠢ ᠠᠷᠪᠢᠯᠠᠨ ᠪᠣᠬᠢᠷᠳᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠵᠤ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ | ᠪᠠᠭᠤᠷᠠᠭᠤᠯᠬᠤ ᠶᠢ ᠭᠤᠣᠯᠳᠠᠯᠭ᠎ᠠ ᠲᠠᠢ ᠳᠡᠮᠵᠢᠵᠦ᠂ ᠠᠷᠠᠳ ᠤᠨ ᠠᠮᠢᠳᠤᠷᠠᠯ ᠵᠡᠷᠭᠡ ᠠᠵᠤ ᠠᠬᠤᠢ ᠨᠡᠶᠢᠭᠡᠮ ᠤᠨ ᠪᠠᠭᠤᠷᠠᠢ ᠬᠦᠷᠢᠶᠡᠨ ᠤ ᠳᠤᠲᠠᠭᠤᠳᠠᠯ ᠢ | ᠨᠥᠬᠦᠪᠦᠷᠢᠯᠡᠬᠦ ᠶᠢ ᠴᠢᠩᠭᠠᠳᠬᠠᠵᠤ᠂ ᠦᠶᠡᠷ ᠢ ᠰᠡᠷᠭᠡᠶᠢᠯᠡᠬᠦ ᠤᠰᠤᠳᠤᠯ ᠢ ᠠᠷᠢᠯᠭᠠᠬᠤ ᠭᠠᠮᠰᠢᠭ ᠢ ᠡᠰᠡᠷᠭᠦᠴᠡᠬᠦ ᠰᠠᠭᠤᠷᠢ ᠲᠥᠬᠦᠭᠡᠷᠦᠮᠵᠢ ᠶᠢᠨ ᠪᠦᠲᠦᠭᠡᠨ | ᠪᠠᠶᠢᠭᠤᠯᠤᠯᠲᠠ ᠶᠢ ᠠᠬᠢᠭᠤᠯᠵᠤ᠂ ᠡᠯ᠎ᠡ ᠲᠥᠷᠥᠯ ᠤᠨ ᠦᠢᠯᠡᠳᠪᠦᠷᠢᠯᠡᠯ ᠤᠨ ᠲᠥᠬᠦᠭᠡᠷᠦᠮᠵᠢ᠂ ᠦᠢᠯᠡᠴᠢᠯᠡᠭᠡᠨ ᠤ ᠲᠥᠬᠦᠭᠡᠷᠦᠮᠵᠢ ᠶᠢ ᠰᠢᠨᠡᠳᠬᠡᠬᠦ ᠪᠠ ᠮᠡᠷᠭᠡᠵᠢᠯ ᠤᠨ | ᠥᠭᠡᠷᠡᠴᠢᠯᠡᠯᠲᠡ ᠬᠢᠬᠦ ᠶᠢ ᠠᠬᠢᠭᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠴᠢᠬᠤᠯᠠ ᠶᠡᠭᠡ ᠢᠨᠵᠧᠨᠧᠷᠢᠩ ᠤᠨ ᠲᠥᠰᠥᠯ ᠢ | ᠲᠦᠷᠭᠡᠯᠡᠨ ᠬᠡᠷᠡᠭᠵᠢᠭᠦᠯᠦᠨ᠎ᠡ᠃ ᠡᠨᠡ ᠵᠢᠯ ᠲᠥᠪ ᠤᠨ ᠲᠥᠰᠥᠪ ᠤᠨ ᠳᠣᠲᠣᠷᠠᠬᠢ ᠪᠡᠯᠡ ᠤᠷᠤᠭᠤᠯᠤᠯᠳᠡ ᠶᠢ 7000 ᠳ᠋ᠦᠡᠭᠰᠢᠭᠤᠷ ᠲᠥᠭᠦᠷᠢᠭ | ᠲᠣᠬᠢᠷᠠᠭᠤᠯᠬᠤ ᠪᠠᠷ ᠲᠥᠯᠥᠪᠯᠡᠵᠦ ᠪᠠᠶᠢᠨ᠎ᠠ᠃ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠢ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢᠨ ᠣᠷᠣᠭᠤᠯᠤᠯᠲᠠ | ᠬᠢᠬᠦ ᠬᠦᠷᠢᠶ᠎ᠡ ᠪᠣᠯᠣᠨ ᠬᠥᠷᠥᠩᠭᠡ ᠮᠥᠩᠭᠦ ᠪᠣᠯᠭᠠᠨ ᠬᠡᠷᠡᠭᠯᠡᠬᠦ ᠬᠡᠪᠴᠢᠶ᠎ᠡ ᠶᠢ ᠵᠦᠢ ᠵᠣᠬᠢᠰᠲᠠᠢ ᠥᠷᠭᠡᠳᠬᠡᠵᠦ᠂ ᠲᠤᠭ᠎ᠠ ᠬᠡᠮᠵᠢᠶᠡᠨ ᠤ ᠬᠤᠪᠢᠶᠠᠷᠢᠯᠠᠯᠲᠠ ᠶᠢ | ᠲᠥᠰᠥᠯ ᠤᠨ ᠪᠡᠯᠡᠳᠬᠡᠯ ᠢᠶᠠᠷ ᠭᠦᠢᠴᠡᠳ᠂ ᠪᠡᠯᠡ ᠣᠷᠣᠭᠤᠯᠤᠯᠲᠠ ᠶᠢᠨ ᠦᠷ᠎ᠡ ᠪᠦᠲᠦᠮᠵᠢ ᠪᠠᠷ ᠨᠡᠯᠢᠶᠡᠳ ᠥᠨᠳᠥᠷ ᠭᠠᠵᠠᠷ ᠣᠷᠣᠨ ᠲᠡᠶᠢᠰᠢ ᠬᠡᠯᠪᠡᠶᠢᠯᠭᠡᠨ᠎ᠡ᠃ | ᠡᠯ᠎ᠡ ᠲᠥᠷᠥᠯ ᠤᠨ ᠪᠡᠯᠡ ᠮᠥᠩᠭᠦ ᠶᠢ ᠨᠢᠭᠡᠳᠦᠯᠲᠡᠢ ᠲᠥᠯᠥᠪᠯᠡᠨ ᠰᠠᠶᠢᠲᠤᠷ ᠬᠡᠷᠡᠭᠯᠡᠵᠦ᠂ ᠦᠷ᠎ᠡ ᠠᠰᠢᠭ ᠳᠣᠣᠷ᠎ᠠ ᠪᠠ ᠦᠷ᠎ᠡ ᠠᠰᠢᠭ ᠦᠭᠡᠢ ᠪᠡᠯᠡ | ᠣᠷᠣᠭᠤᠯᠤᠯᠲᠠ ᠶᠢ ᠰᠡᠷᠭᠡᠶᠢᠯᠡᠨ᠎ᠡ᠃ ᠪᠡᠯᠡ ᠣᠷᠣᠭᠤᠯᠤᠯᠲᠠ ᠶᠢ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠠᠷᠠᠳ ᠤᠨ | ᠪᠡᠯᠡ ᠣᠷᠣᠭᠤᠯᠤᠯᠲᠠ ᠶᠢ ᠬᠦᠴᠦᠯᠡᠨ ᠲᠣᠭᠲᠠᠪᠤᠷᠢᠵᠢᠭᠤᠯᠤᠨ ᠥᠷᠭᠡᠳᠬᠡᠵᠦ᠂ ᠳᠡᠮᠵᠢᠯᠭᠡ ᠶᠢᠨ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ | ᠲᠡᠭᠦᠯᠳᠡᠷᠵᠢᠭᠦᠯᠵᠦ᠂ ᠵᠠᠰᠠᠭ ᠤᠨ ᠣᠷᠳᠣᠨ ᠪᠣᠯᠣᠨ ᠨᠡᠶᠢᠭᠡᠮ ᠤᠨ ᠬᠥᠷᠥᠩᠭᠡ ᠶᠢᠨ ᠬᠠᠮᠲᠤᠷᠠᠯᠴᠠᠭᠠᠨ ᠤ ᠰᠢᠨ᠎ᠡ ᠲᠣᠭᠲᠠᠴᠠ ᠶᠢ ᠬᠡᠷᠡᠭᠵᠢᠭᠦᠯᠵᠦ᠂ ᠠᠷᠠᠳ ᠤᠨ | ᠬᠥᠷᠥᠩᠭᠡ ᠶᠢᠨ ᠴᠢᠬᠤᠯᠠ ᠶᠡᠭᠡ ᠲᠥᠰᠥᠯ ᠤᠨ ᠪᠦᠲᠦᠭᠡᠨ ᠪᠠᠶᠢᠭᠤᠯᠤᠯᠲᠠ ᠳᠤ ᠣᠷᠤᠯᠴᠠᠬᠤ ᠶᠢ ᠵᠣᠷᠢᠭᠵᠢᠭᠤᠯᠤᠨ᠎ᠠ᠃ ᠡᠯ᠎ᠡ ᠵᠦᠢᠯ ᠤᠨ ᠬᠠᠯᠬᠠᠪᠴᠢ ᠶᠢ ᠤᠯᠠᠮ | ᠨᠢᠭᠡ ᠠᠯᠬᠤᠮ ᠡᠪᠳᠡᠵᠦ᠂ ᠠᠷᠠᠳ ᠤᠨ ᠪᠡᠯᠡ ᠣᠷᠣᠭᠤᠯᠤᠯᠲᠠ ᠶᠢ ᠨᠡᠩ ᠣᠯᠠᠨ ᠬᠦᠷᠢᠶᠡᠨ ᠳᠤ ᠣᠷᠣᠵᠤ ᠢᠷᠡᠵᠦ ᠳᠡᠶᠢᠯᠭᠦ᠂ ᠬᠥᠭᠵᠢᠵᠦ ᠳᠡᠶᠢᠯᠭᠦ᠂ ᠦᠢᠯᠡᠰ | ᠪᠦᠲᠦᠭᠡᠵᠦ ᠳᠡᠶᠢᠯᠭᠦ ᠪᠣᠯᠭᠠᠨ᠎ᠠ᠃ | ︵ᠳᠥᠷᠪᠡ︶ ᠥᠭᠡᠷᠡᠴᠢᠯᠡᠯᠲᠡ ᠶᠢ ᠡᠷᠡᠰ ᠭᠤᠶᠢᠪᠢᠰᠢ ᠦᠭᠡᠢ ᠭᠦᠨᠵᠡᠭᠡᠶᠢᠷᠡᠭᠦᠯᠵᠦ᠂ ᠬᠥᠭᠵᠢᠯᠲᠡ ᠶᠢᠨ ᠳᠣᠲᠣᠭᠠᠳᠤ ᠬᠥᠳᠡᠯᠭᠡᠭᠴᠢ ᠬᠦᠴᠦᠨ ᠢ | ᠴᠢᠩᠭᠠᠳᠬᠠᠨ᠎ᠠ᠃ ᠭᠤᠣᠯᠳᠠᠯᠭ᠎ᠠ ᠲᠠᠢ ᠬᠦᠷᠢᠶ᠎ᠡ ᠪᠣᠯᠣᠨ ᠵᠠᠩᠭᠢᠯᠠᠭ᠎ᠠ ᠶᠢᠨ ᠭᠤᠭᠴᠤᠭ᠎ᠠ ᠶᠢᠨ ᠥᠭᠡᠷᠡᠴᠢᠯᠡᠯᠲᠡ ᠶᠢᠨ ᠪᠡᠷᠬᠡ ᠰᠡᠳᠦᠪ ᠢ ᠰᠢᠢᠳᠪᠦᠷᠢᠯᠡᠬᠦ ᠶᠢ | ᠴᠢᠩᠭᠠᠳᠬᠠᠵᠤ᠂ ᠡᠬᠢ ᠪᠠᠶᠠᠯᠢᠭ ᠤᠨ ᠲᠣᠬᠢᠷᠠᠭᠤᠯᠤᠯᠲᠠ ᠳᠤ ᠦᠵᠡᠭᠦᠯᠭᠦ ᠵᠠᠬ᠎ᠠ ᠳᠡᠯᠭᠡᠭᠦᠷ ᠤᠨ ᠰᠢᠢᠳᠪᠦᠷᠢᠯᠡᠭᠴᠢ ᠴᠢᠨᠠᠷᠲᠠᠢ ᠦᠢᠯᠡᠳᠦᠯ ᠢ ᠭᠦᠢᠴᠡᠳ | ᠪᠠᠳᠠᠷᠠᠭᠤᠯᠵᠤ᠂ ᠵᠠᠰᠠᠭ ᠤᠨ ᠣᠷᠳᠣᠨ ᠤ ᠦᠢᠯᠡᠳᠦᠯ ᠢ ᠨᠡᠩ ᠰᠠᠶᠢᠨ ᠪᠠᠳᠠᠷᠠᠭᠤᠯᠵᠤ᠂ ᠵᠠᠬ᠎ᠠ ᠳᠡᠯᠭᠡᠭᠦᠷᠴᠢᠯᠡᠭᠰᠡᠨ᠂ ᠬᠠᠤᠯᠢ ᠪᠠᠷ ᠵᠠᠰᠠᠭᠰᠠᠨ᠂ ᠣᠯᠠᠨ | ᠤᠯᠤᠰᠴᠢᠯᠠᠭᠰᠠᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠤᠢ ᠪᠤᠯᠭᠠᠵᠤ᠂ ᠥᠨᠳᠥᠷ ᠲᠦᠪᠰᠢᠨ ᠪᠦᠬᠦᠢ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ | ᠠᠬᠤᠢ ᠶᠢᠨ ᠪᠠᠶᠢᠭᠤᠯᠤᠯ ᠢ ᠪᠠᠶᠢᠭᠤᠯᠬᠤ ᠶᠢ ᠠᠬᠢᠭᠤᠯᠤᠨ᠎ᠠ᠃ | ᠡᠯ᠎ᠡ ᠲᠥᠷᠥᠯ ᠤᠨ ᠡᠵᠡᠩᠨᠡᠯᠲᠡ ᠶᠢᠨ ᠪᠡᠶᠡᠴᠢ ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠨ᠎ᠡ᠃ ᠤᠯᠤᠰ ᠤᠨ ᠥᠮᠴᠢᠯᠡᠯ ᠤᠨ ᠠᠵᠤ ᠠᠬᠤᠶᠢᠯᠠᠯ᠂ | ᠠᠷᠠᠳ ᠠᠴᠠ ᠡᠵᠡᠩᠨᠡᠭᠰᠡᠨ ᠠᠵᠤ ᠠᠬᠤᠶᠢᠯᠠᠯ᠂ ᠭᠠᠳᠠᠭᠠᠳᠤ ᠪᠡᠯᠡ ᠶᠢᠨ ᠠᠵᠤ ᠠᠬᠤᠶᠢᠯᠠᠯ ᠪᠣᠯ ᠴᠥᠮ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠴᠢᠬᠤᠯᠠ | ᠬᠦᠴᠦᠨ ᠮᠥᠨ᠃ ︽ᠬᠤᠶᠠᠷ ᠥᠴᠥᠬᠡᠨ ᠴᠦ ᠭᠤᠶᠢᠪᠢᠰᠢ ᠦᠭᠡᠢ︾ ᠶᠢᠨ ᠪᠠᠶᠢᠭᠤᠯᠤᠯ ᠲᠣᠭᠲᠠᠴᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠦᠨ | ᠨᠠᠶᠢᠳᠠᠪᠤᠷᠢᠵᠢᠭᠤᠯᠵᠤ᠂ ᠡᠯ᠎ᠡ ᠲᠥᠷᠥᠯ ᠤᠨ ᠥᠮᠴᠢᠯᠡᠯ ᠤᠨ ᠠᠵᠤ ᠠᠬᠤᠶᠢᠯᠠᠯ ᠳᠤ ᠭᠤᠤᠯᠴᠢ ᠪᠠᠷ ᠥᠷᠢᠰᠦᠯᠳᠦᠨ᠂ ᠮᠥᠴᠡᠭᠡᠷᠬᠡᠨ ᠬᠥᠭᠵᠢᠬᠦ ᠰᠠᠶᠢᠨ ᠰᠠᠶᠢᠬᠠᠨ | ᠣᠷᠴᠢᠨ ᠨᠥᠬᠦᠴᠡᠯ ᠢ ᠪᠤᠶ ᠪᠤᠯᠭᠠᠵᠦ ᠥᠭᠬᠦ ᠬᠡᠷᠡᠭᠲᠡᠢ᠃ ᠳᠤᠮᠳᠠᠳᠤ ᠤᠯᠤᠰ ᠤᠨ ᠣᠨᠴᠠᠯᠢᠭ ᠪᠦᠬᠦᠢ ᠤᠳᠤ ᠦᠶ᠎ᠡ ᠶᠢᠨ ᠠᠵᠤ ᠠᠬᠤᠶᠢᠯᠠᠯ ᠤᠨ ᠳᠦᠷᠢᠮ ᠢ | ᠲᠡᠭᠦᠯᠳᠡᠷᠵᠢᠭᠦᠯᠵᠦ᠂ ᠳᠡᠯᠡᠬᠡᠢ ᠶᠢᠨ ᠲᠡᠷᠢᠭᠦᠨ ᠵᠡᠷᠭᠡ ᠶᠢᠨ ᠠᠵᠤ ᠠᠬᠤᠶᠢᠯᠠᠯ ᠢ ᠨᠡᠩ ᠤᠯᠠᠨ ᠪᠠᠶᠢᠭᠤᠯᠤᠨ᠎ᠠ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠳᠡᠭᠡᠭᠰᠢᠯᠡᠭᠦᠯᠭᠦ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠭᠤᠣᠯ ᠠᠵᠢᠯ ᠢ ᠬᠦᠴᠦᠷᠬᠡᠭᠵᠢᠭᠦᠯᠦᠨ ᠰᠢᠯᠢᠳᠡᠭᠵᠢᠭᠦᠯᠵᠦ᠂ | ᠭᠤᠣᠯᠯᠠᠬᠤ ᠴᠢᠳᠠᠮᠵᠢ ᠶᠢ ᠴᠢᠩᠭᠠᠷᠠᠭᠤᠯᠤᠨ᠂ ᠭᠤᠣᠯᠯᠠᠬᠤ ᠥᠷᠢᠰᠦᠯᠳᠦᠬᠦ ᠬᠦᠴᠦᠨ ᠢ ᠳᠡᠭᠡᠭᠰᠢᠯᠡᠭᠦᠯᠦᠨ᠎ᠡ᠃ ᠤᠯᠤᠰ ᠤᠨ ᠥᠮᠴᠢᠯᠡᠯ ᠤᠨ ᠠᠵᠤ ᠠᠬᠤᠢ ᠶᠢᠨ | ᠪᠠᠶᠢᠷᠢᠯᠠᠭᠤᠯᠤᠯᠲᠠ ᠶᠢ ᠰᠢᠯᠢᠳᠡᠭᠵᠢᠭᠦᠯᠬᠦ ᠪᠠ ᠪᠦᠲᠦᠴᠡ ᠶᠢ ᠲᠣᠬᠢᠷᠠᠭᠤᠯᠬᠤ ᠶᠢ ᠵᠢᠭᠠᠨ ᠵᠢᠯᠤᠭᠤᠳᠬᠤ ᠳᠦᠷᠢᠮ ᠢ ᠪᠠᠶᠢᠭᠤᠯᠤᠨ᠎ᠠ᠃ ᠠᠷᠠᠳ ᠠᠴᠠ ᠡᠵᠡᠩᠨᠡᠭᠰᠡᠨ | ᠠᠵᠤ ᠠᠬᠤᠢ ᠶᠢᠨ ᠬᠥᠭᠵᠢᠨ ᠪᠤᠵᠠᠭᠠᠶᠢᠷᠠᠬᠤ ᠶᠢ ᠠᠬᠢᠭᠤᠯᠬᠤ ᠰᠠᠨᠠᠯ ᠵᠢᠴᠢ ᠢᠵᠢ ᠪᠦᠷᠢᠳᠦᠭᠦᠯᠬᠦ ᠠᠷᠭ᠎ᠠ ᠬᠡᠮᠵᠢᠶ᠎ᠡ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ᠂ | ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ᠂ ᠡᠯᠧᠮᠧᠨ᠋ᠲ ᠢ ᠣᠯᠬᠤ᠂ ᠲᠥᠪ ᠭᠤᠤᠯᠴᠢ ᠪᠠᠷ ᠬᠠᠤᠯᠢ ᠬᠡᠷᠡᠭᠵᠢᠭᠦᠯᠬᠦ᠂ ᠡᠷᠬᠡ ᠠᠰᠢᠭ ᠢ ᠬᠠᠮᠠᠭᠠᠯᠠᠬᠤ ᠵᠡᠷᠭᠡ | ᠲᠠᠯ᠎ᠠ ᠪᠠᠷ ᠣᠷᠣᠰᠢᠵᠤ ᠪᠠᠶᠢᠭ᠎ᠠ ᠲᠣᠪᠣᠶᠢᠮ᠎ᠠ ᠠᠰᠠᠭᠤᠳᠠᠯ ᠢ ᠤᠯᠠᠮ ᠨᠢᠭᠡ ᠠᠯᠬᠤᠮ ᠰᠢᠢᠳᠪᠦᠷᠢᠯᠡᠨ᠎ᠡ᠃ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ | ᠵᠢᠭᠡᠯᠡᠯᠭᠡ ᠶᠢᠨ ᠡᠵᠡᠯᠡᠬᠦ ᠬᠠᠷᠢᠴᠠᠯ ᠢ ᠳᠡᠭᠡᠭᠰᠢᠯᠡᠭᠦᠯᠵᠦ᠂ ᠵᠢᠭᠡᠯᠡᠯᠭᠡ ᠲᠠᠯᠪᠢᠵᠤ ᠪᠡᠯᠡ ᠲᠣᠬᠢᠷᠠᠭᠤᠯᠬᠤ ᠬᠡᠪᠴᠢᠶ᠎ᠡ ᠶᠢ ᠥᠷᠭᠡᠳᠬᠡᠵᠦ᠂ ᠬᠤᠪᠢ ᠶᠢᠨ ᠦᠢᠯᠡᠳᠪᠦᠷᠢ | ᠬᠤᠳᠠᠯᠳᠤᠭᠠᠨ ᠤ ᠡᠷᠦᠭᠡ ᠶᠢ ᠲᠥᠷᠥᠯ ᠬᠤᠪᠢᠶᠠᠨ ᠬᠠᠪᠰᠤᠷᠤᠨ ᠲᠡᠳᠬᠦᠵᠦ ᠳᠡᠮᠵᠢᠬᠦ ᠶᠢ ᠴᠢᠩᠭᠠᠳᠬᠠᠨ᠎ᠠ᠃ ᠡᠳ᠋ ᠪᠠᠷᠠᠭ᠎ᠠ ᠶᠢᠨ ᠭᠦᠢᠯᠭᠡᠭᠡᠨ ᠤ ᠥᠪᠡᠷ ᠤᠨ | ᠥᠷᠲᠡᠭ ᠢ ᠪᠠᠭᠤᠷᠠᠭᠤᠯᠬᠤ ᠠᠵᠢᠯᠯᠠᠭ᠎ᠠ ᠶᠢ ᠬᠡᠷᠡᠭᠵᠢᠭᠦᠯᠵᠦ᠂ ᠠᠵᠤ ᠠᠬᠤᠶᠢᠯᠠᠯ ᠤᠨ ᠠᠪᠴᠠᠭᠠᠨ ᠤ ᠵᠣᠭᠤᠰ ᠢ ᠥᠷᠢᠲᠦᠬᠦ ᠶᠢ ᠰᠡᠷᠭᠡᠶᠢᠯᠡᠨ ᠠᠷᠢᠯᠭᠠᠬᠤ ᠤᠷᠲᠤ | ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠦᠷᠢᠨᠰᠢᠭᠦᠯᠵᠦ᠂ ᠳᠤᠷ᠎ᠠ ᠪᠠᠷ ᠢᠶᠠᠨ ᠰᠦᠢᠳᠬᠡᠯ ᠬᠤᠷᠢᠶᠠᠬᠤ᠂ ᠳᠤᠷ᠎ᠠ ᠪᠠᠷ ᠢᠶᠠᠨ ᠵᠣᠭᠤᠰ ᠢᠶᠠᠷ ᠲᠣᠷᠭᠠᠬᠤ᠂ | ᠳᠤᠷ᠎ᠠ ᠪᠠᠷ ᠢᠶᠠᠨ ᠲᠡᠰᠬᠡᠨ ᠨᠣᠭᠳᠠᠭᠤᠯᠬᠤ ᠶᠠᠪᠤᠳᠠᠯ ᠢ ᠡᠷᠡᠰ ᠪᠠᠶᠢᠴᠠᠭᠠᠨ ᠰᠢᠢᠳᠪᠦᠷᠢᠯᠡᠨ᠎ᠡ᠃ ᠰᠢᠯᠢᠳᠡᠭ ᠠᠵᠤ ᠠᠬᠤᠶᠢᠯᠠᠯᠲᠠᠨ ᠤ ᠵᠣᠷᠢᠭ ᠰᠠᠨᠠᠭ᠎ᠠ ᠶᠢ | ᠪᠠᠳᠠᠷᠠᠭᠤᠯᠵᠤ᠂ ᠠᠵᠤ ᠠᠬᠤᠶᠢᠯᠠᠯᠲᠠᠨ ᠤ ᠰᠢᠨ᠎ᠡ ᠶᠢ ᠡᠭᠦᠳᠬᠦ ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠬᠦ᠂ ᠵᠣᠷᠢᠭᠲᠠᠢ ᠪᠠᠷ ᠬᠢᠵᠦ ᠵᠣᠷᠢᠭᠲᠠᠢ ᠪᠠᠷ | ᠭᠠᠪᠰᠢᠭᠠᠶᠢᠯᠠᠵᠤ ᠵᠣᠷᠢᠭᠲᠠᠢ ᠪᠠᠷ ᠪᠡᠯᠡ ᠤᠷᠤᠭᠤᠯᠬᠤ᠂ ᠠᠵᠤ ᠠᠬᠤᠶᠢᠯᠠᠯ ᠢᠶᠠᠨ ᠯᠠᠪᠳᠠᠭᠤᠨ ᠪᠠᠲᠤᠲᠠᠢ ᠰᠠᠶᠢᠲᠤᠷ ᠡᠷᠭᠢᠯᠡᠭᠦ ᠶᠢ ᠲᠡᠮᠵᠢᠨ᠎ᠠ᠃ | ᠪᠦᠭᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ᠃ ᠪᠦᠭᠦ ᠤᠯᠤᠰ ᠤᠨ ᠨᠢᠭᠡᠳᠦᠯᠲᠡᠢ ᠲᠣᠮᠣ | ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢᠨ ᠵᠢᠯᠣᠭᠤᠳᠤᠮᠵᠢ ᠶᠢ ᠲᠣᠭᠲᠠᠭᠠᠨ᠎ᠠ᠃ ᠥᠮᠴᠢᠯᠡᠬᠦ ᠡᠷᠬᠡ ᠶᠢᠨ ᠬᠠᠮᠠᠭᠠᠯᠠᠯᠲᠠ᠂ ᠵᠠᠬ᠎ᠠ | ᠳᠡᠯᠭᠡᠭᠦᠷ ᠲᠤ ᠣᠷᠣᠬᠤ ᠵᠥᠪᠰᠢᠶᠡᠷᠡᠯ᠂ ᠭᠤᠤᠯᠴᠢ ᠥᠷᠢᠰᠦᠯᠳᠦᠭᠡᠨ᠂ ᠨᠡᠶᠢᠭᠡᠮ ᠤᠨ ᠢᠲᠡᠭᠡᠮᠵᠢ ᠵᠡᠷᠭᠡ ᠲᠠᠯ᠎ᠠ ᠪᠠᠷ ᠬᠢ ᠳᠦᠷᠢᠮ ᠳᠦᠷᠢᠮᠯᠡᠯ ᠤᠨ ᠨᠢᠭᠡᠳᠦᠯᠲᠡᠢ | ᠪᠠᠶᠢᠬᠤ ᠶᠢ ᠬᠦᠴᠦᠯᠡᠨ ᠠᠬᠢᠭᠤᠯᠤᠨ᠎ᠠ᠃ ᠡᠯᠧᠮᠧᠨ᠋ᠲ ᠢ ᠵᠠᠬ᠎ᠠ ᠳᠡᠯᠭᠡᠭᠦᠷᠴᠢᠯᠡᠨ ᠲᠣᠬᠢᠷᠠᠭᠤᠯᠬᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠲᠤᠷᠰᠢᠯᠲᠠ ᠶᠢ | ᠭᠦᠨᠵᠡᠭᠡᠶᠢᠷᠡᠭᠦᠯᠦᠨ᠎ᠡ᠃ ᠭᠤᠤᠯᠴᠢ ᠥᠷᠢᠰᠦᠯᠳᠦᠭᠡᠨ ᠢ ᠬᠢᠨᠠᠨ ᠪᠠᠶᠢᠴᠠᠭᠠᠬᠤ ᠵᠠᠰᠠᠭ ᠵᠠᠬᠢᠷᠭᠠᠨ ᠤ ᠬᠠᠤᠯᠢ ᠲᠣᠭᠲᠠᠭᠠᠯ ᠢ ᠨᠡᠶᠢᠲᠡᠯᠡᠵᠦ᠂ ᠭᠤᠣᠯᠳᠠᠯᠭ᠎ᠠ ᠲᠠᠢ ᠬᠦᠷᠢᠶ᠎ᠡ | ᠂ ᠰᠢᠨ᠎ᠡ ᠪᠠᠷ ᠬᠥᠭᠵᠢᠭᠰᠡᠨ ᠬᠦᠷᠢᠶ᠎ᠡ᠂ ᠭᠠᠳᠠᠭᠠᠳᠤ ᠳᠤ ᠬᠤᠯᠪᠣᠭᠳᠠᠬᠤ ᠬᠦᠷᠢᠶᠡᠨ ᠤ ᠬᠢᠨᠠᠨ ᠬᠠᠮᠢᠶᠠᠷᠬᠤ ᠳᠦᠷᠢᠮᠯᠡᠯ ᠢ ᠲᠡᠭᠦᠯᠳᠡᠷᠵᠢᠭᠦᠯᠦᠨ᠎ᠡ᠃ ᠣᠷᠣᠨ | ᠨᠤᠲᠤᠭ ᠤᠨ ᠬᠠᠮᠠᠭᠠᠯᠠᠯᠲᠠ᠂ ᠵᠠᠬ᠎ᠠ ᠳᠡᠯᠭᠡᠭᠦᠷ ᠤᠨ ᠬᠡᠰᠡᠭᠯᠡᠯ᠂ ᠬᠤᠳᠠᠯᠳᠤᠭᠠᠴᠢᠨ ᠤᠷᠢᠵᠤ ᠪᠡᠯᠡ ᠲᠠᠲᠠᠬᠤ ᠳᠤᠮᠳᠠᠬᠢ ᠵᠦᠢ ᠵᠣᠬᠢᠰ ᠦᠭᠡᠢ ᠥᠷᠢᠰᠦᠯᠳᠦᠭᠡᠨ ᠵᠡᠷᠭᠡ | ᠲᠣᠪᠣᠶᠢᠮ᠎ᠠ ᠠᠰᠠᠭᠤᠳᠠᠯ ᠢ ᠲᠤᠰᠬᠠᠢ ᠵᠦᠢᠯ ᠢᠶᠠᠷ ᠵᠠᠰᠠᠵᠤ᠂ ᠳᠠᠭᠠᠭᠠᠴᠢᠯᠠᠯᠲᠠ ᠵᠠᠷᠯᠠᠬᠤ ᠪᠠ ᠳᠠᠭᠠᠭᠠᠴᠢᠯᠠᠯᠲᠠ ᠳᠤ ᠣᠷᠤᠯᠴᠠᠬᠤ ᠵᠠᠬ᠎ᠠ ᠳᠡᠯᠭᠡᠭᠦᠷ ᠤᠨ ᠵᠢᠷᠤᠮᠵᠢᠯ ᠪᠠ | ᠬᠠᠮᠢᠶᠠᠷᠤᠯᠲᠠ ᠶᠢ ᠴᠢᠩᠭᠠᠳᠬᠠᠨ᠎ᠠ᠃ ᠬᠠᠤᠯᠢ ᠶᠣᠰᠣᠭᠠᠷ ᠬᠢᠨᠠᠨ ᠬᠠᠮᠢᠶᠠᠷᠬᠤ ᠶᠢ ᠪᠠᠷᠢᠮᠲᠠᠯᠠᠵᠤ᠂ ᠵᠠᠰᠠᠭ ᠤᠨ ᠣᠷᠳᠣᠨ ᠤ ᠬᠢᠨᠠᠨ ᠬᠠᠮᠢᠶᠠᠷᠬᠤ ᠬᠠᠷᠢᠭᠤᠴᠠᠯᠭ᠎ᠠ ᠶᠢ | ᠴᠢᠩᠭ᠎ᠠ ᠨᠠᠶᠢᠳᠠᠪᠤᠷᠢᠵᠢᠭᠤᠯᠵᠤ᠂ ᠬᠢᠨᠠᠯᠲᠠ ᠬᠠᠮᠢᠶᠠᠷᠤᠯᠲᠠ ᠶᠢᠨ ᠨᠠᠷᠢᠯᠢᠭ ᠣᠨᠣᠴᠠᠳᠦ ᠴᠢᠨᠠᠷ ᠪᠠ ᠪᠦᠲᠦᠮᠵᠢᠲᠦ ᠴᠢᠨᠠᠷ ᠢ ᠳᠡᠭᠡᠭᠰᠢᠯᠡᠭᠦᠯᠵᠦ᠂ ᠭᠤᠤᠯᠴᠢ ᠪᠠᠷ | ᠥᠷᠢᠰᠦᠯᠳᠦᠬᠦ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠡᠷᠡᠰ ᠬᠠᠮᠠᠭᠠᠯᠠᠨ᠎ᠠ᠃ | ᠡᠳ᠋ ᠤᠨ ᠵᠠᠰᠠᠭ ᠭᠠᠶᠢᠯᠢ ᠮᠥᠩᠭᠦᠨ ᠭᠦᠢᠯᠭᠡᠭᠡ ᠵᠡᠷᠭᠡ ᠬᠦᠷᠢᠶᠡᠨ ᠤ ᠥᠭᠡᠷᠡᠴᠢᠯᠡᠯᠲᠡ ᠶᠢ ᠠᠬᠢᠭᠤᠯᠤᠨ᠎ᠠ᠃ ᠥᠨᠳᠥᠷ ᠲᠦᠪᠰᠢᠨ ᠪᠦᠬᠦᠢ ᠨᠡᠶᠢᠭᠡᠮ | ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠪᠠᠶᠢᠭᠤᠯᠤᠯ ᠤᠨ ᠥᠭᠡᠷᠡᠴᠢᠯᠡᠯᠲᠡ ᠶᠢᠨ ᠲᠦᠷᠦᠭᠦᠯᠡᠬᠦ ᠣᠷᠣᠨ ᠢ ᠪᠦᠲᠦᠭᠡᠨ ᠪᠠᠶᠢᠭᠤᠯᠤᠨ᠎ᠠ᠃ ᠰᠢᠨ᠎ᠡ ᠨᠢᠭᠡᠨ | ᠡᠭᠡᠯᠵᠢ ᠶᠢᠨ ᠡᠳ᠋ ᠤᠨ ᠵᠠᠰᠠᠭ ᠭᠠᠶᠢᠯᠢ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠤᠬᠠᠭᠠᠯᠠᠨ ᠲᠥᠯᠥᠪᠯᠡᠵᠦ᠂ ᠮᠥᠩᠭᠦᠨ ᠭᠦᠢᠯᠭᠡᠭᠡᠨ ᠤ ᠪᠠᠶᠢᠭᠤᠯᠤᠯ ᠤᠨ | ᠥᠭᠡᠷᠡᠴᠢᠯᠡᠯᠲᠡ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ᠡᠳ᠋ ᠤᠨ ᠵᠠᠰᠠᠭ ᠭᠠᠶᠢᠯᠢ ᠮᠥᠩᠭᠦᠨ ᠭᠦᠢᠯᠭᠡᠭᠡᠨ ᠤ | ᠳᠡᠮᠵᠢᠯᠭᠡ ᠶᠢ ᠴᠢᠩᠭᠠᠳᠬᠠᠨ᠎ᠠ᠃ ᠴᠠᠭᠢᠯᠭᠠᠨ ᠬᠦᠴᠦ᠂ ᠲᠣᠰᠣ ᠬᠡᠢ᠂ ᠲᠡᠮᠦᠷ ᠵᠠᠮ ᠪᠣᠯᠣᠨ ᠶᠡᠷᠦᠩᠬᠡᠶᠢᠯᠡᠭᠰᠡᠨ ᠲᠡᠭᠡᠭᠡᠪᠦᠷᠢ ᠶᠢᠨ ᠰᠢᠰᠲ᠋ᠧᠮ ᠵᠡᠷᠭᠡ ᠶᠢᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠠᠶᠠᠨᠳᠠᠭᠠᠨ ᠤ ᠮᠤᠨᠤᠫᠤᠯᠢᠴᠢᠯᠠᠯ ᠤᠨ ᠭᠤᠭᠴᠣᠭᠠᠨ ᠤ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠯ ᠲᠣᠭᠲᠠᠴᠠ ᠶᠢ | ᠪᠦᠷᠢᠨᠰᠢᠭᠦᠯᠦᠨ᠎ᠡ᠃ ᠤᠷᠤᠯᠭ᠎ᠠ ᠶᠢᠨ ᠬᠤᠪᠢᠶᠠᠷᠢᠯᠠᠯᠲᠠ᠂ ᠨᠡᠶᠢᠭᠡᠮ ᠤᠨ ᠪᠠᠲᠤᠯᠠᠭ᠎ᠠ᠂ ᠡᠮ ᠡᠮᠨᠡᠯᠭᠡ ᠡᠷᠡᠭᠦᠯ ᠬᠠᠮᠠᠭᠠᠯᠠᠯ᠂ ᠨᠠᠰᠤᠵᠢᠯ ᠤᠨ ᠠᠰᠠᠷᠠᠮᠵᠢ ᠵᠡᠷᠭᠡ ᠨᠡᠶᠢᠭᠡᠮ | ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ | ︵ᠲᠠᠪᠤ︶ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠥᠷᠭᠡᠳᠬᠡᠵᠦ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠲᠡᠭᠦ ᠶᠢ ᠠᠬᠢᠭᠤᠯᠤᠨ᠎ᠠ᠃ | ᠥᠨᠳᠥᠷ ᠪᠠᠷᠢᠮᠵᠢᠶᠠᠲᠤ ᠣᠯᠠᠨ ᠤᠯᠤᠰ ᠤᠨ ᠠᠵᠤ ᠠᠬᠤᠢ ᠠᠷᠠᠯᠵᠢᠶᠠᠨ ᠤ ᠳᠦᠷᠢᠮᠯᠡᠯ ᠯᠦᠭᠡ ᠰᠠᠨᠠᠭᠠᠴᠢᠯᠠᠭ᠎ᠠ ᠠᠴᠠ ᠪᠠᠨ ᠵᠣᠯᠭᠠᠯᠳᠤᠭᠤᠯᠵᠤ᠂ ᠳᠦᠷᠢᠮ ᠤᠨ | ᠭᠡᠯᠪᠡᠷᠢ ᠶᠢᠨ ᠨᠡᠭᠡᠭᠡᠯᠲᠡ ᠶᠢ ᠯᠠᠪᠳᠠᠭᠤᠨ ᠢᠶᠠᠷ ᠥᠷᠭᠡᠳᠬᠡᠵᠦ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠶᠠᠷ ᠵᠠᠬ᠎ᠠ ᠳᠡᠯᠭᠡᠭᠦᠷ ᠬᠤᠶᠠᠷ ᠵᠦᠢᠯ ᠤᠨ ᠡᠬᠢ | ᠪᠠᠶᠠᠯᠢᠭ ᠤᠨ ᠬᠤᠯᠪᠣᠯᠳᠤᠨ ᠬᠥᠳᠡᠯᠦᠯᠴᠡᠬᠦ ᠦᠢᠯᠡᠳᠦᠯ ᠢ ᠴᠢᠩᠭᠠᠷᠠᠭᠤᠯᠵᠤ᠂ ᠭᠠᠳᠠᠭᠠᠳᠤ ᠠᠷᠠᠯᠵᠢᠶ᠎ᠠ ᠭᠠᠳᠠᠭᠠᠳᠤ ᠪᠡᠯᠡ ᠶᠢᠨ ᠦᠨᠳᠦᠰᠦᠨ ᠪᠠᠶᠢᠳᠠᠯ ᠢ ᠪᠠᠬᠢᠵᠢᠭᠦᠯᠵᠦ | ᠂ ᠤᠯᠠᠨ ᠤᠯᠤᠰ ᠤᠨ ᠠᠵᠤ ᠠᠬᠤᠢ ᠶᠢᠨ ᠬᠠᠮᠲᠤᠷᠠᠯᠴᠠᠭ᠎ᠠ ᠪᠠ ᠥᠷᠢᠰᠦᠯᠳᠦᠭᠡᠨ ᠤ ᠰᠢᠨ᠎ᠡ ᠳᠠᠪᠠᠭᠤᠯᠢᠭ ᠢ ᠪᠣᠶᠢᠵᠢᠭᠤᠯᠤᠨ᠎ᠠ᠃ | ᠭᠠᠳᠠᠭᠠᠳᠤ ᠠᠷᠠᠯᠵᠢᠶᠠᠨ ᠤ ᠴᠢᠨᠠᠷ ᠢ ᠳᠡᠭᠡᠭᠰᠢᠯᠡᠭᠦᠯᠦᠨ ᠬᠡᠮᠵᠢᠶ᠎ᠡ ᠶᠢ ᠲᠣᠭᠲᠠᠪᠤᠷᠢᠵᠢᠭᠤᠯᠬᠤ ᠶᠢ ᠠᠬᠢᠭᠤᠯᠤᠨ᠎ᠠ᠃ ᠭᠠᠳᠠᠭᠠᠳᠤ ᠣᠷᠤᠭᠤᠯᠤᠯᠲᠠ ᠭᠠᠳᠠᠭᠠᠳᠤ | ᠭᠠᠷᠭᠠᠯᠲᠠ ᠶᠢᠨ ᠢᠲᠡᠭᠡᠮᠵᠢᠲᠦ ᠵᠢᠭᠡᠯᠡᠯᠭᠡ ᠪᠠ ᠭᠠᠳᠠᠭᠠᠳᠤ ᠭᠠᠷᠭᠠᠯᠲᠠ ᠶᠢᠨ ᠢᠲᠡᠭᠡᠮᠵᠢ ᠶᠢᠨ ᠳᠠᠭᠠᠳᠬᠠᠯ ᠤᠨ ᠳᠡᠮᠵᠢᠯᠭᠡ ᠶᠢ ᠴᠢᠩᠭᠠᠳᠬᠠᠵᠤ᠂ ᠬᠢᠯᠢ ᠠᠯᠤᠰᠯᠠᠨ | ᠲᠠᠰᠤᠯᠦᠨ ᠪᠤᠳᠤᠬᠤ᠂ ᠭᠤᠪᠢᠭᠤᠯᠭ᠎ᠠ ᠶᠢᠨ ᠨᠤᠷᠮ᠎ᠠ ᠶᠢᠨ ᠠᠶᠤᠯ ᠲᠦᠭᠰᠢᠭᠦᠷᠢ ᠶᠢ ᠬᠠᠮᠢᠶᠠᠷᠬᠤ ᠵᠡᠷᠭᠡ ᠦᠢᠯᠡᠴᠢᠯᠡᠭᠡ ᠶᠢ ᠰᠢᠯᠢᠳᠡᠭᠵᠢᠭᠦᠯᠵᠦ᠂ ᠠᠵᠤ ᠠᠬᠤᠶᠢᠯᠠᠯ ᠤᠨ | ᠤᠯᠠᠨ ᠡᠰᠢᠴᠢᠯᠡᠭᠰᠡᠨ ᠵᠠᠬ᠎ᠠ ᠳᠡᠯᠭᠡᠭᠦᠷ ᠢ ᠨᠡᠭᠡᠭᠡᠬᠦ ᠶᠢ ᠲᠡᠮᠵᠢᠨ᠎ᠠ᠃ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠎ᠠ ᠵᠡᠷᠭᠡ ᠰᠢᠨ᠎ᠡ ᠡᠵᠡᠩᠨᠡᠯᠲᠡ ᠶᠢᠨ ᠭᠡᠯᠪᠡᠷᠢ | ᠪᠠᠶᠢᠳᠠᠯ ᠤᠨ ᠡᠷᠡᠭᠦᠯ ᠢᠶᠠᠷ ᠬᠥᠭᠵᠢᠬᠦ ᠶᠢ ᠠᠬᠢᠭᠤᠯᠵᠤ᠂ ᠭᠠᠳᠠᠭᠠᠳᠤ ᠳᠠᠬᠢ ᠬᠥᠮᠥᠷᠭᠡ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠪᠤᠯᠪᠠᠰᠤᠷᠠᠭᠤᠯᠬᠤ | ᠠᠷᠠᠯᠵᠢᠶ᠎ᠠ ᠶᠢᠨ ᠵᠡᠷᠭᠡ ᠲᠡᠰ ᠢ ᠳᠡᠪᠰᠢᠭᠦᠯᠬᠦ ᠶᠢ ᠳᠡᠮᠵᠢᠵᠦ᠂ ᠵᠠᠪᠰᠠᠷ ᠤᠨ ᠪᠦᠲᠦᠭᠡᠭᠳᠡᠬᠦᠨ ᠤ ᠠᠷᠠᠯᠵᠢᠶ᠎ᠠ᠂ ᠨᠣᠭᠤᠭᠠᠨ ᠠᠷᠠᠯᠵᠢᠶ᠎ᠠ ᠵᠡᠷᠭᠡ ᠰᠢᠨ᠎ᠡ ᠨᠡᠮᠡᠭᠳᠡᠯ ᠤᠨ | ᠴᠡᠭ ᠢ ᠥᠷᠭᠡᠳᠬᠡᠨ᠎ᠡ᠃ ᠴᠢᠨᠠᠷ ᠰᠠᠶᠢᠲᠠᠢ ᠦᠢᠯᠡᠳᠬᠦᠨ ᠢ ᠭᠠᠳᠠᠭᠠᠳᠤ ᠠᠴᠠ ᠣᠷᠣᠭᠤᠯᠬᠤ ᠶᠢ ᠢᠳᠡᠪᠬᠢᠲᠡᠢ ᠪᠠᠷ ᠥᠷᠭᠡᠳᠬᠡᠨ᠎ᠡ᠃ ᠬᠢᠯᠢ ᠠᠯᠤᠰᠯᠠᠭᠰᠠᠨ | ᠦᠢᠯᠡᠴᠢᠯᠡᠭᠡᠨ ᠤ ᠠᠷᠠᠯᠵᠢᠶ᠎ᠠ ᠶᠢᠨ ᠨᠠᠵᠠᠭᠠᠢ ᠲᠠᠯ᠎ᠠ ᠶᠢᠨ ᠲᠣᠳᠣᠷᠬᠠᠢ ᠬᠠᠭᠤᠳᠠᠰᠤ ᠶᠢ ᠪᠦᠭᠦ ᠲᠠᠯ᠎ᠠ ᠪᠠᠷ ᠬᠡᠷᠡᠭᠵᠢᠭᠦᠯᠦᠨ᠎ᠡ᠃ ᠦᠢᠯᠡᠴᠢᠯᠡᠭᠡᠨ ᠤ ᠠᠷᠠᠯᠵᠢᠶ᠎ᠠ᠂ | ᠳ᠋ᠢᠵᠢᠲ᠋ᠠᠯ ᠠᠷᠠᠯᠵᠢᠶ᠎ᠠ ᠶᠢᠨ ᠰᠢᠨ᠎ᠡ ᠶᠢ ᠡᠭᠦᠳᠬᠦ ᠬᠥᠭᠵᠢᠯᠲᠡ ᠶᠢᠨ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠨᠡᠶᠢᠲᠡᠯᠡᠨ᠎ᠡ᠃ ᠳᠣᠲᠣᠭᠠᠳᠤ ᠭᠠᠳᠠᠭᠠᠳᠤ | ᠠᠷᠠᠯᠵᠢᠶᠠᠨ ᠤ ᠨᠢᠭᠡ ᠴᠣᠭᠴᠠᠵᠢᠭᠰᠠᠨ ᠬᠥᠭᠵᠢᠯᠲᠡ ᠶᠢ ᠲᠦᠷᠭᠡᠳᠬᠡᠨ᠎ᠡ᠃ ᠭᠠᠳᠠᠭᠠᠳᠤ ᠣᠷᠣᠭᠤᠯᠤᠯᠲᠠ ᠶᠢᠨ ᠦᠵᠡᠰᠭᠦᠯᠡᠩ᠂ ᠭᠤᠸᠠᠩᠵᠧᠦ ᠶᠢᠨ ᠠᠷᠠᠯᠵᠢᠶᠠᠨ ᠤ | ᠴᠤᠭᠯᠠᠭᠠᠨ᠂ ᠦᠢᠯᠡᠴᠢᠯᠡᠭᠡᠨ ᠤ ᠠᠷᠠᠯᠵᠢᠶᠠᠨ ᠤ ᠴᠤᠭᠯᠠᠭᠠᠨ᠂ ᠳ᠋ᠢᠵᠢᠲ᠋ᠠᠯ ᠠᠷᠠᠯᠵᠢᠶᠠᠨ ᠤ ᠴᠤᠭᠯᠠᠭᠠᠨ ᠵᠡᠷᠭᠡ ᠴᠢᠬᠤᠯᠠ ᠶᠡᠭᠡ ᠦᠵᠡᠰᠭᠦᠯᠡᠩ ᠴᠤᠭᠯᠠᠭᠠᠨ ᠢ | ᠰᠠᠶᠢᠲᠤᠷ ᠡᠷᠭᠢᠯᠡᠨ᠎ᠡ᠃ ᠤᠯᠠᠨ ᠤᠯᠤᠰ ᠤᠨ ᠡᠳ᠋ ᠪᠠᠷᠠᠭᠠᠨ ᠤ ᠭᠦᠢᠯᠭᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠲᠦᠷᠭᠡᠳᠬᠡᠵᠦ᠂ ᠣᠶᠤᠨᠴᠢ ᠪᠣᠭᠤᠮᠲᠠ ᠶᠢ ᠪᠤᠢ | ᠪᠤᠯᠭᠠᠵᠤ᠂ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠢ ᠬᠠᠪᠰᠤᠷᠤᠨ ᠥᠪᠡᠷ ᠤᠨ ᠦᠷᠲᠡᠭ ᠢ ᠨᠢ ᠪᠠᠭᠤᠷᠠᠭᠤᠯᠤᠨ ᠦᠷ᠎ᠡ ᠠᠰᠢᠭ ᠢ ᠨᠢ ᠳᠡᠭᠡᠭᠰᠢᠯᠡᠭᠦᠯᠦᠨ᠎ᠡ᠃ | ᠭᠠᠳᠠᠭᠠᠳᠤ ᠪᠡᠯᠡ ᠶᠢ ᠲᠠᠲᠠᠬᠤ ᠡᠷᠴᠢᠮ ᠢ ᠴᠢᠩᠭᠠᠷᠠᠭᠤᠯᠤᠨ᠎ᠠ᠃ ᠭᠠᠳᠠᠭᠠᠳᠤ ᠪᠡᠯᠡ ᠶᠢᠨ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠤᠨ ᠨᠠᠵᠠᠭᠠᠢ | ᠲᠠᠯ᠎ᠠ ᠶᠢᠨ ᠲᠣᠳᠣᠷᠬᠠᠢ ᠬᠠᠭᠤᠳᠠᠰᠤ ᠶᠢ ᠦᠷᠭᠦᠯᠵᠢᠯᠡᠨ ᠴᠥᠭᠡᠳᠬᠡᠵᠦ᠂ ᠦᠢᠯᠡᠳᠬᠦ ᠦᠢᠯᠡᠰ ᠤᠨ ᠬᠦᠷᠢᠶᠡᠨ ᠳᠠᠬᠢ ᠭᠠᠳᠠᠭᠠᠳᠤ ᠪᠡᠯᠡ ᠶᠢᠨ ᠵᠠᠬ᠎ᠠ ᠳᠡᠯᠭᠡᠭᠦᠷ ᠲᠤ | ᠣᠷᠣᠬᠤ ᠵᠥᠪᠰᠢᠶᠡᠷᠡᠯ ᠤᠨ ᠬᠢᠵᠠᠭᠠᠷᠯᠠᠬᠤ ᠠᠷᠭ᠎ᠠ ᠬᠡᠮᠵᠢᠶ᠎ᠡ ᠶᠢ ᠪᠦᠭᠦ ᠲᠠᠯ᠎ᠠ ᠪᠠᠷ ᠬᠦᠴᠦᠨ ᠦᠭᠡᠢ ᠪᠤᠯᠭᠠᠵᠤ᠂ ᠴᠠᠭᠢᠯᠭᠠᠨ ᠬᠤᠯᠪᠤᠭ᠎ᠠ᠂ ᠡᠮᠨᠡᠯᠭᠡ ᠵᠡᠷᠭᠡ | ᠦᠢᠯᠡᠴᠢᠯᠡᠭᠡᠨ ᠤ ᠦᠢᠯᠡᠰ ᠤᠨ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠢ ᠠᠭᠤᠵᠢᠭᠤ ᠪᠣᠯᠭᠠᠨ᠎ᠠ᠃ ᠭᠠᠳᠠᠭᠠᠳᠤ ᠶᠢᠨ ᠬᠤᠳᠠᠯᠳᠤᠭᠠᠴᠢᠨ ᠤ ᠪᠡᠯᠡ | ᠣᠷᠣᠭᠤᠯᠬᠤ ᠶᠢ ᠵᠣᠷᠢᠭᠵᠢᠭᠤᠯᠬᠤ ᠠᠵᠤ ᠦᠢᠯᠡᠰ ᠤᠨ ᠭᠠᠷᠴᠠᠭ ᠢ ᠥᠷᠭᠡᠳᠬᠡᠵᠦ᠂ ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ ᠬᠢᠯᠢ ᠳᠣᠲᠣᠷ᠎ᠠ ᠲᠠᠭᠢᠨ ᠪᠡᠯᠡ | ᠣᠷᠣᠭᠤᠯᠬᠤ ᠶᠢ ᠵᠣᠷᠢᠭᠵᠢᠭᠤᠯᠤᠨ᠎ᠠ᠃ ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ ᠠᠷᠠᠳ ᠢᠷᠭᠡᠨ ᠤ ᠬᠠᠷᠠᠭᠠᠯᠵᠠᠯ ᠢ ᠰᠠᠶᠢᠲᠤᠷ ᠨᠠᠶᠢᠳᠠᠪᠤᠷᠢᠵᠢᠭᠤᠯᠵᠤ᠂ | ᠵᠠᠰᠠᠭ ᠤᠨ ᠣᠷᠳᠣᠨ ᠤ ᠬᠤᠳᠠᠯᠳᠤᠨ ᠠᠪᠬᠤ᠂ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠳᠤ ᠣᠷᠤᠯᠴᠠᠬᠤ᠂ ᠪᠠᠷᠢᠮᠵᠢᠶ᠎ᠠ ᠲᠣᠭᠲᠠᠭᠠᠬᠤ ᠳᠤ ᠬᠠᠤᠯᠢ ᠶᠣᠰᠣᠭᠠᠷ | ᠡᠷᠬᠡ ᠲᠡᠭᠰᠢ ᠪᠠᠷ ᠣᠷᠤᠯᠴᠠᠬᠤ ᠶᠢ ᠪᠠᠲᠤᠯᠠᠵᠤ᠂ ᠳ᠋ᠠᠶᠢᠲ᠋ᠠ ᠶᠢᠨ ᠬᠢᠯᠢ ᠠᠯᠤᠰᠯᠠᠨ ᠰᠢᠯᠵᠢᠭᠦ ᠵᠡᠷᠭᠡ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠤᠨ᠎ᠠ᠃ | ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠯᠲᠠ ᠶᠢᠨ ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠵᠤ᠂ ︽ᠳᠤᠮᠳᠠᠳᠤ ᠤᠯᠤᠰ ᠲᠤ ᠪᠡᠯᠡ | ᠤᠷᠤᠭᠤᠯᠬᠤ︾ ᠨᠠᠷᠠᠲᠤ ᠲᠡᠮᠳᠡᠭ ᠢ ᠪᠤᠶ ᠪᠣᠯᠭᠠᠨ᠎ᠠ᠃ ᠭᠠᠳᠠᠭᠠᠳᠤ ᠶᠢᠨ ᠬᠠᠷᠢᠶ᠎ᠠ ᠲᠠᠢ ᠬᠥᠮᠥᠰ ᠤᠨ ᠳᠤᠮᠳᠠᠳᠤ ᠤᠯᠤᠰ ᠲᠤ ᠢᠷᠡᠵᠦ ᠠᠵᠢᠯᠯᠠᠬᠤ᠂ ᠰᠤᠷᠤᠯᠴᠠᠬᠤ᠂ | ᠵᠢᠭᠤᠯᠴᠢᠯᠠᠬᠤ ᠳᠤ ᠲᠦᠭᠦᠮ ᠦᠵᠡᠭᠦᠯᠭᠦ ᠬᠡᠮᠵᠢᠶ᠎ᠡ ᠶᠢ ᠲᠠᠭᠡᠭᠰᠢᠯᠡᠭᠦᠯᠵᠤ᠂ ᠲᠣᠭᠠᠴᠠᠭ᠎ᠠ ᠬᠢᠬᠦ ᠦᠢᠯᠡᠴᠢᠯᠡᠭᠡ ᠶᠢ ᠰᠢᠯᠢᠳᠡᠭᠵᠢᠭᠦᠯᠦᠨ᠎ᠡ᠃ ᠴᠢᠯᠦᠭᠡᠲᠦ ᠠᠷᠠᠯᠵᠢᠶᠠᠨ ᠤ | ᠲᠤᠷᠰᠢᠯᠲᠠ ᠶᠢᠨ ᠣᠷᠣᠨ ᠢ ᠳᠡᠭᠡᠭᠰᠢᠯᠡᠭᠦᠯᠭᠦ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ᠂ | ᠬᠠᠶᠢᠨᠠᠨ ᠤ ᠴᠢᠯᠦᠭᠡᠲᠦ ᠠᠷᠠᠯᠵᠢᠶᠠᠨ ᠤ ᠭᠠᠷᠠᠮ ᠵᠡᠷᠭᠡ ᠳᠤ ᠨᠠᠩ ᠣᠯᠠᠨ ᠡᠵᠡᠨ ᠮᠡᠳᠡᠬᠦ ᠡᠷᠬᠡ ᠣᠯᠭᠤᠵᠤ᠂ ᠨᠡᠭᠡᠭᠡᠨ ᠬᠥᠭᠵᠢᠭᠦᠯᠬᠦ ᠣᠷᠣᠨ ᠤ ᠥᠭᠡᠷᠡᠴᠢᠯᠡᠯᠲᠡ ᠬᠢᠬᠦ | ᠪᠠ ᠰᠢᠨ᠎ᠡ ᠶᠢ ᠡᠭᠦᠳᠬᠦ ᠶᠢ ᠠᠬᠢᠭᠤᠯᠵᠤ᠂ ᠭᠠᠳᠠᠭᠠᠳᠤ ᠨᠡᠭᠡᠭᠡᠯᠲᠡ ᠶᠢᠨ ᠰᠢᠨ᠎ᠡ ᠥᠨᠳᠦᠷᠯᠢᠭ ᠭᠠᠵᠠᠷ ᠢ ᠪᠤᠢ ᠪᠣᠯᠭᠠᠨ᠎ᠠ᠃ | ︽ᠨᠢᠭᠡ ᠪᠦᠰᠡ ᠨᠢᠭᠡ ᠵᠠᠮ︾ ᠢ ᠬᠠᠮᠲᠤ ᠪᠠᠷ ᠴᠢᠨᠠᠷ ᠰᠠᠶᠢᠲᠠᠢ ᠪᠠᠶᠢᠭᠤᠯᠬᠤ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠤᠨ᠎ᠠ᠃ ︽ᠨᠢᠭᠡ ᠪᠦᠰᠡ | ᠨᠢᠭᠡ ᠵᠠᠮ︾ ᠢ ᠬᠠᠮᠲᠤ ᠪᠠᠷ ᠴᠢᠨᠠᠷ ᠰᠠᠶᠢᠲᠠᠢ ᠪᠠᠶᠢᠭᠤᠯᠬᠤ ᠶᠢ ᠳᠡᠮᠵᠢᠬᠦ ᠨᠠᠢᠮᠠᠨ ᠵᠦᠢᠯ ᠤᠨ ᠠᠵᠢᠯᠯᠠᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠰᠠᠶᠢᠲᠤᠷ | ᠠᠳᠬᠤᠨ᠎ᠠ᠃ ᠴᠢᠬᠤᠯᠠ ᠶᠡᠭᠡ ᠲᠥᠰᠥᠯ ᠤᠨ ᠬᠠᠮᠲᠤᠷᠠᠯᠴᠠᠭ᠎ᠠ ᠶᠢ ᠯᠠᠪᠳᠠᠭᠤᠨ ᠢᠶᠠᠷ ᠠᠬᠢᠭᠤᠯᠵᠤ᠂ ᠨᠢᠭᠡ ᠪᠦᠯᠦᠭ ︽ᠵᠢᠵᠢᠭ ᠠᠲᠠᠯ᠎ᠠ ᠭᠤᠶᠤ︾ ᠠᠷᠠᠳ ᠤᠨ | ᠠᠮᠢᠳᠤᠷᠠᠯ ᠤᠨ ᠲᠥᠰᠥᠯ ᠢ ᠬᠡᠷᠡᠭᠵᠢᠭᠦᠯᠵᠦ᠂ ᠳ᠋ᠢᠵᠢᠲ᠋ᠠᠯ᠂ ᠨᠣᠭᠤᠭᠠᠨ᠂ ᠰᠢᠨ᠎ᠡ ᠶᠢ ᠡᠭᠦᠳᠬᠦ᠂ ᠡᠷᠡᠭᠦᠯ ᠮᠡᠨᠳᠦ᠂ ᠰᠣᠶᠣᠯ ᠵᠢᠭᠤᠯᠴᠢᠯᠠᠯ᠂ ᠶᠠᠳᠠᠭᠤ ᠶᠢ ᠴᠥᠭᠡᠳᠬᠡᠬᠦ | ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠶᠢ ᠢᠳᠡᠪᠬᠢᠲᠡᠢ ᠠᠬᠢᠭᠤᠯᠤᠨ᠎ᠠ᠃ ᠪᠠᠷᠠᠭᠤᠨ ᠬᠡᠰᠡᠭ ᠤᠨ ᠭᠠᠵᠠᠷ ᠣᠷᠣᠨ ᠤ ᠳᠠᠯᠠᠢ ᠬᠠᠭᠤᠷᠠᠢ ᠶᠢᠨ ᠰᠢᠨ᠎ᠡ ᠵᠠᠮ ᠢ | ᠲᠦᠷᠭᠡᠯᠡᠨ ᠪᠦᠲᠦᠭᠡᠨ ᠪᠠᠶᠢᠭᠤᠯᠤᠨ᠎ᠠ᠃ | ᠤᠯᠠᠨ ᠲᠠᠯᠠᠲᠤ ᠬᠤᠶᠠᠷ ᠲᠠᠯᠠᠲᠤ ᠪᠠ ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠎ᠡ᠃ ᠨᠢᠭᠡᠨᠲᠡ ᠬᠦᠴᠦᠨ ᠲᠠᠢ | ᠪᠣᠯᠤᠭᠰᠠᠨ ᠴᠢᠯᠦᠭᠡᠲᠦ ᠠᠷᠠᠯᠵᠢᠶᠠᠨ ᠤ ᠬᠡᠯᠡᠯᠴᠡᠭᠡᠷ ᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠨᠡᠩ ᠤᠯᠠᠨ ᠤᠯᠤᠰ ᠪᠠ ᠭᠠᠵᠠᠷ ᠣᠷᠣᠨ ᠯᠤᠭ᠎ᠠ ᠥᠨᠳᠥᠷ | ᠪᠠᠷᠢᠮᠵᠢᠶᠠᠲᠤ ᠴᠢᠯᠦᠭᠡᠲᠦ ᠠᠷᠠᠯᠵᠢᠶᠠᠨ ᠤ ᠬᠡᠯᠡᠯᠴᠡᠭᠡᠷ ᠪᠠ ᠪᠡᠯᠡ ᠣᠷᠣᠭᠤᠯᠤᠯᠲᠠ ᠶᠢᠨ ᠬᠡᠯᠡᠯᠴᠡᠭᠡᠷ ᠢ ᠵᠥᠪᠳᠡᠯᠴᠡᠨ ᠲᠣᠭᠲᠠᠭᠠᠨ᠎ᠠ᠃ ᠳᠤᠮᠳᠠᠳᠤ ᠤᠯᠤᠰ – ᠵᠡᠭᠦᠨ | ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠤᠭ᠎ᠠ ᠶᠢᠨ ᠴᠢᠯᠦᠭᠡᠲᠦ ᠠᠷᠠᠯᠵᠢᠶᠠᠨ ᠤ ᠣᠷᠣᠨ ᠤ 3.0 ᠬᠡᠪ ᠤᠨ ᠬᠡᠯᠡᠯᠴᠡᠭᠡ ᠶᠢ ᠠᠬᠢᠭᠤᠯᠵᠤ᠂ ︽ᠳ᠋ᠢᠵᠢᠲ᠋ᠠᠯ ᠠᠵᠤ | ᠠᠬᠤᠢ ᠶᠢᠨ ᠬᠠᠨᠢᠲᠠᠨ ᠤ ᠬᠠᠷᠢᠴᠠᠭ᠎ᠠ ᠶᠢᠨ ᠬᠡᠯᠡᠯᠴᠡᠭᠡᠷ︾᠂ ︽ᠪᠦᠭᠦ ᠲᠠᠯ᠎ᠠ ᠶᠢᠨ ᠬᠢᠭᠡᠳ ᠳᠠᠪᠰᠢᠩᠭᠤᠢ ᠨᠣᠮᠣᠬᠠᠨ ᠲᠠᠯᠠᠢ ᠠᠯᠤᠰᠯᠠᠭᠰᠠᠨ ᠬᠠᠨᠢᠲᠠᠨ ᠤ | ᠬᠠᠷᠢᠴᠠᠭ᠎ᠠ ᠶᠢᠨ ᠬᠡᠯᠡᠯᠴᠡᠭᠡᠷ︾ ᠲᠤ ᠣᠷᠣᠬᠤ ᠶᠢ ᠠᠬᠢᠭᠤᠯᠤᠨ᠎ᠠ᠃ ᠳᠡᠯᠡᠬᠡᠢ ᠶᠢᠨ ᠠᠷᠠᠯᠵᠢᠶᠠᠨ ᠤ ᠵᠣᠬᠢᠶᠠᠨ ᠪᠠᠶᠢᠭᠤᠯᠤᠯᠲᠠ ᠶᠢᠨ ᠥᠭᠡᠷᠡᠴᠢᠯᠡᠯᠲᠡ ᠳᠤ ᠪᠦᠭᠦ | ᠲᠠᠯ᠎ᠠ ᠪᠠᠷ ᠭᠦᠨᠵᠡᠭᠡᠢ ᠣᠷᠣᠯᠴᠠᠵᠤ᠂ ᠨᠡᠭᠡᠭᠡᠯᠲᠡᠲᠤ ᠭᠡᠯᠪᠡᠷᠢ ᠶᠢᠨ ᠳᠡᠯᠡᠬᠡᠢ ᠶᠢᠨ ᠠᠵᠤ ᠠᠬᠤᠢ ᠶᠢ ᠪᠠᠶᠢᠭᠤᠯᠬᠤ ᠶᠢ ᠠᠬᠢᠭᠤᠯᠵᠤ᠂ ᠬᠠᠮᠲᠤᠷᠠᠨ ᠠᠵᠢᠯᠯᠠᠵᠤ | ᠬᠠᠮᠲᠤ ᠪᠠᠷ ᠠᠰᠢᠭ ᠭᠥᠷᠳᠡᠭᠰᠡᠨ ᠨᠡᠩ ᠤᠯᠠᠨ ᠦᠷ᠎ᠡ ᠪᠦᠲᠦᠭᠡᠯ ᠢ ᠡᠯ᠎ᠡ ᠤᠯᠤᠰ ᠤᠨ ᠠᠷᠠᠳ ᠲᠦᠮᠡᠨ ᠳᠤ ᠬᠦᠷᠲᠡᠭᠡᠨ᠎ᠡ᠃ | ︵ᠵᠢᠷᠭᠤᠭ᠎ᠠ︶ ᠬᠥᠭᠵᠢᠯᠲᠡ ᠪᠠ ᠠᠮᠤᠷ ᠲᠦᠪᠰᠢᠨ ᠢ ᠨᠠᠩ ᠰᠠᠶᠢᠨ ᠨᠢᠭᠡᠳᠦᠯᠲᠡᠢ ᠲᠥᠯᠥᠪᠯᠡᠵᠦ᠂ ᠭᠤᠣᠯᠳᠠᠯᠭ᠎ᠠ ᠲᠠᠢ ᠬᠦᠷᠢᠶᠡᠨ ᠳᠠᠬᠢ ᠲᠦᠭᠰᠢᠭᠦᠷᠢ ᠶᠢ | ᠪᠦᠲᠦᠮᠵᠢᠲᠡᠶ ᠰᠡᠷᠭᠡᠶᠢᠯᠡᠨ ᠠᠷᠢᠯᠭᠠᠨ᠎ᠠ᠃ ᠴᠢᠨᠠᠷ ᠰᠠᠶᠢᠲᠠᠢ ᠬᠥᠭᠵᠢᠯᠲᠡ ᠪᠠᠷ ᠥᠨᠳᠥᠷ ᠲᠦᠪᠰᠢᠨ ᠪᠦᠬᠦᠢ ᠠᠮᠤᠷ ᠲᠦᠪᠰᠢᠨ ᠢ ᠠᠬᠢᠭᠤᠯᠬᠤ ᠶᠢ ᠪᠠᠷᠢᠮᠲᠠᠯᠠᠵᠤ᠂ | ᠥᠨᠳᠥᠷ ᠲᠦᠪᠰᠢᠨ ᠪᠦᠬᠦᠢ ᠠᠮᠤᠷ ᠲᠦᠪᠰᠢᠨ ᠢᠶᠠᠷ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠵᠤ᠂ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ᠂ ᠣᠷᠣᠨ | ᠨᠤᠲᠤᠭ ᠤᠨ ᠥᠷᠢ ᠥᠭᠴᠡᠭᠡ᠂ ᠳᠤᠮᠳᠠ ᠵᠢᠵᠢᠭ ᠮᠥᠩᠭᠦᠨ ᠭᠦᠢᠯᠭᠡᠭᠡᠨ ᠤ ᠪᠠᠶᠢᠭᠤᠯᠤᠮᠵᠢ ᠵᠡᠷᠭᠡ ᠶᠢᠨ ᠲᠦᠭᠰᠢᠭᠦᠷᠢ ᠶᠢ ᠥᠩᠭᠡᠨ ᠲᠠᠯ᠎ᠠ ᠪᠠ ᠦᠨᠳᠦᠰᠦ | ᠰᠤᠷᠪᠤᠯᠵᠢ ᠠᠴᠠ ᠨᠢ ᠵᠠᠰᠠᠵᠤ ᠪᠠᠶᠢᠭᠠᠳ ᠠᠷᠢᠯᠭᠠᠵᠤ᠂ ᠠᠵᠤ ᠠᠬᠤᠢ ᠮᠥᠩᠭᠦᠨ ᠭᠦᠢᠯᠭᠡᠭᠡᠨ ᠤ ᠶᠡᠭᠡ ᠲᠠᠯ᠎ᠠ ᠶᠢᠨ ᠲᠣᠭᠲᠠᠭᠤᠨ ᠪᠠᠶᠢᠳᠠᠯ ᠢ ᠬᠠᠮᠠᠭᠠᠯᠠᠨ᠎ᠠ᠃ | ᠲᠦᠭᠰᠢᠭᠦᠷᠢ ᠶᠢᠨ ᠳᠠᠯᠳᠠ ᠭᠡᠮ ᠢ ᠯᠠᠪᠳᠠᠭᠤᠨ ᠲᠣᠬᠢᠲᠠᠢ ᠪᠥᠭᠡᠳ ᠡᠮᠬᠢ ᠵᠢᠷᠤᠮ ᠲᠠᠢ ᠪᠠᠷ ᠰᠢᠢᠳᠪᠦᠷᠢᠯᠡᠨ᠎ᠡ᠃ ᠬᠦᠨᠳᠦ ᠶᠡᠭᠡ ᠲᠦᠭᠰᠢᠭᠦᠷᠢ ᠶᠢ | ᠰᠢᠢᠳᠪᠦᠷᠢᠯᠡᠬᠦ ᠠᠵᠢᠯ ᠢ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠠᠵᠤ ᠠᠬᠤᠶᠢᠯᠠᠯ ᠤᠨ ᠪᠡᠶᠡᠴᠢ ᠴᠣᠭᠴᠠ ᠶᠢᠨ | ᠬᠠᠷᠢᠭᠤᠴᠠᠯᠭ᠎ᠠ᠂ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ᠂ ᠣᠷᠣᠨ ᠨᠤᠲᠤᠭ ᠤᠨ ᠬᠠᠷᠢᠶ᠎ᠠ ᠭᠠᠵᠠᠷ ᠤᠨ ᠬᠠᠷᠢᠭᠤᠴᠠᠯᠭ᠎ᠠ ᠶᠢ | ᠪᠣᠳᠠᠲᠠᠶᠢᠵᠢᠭᠤᠯᠵᠤ᠂ ᠰᠢᠢᠳᠪᠦᠷᠢᠯᠡᠬᠦ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠵᠦ᠂ ᠰᠢᠰᠲ᠋ᠧᠮ ᠤᠨ ᠴᠢᠨᠠᠷᠲᠠᠢ ᠲᠦᠭᠰᠢᠭᠦᠷᠢ ᠦᠯᠦ ᠭᠠᠷᠭᠠᠬᠤ ᠬᠢᠵᠠᠭᠠᠷ | ᠱᠤᠭᠤᠮ ᠢ ᠪᠠᠲᠤ ᠰᠠᠬᠢᠨ᠎ᠠ᠃ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠲᠥᠷᠥ ᠶᠢᠨ ᠪᠣᠳᠣᠯᠭ᠎ᠠ ᠶᠢ ᠰᠢᠯᠢᠳᠡᠭᠵᠢᠭᠦᠯᠵᠦ᠂ ᠠᠳᠠᠯᠢ ᠪᠤᠰᠤ ᠥᠮᠴᠢᠯᠡᠯ ᠤᠨ | ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠠᠵᠤ ᠠᠬᠤᠶᠢᠯᠠᠯ ᠤᠨ ᠪᠡᠯᠡ ᠲᠣᠬᠢᠷᠠᠭᠤᠯᠬᠤ ᠵᠦᠢ ᠵᠣᠬᠢᠰᠲᠠᠢ ᠬᠡᠷᠡᠭᠴᠡᠭᠡ ᠳᠤ ᠠᠳᠠᠯᠢ ᠲᠡᠭᠰᠢ ᠪᠠᠷ ᠳᠡᠮᠵᠢᠯᠭᠡ | ᠦᠵᠡᠭᠦᠯᠵᠦ᠂ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃ | ᠣᠷᠣᠨ ᠨᠤᠲᠤᠭ ᠤᠨ ᠥᠷᠢ ᠥᠭᠴᠡᠭᠡ ᠶᠢᠨ ᠲᠦᠭᠰᠢᠭᠦᠷᠢ ᠶᠢ ᠠᠷᠢᠯᠭᠠᠬᠤ ᠪᠠ ᠲᠣᠭᠲᠠᠭᠤᠨ ᠢᠶᠠᠷ ᠬᠥᠭᠵᠢᠭᠦᠯᠬᠦ ᠶᠢ ᠨᠢᠭᠡᠳᠦᠯᠲᠡᠢ ᠲᠥᠯᠥᠪᠯᠡᠵᠦ᠂ ᠥᠷᠢ | ᠥᠭᠴᠡᠭᠡ ᠶᠢ ᠠᠷᠢᠯᠭᠠᠬᠤ ᠪᠦᠭᠦᠨ ᠢ ᠬᠠᠮᠤᠷᠤᠭᠰᠠᠨ ᠲᠥᠰᠥᠯ ᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠤ᠂ ᠬᠠᠳᠠᠭᠠᠯᠠᠯᠲᠠ ᠥᠷᠢ ᠥᠭᠴᠡᠭᠡᠨ ᠤ | ᠲᠦᠭᠰᠢᠭᠦᠷᠢ ᠶᠢ ᠲᠣᠬᠢᠲᠠᠢ ᠠᠷᠢᠯᠭᠠᠵᠤ᠂ ᠰᠢᠨ᠎ᠡ ᠪᠠᠷ ᠨᠡᠮᠡᠭᠳᠡᠬᠦ ᠥᠷᠢ ᠥᠭᠴᠡᠭᠡᠨ ᠤ ᠲᠦᠭᠰᠢᠭᠦᠷᠢ ᠶᠢ ᠴᠢᠩᠭ᠎ᠠ ᠰᠡᠷᠭᠡᠶᠢᠯᠡᠨ᠎ᠡ᠃ ᠵᠠᠷᠢᠮ ᠭᠠᠵᠠᠷ ᠣᠷᠣᠨ ᠤ ᠳᠤᠮᠳᠠ | ᠵᠢᠵᠢᠭ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠲᠦᠭᠰᠢᠭᠦᠷᠢ ᠶᠢ ᠰᠢᠢᠳᠪᠦᠷᠢᠯᠡᠬᠦ ᠶᠢ ᠯᠠᠪᠳᠠᠭᠤᠨ ᠢᠶᠠᠷ ᠠᠬᠢᠭᠤᠯᠤᠨ᠎ᠠ᠃ ᠬᠠᠤᠯᠢ ᠪᠤᠰᠤ ᠮᠥᠩᠭᠦᠨ | ᠭᠦᠢᠯᠭᠡᠭᠡᠨ ᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ | ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠦᠷᠢᠨᠰᠢᠭᠦᠯᠦᠨ᠎ᠡ᠃ ᠰᠢᠨ᠎ᠡ ᠭᠡᠯᠪᠡᠷᠢ ᠶᠢᠨ ᠬᠤᠲᠠ | ᠪᠠᠯᠭᠠᠰᠤᠵᠢᠯᠲᠠ ᠶᠢᠨ ᠬᠥᠭᠵᠢᠯᠲᠡ ᠶᠢᠨ ᠬᠠᠨᠳᠤᠰᠢ ᠪᠣᠯᠣᠨ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠵᠠᠬ᠎ᠠ ᠳᠡᠯᠭᠡᠭᠦᠷ ᠤᠨ ᠬᠠᠩᠭᠠᠯᠭ᠎ᠠ ᠬᠡᠷᠡᠭᠴᠡᠭᠡ ᠶᠢᠨ | ᠬᠠᠷᠢᠴᠠᠭᠠᠨ ᠤ ᠬᠤᠪᠢᠷᠠᠯᠲᠠ ᠳᠤ ᠵᠣᠬᠢᠴᠠᠭᠤᠯᠤᠨ᠂ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠬᠥᠭᠵᠢᠯᠲᠡ ᠶᠢᠨ ᠰᠢᠨ᠎ᠡ ᠵᠠᠭᠪᠤᠷ ᠢ ᠲᠦᠷᠭᠡᠯᠡᠨ | ᠪᠠᠶᠢᠭᠤᠯᠤᠨ᠎ᠠ᠃ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠪᠠ ᠬᠠᠩᠭᠠᠯᠭ᠎ᠠ ᠶᠢ ᠨᠡᠮᠡᠭᠳᠡᠭᠦᠯᠵᠦ᠂ ᠲᠠᠸᠠᠷ ᠤᠨ ᠭᠡᠷ ᠪᠠᠶᠢᠰᠢᠩ ᠤᠨ | ᠬᠤᠯᠪᠣᠭᠳᠠᠯ ᠪᠦᠬᠦᠢ ᠰᠠᠭᠤᠷᠢ ᠴᠢᠨᠠᠷᠲᠠᠢ ᠳᠦᠷᠢᠮ ᠢ ᠲᠡᠭᠦᠯᠳᠡᠷᠵᠢᠭᠦᠯᠵᠦ᠂ ᠰᠠᠭᠤᠭᠠᠯᠢ ᠠᠷᠠᠳ ᠤᠨ ᠵᠠᠶᠢᠯᠠᠰᠢ ᠦᠭᠡᠢ ᠴᠢᠨᠠᠷᠲᠠᠢ ᠣᠷᠣᠨ ᠰᠠᠭᠤᠴᠠ ᠶᠢᠨ ᠬᠡᠷᠡᠭᠴᠡᠭᠡ | ᠪᠠ ᠤᠯᠠᠨ ᠶᠠᠩᠵᠤᠴᠢᠯᠠᠭᠰᠠᠨ ᠰᠠᠶᠢᠵᠢᠷᠠᠭᠤᠯᠬᠤ ᠴᠢᠨᠠᠷᠲᠠᠢ ᠣᠷᠣᠨ ᠰᠠᠭᠤᠴᠠ ᠶᠢᠨ ᠬᠡᠷᠡᠭᠴᠡᠭᠡ ᠶᠢ ᠬᠠᠩᠭᠠᠨ᠎ᠠ᠃ ᠴᠢᠨᠠᠷ ᠰᠠᠶᠢᠲᠠᠢ ᠬᠥᠭᠵᠢᠯᠲᠡ ᠯᠦᠭᠡ | ᠵᠣᠬᠢᠴᠠᠯᠳᠤᠭᠰᠠᠨ ᠵᠠᠰᠠᠭ ᠤᠨ ᠣᠷᠳᠣᠨ ᠤ ᠥᠷᠢ ᠥᠭᠴᠡᠭᠡ ᠶᠢᠨ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠵᠤ᠂ ᠪᠦᠭᠦ ᠰᠢᠰᠲ᠋ᠧᠮ ᠤᠨ ᠣᠷᠣᠨ ᠨᠤᠲᠤᠭ ᠤᠨ | ᠥᠷᠢ ᠥᠭᠴᠡᠭᠡ ᠶᠢ ᠬᠢᠨᠠᠨ ᠬᠡᠮᠵᠢᠵᠦ ᠬᠢᠨᠠᠨ ᠬᠠᠮᠢᠶᠠᠷᠬᠤ ᠰᠢᠰᠲ᠋ᠧᠮ ᠢ ᠲᠡᠭᠦᠯᠳᠡᠷᠵᠢᠭᠦᠯᠦᠨ᠂ ᠣᠷᠣᠨ ᠨᠤᠲᠤᠭ ᠤᠨ ᠪᠡᠯᠡ ᠲᠣᠬᠢᠷᠠᠭᠤᠯᠬᠤ ᠲᠠᠪᠴᠠᠩ ᠤᠨ | ᠭᠡᠯᠪᠡᠷᠢ ᠪᠠᠨ ᠬᠤᠪᠢᠷᠠᠭᠤᠯᠬᠤ ᠶᠢ ᠲᠦᠷᠦᠯ ᠬᠤᠪᠢᠶᠠᠨ ᠠᠬᠢᠭᠤᠯᠤᠨ᠎ᠠ᠃ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠯ ᠢ ᠪᠦᠷᠢᠨᠰᠢᠭᠦᠯᠵᠦ᠂ | ᠮᠥᠩᠭᠦᠨ ᠭᠦᠢᠯᠭᠡᠭᠡᠨ ᠤ ᠲᠦᠭᠰᠢᠭᠦᠷᠢ ᠶᠢ ᠰᠡᠷᠭᠡᠶᠢᠯᠡᠨ ᠬᠢᠵᠠᠭᠠᠷᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ | ᠭᠤᠣᠯᠳᠠᠯᠭ᠎ᠠ ᠲᠠᠢ ᠬᠦᠷᠢᠶᠡᠨ ᠳᠠᠬᠢ ᠠᠮᠤᠷ ᠲᠦᠪᠰᠢᠨ ᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠠᠮᠤ ᠪᠤᠳᠠᠭᠠᠨ ᠤ ᠦᠢᠯᠡᠳᠪᠦᠷᠢᠯᠡᠬᠦ | ᠬᠤᠳᠠᠯᠳᠤᠨ ᠠᠪᠴᠤ ᠨᠥᠭᠡᠴᠡᠯᠡᠬᠦ ᠪᠤᠯᠪᠠᠰᠤᠷᠠᠭᠤᠯᠬᠤ ᠰᠢᠰᠲ᠋ᠧᠮ ᠢ ᠲᠡᠭᠦᠯᠳᠡᠷᠵᠢᠭᠦᠯᠵᠦ᠂ ᠠᠮᠤ ᠪᠤᠳᠠᠭᠠᠨ ᠤ ᠠᠮᠤᠷ ᠲᠦᠪᠰᠢᠨ ᠤ ᠦᠨᠳᠦᠰᠦ ᠰᠠᠭᠤᠷᠢ ᠶᠢ ᠪᠦᠭᠦ | ᠲᠠᠯ᠎ᠠ ᠪᠠᠷ ᠪᠠᠬᠢᠵᠢᠭᠦᠯᠦᠨ᠎ᠡ᠃ ᠤᠯᠤᠰ ᠤᠨ ᠤᠰᠤᠨ ᠲᠣᠣᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠡᠨᠧᠷᠭᠢ ᠶᠢᠨ ᠰᠤᠷᠪᠤᠯᠵᠢ ᠡᠬᠢ ᠪᠠᠶᠠᠯᠢᠭ ᠤᠨ | ᠠᠮᠤᠷ ᠲᠦᠪᠰᠢᠨ ᠤ ᠪᠠᠲᠤᠯᠠᠭ᠎ᠠ ᠶᠢ ᠴᠢᠩᠭᠠᠳᠬᠠᠵᠤ᠂ ᠲᠣᠰᠣ ᠬᠡᠢ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ | ᠬᠠᠶᠢᠨ ᠰᠢᠨᠵᠢᠵᠦ ᠨᠡᠭᠡᠭᠡᠨ ᠠᠰᠢᠭᠯᠠᠬᠤ ᠡᠷᠴᠢᠮ ᠢ ᠴᠢᠩᠭᠠᠷᠠᠭᠤᠯᠤᠨ᠎ᠠ᠃ ᠲᠣᠮᠣ ᠤᠯᠤᠰ ᠤᠨ ᠨᠥᠭᠡᠴᠡᠯᠡᠯᠳᠡ ᠶᠢᠨ ᠰᠢᠰᠲ᠋ᠧᠮ ᠢ ᠲᠦᠷᠭᠡᠯᠡᠨ ᠪᠠᠶᠢᠭᠤᠯᠵᠤ᠂ | ᠭᠤᠣᠯᠳᠠᠯᠭ᠎ᠠ ᠲᠠᠢ ᠨᠥᠭᠡᠴᠡᠯᠡᠬᠦ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠲᠣᠣᠷ ᠰᠦᠯᠵᠢᠶ᠎ᠡ᠂ ᠳ᠋ᠠᠶᠢᠲ᠋ᠠ ᠵᠡᠷᠭᠡ ᠶᠢᠨ ᠠᠮᠤᠷ | ᠲᠦᠪᠰᠢᠨ ᠤ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠠᠮᠤᠷ ᠲᠦᠪᠰᠢᠨ ᠲᠣᠭᠲᠠᠭᠤᠨ | ᠪᠠᠶᠢᠳᠠᠯ ᠢ ᠪᠦᠲᠦᠮᠵᠢᠲᠡᠶ ᠬᠠᠮᠠᠭᠠᠯᠠᠵᠤ᠂ ᠤᠯᠤᠰ ᠠᠷᠠᠳ ᠤᠨ ᠠᠵᠤ ᠠᠬᠤᠢ ᠶᠢᠨ ᠰᠠᠭᠠᠳ ᠦᠭᠡᠢ ᠣᠷᠴᠢᠯ ᠢ ᠲᠤᠯᠭᠠᠭᠤᠷᠢᠯᠠᠨ᠎ᠠ᠃ | ︵ᠳᠣᠯᠤᠭ᠎ᠠ︶ ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ ᠤ ᠠᠵᠢᠯ ᠢ ᠴᠥᠬᠦᠷᠡᠰᠢ ᠦᠭᠡᠢ ᠰᠠᠶᠢᠲᠤᠷ ᠠᠳᠬᠤᠵᠤ᠂ ᠬᠥᠳᠡᠭᠡ ᠲᠣᠰᠬᠤᠨ ᠢ ᠪᠦᠭᠦ ᠲᠠᠯ᠎ᠠ | ᠪᠠᠷ ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ ᠪᠠᠲᠤᠲᠠᠢ ᠠᠬᠢᠭᠤᠯᠤᠨ᠎ᠠ᠃ ᠲᠠᠷᠢᠶᠠᠯᠠᠩ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠬᠠᠷᠠᠯᠲᠠ ᠪᠠᠨ | ᠪᠠᠲᠤᠵᠢᠭᠤᠯᠵᠤ᠂ ︽ᠮᠢᠩᠭᠠᠨ ᠲᠣᠰᠬᠤᠨ ᠢᠶᠠᠷ ᠵᠢᠱᠢᠶ᠎ᠡ ᠦᠵᠡᠭᠦᠯᠵᠦ᠂ ᠲᠦᠮᠡᠨ ᠲᠣᠰᠬᠤᠨ ᠢ ᠴᠡᠭᠴᠡᠯᠡᠨ ᠵᠠᠰᠠᠬᠤ︾ ᠢᠨᠵᠧᠨᠧᠷᠢᠩ ᠤᠨ ᠲᠤᠷᠰᠢᠯᠭ᠎ᠠ ᠶᠢ | ᠰᠤᠷᠤᠯᠴᠠᠨ ᠬᠡᠷᠡᠭᠯᠡᠵᠦ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ᠂ ᠲᠦᠷᠦᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠠᠯᠬᠤᠮ | ᠳᠠᠷᠠᠭ᠎ᠠ ᠲᠠᠢ ᠪᠠᠷ ᠶᠠᠪᠤᠭᠳᠠᠭᠤᠯᠵᠤ᠂ ᠤᠳᠠᠭᠠᠨ ᠳᠠᠭᠠᠭᠠᠮᠠᠭᠠᠢ ᠪᠠᠷ ᠬᠦᠴᠦᠯᠡᠨ ᠴᠢᠷᠮᠠᠶᠢᠵᠤ᠂ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ | ᠶᠠᠪᠤᠳᠠᠯ ᠤᠨ ᠲᠠᠰᠤᠷᠠᠯᠲᠠ ᠦᠭᠡᠢ ᠮᠥᠨ ᠴᠢᠨᠠᠷ ᠤᠨ ᠠᠬᠢᠯᠲᠠ ᠲᠠᠢ ᠪᠤᠯᠬᠤ᠂ ᠱᠠᠲᠤ ᠦᠶᠡᠴᠢ ᠴᠢᠨᠠᠷᠲᠠᠢ ᠦᠷ᠎ᠡ ᠪᠦᠲᠦᠭᠡᠯ ᠣᠯᠬᠤ ᠶᠢ ᠠᠬᠢᠭᠤᠯᠤᠨ᠎ᠠ᠃ | ᠠᠮᠤ ᠪᠤᠳᠠᠭ᠎ᠠ ᠪᠠ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠢ ᠲᠣᠭᠲᠠᠪᠤᠷᠢᠵᠢᠭᠤᠯᠵᠤ ᠬᠠᠩᠭᠠᠯᠭ᠎ᠠ ᠶᠢ ᠪᠠᠲᠤᠯᠠᠬᠤ ᠶᠢ ᠴᠢᠩᠭᠠᠳᠬᠠᠨ᠎ᠠ | ᠃ ᠠᠮᠤ ᠪᠤᠳᠠᠭ᠎ᠠ ᠲᠠᠷᠢᠬᠤ ᠲᠠᠯᠠᠪᠠᠢ ᠶᠢ ᠲᠣᠭᠲᠠᠪᠤᠷᠢᠵᠢᠭᠤᠯᠵᠤ᠂ ᠰᠢᠷ᠎ᠠ ᠪᠤᠷᠴᠠᠭ ᠢ ᠥᠷᠭᠡᠳᠬᠡᠨ ᠳᠠᠷᠢᠭᠰᠠᠨ ᠦᠷ᠎ᠡ ᠪᠦᠲᠦᠭᠡᠯ ᠢ ᠪᠠᠬᠢᠵᠢᠭᠦᠯᠵᠦ᠂ ᠲᠠᠯᠠᠪᠠᠢ | ᠨᠢᠭᠡᠴᠢ ᠶᠢᠨ ᠤᠨᠠᠯᠲᠠ ᠶᠢ ᠶᠡᠭᠡ ᠬᠡᠪᠴᠢᠶ᠎ᠡ ᠪᠠᠷ ᠳᠡᠭᠡᠭᠰᠢᠯᠡᠭᠦᠯᠭᠦ ᠶᠢ ᠠᠬᠢᠭᠤᠯᠤᠨ᠎ᠠ᠃ ᠪᠤᠭᠤᠳᠠᠢ ᠬᠤᠳᠠᠯᠳᠤᠨ ᠠᠪᠬᠤ ᠨᠠᠭᠠᠲᠤ ᠵᠠᠬ᠎ᠠ ᠶᠢᠨ ᠦᠨ᠎ᠡ ᠶᠢ ᠵᠣᠬᠢᠰᠲᠠᠢ | ᠳᠡᠭᠡᠭᠰᠢᠯᠡᠭᠦᠯᠵᠦ᠂ ᠪᠦᠭᠦ ᠤᠯᠤᠰ ᠲᠤ ᠭᠤᠷᠪᠠᠨ ᠶᠡᠭᠡ ᠭᠤᠣᠯ ᠠᠮᠤ ᠪᠤᠳᠠᠭᠠᠨ ᠤ ᠦᠢᠯᠡᠳᠪᠦᠷᠢᠯᠡᠯ ᠤᠨ ᠥᠪᠡᠷ ᠤᠨ ᠦᠷᠲᠡᠭ ᠪᠠ ᠣᠷᠣᠯᠭ᠎ᠠ ᠶᠢᠨ ᠳᠠᠭᠠᠳᠬᠠᠯ ᠤᠨ | ᠲᠦᠷᠦ ᠶᠢᠨ ᠪᠣᠳᠣᠯᠭ᠎ᠠ ᠶᠢ ᠬᠡᠷᠡᠭᠵᠢᠭᠦᠯᠵᠦ᠂ ᠠᠮᠤ ᠪᠤᠳᠠᠭ᠎ᠠ ᠲᠠᠷᠢᠳᠠᠭ ᠲᠠᠷᠢᠶᠠᠴᠢᠳ ᠤᠨ ᠠᠰᠢᠭ ᠣᠷᠣᠯᠭ᠎ᠠ ᠶᠢ ᠪᠠᠲᠤᠯᠠᠬᠤ ᠲᠣᠭᠲᠠᠴᠠ ᠶᠢ ᠪᠦᠷᠢᠨᠰᠢᠭᠦᠯᠦᠨ᠎ᠡ᠃ | ᠠᠮᠤ ᠪᠤᠳᠠᠭᠠᠨ ᠤ ᠭᠠᠷᠤᠯᠲᠠ ᠶᠡᠬᠡᠲᠡᠢ ᠰᠢᠶᠠᠨ ᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠭᠤᠣᠯ ᠭᠠᠷᠤᠯᠲᠠ ᠶᠢᠨ ᠣᠷᠣᠨ ᠤ ᠠᠰᠢᠭ ᠲᠤᠰᠠ ᠶᠢᠨ | ᠨᠥᠬᠦᠪᠦᠷᠢ ᠶᠢᠨ ᠲᠣᠭᠲᠠᠴᠠ ᠶᠢ ᠲᠡᠭᠦᠯᠳᠡᠷᠵᠢᠭᠦᠯᠦᠨ᠎ᠡ᠃ ᠲᠣᠰᠣᠯᠢᠭ ᠲᠠᠷᠢᠮᠠᠯ ᠤᠨ ᠦᠢᠯᠡᠳᠪᠦᠷᠢᠯᠡᠯ ᠢ ᠥᠷᠭᠡᠳᠬᠡᠵᠦ᠂ ᠮᠠᠯ ᠠᠵᠤ ᠠᠬᠤᠢ᠂ ᠵᠢᠭᠠᠰᠤᠨ ᠠᠵᠤ | ᠠᠬᠤᠢ ᠶᠢᠨ ᠦᠢᠯᠡᠳᠪᠦᠷᠢᠯᠡᠯ ᠤᠨ ᠴᠢᠳᠠᠪᠤᠷᠢ ᠶᠢ ᠲᠣᠭᠲᠠᠭᠤᠨ ᠪᠠᠶᠢᠯᠭᠠᠵᠤ᠂ ᠤᠳᠤ ᠦᠶ᠎ᠡ ᠶᠢᠨ ᠲᠥᠬᠦᠭᠡᠷᠦᠮᠵᠢᠲᠦ ᠲᠠᠷᠢᠶᠠᠯᠠᠩ ᠢ ᠬᠥᠭᠵᠢᠭᠦᠯᠦᠨ᠎ᠡ᠃ ᠤᠰᠤ | ᠠᠷᠪᠢᠯᠠᠬᠤ ᠲᠠᠷᠢᠶᠠᠯᠠᠩ᠂ ᠭᠠᠩ ᠬᠠᠭᠰᠠᠷᠠᠭᠠᠨ ᠳᠤ ᠵᠣᠬᠢᠴᠠᠬᠤ ᠲᠠᠷᠢᠶᠠᠯᠠᠩ ᠤᠨ ᠬᠥᠭᠵᠢᠯᠲᠡ ᠶᠢ ᠲᠠᠮᠵᠢᠨ᠎ᠠ᠃ ᠡᠪᠡᠳᠴᠢᠨ ᠬᠤᠷᠣᠬᠠᠢ ᠶᠢᠨ ᠬᠥᠨᠥᠭᠡᠯ ᠪᠠ | ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠠᠵᠢᠯ ᠢ ᠴᠢᠩᠭᠠᠳᠬᠠᠨ᠎ᠠ᠃ ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ᠂ ᠲᠠᠷᠢᠶᠠᠯᠠᠩ ᠤᠨ | ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠡᠷᠬᠡ ᠰᠡᠳᠦᠪ ᠢ ᠰᠢᠢᠳᠪᠦᠷᠢᠯᠡᠬᠦ ᠡᠷᠴᠢᠮ ᠢ ᠴᠢᠩᠭᠠᠷᠠᠭᠤᠯᠵᠤ᠂ ᠲᠠᠷᠢᠶᠠᠯᠠᠩ ᠤᠨ ᠮᠠᠰᠢᠨ ᠲᠣᠨᠣᠭᠯᠠᠯ ᠤᠨ | ᠳᠤᠲᠠᠭᠤᠳᠠᠯ ᠢ ᠨᠥᠬᠦᠪᠦᠷᠢᠯᠡᠬᠦ ᠠᠵᠢᠯᠯᠠᠭ᠎ᠠ ᠶᠢ ᠬᠡᠷᠡᠭᠵᠢᠭᠦᠯᠦᠨ᠎ᠡ᠃ ᠲᠠᠷᠢᠶᠠᠨ ᠭᠠᠵᠠᠷ ᠤᠨ ᠤᠯᠠᠭᠠᠨ ᠱᠤᠭᠤᠮ ᠢ ᠴᠢᠩᠭ᠎ᠠ ᠰᠠᠬᠢᠵᠤ᠂ ᠲᠠᠷᠢᠶᠠᠨ ᠭᠠᠵᠠᠷ ᠢ ᠡᠵᠡᠯᠡᠬᠦ | ᠪᠠ ᠨᠥᠬᠦᠪᠦᠷᠢᠯᠡᠬᠦ ᠶᠢ ᠲᠡᠩᠴᠡᠭᠦᠷᠢᠲᠡᠢ ᠪᠠᠶᠢᠯᠭᠠᠬᠤ ᠳᠦᠷᠢᠮ ᠢ ᠲᠡᠭᠦᠯᠳᠡᠷᠵᠢᠭᠦᠯᠵᠦ᠂ ᠬᠠᠷ᠎ᠠ ᠬᠥᠷᠥᠰᠥᠲᠦ ᠭᠠᠵᠠᠷ ᠢ ᠬᠠᠮᠠᠭᠠᠯᠠᠬᠤ ᠪᠠ ᠬᠤᠵᠢᠷᠯᠢᠭ ᠭᠠᠵᠠᠷ ᠢ | ᠶᠡᠷᠦᠩᠬᠡᠶᠢᠯᠡᠨ ᠵᠠᠰᠠᠬᠤ ᠶᠢ ᠴᠢᠩᠭᠠᠳᠬᠠᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ᠳᠤ ᠨᠥᠬᠦᠪᠦᠷᠢ | ᠣᠯᠭᠤᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠡᠯ᠎ᠡ ᠭᠠᠵᠠᠷ ᠣᠷᠣᠨ ᠴᠥᠮ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ | ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠲᠡᠢ᠃ ᠮᠠᠨ ᠤ ᠡᠶᠢᠮᠦ ᠨᠢᠭᠡᠨ ᠬᠥᠮᠥᠨ ᠠᠮᠠ ᠣᠯᠠᠨᠲᠠᠢ ᠲᠣᠮᠣ ᠤᠯᠤᠰ ᠡᠷᠬᠡᠪᠰᠢ ᠲᠣᠮᠣ ᠲᠠᠷᠢᠶᠠᠯᠠᠩ ᠤᠨ ᠦᠵᠡᠯᠲᠡ᠂ ᠬᠠᠮ | ᠢᠳᠡᠭᠡᠨ ᠤ ᠦᠵᠡᠯᠲᠡ ᠶᠢ ᠰᠠᠶᠢᠲᠤᠷ ᠦᠢᠯᠡᠳᠦᠯᠭᠡᠵᠢᠭᠦᠯᠵᠦ᠂ ᠬᠤᠭᠤᠯᠠ ᠬᠦᠨᠡᠰᠦ ᠪᠠᠨ ᠢᠮᠠᠭᠲᠠ ᠪᠡᠶ᠎ᠡ ᠳᠡᠭᠡᠨ ᠲᠦᠰᠢᠭᠯᠡᠨ ᠰᠢᠢᠳᠪᠦᠷᠢᠯᠡᠬᠦ ᠬᠡᠷᠡᠭᠲᠡᠢ᠃ | ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠭᠰᠡᠨ ᠦᠷ᠎ᠡ ᠪᠦᠲᠦᠭᠡᠯ ᠢ ᠥᠴᠥᠬᠡᠨ ᠴᠦ ᠰᠤᠯᠠᠷᠠᠭᠤᠯᠤᠯ ᠦᠭᠡᠢ ᠪᠠᠬᠢᠵᠢᠭᠦᠯᠦᠨ | ᠥᠷᠭᠡᠳᠬᠡᠨ᠎ᠡ᠃ ᠳᠠᠭᠢᠨ ᠶᠠᠳᠠᠭᠤᠷᠠᠬᠤ ᠠᠴᠠ ᠰᠡᠷᠭᠡᠶᠢᠯᠡᠬᠦ ᠬᠢᠨᠠᠨ ᠬᠡᠮᠵᠢᠯᠲᠡ ᠪᠠ ᠬᠠᠪᠰᠤᠷᠤᠨ ᠲᠡᠳᠬᠦᠬᠦ ᠠᠵᠢᠯ ᠢ ᠴᠢᠩᠭᠠᠳᠬᠠᠵᠤ᠂ ᠬᠡᠪᠴᠢᠶᠡᠲᠦ ᠴᠢᠨᠠᠷᠲᠠᠢ ᠳᠠᠭᠢᠨ | ᠶᠠᠳᠠᠭᠤᠷᠠᠯ ᠡᠭᠦᠰᠬᠦ ᠦᠭᠡᠢ ᠪᠠᠶᠢᠬᠤ ᠶᠢ ᠦᠨᠡᠨ ᠬᠦ ᠪᠠᠲᠤᠯᠠᠨ᠎ᠠ᠃ ᠶᠠᠳᠠᠭᠤ ᠠᠴᠠ ᠠᠩᠭᠢᠵᠢᠷᠠᠭᠰᠠᠨ ᠭᠠᠵᠠᠷ ᠣᠷᠣᠨ ᠤ ᠣᠨᠴᠠᠯᠢᠭᠲᠤ ᠳᠠᠪᠠᠭᠤᠯᠢᠭ ᠠᠵᠤ ᠦᠢᠯᠡᠰ | ᠬᠥᠭᠵᠢᠭᠦᠯᠬᠦ ᠶᠢ ᠳᠡᠮᠵᠢᠵᠦ᠂ ᠲᠠᠭᠢᠨ ᠶᠠᠳᠠᠭᠤᠷᠠᠬᠤ ᠠᠴᠠ ᠰᠡᠷᠭᠡᠶᠢᠯᠡᠬᠦ ᠠᠵᠢᠯ ᠣᠯᠭᠤᠯᠲᠠ ᠶᠢᠨ ᠪᠡᠷᠬᠡ ᠰᠡᠳᠦᠪ ᠢ ᠰᠢᠢᠳᠪᠦᠷᠢᠯᠡᠬᠦ ᠠᠵᠢᠯᠯᠠᠭ᠎ᠠ ᠶᠢ ᠠᠬᠢᠭᠤᠯᠵᠤ᠂ | ᠣᠨᠳᠣᠣ ᠭᠠᠵᠠᠷ ᠨᠡᠭᠦᠯᠭᠡᠭᠰᠡᠨ ᠤ ᠳᠠᠷᠠᠭᠠᠬᠢ ᠬᠠᠪᠰᠤᠷᠤᠨ ᠲᠡᠳᠬᠦᠬᠦ ᠠᠵᠢᠯ ᠢ ᠴᠢᠩᠭᠠᠳᠬᠠᠨ᠎ᠠ᠃ ᠵᠡᠭᠦᠨ ᠬᠡᠰᠡᠭ ᠪᠠᠷᠠᠭᠤᠨ ᠬᠡᠰᠡᠭ ᠤᠨ ᠭᠠᠵᠠᠷ ᠣᠷᠣᠨ | ᠬᠠᠮᠵᠢᠯᠴᠠᠬᠤ ᠪᠠ ᠴᠡᠭ ᠲᠣᠭᠲᠠᠭᠠᠨ ᠬᠠᠪᠰᠤᠷᠤᠨ ᠲᠡᠳᠬᠦᠬᠦ ᠶᠢ ᠭᠦᠨᠵᠡᠭᠡᠶᠢᠷᠡᠭᠦᠯᠦᠨ᠎ᠡ᠃ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠭᠤᠣᠯᠳᠠᠯᠭ᠎ᠠ ᠲᠠᠢ ᠬᠠᠪᠰᠤᠷᠤᠨ ᠲᠡᠳᠬᠦᠬᠦ ᠰᠢᠶᠠᠨ ᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠬᠥᠳᠡᠭᠡ ᠲᠣᠰᠬᠤᠨ ᠤ ᠣᠷᠣᠯᠭ᠎ᠠ ᠪᠠᠭᠠᠲᠠᠢ ᠬᠥᠮᠥᠨ ᠠᠮᠠ ᠪᠣᠯᠣᠨ | ᠬᠥᠭᠵᠢᠯᠲᠡ ᠪᠠᠷᠤᠭᠲᠠᠢ ᠭᠠᠵᠠᠷ ᠣᠷᠣᠨ ᠢ ᠪᠠᠶᠢᠩᠭᠤ ᠶᠢᠨ ᠴᠢᠨᠠᠷᠲᠠᠢ ᠪᠠᠷ ᠬᠠᠪᠰᠤᠷᠤᠨ ᠲᠡᠳᠬᠦᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠶᠠᠳᠠᠭᠤ ᠠᠴᠠ | ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠨᠡᠩ ᠰᠠᠶᠢᠨ ᠪᠠᠬᠢᠵᠢᠭᠦᠯᠵᠦ᠂ ᠦᠷ᠎ᠡ ᠪᠦᠲᠦᠮᠵᠢ ᠶᠢ ᠨᠢ ᠨᠡᠩ ᠦᠷᠭᠦᠯᠵᠢᠯᠡᠬᠦᠶᠢᠴᠡ ᠪᠣᠯᠭᠠᠨ᠎ᠠ᠃ | ᠬᠥᠳᠡᠭᠡ ᠲᠣᠰᠬᠤᠨ ᠤ ᠥᠭᠡᠷᠡᠴᠢᠯᠡᠯᠲᠡ ᠬᠥᠭᠵᠢᠯᠲᠡ ᠶᠢ ᠯᠠᠪᠳᠠᠭᠤᠨ ᠢᠶᠠᠷ ᠠᠬᠢᠭᠤᠯᠤᠨ᠎ᠠ᠃ ᠬᠥᠳᠡᠭᠡ ᠲᠣᠰᠬᠤᠨ ᠤ ᠭᠠᠵᠠᠷ ᠰᠢᠷᠣᠢ ᠶᠢᠨ ᠳᠦᠷᠢᠮ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠤᠶᠠᠳᠤᠭᠠᠷ ᠡᠭᠡᠯᠵᠢ ᠶᠢᠨ ᠭᠠᠵᠠᠷ ᠰᠢᠷᠣᠢ ᠶᠢᠨ ᠳᠠᠭᠠᠭᠠᠴᠢᠯᠠᠯᠲᠠ ᠶᠢᠨ ᠬᠤᠭᠤᠴᠠᠭ᠎ᠠ ᠨᠢ ᠲᠤᠯᠤᠭᠰᠠᠨ ᠤ ᠲᠠᠷᠠᠭ᠎ᠠ | ᠲᠠᠭᠢᠭᠠᠳ 30 ᠵᠢᠯ ᠤᠷᠲᠤᠳᠬᠠᠬᠤ ᠪᠦᠬᠦᠯᠢ ᠮᠤᠵᠢ ᠶᠢᠨ ᠲᠤᠷᠰᠢᠯᠲᠠ ᠶᠢ ᠡᠬᠢᠯᠡᠭᠦᠯᠦᠨ᠎ᠡ᠃ ᠬᠠᠮᠲᠤ ᠶᠢᠨ ᠥᠮᠴᠢᠯᠡᠯ ᠤᠨ ᠡᠷᠬᠡ᠂ ᠬᠠᠮᠲᠤ ᠶᠢᠨ ᠣᠢ ᠰᠢᠭᠤᠢ ᠶᠢᠨ | ᠡᠷᠬᠡ᠂ ᠲᠠᠷᠢᠶᠠᠯᠠᠩ ᠤᠨ ᠠᠲᠠᠷ ᠬᠠᠭᠠᠯᠪᠤᠷᠢᠯᠠᠯᠲᠠ᠂ ᠬᠠᠩᠭᠠᠨ ᠪᠣᠷᠣᠯᠠᠭᠤᠯᠬᠤ ᠬᠤᠷᠰᠢᠶ᠎ᠠ ᠵᠡᠷᠭᠡ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠥᠳᠡᠭᠡ | ᠲᠣᠰᠬᠤᠨ ᠤ ᠰᠢᠨ᠎ᠡ ᠭᠡᠯᠪᠡᠷᠢ ᠶᠢᠨ ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢ ᠠᠬᠢᠭᠤᠯᠤᠨ᠎ᠠ᠃ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ | ᠠᠬᠢᠭᠤᠯᠬᠤ ᠶᠢ ᠪᠣᠳᠣᠯᠬᠢᠯᠠᠨ᠂ ᠬᠥᠳᠡᠭᠡ ᠲᠣᠰᠬᠤᠨ ᠤ ᠠᠷᠠᠳ ᠢ ᠪᠠᠶᠠᠵᠢᠭᠤᠯᠬᠤ ᠠᠵᠤ ᠦᠢᠯᠡᠰ ᠢ ᠪᠤᠵᠠᠭᠠᠶᠢᠷᠠᠭᠤᠯᠵᠤ᠂ ᠰᠢᠨ᠎ᠡ ᠭᠡᠯᠪᠡᠷᠢ ᠶᠢᠨ ᠲᠠᠷᠢᠶᠠᠯᠠᠩ ᠤᠨ | ᠡᠵᠡᠩᠨᠡᠯᠲᠡ ᠶᠢᠨ ᠪᠡᠶᠡᠴᠢ ᠴᠣᠭᠴᠠ ᠪᠠ ᠨᠡᠶᠢᠭᠡᠮᠴᠢᠯᠡᠭᠰᠡᠨ ᠦᠢᠯᠡᠴᠢᠯᠡᠭᠡ ᠶᠢ ᠬᠥᠭᠵᠢᠭᠦᠯᠵᠦ᠂ ᠬᠥᠳᠡᠭᠡ ᠲᠤᠰᠬᠤᠨ ᠤ ᠴᠢᠳᠠᠪᠤᠷᠢᠲᠠᠨ ᠢ ᠬᠥᠮᠥᠵᠢᠭᠦᠯᠵᠦ ᠰᠠᠶᠢᠲᠤᠷ | ᠬᠡᠷᠡᠭᠯᠡᠨ᠎ᠡ᠃ ᠬᠥᠳᠡᠭᠡ ᠲᠤᠰᠬᠤᠨ ᠤ ᠰᠣᠶᠣᠯ ᠢ ᠴᠡᠴᠡᠭᠯᠡᠭᠦᠯᠦᠨ ᠬᠥᠭᠵᠢᠭᠦᠯᠵᠦ᠂ ᠬᠥᠳᠡᠭᠡ ᠲᠤᠰᠬᠤᠨ ᠤ ᠵᠠᠩ ᠳᠠᠳᠬᠠᠯ ᠢ ᠥᠭᠡᠷᠡᠴᠢᠯᠡᠬᠦ ᠶᠢ ᠦᠷᠭᠦᠯᠵᠢᠯᠠᠨ | ᠠᠬᠢᠭᠤᠯᠤᠨ᠎ᠠ᠃ ᠬᠥᠳᠡᠭᠡ ᠲᠣᠰᠬᠤᠨ ᠢ ᠪᠦᠲᠦᠭᠡᠨ ᠪᠠᠶᠢᠭᠤᠯᠬᠤ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠬᠥᠳᠡᠭᠡ ᠲᠣᠰᠬᠤᠨ ᠤ ᠤᠰᠤ ᠴᠠᠭᠢᠯᠭᠠᠨ ᠵᠠᠮ ᠬᠡᠢ | ᠮᠡᠳᠡᠭᠡ ᠬᠤᠯᠪᠤᠭ᠎ᠠ ᠵᠡᠷᠭᠡ ᠰᠠᠭᠤᠷᠢ ᠲᠥᠬᠦᠭᠡᠷᠦᠮᠵᠢ ᠪᠠ ᠤᠯᠠᠨ ᠨᠡᠶᠢᠲᠡ ᠶᠢᠨ ᠦᠢᠯᠡᠴᠢᠯᠡᠭᠡ ᠶᠢ ᠶᠡᠭᠡ ᠪᠠᠷ ᠰᠠᠶᠢᠵᠢᠷᠠᠭᠤᠯᠤᠨ᠂ ᠴᠠᠭᠢᠯᠭᠠᠨ ᠴᠡᠨᠡᠭᠯᠡᠬᠦ ᠱᠣᠩ᠂ | ᠬᠦᠢᠲᠡᠨ ᠬᠡᠯᠬᠢᠶᠡᠲᠦ ᠡᠳ᠋ ᠪᠠᠷᠠᠭᠠᠨ ᠤ ᠭᠦᠢᠯᠭᠡᠭᠡ᠂ ᠢᠯᠡᠭᠡᠯᠲᠡ ᠬᠦᠷᠭᠡᠯᠲᠡ ᠶᠢᠨ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠬᠥᠳᠡᠭᠡ | ᠲᠣᠰᠬᠤᠨ ᠤ ᠭᠡᠷ ᠪᠠᠶᠢᠰᠢᠩ ᠤᠨ ᠭᠠᠵᠠᠷ ᠬᠥᠳᠡᠯᠦᠯᠲᠡ ᠶᠢ ᠳᠠᠭᠠᠭᠠᠬᠤ ᠥᠭᠡᠷᠡᠴᠢᠯᠡᠯᠲᠡ ᠶᠢᠨ ᠡᠷᠴᠢᠮ ᠢ ᠴᠢᠩᠭᠠᠷᠠᠭᠤᠯᠵᠤ᠂ ᠬᠥᠳᠡᠭᠡ ᠲᠣᠰᠬᠤᠨ ᠤ ᠣᠷᠣᠰᠢᠨ | ᠠᠮᠢᠳᠤᠷᠠᠬᠤ ᠣᠷᠴᠢᠨ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠵᠤ᠂ ᠣᠷᠣᠰᠢᠨ ᠰᠠᠭᠤᠬᠤ ᠳᠤ ᠲᠣᠬᠢᠷᠠᠮᠵᠢᠲᠠᠢ ᠦᠢᠯᠡᠰ ᠡᠷᠭᠢᠯᠡᠭᠦ ᠳᠤ ᠲᠣᠬᠢᠷᠠᠮᠵᠢᠲᠠᠢ ᠡᠶ᠎ᠡ | ᠨᠠᠶᠢᠷᠠᠮᠳᠠᠭᠤ ᠭᠤᠶᠤ ᠰᠠᠶᠢᠬᠠᠨ ᠬᠥᠳᠡᠭᠡ ᠲᠣᠰᠬᠤᠨ ᠢ ᠪᠦᠲᠦᠭᠡᠨ ᠪᠠᠶᠢᠭᠤᠯᠤᠨ᠎ᠠ᠃ | ︵ᠨᠠᠢᠮᠠ︶ ᠬᠤᠲᠠ ᠬᠥᠳᠡᠭᠡ ᠶᠢᠨ ᠠᠭᠤᠰᠤᠯᠴᠠᠯ ᠪᠠ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢ ᠠᠬᠢᠭᠤᠯᠵᠤ᠂ ᠠᠵᠤ ᠠᠬᠤᠢ ᠶᠢᠨ | ᠪᠠᠶᠢᠷᠢᠯᠠᠭᠤᠯᠤᠯᠲᠠ ᠶᠢ ᠶᠡᠭᠡ ᠪᠠᠷ ᠰᠢᠯᠢᠳᠡᠭᠵᠢᠭᠦᠯᠦᠨ᠎ᠡ᠃ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢᠨ ᠪᠠᠶᠢᠯᠳᠤᠬᠤ ᠪᠣᠳᠣᠯᠭ᠎ᠠ᠂ ᠣᠷᠣᠨ ᠪᠦᠰᠡ ᠶᠢᠨ | ᠴᠢᠬᠤᠯᠠ ᠶᠡᠭᠡ ᠪᠠᠶᠢᠯᠳᠤᠬᠤ ᠪᠣᠳᠣᠯᠭ᠎ᠠ᠂ ᠪᠡᠶᠡᠴᠢ ᠴᠣᠭᠴᠠ ᠶᠢᠨ ᠴᠢᠳᠠᠮᠵᠢᠲᠤ ᠣᠷᠣᠨ ᠤ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠰᠢᠨ᠎ᠡ | ᠭᠡᠯᠪᠡᠷᠢ ᠶᠢᠨ ᠬᠤᠲᠠ ᠪᠠᠯᠭᠠᠰᠤᠵᠢᠯᠲᠠ ᠪᠣᠯᠣᠨ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠣᠷᠭᠠᠨᠢᠭ ᠢᠶᠠᠷ ᠤᠶᠠᠯᠳᠤᠭᠤᠯᠵᠤ᠂ | ᠳᠠᠪᠠᠭᠤᠯᠢᠭ ᠲᠠᠯ᠎ᠠ ᠪᠠᠷ ᠢᠶᠠᠨ ᠬᠠᠷᠢᠯᠴᠠᠨ ᠨᠥᠬᠦᠪᠦᠷᠢᠯᠡᠬᠦ᠂ ᠴᠢᠨᠠᠷ ᠰᠠᠶᠢᠲᠠᠢ ᠬᠥᠭᠵᠢᠬᠦ ᠣᠷᠣᠨ ᠪᠦᠰᠡ ᠶᠢᠨ ᠠᠵᠤ ᠠᠬᠤᠢ ᠶᠢᠨ ᠪᠠᠶᠢᠷᠢᠰᠢᠯ ᠢ ᠲᠦᠷᠭᠡᠯᠡᠨ | ᠪᠠᠶᠢᠭᠤᠯᠤᠨ᠎ᠠ᠃ | ᠰᠢᠨ᠎ᠡ ᠭᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠤᠨ᠎ᠠ᠃ ᠮᠠᠨ ᠤ ᠤᠯᠤᠰ ᠤᠨ ᠬᠤᠲᠠ | ᠪᠠᠯᠭᠠᠰᠤᠵᠢᠯᠲᠠ ᠳᠤ ᠪᠠᠰᠠ ᠮᠠᠰᠢ ᠶᠡᠭᠡ ᠬᠥᠭᠵᠢᠯᠲᠡ ᠳᠡᠭᠡᠭᠰᠢᠯᠡᠯᠲᠡ ᠶᠢᠨ ᠣᠷᠣᠨ ᠵᠠᠢ ᠪᠠᠶᠢᠨ᠎ᠠ᠃ ᠰᠢᠨ᠎ᠡ ᠭᠡᠯᠪᠡᠷᠢ ᠶᠢᠨ ᠬᠤᠳᠠ ᠪᠠᠯᠭᠠᠰᠤᠵᠢᠯᠲᠠ ᠶᠢᠨ ᠪᠠᠶᠢᠯᠳᠤᠬᠤ | ᠪᠣᠳᠣᠯᠭ᠎ᠠ ᠶᠢᠨ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠡᠯ᠎ᠡ ᠲᠦᠷᠦᠯ ᠤᠨ ᠡᠯᠧᠮᠧᠨ᠋ᠲ ᠤᠨ ᠬᠤᠣᠰ ᠴᠢᠭᠯᠡᠯ ᠢᠶᠠᠷ ᠰᠢᠯᠵᠢᠭᠦ ᠶᠢ ᠠᠬᠢᠭᠤᠯᠵᠤ᠂ ᠬᠤᠳᠠ | ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠰᠢᠨ᠎ᠡ ᠪᠠᠶᠢᠷᠢᠰᠢᠯ ᠢ ᠪᠤᠢ ᠪᠤᠯᠭᠠᠬᠤ ᠬᠡᠷᠡᠭᠲᠡᠢ᠃ ᠲᠠᠷᠢᠶᠠᠯᠠᠩ ᠠᠴᠠ ᠰᠢᠯᠵᠢᠭᠰᠡᠨ ᠬᠥᠮᠥᠨ ᠠᠮᠠ ᠶᠢ ᠬᠤᠲᠠ ᠶᠢᠨ | ᠠᠷᠠᠳ ᠪᠤᠯᠭᠠᠬᠤ ᠶᠢ ᠲᠦᠷᠭᠡᠳᠬᠡᠬᠦ ᠶᠠᠪᠤᠳᠠᠯ ᠢ ᠲᠣᠪᠣᠶᠢᠮ᠎ᠠ ᠪᠠᠶᠢᠷᠢᠨ ᠳᠤ ᠲᠠᠯᠪᠢᠵᠤ᠂ ᠡᠷᠦᠭᠡ ᠠᠮᠠ ᠶᠢᠨ ᠲᠠᠩᠰᠠ ᠶᠢᠨ ᠳᠦᠷᠢᠮ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠦᠨ᠂ ︽ᠬᠥᠮᠥᠨ ᠭᠠᠵᠠᠷ ᠵᠣᠭᠤᠰ︾ ᠢ ᠬᠤᠯᠪᠣᠭᠳᠠᠭᠤᠯᠬᠤ ᠲᠦᠷᠦ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠡᠷᠦᠭᠡ ᠠᠮᠠ ᠪᠠᠨ ᠤᠷᠤᠭᠤᠯᠬᠤ | ᠬᠦᠰᠡᠯ ᠲᠠᠢ ᠬᠤᠲᠠ ᠳᠤ ᠣᠷᠣᠭᠰᠠᠨ ᠬᠥᠯᠥᠰᠦᠨ ᠠᠵᠢᠯᠴᠢᠨ ᠢ ᠬᠤᠲᠠ ᠪᠠᠯᠭᠠᠰᠤᠨ ᠳᠤ ᠡᠷᠦᠭᠡ ᠠᠮᠠ ᠶᠢ ᠨᠢ ᠣᠷᠣᠭᠤᠯᠵᠤ᠂ ᠡᠷᠦᠭᠡ ᠠᠮᠠ ᠣᠷᠣᠭᠠᠳᠤᠢ | ᠪᠠᠶᠢᠩᠭᠤ ᠰᠠᠭᠤᠭ᠎ᠠ ᠬᠥᠮᠥᠨ ᠠᠮᠠ ᠶᠢᠨ ᠬᠤᠲᠠ ᠪᠠᠯᠭᠠᠰᠤᠨ ᠤ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢ ᠡᠷᠬᠡ ᠲᠡᠭᠰᠢ ᠪᠠᠷ ᠭᠦᠷᠲᠡᠭᠦ ᠶᠢ ᠠᠬᠢᠭᠤᠯᠤᠨ᠎ᠠ | ᠃ ᠰᠢᠶᠠᠨ ᠤ ᠪᠦᠰᠡ ᠶᠢᠨ ᠠᠵᠤ ᠠᠬᠤᠢ ᠶᠢ ᠪᠣᠶᠢᠵᠢᠭᠤᠯᠤᠨ ᠬᠥᠭᠵᠢᠭᠦᠯᠵᠦ᠂ ᠰᠠᠭᠤᠷᠢ ᠲᠥᠬᠦᠭᠡᠷᠦᠮᠵᠢ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠳᠤᠲᠠᠭᠤᠳᠠᠯ ᠢ | ᠨᠥᠬᠦᠪᠦᠷᠢᠯᠡᠵᠦ᠂ ᠰᠢᠶᠠᠨ ᠤ ᠬᠤᠲᠠ ᠶᠢ ᠰᠢᠨ᠎ᠡ ᠭᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠴᠢᠬᠤᠯᠠ ᠠᠴᠢᠶᠠᠯᠠᠪᠤᠷᠢ ᠪᠣᠯᠭᠠᠨ᠎ᠠ᠃ ᠬᠤᠳᠠ ᠶᠢᠨ ᠪᠥᠭᠡᠭᠡᠨᠡᠷᠡᠯ᠂ | ᠶᠡᠭᠡ ᠬᠤᠳᠠ ᠶᠢᠨ ᠴᠠᠭᠠᠷᠢᠭ ᠢᠶᠠᠷ ᠲᠦᠰᠢᠭ ᠪᠤᠯᠭᠠᠬᠤ ᠶᠢ ᠴᠢᠬᠤᠯᠠᠴᠢᠯᠠᠵᠤ᠂ ᠲᠣᠮᠣ ᠳᠤᠮᠳᠠ ᠵᠢᠵᠢᠭ ᠬᠤᠳᠠ ᠶᠢᠨ ᠵᠣᠬᠢᠴᠠᠩᠭᠤᠢ ᠬᠥᠭᠵᠢᠯᠲᠡ ᠶᠢ ᠠᠬᠢᠭᠤᠯᠤᠨ᠎ᠠ᠃ | ᠴᠧᠩᠳᠦ᠋ ᠴᠦᠩᠴᠢᠩ ᠣᠷᠣᠨ ᠤ ᠬᠤᠣᠰ ᠬᠤᠲᠠ ᠶᠢᠨ ᠠᠵᠤ ᠠᠬᠤᠢ ᠶᠢᠨ ᠬᠦᠷᠢᠶ᠎ᠡ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠬᠤᠲᠠ ᠶᠢ ᠰᠢᠨᠡᠳᠬᠡᠬᠦ | ᠠᠵᠢᠯᠯᠠᠭ᠎ᠠ ᠶᠢ ᠯᠠᠪᠳᠠᠭᠤᠨ ᠢᠶᠠᠷ ᠬᠡᠷᠡᠭᠵᠢᠭᠦᠯᠵᠦ᠂ ︽ᠡᠩ ᠤᠨ ᠦᠶ᠎ᠡ ᠪᠠ ᠪᠠᠴᠢᠮ ᠦᠶ᠎ᠡ ᠳᠤ ᠴᠥᠮ ᠬᠡᠷᠡᠭᠯᠡᠵᠦ ᠪᠤᠯᠬᠤ︾ ᠣᠯᠠᠨ ᠨᠡᠶᠢᠲᠡ ᠶᠢᠨ ᠰᠠᠭᠤᠷᠢ | ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠪᠠ ᠬᠤᠲᠠ ᠶᠢᠨ ᠳᠣᠲᠣᠷᠠᠬᠢ ᠲᠣᠰᠬᠤᠨ ᠤ ᠥᠭᠡᠷᠡᠴᠢᠯᠡᠯᠲᠡ ᠶᠢ ᠠᠬᠢᠭᠤᠯᠤᠨ᠂ ᠭᠠᠵᠠᠷ ᠳᠣᠣᠷᠠᠬᠢ ᠬᠤᠭᠤᠯᠠᠢ ᠶᠢᠨ | ᠲᠣᠣᠷ ᠢ ᠲᠦᠷᠭᠡᠯᠡᠨ ᠲᠡᠭᠦᠯᠳᠡᠷᠵᠢᠭᠦᠯᠵᠦ᠂ ᠬᠠᠭᠤᠴᠢᠨ ᠰᠠᠭᠤᠭᠠᠯᠢ ᠲᠣᠭᠤᠷᠢᠭ ᠲᠤ ᠴᠠᠭᠢᠯᠭᠠᠨ ᠱᠠᠲᠤ ᠨᠡᠮᠡᠵᠦ ᠤᠭᠰᠠᠷᠠᠬᠤ᠂ ᠲᠡᠷᠭᠡ ᠵᠣᠭᠰᠤᠭᠠᠬᠤ ᠵᠡᠷᠭᠡ ᠬᠦᠴᠢᠷ | ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠵᠤ᠂ ᠰᠠᠭᠠᠳ ᠦᠭᠡᠢ ᠣᠷᠴᠢᠨ ᠲᠣᠭᠤᠷᠢᠨ᠂ ᠨᠠᠰᠤᠵᠢᠯᠳᠡ ᠳᠤ ᠲᠣᠬᠢᠷᠠᠬᠤ ᠲᠥᠬᠦᠭᠡᠷᠦᠮᠵᠢ ᠶᠢᠨ ᠪᠦᠲᠦᠭᠡᠨ | ᠪᠠᠶᠢᠭᠤᠯᠤᠯᠲᠠ ᠶᠢ ᠴᠢᠩᠭᠠᠳᠬᠠᠵᠤ᠂ ᠣᠷᠣᠰᠢᠨ ᠰᠠᠭᠤᠬᠤ ᠳᠤ ᠲᠣᠬᠢᠷᠠᠮᠵᠢᠲᠠᠢ᠂ ᠣᠶᠤᠨᠴᠢ᠂ ᠤᠶᠠᠨ ᠬᠠᠳᠠᠨ ᠴᠢᠨᠠᠷᠲᠠᠢ ᠬᠤᠲᠠ ᠶᠢ ᠴᠣᠭᠴᠠᠯᠠᠨ ᠪᠠᠶᠢᠭᠤᠯᠤᠨ᠎ᠠ᠃ | ᠰᠢᠨ᠎ᠡ ᠭᠡᠯᠪᠡᠷᠢ ᠶᠢᠨ ᠬᠤᠲᠠ ᠪᠠᠯᠭᠠᠰᠤᠵᠢᠯᠲᠠ ᠨᠢ ᠲᠠᠯ᠎ᠠ ᠪᠦᠭᠦᠨ ᠳᠤ ᠬᠥᠮᠥᠨ ᠢᠶᠠᠷ ᠦᠨᠳᠦᠰᠦ ᠪᠤᠯᠭᠠᠬᠤ ᠶᠢ ᠢᠯᠡᠷᠡᠭᠦᠯᠵᠦ᠂ ᠨᠠᠷᠢᠯᠢᠭᠵᠢᠭᠤᠯᠤᠭᠰᠠᠨ | ᠬᠠᠮᠢᠶᠠᠷᠤᠯᠲᠠ ᠪᠠ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠵᠦ᠂ ᠠᠷᠠᠳ ᠤᠯᠠᠨ ᠳᠤ ᠨᠡᠩ ᠥᠨᠳᠥᠷ ᠴᠢᠨᠠᠷ ᠴᠢᠨᠰᠠᠭ᠎ᠠ ᠪᠦᠬᠦᠢ ᠠᠮᠢᠳᠤᠷᠠᠯ ᠢ ᠡᠳ᠋ᠯᠡᠭᠦᠯᠭᠦ | ᠬᠡᠷᠡᠭᠲᠡᠢ᠃ | ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢᠨ ᠲᠦᠪᠰᠢᠨ ᠢ ᠳᠡᠭᠡᠭᠰᠢᠯᠡᠭᠦᠯᠦᠨ᠎ᠡ᠃ ᠡᠯ᠎ᠡ ᠭᠠᠵᠠᠷ ᠣᠷᠣᠨ ᠤ ᠬᠠᠷᠢᠴᠠᠭᠤᠯᠤᠭᠰᠠᠨ ᠳᠠᠪᠠᠭᠤᠯᠢᠭ ᠢ | ᠭᠦᠢᠴᠡᠳ ᠪᠠᠳᠠᠷᠠᠭᠤᠯᠵᠤ᠂ ᠪᠡᠶᠡᠴᠢ ᠴᠣᠭᠴᠠ ᠶᠢᠨ ᠴᠢᠳᠠᠮᠵᠢ ᠶᠢᠨ ᠪᠠᠶᠢᠷᠢ ᠲᠣᠭᠲᠠᠭᠠᠯᠲᠠ ᠶᠣᠰᠣᠭᠠᠷ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠳᠤ | ᠢᠳᠡᠪᠬᠢᠲᠡᠢ ᠠᠭᠤᠰᠤᠨ ᠣᠷᠣᠬᠤ ᠪᠠ ᠦᠢᠯᠡᠴᠢᠯᠡᠨ᠎ᠡ᠃ ᠪᠠᠷᠠᠭᠤᠨ ᠬᠡᠰᠡᠭ ᠤᠨ ᠭᠠᠵᠠᠷ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ᠂ ᠵᠡᠭᠦᠨ ᠬᠤᠶᠢᠲᠤ ᠣᠷᠣᠨ ᠢ | ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ᠂ ᠳᠤᠮᠳᠠ ᠬᠡᠰᠡᠭ ᠤᠨ ᠭᠠᠵᠠᠷ ᠣᠷᠣᠨ ᠢ ᠲᠦᠷᠭᠡᠯᠡᠨ ᠬᠥᠭᠵᠢᠭᠦᠯᠬᠦ᠂ ᠵᠡᠭᠦᠨ ᠬᠡᠰᠡᠭ ᠤᠨ ᠭᠠᠵᠠᠷ ᠣᠷᠣᠨ ᠤ | ᠣᠳᠣᠬᠢᠴᠢᠯᠠᠯᠲᠠ ᠶᠢ ᠲᠦᠷᠭᠡᠯᠡᠨ ᠠᠬᠢᠭᠤᠯᠬᠤ ᠵᠡᠷᠭᠡ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠵᠡᠭᠦᠨ ᠬᠤᠶᠢᠲᠤ ᠣᠷᠣᠨ ᠪᠣᠯᠣᠨ ᠳᠤᠮᠳᠠ ᠬᠡᠰᠡᠭ | ᠪᠠᠷᠠᠭᠤᠨ ᠬᠡᠰᠡᠭ ᠤᠨ ᠭᠠᠵᠠᠷ ᠣᠷᠣᠨ ᠤ ᠠᠵᠤ ᠦᠢᠯᠡᠰ ᠤᠨ ᠰᠢᠯᠵᠢᠯᠲᠡ ᠶᠢ ᠭᠥᠯᠢᠶᠡᠨ ᠠᠪᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠪᠡᠭᠡᠵᠢᠩ ᠲᠢᠶᠠᠨᠵᠢᠨ | ᠾᠧᠪᠧᠢ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠭᠤᠸᠠᠩᠳᠦ᠋ᠩ ᠰᠢᠶᠠᠩᠭᠠᠩ ᠣᠣᠮᠧᠨ ᠤ ᠲᠣᠮᠣ ᠪᠤᠯᠤᠩ ᠤᠨ ᠣᠷᠣᠨ ᠵᠡᠷᠭᠡ ᠠᠵᠤ ᠠᠬᠤᠢ ᠶᠢᠨ | ᠬᠥᠭᠵᠢᠯᠲᠡ ᠶᠢᠨ ᠳᠠᠪᠠᠭᠤᠯᠢᠭ ᠭᠠᠵᠠᠷ ᠣᠷᠣᠨ ᠤ ᠴᠢᠨᠠᠷ ᠰᠠᠶᠢᠲᠠᠢ ᠬᠥᠭᠵᠢᠯᠲᠡ ᠶᠢᠨ ᠬᠥᠳᠡᠯᠭᠡᠭᠴᠢ ᠬᠦᠴᠦᠨ ᠤ ᠡᠬᠢ ᠰᠤᠷᠪᠤᠯᠵᠢ ᠶᠢᠨ ᠦᠢᠯᠡᠳᠦᠯ ᠢᠶᠠᠨ ᠨᠡᠩ | ᠰᠠᠶᠢᠨ ᠪᠠᠳᠠᠷᠠᠭᠤᠯᠬᠤ ᠶᠢ ᠲᠡᠮᠵᠢᠨ᠎ᠠ᠃ ᠪᠡᠯᠭᠡ ᠲᠡᠮᠳᠡᠭ ᠤᠨ ᠴᠢᠨᠠᠷᠲᠠᠢ ᠲᠥᠰᠥᠯ ᠢ ᠰᠢᠶᠦ᠋ᠩ ᠠᠨ ᠰᠢᠨ᠎ᠡ ᠲᠣᠭᠤᠷᠢᠭ ᠲᠤ ᠪᠣᠳᠠᠲᠠᠢ ᠨᠠᠶᠢᠳᠠᠪᠤᠷᠢᠵᠢᠭᠤᠯᠤᠨ | ᠪᠦᠲᠦᠭᠡᠨ ᠪᠠᠶᠢᠭᠤᠯᠬᠤ ᠶᠢ ᠰᠠᠶᠢᠲᠤᠷ ᠠᠳᠬᠤᠨ᠎ᠠ᠃ ᠬᠥᠬᠡᠮᠥ᠋ᠷᠡᠨ ᠤ ᠠᠵᠤ ᠠᠬᠤᠢ ᠶᠢᠨ ᠪᠦᠰᠡ ᠶᠢᠨ ᠴᠢᠨᠠᠷ ᠰᠠᠶᠢᠲᠠᠢ ᠬᠥᠭᠵᠢᠯᠲᠡ ᠶᠢ ᠦᠷᠭᠦᠯᠵᠢᠯᠡᠨ ᠠᠬᠢᠭᠤᠯᠵᠤ | ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃ ᠬᠤᠪᠢᠰᠬᠠᠯ ᠤᠨ ᠬᠠᠭᠤᠴᠢᠨ | ᠰᠠᠭᠤᠷᠢᠨ᠂ ᠦᠨᠳᠦᠰᠦᠲᠡᠨ ᠤ ᠭᠠᠵᠠᠷ ᠣᠷᠣᠨ ᠤ ᠬᠥᠭᠵᠢᠯᠲᠡ ᠪᠠᠨ ᠲᠦᠷᠭᠡᠳᠬᠡᠬᠦ ᠶᠢ ᠳᠠᠮᠵᠢᠵᠤ᠂ ᠬᠢᠯᠢ ᠬᠢᠵᠠᠭᠠᠷ ᠣᠷᠣᠨ ᠤ ᠪᠦᠲᠦᠭᠡᠨ ᠪᠠᠶᠢᠭᠤᠯᠤᠯᠲᠠ ᠶᠢ | ᠴᠢᠩᠭᠠᠳᠬᠠᠵᠤ᠂ ᠬᠢᠯᠢ ᠬᠢᠵᠠᠭᠠᠷ ᠣᠷᠣᠨ ᠢ ᠬᠥᠭᠵᠢᠭᠦᠯᠦᠨ ᠠᠷᠠᠳ ᠢ ᠪᠠᠶᠠᠵᠢᠭᠤᠯᠬᠤ ᠠᠵᠢᠯᠯᠠᠭ᠎ᠠ ᠶᠢ ᠨᠢᠭᠡᠳᠦᠯᠲᠡᠢ ᠲᠥᠯᠥᠪᠯᠡᠨ ᠠᠬᠢᠭᠤᠯᠤᠨ᠎ᠠ᠃ ᠴᠢᠬᠤᠯᠠ ᠶᠡᠭᠡ | ᠦᠢᠯᠡᠳᠪᠦᠷᠢᠯᠡᠯ ᠤᠨ ᠬᠦᠴᠦᠨ ᠤ ᠪᠠᠶᠢᠷᠢᠯᠠᠭᠤᠯᠤᠯᠲᠠ ᠶᠢ ᠰᠢᠯᠢᠳᠡᠭᠵᠢᠭᠦᠯᠵᠦ᠂ ᠤᠯᠤᠰ ᠤᠨ ᠪᠠᠶᠢᠯᠳᠤᠬᠤ ᠪᠣᠳᠣᠯᠭ᠎ᠠ ᠶᠢᠨ ᠥᠷᠥᠴᠡ ᠭᠠᠵᠠᠷ ᠤᠨ ᠪᠦᠲᠦᠭᠡᠨ | ᠪᠠᠶᠢᠭᠤᠯᠤᠯᠲᠠ ᠶᠢ ᠴᠢᠩᠭᠠᠳᠬᠠᠨ᠎ᠠ᠃ ᠪᠡᠶᠡᠴᠢ ᠴᠣᠭᠴᠠ ᠶᠢᠨ ᠴᠢᠳᠠᠮᠵᠢᠲᠤ ᠣᠷᠣᠨ ᠢ ᠰᠢᠯᠢᠳᠡᠭᠵᠢᠭᠦᠯᠬᠦ ᠬᠡᠷᠡᠭᠵᠢᠭᠦᠯᠦᠯᠲᠡ ᠶᠢᠨ ᠲᠥᠯᠦᠪᠵᠢᠭᠦᠯᠭᠡ ᠶᠢ ᠲᠣᠭᠲᠠᠭᠠᠵᠤ | ᠂ ᠢᠵᠢ ᠪᠦᠷᠢᠳᠦᠭᠦᠯᠬᠦ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠎ᠡ᠃ ᠳᠠᠯᠠᠢ ᠲᠠᠩᠭᠢᠰ ᠤᠨ ᠠᠵᠤ ᠠᠬᠤᠢ ᠶᠢ ᠶᠡᠭᠡ ᠪᠠᠷ ᠬᠥᠭᠵᠢᠭᠦᠯᠵᠦ᠂ ᠳᠠᠯᠠᠢ ᠲᠠᠩᠭᠢᠰ ᠤᠨ | ᠬᠦᠴᠦᠷᠬᠡᠭ ᠤᠯᠤᠰ ᠢ ᠪᠦᠲᠦᠭᠡᠨ ᠪᠠᠶᠢᠭᠤᠯᠤᠨ᠎ᠠ᠃ | ︵ᠶᠢᠰᠦ︶ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠵᠤ᠂ ᠨᠣᠭᠤᠭᠠᠨ ᠪᠥᠭᠡᠳ ᠨᠡᠭᠦᠷᠡᠰᠦᠲᠥ᠋ᠷᠥᠭᠴᠢ ᠪᠠᠭᠠᠲᠠᠢ ᠬᠥᠭᠵᠢᠯᠲᠡ ᠶᠢ | ᠠᠬᠢᠭᠤᠯᠤᠨ᠎ᠠ᠃ ᠨᠣᠮᠢᠨ ᠤᠰᠤ ᠬᠥᠬᠡᠮᠳᠦᠭ ᠠᠭᠤᠯᠠ ᠪᠣᠯ ᠠᠯᠳᠠᠨ ᠠᠭᠤᠯᠠ ᠮᠥᠩᠭᠦᠨ ᠬᠠᠶᠢᠷᠬᠠᠨ ᠮᠥᠨ ᠭᠡᠬᠦ ᠣᠶᠢᠯᠠᠭᠠᠭᠳᠠᠬᠤᠨ ᠢ ᠭᠦᠨᠵᠡᠭᠡᠢ | ᠦᠢᠯᠡᠳᠦᠯᠭᠡᠵᠢᠭᠦᠯᠵᠦ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠤᠷᠠᠭᠤᠯᠬᠤ᠂ ᠪᠣᠬᠢᠷᠳᠤᠯ ᠢ ᠪᠠᠭᠠᠰᠬᠠᠬᠤ᠂ ᠨᠣᠭᠤᠭᠠᠷᠠᠭᠤᠯᠤᠯᠲᠠ ᠶᠢ ᠥᠷᠭᠡᠳᠬᠡᠬᠦ᠂ | ᠠᠵᠤ ᠠᠬᠤᠢ ᠶᠢ ᠨᠡᠮᠡᠭᠳᠡᠭᠦᠯᠬᠦ ᠶᠢ ᠬᠠᠮᠵᠢᠯᠴᠠᠭᠤᠯᠤᠨ ᠠᠬᠢᠭᠤᠯᠵᠤ᠂ ᠬᠥᠮᠥᠨ ᠬᠢᠭᠡᠳ ᠪᠠᠶᠢᠭᠠᠯᠢ ᠡᠶ᠎ᠡ ᠵᠣᠬᠢᠴᠠᠯ ᠲᠠᠢ ᠪᠠᠷ ᠬᠠᠮᠲᠤ ᠣᠷᠣᠰᠢᠬᠤ ᠦᠵᠡᠰᠬᠦᠯᠡᠩᠲᠦ | ᠰᠠᠶᠢᠬᠠᠨ ᠳᠤᠮᠳᠠᠳᠤ ᠤᠯᠤᠰ ᠢ ᠪᠦᠲᠦᠭᠡᠨ ᠪᠠᠶᠢᠭᠤᠯᠤᠨ᠎ᠠ᠃ | ᠠᠮᠢ ᠠᠬᠤᠢ ᠶᠢᠨ ᠣᠷᠴᠢᠨ ᠨᠥᠬᠦᠴᠡᠯ ᠢ ᠶᠡᠷᠦᠩᠬᠡᠶᠢᠯᠡᠨ ᠵᠠᠰᠠᠬᠤ ᠶᠢ ᠠᠬᠢᠭᠤᠯᠤᠨ᠎ᠠ᠃ ᠠᠭᠠᠷ ᠤᠨ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠬᠤ | ᠠᠵᠢᠯᠯᠠᠭᠠᠨ ᠤ ᠲᠥᠯᠥᠪᠯᠡᠭᠡ ᠶᠢ ᠭᠦᠨᠵᠡᠭᠡᠢ ᠨᠠᠶᠢᠳᠠᠪᠤᠷᠢᠵᠢᠭᠤᠯᠵᠤ᠂ ᠤᠰᠤᠨ ᠤ ᠡᠬᠢ ᠪᠠᠶᠠᠯᠢᠭ᠂ ᠤᠰᠤᠨ ᠤ ᠣᠷᠴᠢᠨ ᠠᠬᠤᠢ᠂ ᠤᠰᠤᠨ ᠤ ᠠᠮᠢ ᠠᠬᠤᠢ ᠶᠢᠨ | ᠵᠠᠰᠠᠯᠲᠠ ᠶᠢ ᠨᠢᠭᠡᠳᠦᠯᠲᠡᠢ ᠲᠥᠯᠥᠪᠯᠡᠵᠦ᠂ ᠬᠥᠷᠥᠰᠥ ᠰᠢᠷᠣᠢ ᠶᠢᠨ ᠪᠣᠬᠢᠷᠳᠤᠯ ᠢ ᠡᠬᠢ ᠡᠭᠦᠰᠦᠯ ᠠᠴᠠ ᠨᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠬᠠᠲᠠᠭᠤ | ᠪᠡᠶᠡᠲᠦ ᠬᠠᠶᠠᠭᠳᠠᠮᠠᠯ ᠪᠣᠳᠠᠰ᠂ ᠰᠢᠨ᠎ᠡ ᠪᠣᠬᠢᠷᠲᠤᠭᠤᠯᠬᠤ ᠪᠣᠳᠠᠰ᠂ ᠰᠦᠯᠢᠶᠥᠦ ᠶᠢᠨ ᠪᠣᠬᠢᠷᠳᠤᠯ ᠢ ᠵᠠᠰᠠᠬᠤ ᠠᠵᠢᠯ ᠢ ᠴᠢᠩᠭᠠᠳᠬᠠᠨ᠎ᠠ᠃ ᠠᠭᠤᠯᠠ ᠤᠰᠤ ᠤᠢ | ᠰᠢᠭᠤᠢ ᠲᠠᠷᠢᠶᠠᠨ ᠭᠠᠵᠠᠷ ᠨᠠᠭᠤᠷ ᠲᠣᠭᠤᠷᠢᠮ ᠡᠪᠡᠰᠦ ᠪᠡᠯᠴᠢᠭᠡᠷ ᠡᠯᠡᠰᠦ ᠮᠠᠩᠬ᠎ᠠ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ | ᠪᠠᠷᠢᠮᠲᠠᠯᠠᠵᠤ᠂ ᠠᠮᠢ ᠠᠬᠤᠢ ᠶᠢᠨ ᠣᠷᠴᠢᠨ ᠨᠥᠬᠦᠴᠡᠯ ᠢ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠶᠢ ᠴᠢᠩᠭᠠᠳᠬᠠᠨ᠎ᠠ᠃ ︽ᠭᠤᠷᠪᠠᠨ ᠤᠮᠠᠷᠠᠲᠤ︾ ᠶᠢᠨ | ᠢᠨᠵᠧᠨᠧᠷᠢᠩ ᠤᠨ ᠪᠡᠯᠭᠡ ᠲᠡᠮᠳᠡᠭ ᠤᠨ ᠴᠢᠨᠠᠷᠲᠠᠢ ᠭᠤᠷᠪᠠᠨ ᠶᠡᠭᠡ ᠳᠠᠶᠢᠨ ᠢ ᠵᠣᠬᠢᠶᠠᠨ ᠪᠠᠶᠢᠭᠤᠯᠤᠨ ᠰᠠᠶᠢᠲᠤᠷ ᠬᠢᠵᠦ᠂ ᠤᠯᠤᠰ ᠤᠨ ᠴᠡᠴᠡᠷᠯᠢᠭ ᠢᠶᠠᠷ ᠭᠤᠣᠯ | ᠴᠣᠭᠴᠠ ᠪᠤᠯᠭᠠᠬᠰᠠᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠴᠢᠬᠤᠯᠠ ᠭᠤᠣᠯ ᠮᠥᠷᠡᠨ ᠨᠠᠭᠤᠷ | ᠴᠥᠭᠦᠷᠥᠮ ᠤᠨ ᠠᠮᠢ ᠠᠬᠤᠢ ᠶᠢ ᠬᠠᠮᠠᠭᠠᠯᠠᠨ ᠵᠠᠰᠠᠬᠤ ᠶᠢ ᠴᠢᠩᠭᠠᠳᠬᠠᠨ᠎ᠠ᠃ ᠬᠥᠬᠡᠮᠥ᠋ᠷᠡᠨ ᠳᠤ ᠵᠢᠭᠠᠰᠤ ᠠᠩᠨᠠᠬᠤ ᠶᠢ ᠠᠷᠪᠠᠨ ᠵᠢᠯ ᠴᠠᠭᠠᠵᠠᠯᠠᠬᠤ ᠶᠢ ᠦᠷᠭᠦᠯᠵᠢᠯᠡᠨ | ᠠᠬᠢᠭᠤᠯᠤᠨ᠎ᠠ᠃ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠢ ᠬᠠᠮᠠᠭᠠᠯᠠᠬᠤ ᠴᠢᠬᠤᠯᠠ ᠶᠡᠭᠡ ᠢᠨᠵᠧᠨᠧᠷᠢᠩ ᠢ ᠬᠡᠷᠡᠭᠵᠢᠭᠦᠯᠦᠨ᠎ᠡ᠃ ᠠᠮᠢ ᠠᠬᠤᠢ ᠶᠢᠨ | ᠪᠦᠲᠦᠭᠡᠭᠳᠡᠬᠦᠨ ᠤ ᠥᠷᠲᠡᠭ ᠢ ᠪᠡᠶᠡᠯᠡᠭᠦᠯᠬᠦ ᠲᠣᠭᠲᠠᠴᠠ ᠶᠢ ᠲᠡᠭᠦᠯᠳᠡᠷᠵᠢᠭᠦᠯᠵᠦ᠂ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠶᠢᠨ ᠳᠦᠷᠢᠮ ᠢ | ᠪᠦᠷᠢᠨᠰᠢᠭᠦᠯᠦᠨ᠂ ᠡᠯ᠎ᠡ ᠲᠠᠯ᠎ᠠ ᠶᠢᠨ ᠬᠢᠨ ᠤ ᠠᠮᠢ ᠠᠬᠤᠢ ᠶᠢᠨ ᠣᠷᠴᠢᠨ ᠨᠥᠬᠦᠴᠡᠯ ᠢ ᠬᠠᠮᠠᠭᠠᠯᠠᠨ ᠰᠠᠶᠢᠵᠢᠷᠠᠭᠤᠯᠬᠤ ᠢᠳᠡᠪᠬᠢᠵᠢᠯ ᠢ ᠭᠦᠢᠴᠡᠳ ᠳᠠᠶᠢᠴᠢᠯᠠᠨ᠎ᠠ᠃ | ᠨᠣᠭᠤᠭᠠᠨ ᠪᠥᠭᠡᠳ ᠨᠡᠭᠦᠷᠡᠰᠦᠲᠥ᠋ᠷᠥᠭᠴᠢ ᠪᠠᠭᠠᠲᠠᠢ ᠠᠵᠤ ᠠᠬᠤᠢ ᠶᠢ ᠶᠡᠭᠡ ᠪᠠᠷ ᠬᠥᠭᠵᠢᠭᠦᠯᠦᠨ᠎ᠡ᠃ ᠠᠵᠤ ᠦᠢᠯᠡᠰ ᠤᠨ ᠪᠦᠲᠦᠴᠡ᠂ ᠡᠨᠧᠷᠭᠢ ᠶᠢᠨ | ᠰᠤᠷᠪᠤᠯᠵᠢ ᠶᠢᠨ ᠪᠦᠲᠦᠴᠡ᠂ ᠵᠠᠮ ᠲᠡᠭᠡᠭᠡᠪᠦᠷᠢ ᠶᠢᠨ ᠪᠦᠲᠦᠴᠡ᠂ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠪᠠ ᠬᠥᠭᠵᠢᠯᠲᠡ ᠶᠢᠨ ᠭᠡᠯᠪᠡᠷᠢ ᠶᠢᠨ ᠨᠣᠭᠤᠭᠠᠨ | ᠬᠤᠪᠢᠷᠠᠭᠤᠯᠤᠯᠲᠠ ᠶᠢ ᠠᠬᠢᠭᠤᠯᠤᠨ᠎ᠠ᠃ ᠪᠦᠭᠦ ᠲᠠᠯ᠎ᠠ ᠪᠠᠷ ᠭᠠᠮᠨᠠᠨ ᠠᠷᠪᠢᠯᠠᠬᠤ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ ᠭᠤᠣᠯᠳᠠᠯᠭ᠎ᠠ ᠲᠠᠢ | ᠬᠦᠷᠢᠶᠡᠨ ᠳᠠᠬᠢ ᠡᠨᠧᠷᠭᠢ ᠠᠷᠪᠢᠯᠠᠬᠤ ᠤᠰᠤ ᠠᠷᠪᠢᠯᠠᠬᠤ ᠥᠭᠡᠷᠡᠴᠢᠯᠡᠯᠲᠡ ᠶᠢ ᠲᠦᠷᠭᠡᠳᠬᠡᠨ᠎ᠡ᠃ ᠨᠣᠭᠤᠭᠠᠨ ᠬᠥᠭᠵᠢᠯᠲᠡ ᠶᠢ ᠳᠡᠮᠵᠢᠬᠦ ᠡᠳ᠋ ᠤᠨ ᠵᠠᠰᠠᠭ ᠭᠠᠶᠢᠯᠢ᠂ | ᠮᠥᠩᠭᠦᠨ ᠭᠦᠢᠯᠭᠡᠭᠡ᠂ ᠪᠡᠯᠡ ᠣᠷᠤᠭᠤᠯᠤᠯᠲᠠ᠂ ᠦᠨ᠎ᠡ ᠬᠠᠩᠰᠢ ᠶᠢᠨ ᠲᠥᠷᠥ ᠶᠢᠨ ᠪᠣᠳᠣᠯᠭ᠎ᠠ ᠪᠣᠯᠣᠨ ᠬᠤᠯᠪᠣᠭᠳᠠᠯ ᠪᠦᠬᠦᠢ ᠵᠠᠬ᠎ᠠ ᠳᠡᠯᠭᠡᠭᠦᠷᠴᠢᠯᠡᠭᠰᠡᠨ | ᠲᠣᠭᠲᠠᠴᠠ ᠶᠢ ᠲᠡᠭᠦᠯᠳᠡᠷᠵᠢᠭᠦᠯᠵᠦ᠂ ᠬᠠᠶᠠᠭᠳᠠᠮᠠᠯ ᠪᠣᠳᠠᠰ ᠢ ᠣᠷᠴᠢᠯᠳᠤᠭᠤᠯᠤᠨ ᠠᠰᠢᠭᠯᠠᠬᠤ ᠠᠵᠤ ᠦᠢᠯᠡᠰ ᠤᠨ ᠬᠥᠭᠵᠢᠯᠲᠡ ᠶᠢ ᠳᠡᠮᠵᠢᠵᠦ᠂ ᠡᠨᠧᠷᠭᠢ ᠠᠷᠪᠢᠯᠠᠨ | ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠤᠷᠠᠭᠤᠯᠬᠤ ᠲᠡᠷᠢᠭᠦᠨ ᠤ ᠮᠡᠷᠭᠡᠵᠢᠯ ᠢ ᠰᠤᠳᠤᠯᠤᠨ ᠨᠡᠭᠡᠭᠡᠵᠦ ᠬᠡᠷᠡᠭᠯᠡᠬᠦ ᠶᠢ ᠠᠬᠢᠭᠤᠯᠵᠤ᠂ ᠨᠣᠭᠤᠭᠠᠨ | ᠪᠥᠭᠡᠳ ᠨᠡᠭᠦᠷᠡᠰᠦᠲᠥ᠋ᠷᠥᠭᠴᠢ ᠪᠠᠭᠠᠲᠠᠢ ᠬᠠᠩᠭᠠᠯᠭ᠎ᠠ ᠶᠢᠨ ᠬᠡᠯᠬᠢᠶ᠎ᠡ ᠶᠢ ᠲᠦᠷᠭᠡᠯᠡᠨ ᠪᠤᠢ ᠪᠣᠯᠭᠠᠨ᠎ᠠ᠃ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ | ᠲᠦᠷᠦᠭᠦᠯᠡᠬᠦ ᠣᠷᠣᠨ ᠢ ᠪᠦᠲᠦᠭᠡᠨ ᠪᠠᠶᠢᠭᠤᠯᠵᠤ᠂ ᠨᠣᠭᠤᠭᠠᠨ ᠪᠥᠭᠡᠳ ᠨᠡᠭᠦᠷᠡᠰᠦᠲᠥ᠋ᠷᠥᠭᠴᠢ ᠪᠠᠭᠠᠲᠠᠢ ᠬᠥᠭᠵᠢᠯᠲᠡ ᠶᠢᠨ ᠥᠨᠳᠦᠷᠯᠢᠭ ᠭᠠᠵᠠᠷ ᠢ ᠪᠤᠢ ᠪᠣᠯᠭᠠᠨ᠎ᠠ᠃ | ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢ ᠣᠷᠭᠢᠯ ᠬᠡᠮᠵᠢᠭᠳᠡᠯ ᠳᠤᠨᠢ ᠬᠦᠷᠭᠡᠬᠦ᠂ ᠨᠡᠭᠦᠷᠡᠰᠦᠲᠥ᠋ᠷᠥᠭᠴᠢ ᠶᠢᠨ ᠳᠠᠪᠬᠤᠷ | ᠢᠰᠦᠯ ᠤᠨ ᠭᠠᠳᠠᠭᠰᠢᠯᠠᠭᠤᠯᠤᠯᠲᠠ ᠶᠢ ᠰᠠᠭᠠᠷᠮᠠᠭᠵᠢᠭᠤᠯᠬᠤ ᠶᠢ ᠢᠳᠡᠪᠬᠢᠲᠡᠢ ᠪᠥᠭᠡᠳ ᠯᠠᠪᠳᠠᠭᠤᠨ ᠢᠶᠠᠷ ᠠᠬᠢᠭᠤᠯᠤᠨ᠎ᠠ᠃ ︽ᠨᠡᠭᠦᠷᠡᠰᠦᠲᠥ᠋ᠷᠥᠭᠴᠢ ᠶᠢᠨ ᠳᠠᠪᠬᠤᠷ | ᠢᠰᠦᠯ ᠤᠨ ᠭᠠᠳᠠᠭᠰᠢᠯᠠᠭᠤᠯᠤᠯᠲᠠ ᠶᠢ ᠣᠷᠭᠢᠯ ᠬᠡᠮᠵᠢᠭᠳᠡᠯ ᠳᠤᠨᠢ ᠬᠦᠷᠭᠡᠬᠦ ᠠᠷᠪᠠᠨ ᠶᠡᠭᠡ ᠠᠵᠢᠯᠯᠠᠭ᠎ᠠ︾ ᠶᠢ ᠯᠠᠪᠳᠠᠭᠤᠨ ᠪᠠᠲᠤᠲᠠᠢ ᠥᠷᠨᠢᠭᠦᠯᠦᠨ᠎ᠡ᠃ | ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢ ᠪᠦᠷᠢᠳᠬᠡᠬᠦ ᠬᠢᠨᠠᠨ ᠪᠤᠳᠤᠬᠤ ᠬᠠᠷᠭᠤᠭᠤᠯᠤᠨ ᠪᠠᠶᠢᠴᠠᠭᠠᠬᠤ ᠴᠢᠳᠠᠪᠤᠷᠢ ᠶᠢ | ᠳᠡᠭᠡᠭᠰᠢᠯᠡᠭᠦᠯᠦᠨ᠂ ᠨᠡᠭᠦᠷᠡᠰᠦᠲᠥ᠋ᠷᠥᠭᠴᠢ ᠶᠢᠨ ᠤᠯᠠ ᠮᠥᠷ ᠤᠨ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠵᠤ᠂ ᠪᠦᠭᠦ ᠤᠯᠤᠰ ᠤᠨ ᠨᠡᠭᠦᠷᠡᠰᠦᠲᠥ᠋ᠷᠥᠭᠴᠢ ᠶᠢᠨ | ᠵᠠᠬ᠎ᠠ ᠳᠡᠯᠭᠡᠭᠦᠷ ᠤᠨ ᠠᠵᠢᠯ ᠲᠦᠷᠦᠯ ᠤᠨ ᠬᠠᠮᠤᠷᠬᠤ ᠬᠡᠪᠴᠢᠶ᠎ᠡ ᠶᠢ ᠥᠷᠭᠡᠳᠬᠡᠨ᠎ᠡ᠃ ᠡᠨᠧᠷᠭᠢ ᠶᠢᠨ ᠰᠤᠷᠪᠤᠯᠵᠢ ᠶᠢᠨ ᠬᠤᠪᠢᠰᠬᠠᠯ ᠢ ᠭᠦᠨᠵᠡᠭᠡᠢ ᠠᠬᠢᠭᠤᠯᠵᠤ᠂ | ᠴᠢᠯᠠᠭᠤᠵᠢᠮᠠᠯ ᠡᠨᠧᠷᠭᠢ ᠶᠢᠨ ᠰᠤᠷᠪᠤᠯᠵᠢ ᠶᠢᠨ ᠬᠡᠷᠡᠭᠯᠡᠭᠡ ᠶᠢ ᠬᠢᠵᠠᠭᠠᠷᠯᠠᠵᠤ᠂ ᠰᠢᠨ᠎ᠡ ᠭᠡᠯᠪᠡᠷᠢ ᠶᠢᠨ ᠡᠨᠧᠷᠭᠢ ᠶᠢᠨ ᠰᠤᠷᠪᠤᠯᠵᠢ ᠶᠢᠨ ᠰᠢᠰᠲ᠋ᠧᠮ ᠢ ᠲᠦᠷᠭᠡᠯᠡᠨ | ᠪᠠᠶᠢᠭᠤᠯᠤᠨ᠎ᠠ᠃ ᠰᠠᠯᠬᠢᠨ ᠬᠦᠴᠦᠨ ᠪᠠ ᠭᠡᠷᠡᠯ ᠢᠶᠠᠷ ᠴᠠᠭᠢᠯᠭᠠᠨ ᠭᠠᠷᠭᠠᠬᠤ ᠲᠣᠮᠣ ᠭᠡᠯᠪᠡᠷᠢ ᠶᠢᠨ ᠰᠠᠭᠤᠷᠢᠨ ᠭᠠᠵᠠᠷ ᠪᠣᠯᠣᠨ ᠭᠠᠳᠠᠭᠰᠢ ᠬᠦᠷᠭᠡᠬᠦ ᠵᠠᠮ ᠤᠨ | ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠲᠠᠷᠬᠠᠮᠠᠯ ᠮᠠᠶ᠋ᠢᠭ ᠤᠨ ᠡᠨᠧᠷᠭᠢ ᠶᠢᠨ ᠰᠤᠷᠪᠤᠯᠵᠢ ᠶᠢᠨ ᠨᠡᠭᠡᠭᠡᠨ ᠬᠥᠭᠵᠢᠭᠦᠯᠦᠯᠲᠡ ᠠᠰᠢᠭᠯᠠᠯᠲᠠ ᠶᠢ ᠠᠬᠢᠭᠤᠯᠵᠤ᠂ | ᠴᠠᠭᠢᠯᠭᠠᠨ ᠲᠣᠣᠷ ᠤᠨ ᠡᠨᠧᠷᠭᠢ ᠶᠢ ᠴᠡᠪᠡᠷᠰᠢᠭᠦᠯᠬᠦ ᠶᠢ ᠭᠥᠯᠢᠶᠡᠨ ᠠᠪᠬᠤ᠂ ᠲᠣᠬᠢᠷᠠᠭᠤᠯᠬᠤ ᠪᠠ ᠡᠵᠡᠮᠳᠡᠬᠦ ᠴᠢᠳᠠᠪᠤᠷᠢ ᠶᠢ ᠲᠡᠭᠡᠭᠰᠢᠯᠡᠭᠦᠯᠵᠤ᠂ ᠰᠢᠨ᠎ᠡ ᠭᠡᠯᠪᠡᠷᠢ ᠶᠢᠨ | ᠨᠥᠭᠡᠴᠡ ᠡᠨᠧᠷᠭᠢ ᠶᠢ ᠬᠥᠭᠵᠢᠭᠦᠯᠦᠨ᠂ ᠨᠣᠭᠤᠭᠠᠨ ᠴᠠᠭᠢᠯᠭᠠᠨ ᠢ ᠬᠡᠷᠡᠭᠯᠡᠬᠦ ᠪᠠ ᠣᠯᠠᠨ ᠤᠯᠤᠰ ᠤᠨ ᠬᠤᠭᠤᠷᠣᠨᠳᠤ ᠬᠠᠷᠢᠯᠴᠠᠨ ᠮᠡᠳᠡᠷᠡᠬᠦ ᠶᠢ ᠠᠬᠢᠭᠤᠯᠵᠤ᠂ | ᠨᠡᠭᠦᠷᠡᠰᠦ᠂ ᠨᠡᠭᠦᠷᠡᠰᠦᠨ ᠴᠠᠭᠢᠯᠭᠠᠨ ᠤ ᠦᠨᠳᠦᠰᠦᠨ ᠵᠦᠢᠯ ᠢ ᠪᠠᠲᠤᠯᠠᠬᠤ ᠦᠢᠯᠡᠳᠦᠯ ᠢ ᠪᠠᠳᠠᠷᠠᠭᠤᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠨᠧᠷᠭᠢ | ᠬᠡᠷᠡᠭᠯᠡᠬᠦ ᠬᠡᠷᠡᠭᠴᠡᠭᠡ ᠶᠢ ᠦᠨᠡᠨ ᠬᠦ ᠪᠠᠲᠤᠯᠠᠨ᠎ᠠ᠃ | ︵ᠠᠷᠪᠠ︶ ᠠᠷᠠᠳ ᠤᠨ ᠠᠮᠢᠳᠤᠷᠠᠯ ᠢ ᠦᠨᠡᠨ ᠬᠦ ᠪᠠᠲᠤᠯᠠᠨ ᠰᠠᠶᠢᠵᠢᠷᠠᠭᠤᠯᠵᠤ᠂ ᠨᠡᠶᠢᠭᠡᠮ ᠤᠨ ᠵᠠᠰᠠᠯᠲᠠ ᠶᠢ ᠴᠢᠩᠭᠠᠳᠬᠠᠵᠤ ᠨᠡᠶᠢᠭᠡᠮ ᠤᠨ ᠵᠠᠰᠠᠯᠲᠠ ᠶᠢᠨ | ᠰᠢᠨ᠎ᠡ ᠶᠢ ᠡᠭᠦᠳᠦᠨ᠎ᠡ᠃ ᠠᠷᠠᠳ ᠲᠦᠮᠡᠨ ᠢᠶᠠᠷ ᠭᠤᠣᠯ ᠪᠤᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠦᠨᠳᠦᠰᠦᠨ ᠵᠦᠢᠯ ᠢ ᠪᠠᠲᠤᠯᠠᠬᠤ᠂ | ᠬᠢᠵᠠᠭᠠᠷ ᠱᠤᠭᠤᠮ ᠢ ᠰᠠᠬᠢᠬᠤ ᠲᠤᠰᠢᠶᠠᠯ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠵᠦ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠪᠠ ᠠᠷᠠᠳ ᠤᠨ | ᠰᠡᠳᠬᠢᠯ ᠢ ᠳᠤᠯᠠᠭᠠᠴᠠᠭᠤᠯᠬᠤ ᠨᠡᠩ ᠣᠯᠠᠨ ᠠᠷᠭ᠎ᠠ ᠬᠡᠮᠵᠢᠶ᠎ᠡ ᠶᠢ ᠠᠪᠴᠤ᠂ ᠬᠠᠮᠲᠤ ᠪᠠᠷ ᠪᠠᠶᠠᠵᠢᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠨᠡᠶᠢᠭᠡᠮ ᠤᠨ ᠡᠶ᠎ᠡ | ᠵᠣᠬᠢᠴᠠᠯ ᠪᠠ ᠲᠣᠭᠲᠠᠭᠤᠨ ᠪᠠᠶᠢᠳᠠᠯ ᠢ ᠠᠬᠢᠭᠤᠯᠵᠤ᠂ ᠠᠷᠠᠳ ᠣᠯᠠᠨ ᠤ ᠠᠰᠢᠭ ᠭᠥᠷᠳᠡᠭᠰᠡᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ | ᠲᠥᠷᠥᠭᠳᠡᠯ ᠢ ᠲᠠᠰᠤᠷᠠᠯᠲᠠ ᠦᠭᠡᠢ ᠨᠡᠮᠡᠭᠳᠡᠭᠦᠯᠦᠨ᠎ᠡ᠃ | ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠠᠵᠢᠯ ᠣᠯᠭᠤᠯᠲᠠ ᠶᠢ ᠲᠣᠭᠲᠠᠭᠤᠨ ᠪᠠᠶᠢᠯᠭᠠᠵᠤ ᠣᠷᠣᠯᠭ᠎ᠠ ᠶᠢᠨ ᠨᠡᠮᠡᠭᠳᠡᠯ ᠢ ᠠᠬᠢᠭᠤᠯᠤᠨ᠎ᠠ᠃ | ᠠᠵᠢᠯ ᠣᠯᠭᠤᠯᠲᠠ ᠪᠣᠯ ᠬᠠᠮᠤᠭ ᠤᠨ ᠦᠨᠳᠦᠰᠦᠨ ᠠᠷᠠᠳ ᠤᠨ ᠠᠮᠢᠳᠤᠷᠠᠯ ᠮᠥᠨ᠃ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠤᠳᠤᠷᠢᠳᠤᠮᠵᠢ ᠶᠢ ᠨᠠᠩ | ᠳᠣᠪᠤᠶᠢᠯᠭᠠᠵᠤ᠂ ᠡᠳ᠋ ᠤᠨ ᠵᠠᠰᠠᠭ ᠭᠠᠶᠢᠯᠢ᠂ ᠮᠥᠩᠭᠦᠨ ᠭᠦᠢᠯᠭᠡᠭᠡ ᠵᠡᠷᠭᠡ ᠲᠥᠷᠥ ᠶᠢᠨ ᠪᠣᠳᠣᠯᠭ᠎ᠠ ᠶᠢᠨ ᠠᠵᠢᠯ ᠣᠯᠭᠤᠯᠲᠠ ᠶᠢ ᠲᠣᠭᠲᠠᠭᠤᠨ ᠪᠠᠶᠢᠯᠭᠠᠬᠤ ᠳᠤ | ᠦᠵᠡᠭᠦᠯᠭᠦ ᠳᠡᠮᠵᠢᠯᠭᠡ ᠶᠢ ᠴᠢᠩᠭᠠᠳᠬᠠᠨ᠂ ᠠᠵᠢᠯ ᠣᠯᠭᠤᠯᠲᠠ ᠶᠢ ᠠᠬᠢᠭᠤᠯᠬᠤ ᠲᠤᠰᠬᠠᠢ ᠲᠥᠷᠥ ᠶᠢᠨ ᠪᠣᠳᠣᠯᠭ᠎ᠠ ᠶᠢᠨ ᠡᠷᠴᠢᠮ ᠢ ᠴᠢᠩᠭᠠᠳᠬᠠᠨ᠎ᠠ᠃ ᠠᠵᠢᠯ ᠤᠨ | ᠪᠠᠶᠢᠷᠢ ᠶᠢ ᠲᠣᠭᠲᠠᠪᠤᠷᠢᠵᠢᠭᠤᠯᠬᠤ ᠪᠤᠴᠠᠭᠠᠯᠲᠠ᠂ ᠲᠤᠰᠬᠠᠢ ᠵᠢᠭᠡᠯᠡᠯᠭᠡ᠂ ᠠᠵᠢᠯ ᠣᠯᠭᠤᠯᠲᠠ ᠪᠠ ᠨᠡᠶᠢᠭᠡᠮ ᠤᠨ ᠳᠠᠭᠠᠳᠬᠠᠯ ᠤᠨ ᠨᠥᠬᠦᠪᠦᠷᠢ ᠵᠡᠷᠭᠡ ᠲᠥᠷᠥ ᠶᠢᠨ | ᠪᠣᠳᠣᠯᠭ᠎ᠠ ᠶᠢ ᠨᠠᠶᠢᠳᠠᠪᠤᠷᠢᠵᠢᠭᠤᠯᠤᠨ ᠲᠡᠭᠦᠯᠳᠡᠷᠵᠢᠭᠦᠯᠵᠦ᠂ ᠠᠵᠢᠯ ᠣᠯᠭᠤᠯᠲᠠ ᠶᠢᠨ ᠪᠠᠭᠲᠠᠭᠠᠮᠵᠢ ᠪᠠᠷ ᠶᠡᠭᠡ ᠠᠵᠢᠯ ᠲᠦᠷᠦᠯ ᠠᠵᠤ ᠠᠬᠤᠶᠢᠯᠠᠯ ᠢ ᠳᠡᠮᠵᠢᠬᠦ ᠪᠠᠨ | ᠴᠢᠩᠭᠠᠳᠬᠠᠨ᠎ᠠ᠃ ᠵᠢᠱᠢᠯᠲᠡ ᠪᠠᠷ ᠡᠨᠡ ᠵᠢᠯ ᠶᠡᠭᠡ ᠳᠡᠭᠡᠳᠦ ᠰᠤᠷᠭᠠᠭᠤᠯᠢ ᠲᠡᠭᠦᠰᠬᠦ ᠰᠤᠷᠤᠬᠴᠢ 1170 ᠲᠦᠮᠡ ᠭᠠᠷᠤᠢ ᠬᠥᠮᠥᠨ ᠪᠤᠢ᠂ ᠵᠠᠯᠠᠭᠤᠴᠤᠳ ᠤᠨ ᠠᠵᠢᠯ | ᠣᠯᠭᠤᠯᠲᠠ ᠶᠢ ᠠᠬᠢᠭᠤᠯᠬᠤ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠴᠢᠩᠭᠠᠳᠬᠠᠵᠤ᠂ ᠠᠵᠢᠯ ᠣᠯᠵᠤ ᠦᠢᠯᠡᠰ ᠴᠣᠭᠴᠠᠯᠠᠬᠤ ᠶᠢᠨ ᠵᠢᠯᠣᠭᠤᠳᠤᠯᠭ᠎ᠠ | ᠦᠢᠯᠡᠴᠢᠯᠡᠭᠡ ᠶᠢ ᠰᠢᠯᠢᠳᠡᠭᠵᠢᠭᠦᠯᠬᠦ ᠬᠡᠷᠡᠭᠲᠡᠢ᠃ ᠴᠡᠷᠢᠭ ᠤᠨ ᠠᠯᠪᠠ ᠠᠴᠠ ᠪᠠᠭᠤᠭᠰᠠᠳ ᠲᠤ ᠠᠵᠢᠯ ᠣᠯᠭᠤᠵᠤ ᠲᠣᠬᠢᠷᠠᠭᠤᠯᠬᠤ ᠠᠵᠢᠯ ᠢ ᠯᠠᠪᠳᠠᠭᠤᠨ ᠪᠠᠲᠤᠲᠠᠢ | ᠰᠠᠶᠢᠲᠤᠷ ᠬᠢᠵᠦ᠂ ᠬᠥᠯᠥᠰᠦᠨ ᠠᠵᠢᠯᠴᠢᠳ ᠲᠤ ᠠᠵᠢᠯ ᠣᠯᠭᠤᠬᠤ ᠠᠵᠢᠯ ᠢ ᠢᠳᠡᠪᠬᠢᠲᠡᠢ ᠠᠬᠢᠭᠤᠯᠵᠤ᠂ ᠵᠡᠮᠳᠡᠭᠴᠦᠳ ᠵᠡᠷᠭᠡ ᠠᠵᠢᠯ ᠣᠯᠬᠤ ᠳᠤ ᠬᠦᠴᠢᠷᠲᠡᠢ | ᠬᠥᠮᠥᠰ ᠢ ᠬᠠᠪᠰᠤᠷᠤᠨ ᠲᠡᠳᠬᠦᠬᠦ ᠪᠠᠨ ᠴᠢᠩᠭᠠᠳᠬᠠᠨ᠎ᠠ᠃ ᠠᠮᠢᠳᠤᠯᠢᠭ ᠢᠶᠠᠷ ᠠᠵᠢᠯ ᠣᠯᠬᠤ ᠦᠢᠯᠡᠴᠢᠯᠡᠭᠡᠨ ᠤ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠲᠦᠷᠦᠯ | ᠬᠤᠪᠢᠶᠠᠨ ᠲᠡᠭᠦᠯᠳᠡᠷᠵᠢᠭᠦᠯᠵᠦ᠂ ᠰᠢᠨ᠎ᠡ ᠭᠡᠯᠪᠡᠷᠢ ᠪᠠᠶᠢᠳᠠᠯ ᠢᠶᠠᠷ ᠠᠵᠢᠯ ᠣᠯᠣᠭᠰᠠᠳ ᠤᠨ ᠠᠵᠢᠯ ᠮᠡᠷᠭᠡᠵᠢᠯ ᠤᠨ ᠭᠡᠮᠲᠦᠯ ᠤᠨ ᠪᠠᠲᠤᠯᠠᠭ᠎ᠠ ᠶᠢᠨ ᠲᠤᠷᠰᠢᠯᠲᠠ ᠶᠢ | ᠥᠷᠭᠡᠳᠬᠡᠨ᠎ᠡ᠃ ᠴᠢᠨᠠᠷ ᠤᠨ ᠢᠯᠭᠠᠯ᠂ ᠨᠠᠰᠤ ᠵᠢᠯ᠂ ᠰᠤᠷᠤᠯᠭ᠎ᠠ ᠶᠢᠨ ᠨᠠᠮᠲᠠᠷ ᠵᠡᠷᠭᠡ ᠠᠵᠢᠯ ᠣᠯᠭᠤᠯᠲᠠ ᠶᠢᠨ ᠭᠠᠳᠠᠭᠤᠷᠴᠢᠯᠠᠯ ᠢ ᠡᠷᠡᠰ ᠵᠠᠯᠠᠷᠠᠭᠤᠯᠵᠤ᠂ | ᠬᠥᠯᠥᠰᠦᠨ ᠠᠵᠢᠯᠴᠢᠳ ᠤᠨ ᠴᠠᠯᠢᠩ ᠢ ᠥᠭᠬᠦ ᠶᠢ ᠪᠠᠲᠤᠯᠠᠵᠤ᠂ ᠭᠦᠳᠡᠯᠮᠦᠷᠢ ᠶᠢᠨ ᠬᠠᠷᠢᠴᠠᠭ᠎ᠠ ᠶᠢ ᠵᠥᠪᠳᠡᠯᠴᠡᠨ ᠵᠣᠬᠢᠴᠠᠭᠤᠯᠬᠤ ᠲᠣᠭᠲᠠᠴᠠ ᠶᠢ ᠲᠡᠭᠦᠯᠳᠡᠷᠵᠢᠭᠦᠯᠦᠨ | ᠂ ᠬᠥᠳᠡᠯᠮᠦᠷᠢᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ᠃ ᠲᠡᠷᠢᠭᠦᠨ ᠤ ᠦᠢᠯᠡᠳᠬᠦ ᠦᠢᠯᠡᠰ᠂ ᠣᠲᠣ ᠦᠶ᠎ᠡ ᠶᠢᠨ ᠦᠢᠯᠡᠴᠢᠯᠡᠭᠡ᠂ | ᠨᠠᠰᠤᠵᠢᠯ ᠤᠨ ᠠᠰᠠᠷᠠᠮᠵᠢ ᠬᠠᠷᠠᠭᠠᠯᠵᠠᠯ ᠵᠡᠷᠭᠡ ᠬᠦᠷᠢᠶᠡᠨ ᠳᠠᠬᠢ ᠴᠢᠳᠠᠪᠤᠷᠢᠲᠠᠨ ᠤ ᠬᠡᠷᠡᠭᠴᠡᠭᠡ ᠳᠤ ᠵᠣᠬᠢᠴᠠᠭᠤᠯᠤᠨ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ | ᠪᠣᠯᠪᠠᠰᠤᠷᠠᠭᠤᠯᠤᠯ ᠢ ᠴᠢᠩᠭᠠᠳᠬᠠᠨ᠎ᠠ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢ ᠣᠯᠠᠨ ᠠᠷᠭ᠎ᠠ ᠵᠠᠮ ᠢᠶᠠᠷ ᠨᠡᠮᠡᠭᠳᠡᠭᠦᠯᠵᠦ᠂ ᠳᠤᠮᠳᠠ | ᠵᠡᠷᠭᠡ ᠶᠢᠨ ᠣᠷᠣᠯᠭ᠎ᠠ ᠲᠠᠢ ᠬᠠᠮᠲᠤᠯᠢᠭ ᠤᠨ ᠬᠡᠪᠴᠢᠶ᠎ᠡ ᠶᠢ ᠥᠷᠭᠡᠳᠬᠡᠵᠦ᠂ ᠣᠷᠣᠯᠭ᠎ᠠ ᠪᠠᠭᠠᠲᠠᠢ ᠬᠠᠮᠲᠤᠯᠢᠭ ᠤᠨ ᠣᠷᠣᠯᠭ᠎ᠠ ᠶᠢ ᠨᠡᠮᠡᠭᠳᠡᠭᠦᠯᠬᠦ ᠶᠢ ᠴᠢᠷᠮᠠᠶᠢᠨ | ᠠᠬᠢᠭᠤᠯᠤᠨ᠎ᠠ᠃ | ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠭᠤᠣᠯᠳᠠᠯᠭ᠎ᠠ ᠲᠠᠢ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ | ᠬᠢᠵᠠᠭᠠᠷᠯᠠᠬᠤ ᠠᠵᠢᠯ ᠢ ᠦᠷᠭᠦᠯᠵᠢᠯᠡᠨ ᠰᠠᠶᠢᠲᠤᠷ ᠬᠢᠨ᠎ᠡ᠃ ᠰᠠᠭᠤᠭᠠᠯᠢ ᠠᠷᠠᠳ ᠤᠨ ᠡᠮᠨᠡᠯᠭᠡ ᠶᠢᠨ ᠳᠠᠭᠠᠳᠬᠠᠯ ᠤᠨ ᠬᠥᠮᠥᠨ ᠳᠤᠮᠳᠠᠴᠢ ᠶᠢᠨ ᠡᠳ᠋ ᠤᠨ ᠵᠠᠰᠠᠭ ᠤᠨ | ᠨᠥᠬᠦᠪᠦᠷᠢ ᠶᠢᠨ ᠪᠠᠷᠢᠮᠵᠢᠶ᠎ᠠ ᠶᠢ 30 ᠲᠥᠭᠦᠷᠢᠭ ᠨᠡᠮᠡᠭᠳᠡᠭᠦᠯᠦᠨ᠎ᠡ᠃ ᠡᠮᠨᠡᠯᠭᠡ ᠶᠢᠨ ᠳᠠᠭᠠᠳᠬᠠᠯ᠂ ᠡᠮᠴᠢᠯᠡᠭᠡ᠂ ᠡᠮ ᠡᠮᠨᠡᠯᠭᠡ ᠶᠢ ᠬᠠᠮᠵᠢᠯᠴᠠᠭᠤᠯᠤᠨ ᠬᠥᠭᠵᠢᠭᠦᠯᠬᠦ | ᠪᠠ ᠵᠠᠰᠠᠬᠤ ᠶᠢ ᠠᠬᠢᠭᠤᠯᠤᠨ᠎ᠠ᠃ ᠡᠮᠨᠡᠯᠭᠡ ᠶᠢᠨ ᠦᠨᠳᠦᠰᠦᠨ ᠳᠠᠭᠠᠳᠬᠠᠯ ᠢ ᠮᠤᠵᠢ ᠶᠢᠨ ᠱᠠᠲᠤᠨ ᠳᠤ ᠨᠢᠭᠡᠳᠦᠯᠲᠡᠢ ᠲᠥᠯᠥᠪᠯᠡᠬᠦ ᠶᠢ ᠠᠬᠢᠭᠤᠯᠵᠤ᠂ ᠤᠯᠤᠰ ᠠᠴᠠ | ᠡᠮ ᠤᠨ ᠵᠦᠢᠯᠡᠰ ᠢ ᠲᠥᠪᠯᠡᠷᠡᠭᠦᠯᠦᠨ ᠬᠤᠳᠠᠯᠳᠤᠨ ᠠᠪᠬᠤ ᠳᠦᠷᠢᠮ ᠢ ᠲᠡᠭᠦᠯᠳᠡᠷᠵᠢᠭᠦᠯᠦᠨ᠂ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠬᠡᠷᠡᠭᠯᠡᠯᠲᠡ ᠶᠢ | ᠪᠠᠶᠢᠩᠭᠤ ᠶᠢᠨ ᠴᠢᠨᠠᠷᠲᠠᠢ ᠪᠠᠷ ᠬᠢᠨᠠᠨ ᠬᠠᠮᠢᠶᠠᠷᠬᠤ ᠶᠢ ᠴᠢᠩᠭᠠᠳᠬᠠᠵᠤ᠂ ᠣᠨᠳᠣᠣ ᠭᠠᠵᠠᠷ ᠲᠤ ᠡᠮᠨᠡᠭᠦᠯᠦᠭᠰᠡᠨ ᠵᠠᠷᠤᠳᠠᠯ ᠢ ᠰᠢᠭᠤᠳ ᠲᠠᠰᠤᠯᠤᠨ ᠪᠤᠳᠤᠬᠤ ᠶᠢ | ᠨᠠᠶᠢᠳᠠᠪᠤᠷᠢᠵᠢᠭᠤᠯᠬᠤ ᠪᠠ ᠲᠡᠭᠦᠯᠳᠡᠷᠵᠢᠭᠦᠯᠦᠨ᠎ᠡ᠃ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ | ᠡᠪᠡᠳᠴᠢᠲᠡᠨ ᠢᠶᠠᠷ ᠭᠤᠣᠯ ᠪᠣᠯᠭᠠᠨ ᠡᠮᠴᠢᠯᠡᠭᠡᠨ ᠤ ᠦᠢᠯᠡᠴᠢᠯᠡᠭᠡ ᠶᠢ ᠰᠠᠶᠢᠵᠢᠷᠠᠭᠤᠯᠵᠤ᠂ ᠪᠠᠶᠢᠴᠠᠭᠠᠭᠰᠠᠨ ᠰᠢᠯᠭᠠᠨ ᠪᠠᠶᠢᠴᠠᠭᠠᠭᠰᠠᠨ ᠦᠷ᠎ᠡ ᠳ᠋ᠦᠩ ᠢ ᠬᠠᠷᠢᠯᠴᠠᠨ | ᠮᠡᠳᠡᠷᠡᠬᠦ ᠶᠢ ᠠᠬᠢᠭᠤᠯᠤᠨ᠎ᠠ᠃ ᠱᠠᠲᠤ ᠬᠤᠪᠢᠶᠠᠨ ᠣᠨᠣᠰᠢᠯᠠᠨ ᠡᠮᠨᠡᠬᠦ ᠶᠢ ᠠᠬᠢᠭᠤᠯᠬᠤ ᠲᠠᠯ᠎ᠠ ᠠᠴᠠ ᠪᠣᠳᠣᠯᠬᠢᠯᠠᠨ᠂ ᠴᠢᠨᠠᠷ ᠰᠠᠶᠢᠲᠠᠢ ᠡᠮᠴᠢᠯᠡᠭᠡᠨ ᠤ ᠡᠬᠢ ᠪᠠᠶᠠᠯᠢᠭ ᠢ | ᠦᠨᠳᠦᠰᠦᠨ ᠱᠠᠲᠤᠨ ᠳᠤ ᠪᠠᠭᠤᠯᠭᠠᠬᠤ ᠶᠢ ᠬᠥᠲᠥᠯᠥᠨ ᠵᠢᠯᠤᠭᠤᠳᠴᠤ᠂ ᠰᠢᠶᠠᠨ ᠰᠢᠶᠠᠩ ᠲᠣᠰᠬᠤᠨ ᠤ ᠡᠮᠴᠢᠯᠡᠭᠡᠨ ᠤ ᠦᠢᠯᠡᠴᠢᠯᠡᠭᠡ ᠶᠢᠨ ᠬᠠᠮᠵᠢᠯᠴᠠᠵᠤ | ᠬᠤᠯᠪᠣᠯᠳᠤᠨ ᠬᠥᠳᠡᠯᠦᠯᠴᠡᠬᠦ ᠶᠢ ᠴᠢᠩᠭᠠᠳᠬᠠᠵᠤ᠂ ᠦᠨᠳᠦᠰᠦᠨ ᠱᠠᠲᠤᠨ ᠤ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠤᠵᠢᠭ ᠡᠪᠡᠳᠴᠢᠨ᠂ ᠦᠷᠭᠦᠯᠵᠢ | ᠲᠣᠬᠢᠶᠠᠯᠳᠤᠳᠠᠭ ᠡᠪᠡᠳᠴᠢᠨ ᠳᠤ ᠬᠡᠷᠡᠭᠯᠡᠬᠦ ᠡᠮ ᠤᠨ ᠲᠥᠷᠥᠯ ᠵᠦᠢᠯ ᠢ ᠥᠷᠭᠡᠳᠬᠡᠨ᠎ᠡ᠃ ᠬᠤᠪᠣᠷ ᠲᠣᠬᠢᠶᠠᠯᠳᠤᠬᠤ ᠡᠪᠡᠳᠴᠢᠨ ᠤ ᠰᠤᠳᠤᠯᠭᠠᠨ᠂ ᠣᠨᠣᠰᠢᠯᠠᠨ ᠡᠮᠨᠡᠬᠦ | ᠦᠢᠯᠡᠴᠢᠯᠡᠭᠡ ᠪᠠ ᠡᠮ ᠬᠡᠷᠡᠭᠯᠡᠬᠦ ᠪᠠᠲᠤᠯᠠᠭ᠎ᠠ ᠶᠢ ᠴᠢᠩᠭᠠᠳᠬᠠᠨ᠎ᠠ᠃ ᠬᠡᠦᠬᠡᠳ ᠤᠨ ᠰᠠᠯᠠᠭ᠎ᠠ᠂ ᠨᠠᠰᠤᠲᠠᠶᠢᠴᠤᠳ ᠤᠨ ᠠᠨᠠᠭᠠᠬᠤ ᠤᠬᠠᠭᠠᠨ᠂ ᠣᠶᠤᠨ ᠮᠡᠳᠡᠷᠡᠯ ᠤᠨ | ᠡᠷᠡᠭᠦᠯ ᠬᠠᠮᠠᠭᠠᠯᠠᠯ᠂ ᠡᠮᠴᠢᠯᠡᠭᠡ ᠰᠤᠪᠢᠯᠠᠯᠲᠠ ᠵᠡᠷᠭᠡ ᠶᠢᠨ ᠦᠢᠯᠡᠴᠢᠯᠡᠭᠡᠨ ᠤ ᠳᠤᠲᠠᠭᠤᠳᠠᠯ ᠢ ᠲᠦᠷᠭᠡᠯᠡᠨ ᠨᠥᠬᠦᠪᠦᠷᠢᠯᠡᠵᠦ᠂ ᠪᠦᠭᠦ ᠰᠠᠯᠠᠭᠠᠨ ᠤ ᠡᠮᠴᠢ ᠶᠢᠨ | ᠬᠥᠮᠦᠵᠢᠯ ᠪᠣᠯᠪᠠᠰᠤᠷᠠᠯ ᠢ ᠴᠢᠩᠭᠠᠳᠬᠠᠨ᠎ᠠ᠃ ᠬᠢᠲᠠᠳ ᠡᠮ ᠡᠮᠨᠡᠯᠭᠡ ᠶᠢ ᠤᠯᠠᠮᠵᠢᠯᠠᠨ ᠵᠠᠯᠭᠠᠮᠵᠢᠯᠠᠵᠤ ᠰᠢᠨᠡᠴᠢᠯᠡᠬᠦ ᠶᠢ ᠠᠬᠢᠭᠤᠯᠵᠤ᠂ ᠬᠢᠲᠠᠳ ᠡᠮᠨᠡᠯᠭᠡ ᠶᠢᠨ | ᠳᠠᠪᠠᠭᠤᠯᠢᠭ ᠲᠤᠰᠬᠠᠢ ᠰᠠᠯᠠᠭᠠᠨ ᠤ ᠪᠠᠶᠢᠭᠤᠯᠤᠯᠲᠠ ᠶᠢ ᠴᠢᠩᠭᠠᠳᠬᠠᠨ᠎ᠠ᠃ ᠡᠪᠡᠳᠴᠢᠨ ᠢ ᠰᠡᠷᠭᠡᠶᠢᠯᠡᠨ ᠡᠵᠡᠮᠳᠡᠬᠦ ᠰᠢᠰᠲ᠋ᠧᠮ ᠢ ᠲᠡᠭᠦᠯᠳᠡᠷᠵᠢᠭᠦᠯᠦᠨ᠎ᠡ᠃ ᠡᠷᠡᠭᠦᠯ | ᠡᠩᠬᠡ ᠳᠤᠮᠳᠠᠳᠤ ᠤᠯᠤᠰ ᠤᠨ ᠠᠵᠢᠯᠯᠠᠭ᠎ᠠ ᠪᠠ ᠡᠬᠡ ᠣᠷᠣᠨᠴᠢ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠭᠦᠨᠵᠡᠭᠡᠢ ᠥᠷᠨᠢᠭᠦᠯᠵᠦ᠂ ᠠᠷᠠᠳ ᠣᠯᠠᠨ ᠤ ᠡᠷᠡᠭᠦᠯ | ᠮᠡᠨᠳᠦ ᠶᠢᠨ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠨ᠎ᠠ᠃ | ᠨᠡᠶᠢᠭᠡᠮ ᠤᠨ ᠪᠠᠲᠤᠯᠠᠭ᠎ᠠ ᠪᠠ ᠦᠢᠯᠡᠴᠢᠯᠡᠭᠡ ᠶᠢ ᠴᠢᠩᠭᠠᠳᠬᠠᠨ᠎ᠠ᠃ ᠬᠥᠮᠥᠨ ᠠᠮᠠ ᠶᠢᠨ ᠨᠠᠰᠤᠵᠢᠯᠲᠠ ᠶᠢ ᠢᠳᠡᠪᠬᠢᠲᠡᠢ ᠠᠷᠭᠠᠴᠠᠬᠤ ᠤᠯᠤᠰ ᠤᠨ ᠪᠠᠶᠢᠯᠳᠤᠬᠤ | ᠪᠣᠳᠣᠯᠭ᠎ᠠ ᠶᠢ ᠬᠡᠷᠡᠭᠵᠢᠭᠦᠯᠦᠨ᠎ᠡ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠰᠠᠭᠤᠷᠢ ᠠᠰᠠᠷᠠᠮᠵᠢ ᠶᠢᠨ ᠮᠥᠩᠭᠦ ᠶᠢᠨ ᠰᠠᠷ᠎ᠠ ᠶᠢᠨ ᠨᠠᠭᠠᠲᠤ | ᠵᠠᠬ᠎ᠠ ᠶᠢᠨ ᠪᠠᠷᠢᠮᠵᠢᠶ᠎ᠠ ᠶᠢ 20 ᠲᠥᠭᠦᠷᠢᠭ ᠳᠡᠭᠡᠭᠰᠢᠯᠡᠭᠦᠯᠵᠦ᠂ ᠠᠵᠢᠯ ᠠᠴᠠ ᠪᠠᠨ ᠪᠠᠭᠤᠵᠤ ᠠᠮᠠᠷᠠᠭᠰᠠᠳ ᠤᠨ ᠨᠠᠰᠤᠵᠢᠯ ᠤᠨ ᠦᠨᠳᠦᠰᠦᠨ ᠠᠰᠠᠷᠠᠮᠵᠢ ᠶᠢᠨ | ᠮᠥᠩᠭᠦ ᠶᠢ ᠦᠷᠭᠦᠯᠵᠢᠯᠡᠨ ᠳᠡᠭᠡᠭᠰᠢᠯᠡᠭᠦᠯᠵᠦ᠂ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠮᠥᠩᠭᠦ ᠶᠢ ᠪᠦᠭᠦ ᠤᠯᠤᠰ ᠲᠤ ᠨᠢᠭᠡᠳᠦᠯᠲᠡᠢ ᠲᠥᠯᠥᠪᠯᠡᠬᠦ ᠶᠢ | ᠲᠡᠭᠦᠯᠳᠡᠷᠵᠢᠭᠦᠯᠦᠨ᠎ᠡ᠃ ᠬᠤᠪᠢ ᠬᠥᠮᠥᠨ ᠤ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠳᠦᠷᠢᠮ ᠢ ᠪᠦᠭᠦ ᠤᠯᠤᠰ ᠲᠤ ᠬᠡᠷᠡᠭᠵᠢᠭᠦᠯᠵᠦ᠂ ᠭᠤᠷᠪᠠᠳᠤᠭᠠᠷ | ᠲᠤᠯᠭᠠᠭᠤᠷᠢᠯᠠᠯ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠢ ᠢᠳᠡᠪᠬᠢᠲᠡᠢ ᠬᠥᠭᠵᠢᠭᠦᠯᠦᠨ᠎ᠡ᠃ ᠴᠡᠷᠢᠭ ᠤᠨ ᠠᠯᠪᠠ ᠠᠴᠠ ᠪᠠᠭᠤᠭᠰᠠᠳ᠂ ᠴᠡᠷᠢᠭ ᠤᠨ ᠭᠡᠷ ᠪᠦᠯᠢ | ᠪᠠ ᠪᠤᠰᠤᠳ ᠠᠰᠠᠷᠠᠨ ᠬᠠᠷᠠᠭᠠᠯᠵᠠᠬᠤ ᠡᠲᠡᠭᠡᠳ ᠤᠨ ᠦᠢᠯᠡᠴᠢᠯᠡᠭᠡᠨ ᠤ ᠪᠠᠲᠤᠯᠠᠭ᠎ᠠ ᠶᠢ ᠰᠠᠶᠢᠲᠤᠷ ᠬᠢᠨ᠎ᠡ᠃ ᠬᠤᠲᠠ ᠬᠥᠳᠡᠭᠡ ᠶᠢᠨ ᠨᠡᠶᠢᠭᠡᠮ ᠲᠣᠭᠤᠷᠢᠭ ᠤᠨ | ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠣᠣᠷ ᠤᠨ ᠪᠠᠶᠢᠭᠤᠯᠤᠯᠲᠠ ᠶᠢ ᠴᠢᠩᠭᠠᠳᠬᠠᠵᠤ᠂ ᠬᠥᠳᠡᠭᠡ ᠲᠣᠰᠬᠤᠨ ᠤ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ᠳᠤᠲᠠᠭᠤᠳᠠᠯ ᠢ ᠨᠥᠬᠦᠪᠦᠷᠢᠯᠡᠬᠦ ᠡᠷᠴᠢᠮ ᠢ ᠴᠢᠩᠭᠠᠷᠠᠭᠤᠯᠤᠨ᠎ᠠ᠃ ᠨᠠᠰᠤᠲᠠᠶᠢᠴᠤᠳ ᠤᠨ ᠬᠡᠷᠡᠭᠯᠡᠭᠡᠨ ᠤ ᠬᠡᠷᠡᠭᠰᠡᠯ ᠪᠠ ᠦᠢᠯᠡᠴᠢᠯᠡᠭᠡ ᠶᠢᠨ | ᠬᠠᠩᠭᠠᠯᠭ᠎ᠠ ᠶᠢ ᠴᠢᠩᠭᠠᠳᠬᠠᠵᠤ᠂ ᠪᠤᠭᠤᠷᠤᠯᠴᠤᠳ ᠤᠨ ᠠᠵᠤ ᠠᠬᠤᠢ ᠶᠢ ᠶᠡᠭᠡ ᠪᠠᠷ ᠬᠥᠭᠵᠢᠭᠦᠯᠦᠨ᠎ᠡ᠃ ᠣᠷᠳᠣ ᠬᠤᠭᠤᠴᠠᠭᠠᠨ ᠤ ᠰᠤᠪᠢᠯᠠᠯᠲᠠ ᠶᠢᠨ | ᠳᠠᠭᠠᠳᠬᠠᠯ ᠤᠨ ᠳᠦᠷᠢᠮ ᠢ ᠪᠠᠶᠢᠭᠤᠯᠬᠤ ᠶᠢ ᠠᠬᠢᠭᠤᠯᠤᠨ᠎ᠠ᠃ ᠦᠷᠡᠵᠢᠯ ᠢ ᠳᠡᠮᠵᠢᠬᠦ ᠲᠥᠷᠥ ᠶᠢᠨ ᠪᠣᠳᠣᠯᠭ᠎ᠠ ᠶᠢ ᠪᠦᠷᠢᠨᠰᠢᠭᠦᠯᠦᠨ᠂ ᠦᠷᠡᠵᠢᠯ ᠤᠨ ᠠᠮᠠᠷᠠᠯᠲᠠ ᠶᠢᠨ | ᠳᠦᠷᠢᠮ ᠢ ᠰᠢᠯᠢᠳᠡᠭᠵᠢᠭᠦᠯᠵᠦ᠂ ᠡᠵᠡᠩᠨᠡᠯᠲᠡ ᠶᠢᠨ ᠪᠡᠶᠡᠴᠢ ᠴᠣᠭᠴᠠ ᠶᠢᠨ ᠠᠵᠢᠯᠴᠢᠨ ᠬᠡᠷᠡᠭᠯᠡᠬᠦ ᠥᠪᠡᠷ ᠤᠨ ᠥᠷᠲᠡᠭ ᠢ ᠵᠦᠢ ᠵᠣᠬᠢᠰᠲᠠᠢ ᠬᠠᠮᠲᠤ ᠪᠠᠷ ᠡᠭᠦᠷᠭᠡᠯᠡᠬᠦ | ᠲᠣᠭᠲᠠᠴᠠ ᠶᠢ ᠲᠡᠭᠦᠯᠳᠡᠷᠵᠢᠭᠦᠯᠵᠦ᠂ ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠬᠠᠩᠭᠠᠯᠭ᠎ᠠ ᠶᠢ ᠣᠯᠠᠨ ᠠᠷᠭ᠎ᠠ ᠵᠠᠮ ᠢᠶᠠᠷ ᠨᠡᠮᠡᠭᠳᠡᠭᠦᠯᠦᠨ᠎ᠡ᠃ ᠭᠡᠷ ᠪᠦᠯᠢ ᠶᠢᠨ | ᠲᠥᠷᠦᠵᠦ ᠥᠰᠬᠡᠬᠦ᠂ ᠥᠰᠬᠡᠨ ᠬᠥᠮᠥᠵᠢᠭᠦᠯᠬᠦ᠂ ᠰᠤᠷᠭᠠᠨ ᠬᠥᠮᠥᠵᠢᠭᠦᠯᠬᠦ ᠳᠠᠷᠤᠭᠠᠰᠤ ᠶᠢ ᠬᠥᠩᠭᠡᠷᠡᠭᠦᠯᠦᠨ᠎ᠡ᠃ ᠭᠡᠷ ᠢᠶᠠᠨ ᠰᠠᠬᠢᠵᠤ ᠬᠤᠴᠣᠷᠤᠭᠰᠠᠨ ᠬᠡᠦᠬᠡᠳ ᠪᠠ | ᠬᠦᠴᠢᠷᠳᠡᠯ ᠳᠤ ᠲᠤᠯᠭᠠᠷᠠᠭᠰᠠᠨ ᠬᠡᠦᠬᠡᠳ ᠢ ᠬᠠᠯᠠᠮᠵᠢᠯᠠᠨ ᠬᠠᠶᠢᠷᠠᠯᠠᠵᠤ ᠠᠪᠤᠷᠠᠨ ᠲᠤᠰᠠᠯᠠᠬᠤ ᠠᠵᠢᠯ ᠢ ᠰᠠᠶᠢᠲᠤᠷ ᠬᠢᠨ᠎ᠡ᠃ ᠵᠡᠮᠳᠡᠭᠷᠡᠬᠦ ᠶᠢ ᠤᠷᠢᠳᠴᠢᠯᠠᠨ | ᠰᠡᠷᠭᠡᠶᠢᠯᠡᠬᠦ ᠪᠠ ᠡᠷᠡᠭᠦᠯᠵᠢᠭᠦᠯᠬᠦ ᠦᠢᠯᠡᠴᠢᠯᠡᠭᠡ ᠶᠢ ᠴᠢᠩᠭᠠᠳᠬᠠᠵᠤ᠂ ᠬᠦᠨᠳᠦ ᠵᠡᠮᠳᠡᠭᠴᠦᠳ ᠢ ᠨᠠᠶᠢᠳᠠᠨ ᠠᠰᠠᠷᠠᠭᠤᠯᠬᠤ ᠬᠠᠷᠠᠭᠠᠯᠵᠠᠨ ᠰᠤᠪᠢᠯᠠᠬᠤ ᠲᠦᠷᠦ ᠶᠢᠨ | ᠪᠣᠳᠣᠯᠭ᠎ᠠ ᠶᠢ ᠲᠡᠭᠦᠯᠳᠡᠷᠵᠢᠭᠦᠯᠦᠨ᠎ᠡ᠃ ᠳᠡᠰ ᠲᠥᠷᠥᠯ ᠬᠤᠪᠢᠶᠠᠭᠰᠠᠨ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮ ᠢ ᠪᠦᠷᠢᠨᠰᠢᠭᠦᠯᠵᠦ᠂ ᠳᠠᠭᠢᠨ | ᠶᠠᠳᠠᠭᠤᠷᠠᠬᠤ ᠠᠴᠠ ᠰᠡᠷᠭᠡᠶᠢᠯᠡᠬᠦ ᠪᠠ ᠣᠷᠣᠯᠭ᠎ᠠ ᠪᠠᠭᠠᠲᠠᠢ ᠬᠥᠮᠥᠨ ᠠᠮᠠ ᠶᠢ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢ ᠨᠢᠭᠡᠳᠦᠯᠲᠡᠢ ᠲᠥᠯᠥᠪᠯᠡᠵᠦ᠂ | ᠠᠷᠠᠳ ᠤᠨ ᠠᠮᠢᠳᠤᠷᠠᠯ ᠤᠨ ᠦᠨᠳᠦᠰᠦᠨ ᠵᠦᠢᠯ ᠢ ᠪᠠᠲᠤᠯᠠᠬᠤ ᠠᠮᠤᠷ ᠲᠦᠪᠰᠢᠨ ᠤ ᠲᠣᠣᠷ ᠢ ᠨᠢᠭᠲᠠ ᠪᠥᠭᠡᠳ ᠪᠠᠬᠢ ᠰᠦᠯᠵᠢᠨ᠎ᠡ᠃ | ᠠᠷᠠᠳ ᠤᠯᠠᠨ ᠤ ᠤᠶᠤᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠨ᠎ᠠ᠃ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠭᠦᠨᠵᠡᠭᠡᠢ | ᠰᠤᠷᠤᠯᠴᠠᠨ ᠲᠤᠭᠤᠰᠢᠯᠠᠭᠤᠯᠤᠨ᠎ᠠ᠃ ᠨᠡᠶᠢᠭᠡᠮ ᠵᠢᠷᠤᠮ ᠤᠨ ᠭᠤᠣᠯᠯᠠᠬᠤ ᠦᠷᠳᠡᠭ ᠤᠨ ᠦᠵᠡᠯᠲᠡ ᠶᠢ ᠥᠷᠭᠡᠨ ᠢᠶᠠᠷ ᠦᠢᠯᠡᠳᠦᠯᠭᠡᠵᠢᠭᠦᠯᠦᠨ᠎ᠡ᠃ ᠭᠦᠨ ᠤᠬᠠᠭᠠᠨ | ᠨᠡᠶᠢᠭᠡᠮ ᠤᠨ ᠰᠢᠨᠵᠢᠯᠡᠬᠦ ᠤᠬᠠᠭᠠᠨ᠂ ᠰᠣᠨᠢᠨ ᠮᠡᠳᠡᠭᠡᠯᠡᠯ ᠬᠡᠪᠯᠡᠯ᠂ ᠷᠠᠳᠢᠣ᠋ ᠨᠡᠪᠲᠡᠷᠡᠭᠦᠯᠭᠡ ᠺᠢᠨᠣ᠋ ᠲᠧᠯᠸᠢᠰ᠂ ᠤᠳᠬ᠎ᠠ ᠵᠣᠬᠢᠶᠠᠯ ᠤᠷᠠᠯᠢᠭ ᠪᠠ ᠲᠠᠩᠰᠠ ᠡᠪᠬᠡᠮᠡᠯ | ᠵᠡᠷᠭᠡ ᠦᠢᠯᠡᠰ ᠢ ᠬᠥᠭᠵᠢᠭᠦᠯᠦᠨ᠎ᠡ᠃ ᠰᠣᠶᠣᠯ ᠢ ᠤᠯᠠᠮᠵᠢᠯᠠᠨ ᠬᠥᠭᠵᠢᠭᠦᠯᠬᠦ ᠶᠢ ᠠᠬᠢᠭᠤᠯᠬᠤ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠣᠭᠲᠠᠭᠠᠨ᠎ᠠ᠃ | ᠤᠯᠤᠰ ᠤᠨ ᠰᠣᠶᠣᠯ ᠤᠨ ᠳ᠋ᠢᠵᠢᠲ᠋ᠠᠯᠴᠢᠯᠠᠯᠳᠠ ᠶᠢᠨ ᠪᠠᠶᠢᠯᠳᠤᠬᠤ ᠪᠣᠳᠣᠯᠭ᠎ᠠ ᠶᠢ ᠭᠦᠨᠵᠡᠭᠡᠢ ᠠᠬᠢᠭᠤᠯᠤᠨ᠎ᠠ᠃ ᠠᠷᠠᠳ ᠨᠡᠶᠢᠲᠡ ᠪᠠᠷ ᠢᠶᠠᠨ ᠨᠣᠮ ᠤᠩᠰᠢᠬᠤ | ᠠᠵᠢᠯᠯᠠᠭ᠎ᠠ ᠶᠢ ᠭᠦᠨᠵᠡᠭᠡᠶᠢᠷᠡᠭᠦᠯᠦᠨ᠎ᠡ᠃ ᠰᠦᠯᠵᠢᠶᠡᠨ ᠤ ᠶᠡᠷᠦᠩᠬᠡᠶᠢᠯᠡᠭᠰᠡᠨ ᠵᠠᠰᠠᠯᠲᠠ ᠶᠢ ᠲᠡᠭᠦᠯᠳᠡᠷᠵᠢᠭᠦᠯᠦᠨ᠂ ᠢᠳᠡᠪᠬᠢᠲᠡᠢ᠂ ᠡᠷᠡᠭᠦᠯ᠂ ᠥᠭᠡᠳᠡᠷᠬᠡᠭ ᠴᠠᠶᠢᠯᠭᠠᠨ | ᠰᠦᠯᠵᠢᠶᠡᠨ ᠤ ᠰᠣᠶᠣᠯ ᠢ ᠪᠣᠶᠢᠵᠢᠭᠤᠯᠤᠨ᠎ᠠ᠃ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠰᠢᠨ᠎ᠡ ᠶᠢ ᠡᠭᠦᠳᠦᠨ ᠬᠡᠷᠡᠭᠵᠢᠭᠦᠯᠵᠦ᠂ ᠣᠯᠠᠨ | ᠨᠡᠶᠢᠲᠡ ᠶᠢᠨ ᠰᠣᠶᠣᠯ ᠤᠨ ᠲᠠᠯᠠᠪᠠᠢ ᠣᠷᠳᠣᠨ ᠢ ᠰᠦᠢᠳᠬᠡᠯ ᠬᠤᠷᠢᠶᠠᠬᠤ ᠦᠭᠡᠢ ᠪᠠᠷ ᠨᠡᠭᠡᠭᠡᠬᠦ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠦᠨ᠎ᠠ᠃ ᠰᠣᠶᠣᠯ ᠤᠨ | ᠠᠵᠤ ᠦᠢᠯᠡᠰ ᠢ ᠶᠡᠭᠡ ᠪᠠᠷ ᠬᠥᠭᠵᠢᠭᠦᠯᠦᠨ᠎ᠡ᠃ ᠳᠥᠷᠪᠡᠳᠦᠭᠡᠷ ᠤᠳᠠᠭᠠᠨ ᠤ ᠪᠦᠭᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯ ᠤᠨ ᠨᠡᠶᠢᠳᠡᠮ ᠪᠠᠶᠢᠴᠠᠭᠠᠯᠲᠠ ᠶᠢ | ᠥᠷᠨᠢᠭᠦᠯᠵᠦ᠂ ᠲᠡᠦᠬᠡ ᠶᠢᠨ ᠳᠤᠷᠠᠰᠬᠠᠯᠲᠤ ᠵᠦᠢᠯ ᠢ ᠰᠢᠰᠲ᠋ᠧᠮᠲᠦ ᠴᠢᠨᠠᠷᠲᠠᠢ ᠪᠠᠷ ᠬᠠᠮᠠᠭᠠᠯᠠᠬᠤ ᠪᠠ ᠵᠦᠢ ᠵᠣᠬᠢᠰᠲᠠᠢ ᠠᠰᠢᠭᠯᠠᠬᠤ ᠶᠢ ᠴᠢᠩᠭᠠᠳᠬᠠᠨ᠎ᠠ᠃ ᠪᠣᠳᠠᠰ ᠤᠨ | ᠪᠤᠰᠤ ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠶᠢ ᠠᠬᠢᠭᠤᠯᠤᠨ᠎ᠠ᠃ ᠳᠤᠮᠳᠠᠳᠤ ᠭᠠᠳᠠᠭᠠᠳᠤ ᠶᠢᠨ ᠬᠥᠮᠥᠨ ᠨᠡᠶᠢᠭᠡᠮ ᠤᠨ ᠰᠣᠯᠢᠯᠴᠠᠭ᠎ᠠ ᠶᠢ | ᠭᠦᠨᠵᠡᠭᠡᠶᠢᠷᠡᠭᠦᠯᠵᠦ᠂ ᠳᠡᠯᠡᠬᠡᠢ ᠳᠤ ᠤᠯᠠᠮᠵᠢᠯᠠᠨ ᠲᠠᠷᠬᠠᠭᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠪᠡᠶ᠎ᠡ ᠶᠢᠨ ᠲᠠᠮᠢᠷ ᠤᠨ ᠥᠭᠡᠷᠡᠴᠢᠯᠡᠯᠲᠡ ᠶᠢᠨ ᠡᠷᠴᠢᠮ ᠢ | ᠴᠢᠩᠭᠠᠷᠠᠭᠤᠯᠤᠨ᠎ᠠ᠃ 2024 ᠣᠨ ᠤ ᠣᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ᠂ ᠵᠡᠮᠳᠡᠭᠴᠦᠳ ᠤᠨ ᠣᠯᠢᠮᠫᠢᠺ ᠤᠨ ᠪᠡᠶ᠎ᠡ ᠶᠢᠨ ᠲᠠᠮᠢᠷ ᠤᠨ | ᠴᠤᠭᠯᠠᠭᠠᠨ ᠳᠤ ᠪᠡᠯᠡᠳᠬᠡᠵᠦ ᠤᠷᠤᠯᠳᠤᠭᠠᠨ ᠳᠤ ᠣᠷᠤᠯᠴᠠᠬᠤ ᠠᠵᠢᠯ ᠢ ᠰᠠᠶᠢᠲᠤᠷ ᠬᠢᠨ᠎ᠡ᠃ ᠣᠯᠠᠨ ᠲᠦᠮᠡᠨ ᠤ ᠳᠡᠷᠭᠡᠳᠡᠬᠢ ᠪᠡᠶ᠎ᠡ ᠶᠢᠨ ᠲᠠᠮᠢᠷ ᠤᠨ | ᠲᠥᠬᠦᠭᠡᠷᠦᠮᠵᠢ ᠶᠢ ᠰᠠᠶᠢᠲᠤᠷ ᠪᠦᠲᠦᠭᠡᠨ ᠪᠠᠶᠢᠭᠤᠯᠵᠤ ᠰᠠᠶᠢᠲᠤᠷ ᠬᠡᠷᠡᠭᠯᠡᠨ᠂ ᠠᠷᠠᠳ ᠨᠡᠶᠢᠲᠡ ᠶᠢᠨ ᠪᠡᠶ᠎ᠡ ᠮᠠᠬᠠᠪᠤᠳ ᠢᠶᠠᠨ ᠴᠢᠭᠢᠷᠠᠭᠵᠢᠭᠤᠯᠬᠤ ᠠᠵᠢᠯᠯᠠᠭ᠎ᠠ ᠶᠢ | ᠥᠷᠭᠡᠨ ᠢᠶᠠᠷ ᠥᠷᠨᠢᠭᠦᠯᠬᠦ ᠶᠢ ᠠᠬᠢᠭᠤᠯᠤᠨ᠎ᠠ᠃ | ᠤᠯᠤᠰ ᠤᠨ ᠠᠮᠤᠷ ᠲᠦᠪᠰᠢᠨ ᠪᠠ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠨ᠎ᠠ᠃ ᠤᠯᠤᠰ ᠤᠨ ᠶᠡᠷᠦᠩᠬᠡᠢ ᠴᠣᠭᠴᠠ ᠶᠢᠨ ᠠᠮᠤᠷ ᠲᠦᠪᠰᠢᠨ ᠤ | ᠦᠵᠡᠯᠲᠡ ᠶᠢ ᠲᠤᠭᠤᠰᠢᠯᠠᠭᠤᠯᠵᠤ᠂ ᠤᠯᠤᠰ ᠤᠨ ᠠᠮᠤᠷ ᠲᠦᠪᠰᠢᠨ ᠤ ᠰᠢᠰᠲ᠋ᠧᠮ ᠪᠠ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠣᠯᠠᠨ ᠨᠡᠶᠢᠲᠡ ᠶᠢᠨ | ᠠᠮᠤᠷ ᠲᠦᠪᠰᠢᠨ ᠤ ᠵᠠᠰᠠᠯᠲᠠ ᠶᠢᠨ ᠲᠦᠪᠰᠢᠨ ᠢ ᠳᠡᠭᠡᠭᠰᠢᠯᠡᠭᠦᠯᠵᠦ᠂ ᠵᠠᠰᠠᠯᠲᠠ ᠶᠢᠨ ᠵᠠᠭᠪᠤᠷ ᠢ ᠬᠡᠷᠡᠭ ᠠᠴᠠ ᠡᠮᠦᠨ᠎ᠡ ᠤᠷᠢᠳᠴᠢᠯᠠᠨ ᠰᠡᠷᠭᠡᠶᠢᠯᠡᠬᠦ ᠲᠡᠶᠢᠰᠢ | ᠭᠡᠯᠪᠡᠷᠢ ᠶᠢ ᠨᠢ ᠬᠤᠪᠢᠷᠠᠭᠤᠯᠬᠤ ᠶᠢ ᠠᠬᠢᠭᠤᠯᠤᠨ᠎ᠠ᠃ ᠠᠶᠤᠯ ᠦᠭᠡᠢ ᠦᠢᠯᠡᠳᠪᠦᠷᠢᠯᠡᠯ ᠪᠠ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ | ᠰᠡᠷᠭᠡᠶᠢᠯᠡᠬᠦ ᠦᠨᠳᠦᠰᠦᠨ ᠱᠠᠲᠤᠨ ᠤ ᠰᠠᠭᠤᠷᠢ ᠶᠢ ᠬᠦᠴᠦᠯᠡᠨ ᠪᠠᠲᠤᠳᠬᠠᠵᠤ᠂ ᠪᠠᠴᠢᠮ ᠪᠠᠶᠢᠳᠠᠯ ᠢ ᠰᠡᠷᠭᠡᠶᠢᠯᠡᠬᠦ᠂ ᠠᠷᠭᠠᠴᠠᠨ ᠰᠢᠢᠳᠪᠦᠷᠢᠯᠡᠬᠦ ᠪᠠ ᠲᠤᠯᠭᠠᠭᠤᠷᠢᠯᠠᠨ | ᠪᠠᠲᠤᠯᠠᠬᠤ ᠴᠢᠳᠠᠪᠤᠷᠢ ᠶᠢ ᠴᠢᠩᠭᠠᠷᠠᠭᠤᠯᠤᠨ᠎ᠠ᠃ ᠠᠶᠤᠯ ᠦᠭᠡᠢ ᠦᠢᠯᠡᠳᠪᠦᠷᠢᠯᠡᠯ ᠤᠨ ᠦᠨᠳᠦᠰᠦ ᠰᠤᠷᠪᠤᠯᠵᠢ ᠠᠴᠠ ᠨᠢ ᠵᠠᠰᠠᠬᠤ ᠪᠡᠷᠬᠡ ᠰᠡᠳᠦᠪ ᠢ ᠰᠢᠢᠳᠪᠦᠷᠢᠯᠡᠬᠦ | ᠭᠤᠷᠪᠠᠨ ᠵᠢᠯ ᠤᠨ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠭᠤᠣᠯᠳᠠᠯᠭ᠎ᠠ ᠲᠠᠢ ᠬᠦᠷᠢᠶᠡᠨ ᠤ ᠠᠶᠤᠯ ᠲᠦᠭᠰᠢᠭᠦᠷᠢ ᠶᠢᠨ ᠳᠠᠯᠳᠠ ᠭᠡᠮ ᠢ ᠰᠠᠮᠨᠠᠨ | ᠪᠠᠶᠢᠴᠠᠭᠠᠵᠤ ᠴᠡᠭᠴᠡᠯᠡᠨ ᠵᠠᠰᠠᠬᠤ ᠶᠢ ᠴᠢᠩᠭᠠᠳᠬᠠᠨ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠪᠠᠲᠤᠲᠠᠢ ᠨᠠᠶᠢᠳᠠᠪᠤᠷᠢᠵᠢᠭᠤᠯᠵᠤ᠂ ᠬᠦᠨᠳᠦ ᠶᠡᠭᠡ ᠣᠨᠴᠠ ᠶᠡᠭᠡ | ᠡᠡ᠊ᠨᠳᠡᠯ ᠭᠠᠷᠬᠤ ᠶᠢ ᠡᠷᠡᠰ ᠬᠤᠷᠢᠭᠯᠠᠨ ᠵᠣᠭᠰᠣᠭᠠᠨ᠎ᠠ᠃ ᠦᠶᠡᠷ ᠤᠰᠤᠳᠤᠯ ᠭᠠᠩ ᠬᠠᠭᠰᠠᠷᠠᠭᠠᠨ᠂ ᠲᠠᠶᠢᠹᠧᠩ ᠰᠠᠯᠬᠢ᠂ ᠤᠢ ᠰᠢᠭᠤᠢ ᠨᠤᠲᠤᠭ ᠪᠡᠯᠴᠢᠭᠡᠷ ᠤᠨ | ᠲᠦᠢᠮᠡᠷ᠂ ᠭᠠᠵᠠᠷ ᠤᠨ ᠭᠠᠮᠰᠢᠭ᠂ ᠭᠠᠵᠠᠷ ᠬᠥᠳᠡᠯᠦᠯᠲᠡ ᠵᠡᠷᠭᠡ ᠶᠢ ᠰᠡᠷᠭᠡᠶᠢᠯᠡᠨ ᠠᠷᠭᠠᠴᠠᠬᠤ ᠠᠵᠢᠯ ᠢ ᠰᠠᠶᠢᠲᠤᠷ ᠬᠢᠵᠦ᠂ ᠴᠠᠭ ᠠᠭᠤᠷ ᠤᠨ ᠦᠢᠯᠡᠴᠢᠯᠡᠭᠡ ᠶᠢ | ᠴᠢᠩᠭᠠᠳᠬᠠᠨ᠎ᠠ᠃ ᠢᠳᠡᠭᠡᠨ ᠤ ᠵᠦᠢᠯ᠂ ᠡᠮ ᠤᠨ ᠵᠦᠢᠯ᠂ ᠣᠨᠴᠠ ᠲᠥᠷᠥᠯ ᠤᠨ ᠪᠡᠯᠡᠳᠬᠡᠮᠵᠢ ᠶᠢᠨ ᠬᠢᠨᠠᠯᠲᠠ ᠬᠠᠮᠢᠶᠠᠷᠤᠯᠲᠠ ᠶᠢ ᠴᠢᠩᠳᠠᠯᠠᠨ᠎ᠠ᠃ ᠨᠡᠶᠢᠭᠡᠮ ᠤᠨ | ᠵᠠᠰᠠᠯᠲᠠ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ᠃ ᠬᠤᠲᠠ ᠬᠥᠳᠡᠭᠡ ᠶᠢᠨ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠴᠢᠳᠠᠮᠵᠢ ᠶᠢ ᠴᠢᠩᠭᠠᠳᠬᠠᠨ᠎ᠠ᠃ | ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠬᠥᠮᠦᠯᠢᠭ ᠠᠪᠤᠷᠠᠨ ᠲᠤᠰᠠᠯᠠᠯᠲᠠ᠂ ᠰᠠᠶᠢᠨ ᠳᠤᠷ᠎ᠠ ᠶᠢᠨ ᠦᠢᠯᠡᠴᠢᠯᠡᠭᠡ᠂ ᠨᠡᠶᠢᠲᠡ ᠶᠢᠨ ᠠᠰᠠᠷᠠᠮᠵᠢ ᠨᠢᠭᠦᠯᠡᠰᠦᠩᠭᠦᠢ ᠶᠢᠨ | ᠦᠢᠯᠡᠰ ᠵᠡᠷᠭᠡ ᠶᠢᠨ ᠡᠷᠡᠭᠦᠯ ᠢᠶᠠᠷ ᠬᠥᠭᠵᠢᠬᠦ ᠶᠢ ᠬᠥᠲᠥᠯᠥᠨ ᠵᠢᠯᠤᠭᠤᠳᠴᠤ ᠳᠡᠮᠵᠢᠨ᠎ᠡ᠃ ᠡᠮᠡᠭᠲᠡᠶᠢᠴᠦᠳ᠂ ᠬᠡᠦᠬᠡᠳ᠂ ᠨᠠᠰᠤᠲᠠᠶᠢᠴᠤᠳ᠂ ᠵᠡᠮᠳᠡᠭᠴᠦᠳ ᠤᠨ | ᠬᠠᠤᠯᠢ ᠶᠣᠰᠣᠨ ᠤ ᠡᠷᠬᠡ ᠠᠰᠢᠭ ᠢ ᠪᠠᠲᠤᠯᠠᠨ᠎ᠠ᠃ ᠰᠢᠨ᠎ᠡ ᠴᠠᠭ ᠦᠶ᠎ᠡ ᠶᠢᠨ ︽ᠹᠧᠩᠴᠢᠶᠣᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠵᠥᠷᠢᠴᠡᠯ | ᠵᠠᠭᠤᠷᠠᠯᠳᠤᠭᠠᠨ ᠢ ᠰᠡᠷᠭᠡᠶᠢᠯᠡᠨ ᠠᠷᠢᠯᠭᠠᠬᠤ ᠠᠵᠢᠯ ᠢ ᠠᠬᠢᠭᠤᠯᠵᠤ᠂ ᠵᠠᠬᠢᠳᠠᠯ ᠰᠣᠷᠪᠤᠯᠵᠢᠯᠠᠭ᠎ᠠ ᠶᠢᠨ ᠠᠵᠢᠯ ᠢ ᠬᠠᠤᠯᠢ ᠪᠠᠷ ᠵᠠᠰᠠᠬᠤ ᠶᠢ ᠠᠬᠢᠭᠤᠯᠤᠨ᠎ᠠ᠃ ᠣᠯᠠᠨ | ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡ ᠶᠢ ᠴᠢᠩᠭᠠᠳᠬᠠᠨ᠎ᠠ᠃ ᠨᠡᠶᠢᠭᠡᠮ ᠤᠨ ᠠᠮᠤᠷ ᠲᠦᠪᠰᠢᠨ ᠢ ᠪᠦᠬᠦᠯᠢ ᠴᠣᠭᠴᠠ ᠪᠠᠷ ᠨᠢ ᠰᠡᠷᠭᠡᠶᠢᠯᠡᠨ ᠡᠵᠡᠮᠳᠡᠬᠦ ᠶᠢ | ᠴᠢᠩᠭᠠᠳᠬᠠᠵᠤ᠂ ᠬᠠᠷ᠎ᠠ ᠬᠠᠷᠭᠢᠰ ᠬᠦᠴᠦᠨ ᠢ ᠠᠷᠢᠯᠭᠠᠬᠤ ᠶᠢ ᠪᠠᠶᠢᠩᠭᠤᠵᠢᠭᠤᠯᠬᠤ ᠶᠢ ᠠᠬᠢᠭᠤᠯᠵᠤ᠂ ᠬᠠᠤᠯᠢ ᠠᠴᠠ ᠵᠥᠷᠢᠴᠡᠭᠰᠡᠨ ᠡᠯ᠎ᠡ ᠲᠦᠷᠦᠯ ᠤᠨ ᠶᠠᠯᠠᠲᠤ | ᠠᠵᠢᠯᠯᠠᠭ᠎ᠠ ᠳᠤ ᠬᠠᠤᠯᠢ ᠶᠣᠰᠣᠭᠠᠷ ᠴᠣᠬᠢᠯᠲᠠ ᠥᠭᠴᠦ᠂ ᠨᠡᠩ ᠥᠨᠳᠥᠷ ᠲᠦᠪᠰᠢᠨ ᠪᠦᠬᠦᠢ ᠠᠮᠤᠷ ᠠᠮᠤᠭᠤᠯᠠᠩ ᠳᠤᠮᠳᠠᠳᠤ ᠤᠯᠤᠰ ᠢ ᠪᠦᠲᠦᠭᠡᠨ ᠪᠠᠶᠢᠭᠤᠯᠤᠨ᠎ᠠ᠃ | ᠲᠥᠯᠥᠭᠡᠯᠡᠭᠴᠢᠳ ᠠ᠋︕ | ᠰᠢᠨ᠎ᠡ ᠠᠶᠠᠨ ᠵᠠᠮ ᠰᠢᠨ᠎ᠡ ᠡᠭᠦᠷᠭᠡ ᠬᠠᠷᠢᠭᠤᠴᠠᠯᠭ᠎ᠠ ᠨᠢ ᠵᠠᠰᠠᠭ ᠤᠨ ᠣᠷᠳᠣᠨ ᠤ ᠠᠵᠢᠯ ᠳᠤ ᠨᠡᠩ ᠥᠨᠳᠥᠷ ᠰᠢᠨ᠎ᠡ ᠱᠠᠭᠠᠷᠳᠠᠯᠭ᠎ᠠ ᠳᠤᠷᠠᠳᠪᠠ᠃ ᠡᠯ᠎ᠡ | ᠱᠠᠲᠤᠨ ᠤ ᠵᠠᠰᠠᠭ ᠤᠨ ᠣᠷᠳᠣᠨ ᠵᠢᠴᠢ ᠲᠡᠭᠦᠨ ᠤ ᠠᠵᠢᠯᠲᠠᠳ︽ᠬᠤᠶᠠᠷ ᠢ ᠲᠣᠭᠲᠠᠭᠠᠭᠰᠠᠨ︾ ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ | ᠣᠶᠢᠯᠠᠭᠠᠵᠤ᠂ ︽ᠳᠥᠷᠪᠡᠨ ᠤᠬᠠᠮᠰᠠᠷ︾ ᠢᠶᠠᠨ ᠴᠢᠩᠭᠠᠳᠬᠠᠨ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ | ᠤᠬᠠᠮᠰᠠᠷ ᠠᠴᠠ ᠪᠠᠨ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ ᠳᠡᠭᠡᠷ᠎ᠡ ᠪᠠᠨ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ | ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠵᠤ᠂ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ ᠣᠶᠢᠯᠠᠭᠠᠬᠤ ᠴᠢᠳᠠᠪᠤᠷᠢ᠂ | ᠤᠯᠤᠰ ᠲᠥᠷᠥ ᠶᠢᠨ ᠭᠦᠢᠴᠡᠳᠬᠡᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠨᠠᠮ ᠤᠨ ᠤᠳᠤᠷᠢᠳᠤᠯᠭ᠎ᠠ ᠶᠢ ᠵᠠᠰᠠᠭ ᠤᠨ ᠣᠷᠳᠣᠨ ᠤ ᠠᠵᠢᠯ ᠤᠨ | ᠡᠯ᠎ᠡ ᠲᠠᠯ᠎ᠠ ᠪᠦᠭᠦ ᠶᠠᠪᠤᠴᠠ ᠳᠤ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃ ᠴᠢᠨᠠᠷ ᠰᠠᠶᠢᠲᠠᠢ ᠬᠥᠭᠵᠢᠯᠲᠡ ᠶᠢ ᠪᠠᠷᠢᠮᠲᠠᠯᠠᠬᠤ ᠶᠢ ᠰᠢᠨ᠎ᠡ ᠴᠠᠭ ᠦᠶ᠎ᠡ ᠶᠢᠨ | ᠬᠠᠲᠠᠭᠤ ᠶᠣᠰᠣ ᠪᠤᠯᠭᠠᠬᠤ᠂ ᠠᠷᠠᠳ ᠲᠦᠮᠡᠨ ᠳᠤ ᠪᠤᠶᠠᠨ ᠦᠢᠯᠡᠳᠬᠦ ᠶᠢ ᠬᠠᠮᠤᠭ ᠤᠨ ᠴᠢᠬᠤᠯᠠ ᠵᠠᠰᠠᠭ ᠤᠨ ᠠᠵᠢᠯ ᠤᠨ ᠠᠮᠵᠢᠯᠲᠠ ᠪᠤᠯᠭᠠᠬᠤ ᠶᠢ ᠪᠠᠷᠢᠮᠲᠠᠯᠠᠵᠤ᠂ | ᠠᠷᠠᠳ ᠲᠦᠮᠡᠨ ᠳᠤ ᠲᠠᠭᠠᠰᠢᠶᠠᠭᠳᠠᠭᠰᠠᠨ ᠬᠠᠤᠯᠢ ᠪᠠᠷ ᠵᠠᠰᠠᠬᠤ ᠵᠠᠰᠠᠭ ᠤᠨ ᠣᠷᠳᠣᠨ᠂ ᠰᠢᠨ᠎ᠡ ᠶᠢ ᠡᠭᠦᠳᠬᠦ ᠵᠠᠰᠠᠭ ᠤᠨ ᠣᠷᠳᠣᠨ᠂ ᠠᠷᠢᠭᠤᠨ ᠴᠢᠬᠡᠴᠢ ᠵᠠᠰᠠᠭ ᠤᠨ | ᠣᠷᠳᠣᠨ ᠪᠠ ᠦᠢᠯᠡᠴᠢᠯᠡᠬᠦ ᠭᠡᠯᠪᠡᠷᠢ ᠶᠢᠨ ᠵᠠᠰᠠᠭ ᠤᠨ ᠣᠷᠳᠣᠨ ᠢ ᠴᠢᠷᠮᠠᠶᠢᠨ ᠪᠦᠲᠦᠭᠡᠨ ᠪᠠᠶᠢᠭᠤᠯᠵᠤ᠂ ᠵᠠᠰᠠᠭ ᠤᠨ ᠣᠷᠳᠣᠨ ᠤ ᠲᠤᠰᠢᠶᠠᠯ ᠬᠠᠷᠢᠭᠤᠴᠠᠯᠭ᠎ᠠ ᠶᠢ | ᠪᠦᠭᠦ ᠲᠠᠯ᠎ᠠ ᠪᠠᠷ ᠰᠠᠶᠢᠲᠤᠷ ᠭᠦᠢᠴᠡᠳᠬᠡᠬᠦ ᠬᠡᠷᠡᠭᠲᠡᠢ᠃ | ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠭᠦᠨᠵᠡᠭᠡᠢ ᠠᠬᠢᠭᠤᠯᠤᠨ᠎ᠠ᠃ ᠦᠨᠳᠦᠰᠦᠨ ᠬᠠᠤᠯᠢ ᠬᠠᠤᠯᠢ ᠴᠠᠭᠠᠵᠠ ᠶᠢ ᠴᠢᠩᠭ᠎ᠠ ᠵᠢᠷᠤᠮᠯᠠᠨ᠎ᠠ᠃ ᠠᠳᠠᠯᠢ | ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ | ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠨᠡᠶᠢᠭᠡᠮ ᠨᠡᠶᠢᠲᠡ ᠶᠢᠨ ᠪᠠ ᠶᠠᠷᠢᠶ᠎ᠠ | ᠬᠡᠯᠡᠯᠴᠡᠭᠡᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠨ᠎ᠡ᠃ ᠬᠢᠨᠠᠨ ᠪᠣᠳᠣᠯᠲᠠ ᠶᠢᠨ ᠬᠢᠨᠠᠯᠲᠠ ᠶᠢ ᠴᠢᠩᠭᠠᠳᠬᠠᠨ᠎ᠠ᠃ ᠰᠢᠨᠵᠢᠯᠡᠬᠦ ᠤᠬᠠᠭᠠᠨᠴᠢ ᠪᠠᠷ᠂ | ᠠᠷᠠᠳᠴᠢᠯᠠᠯ ᠢᠶᠠᠷ᠂ ᠬᠠᠤᠯᠢ ᠶᠣᠰᠣᠭᠠᠷ ᠪᠣᠳᠣᠯᠭ᠎ᠠ ᠲᠣᠭᠲᠠᠭᠠᠬᠤ ᠶᠢ ᠪᠠᠷᠢᠮᠲᠠᠯᠠᠵᠤ᠂ ᠲᠦᠷᠦ ᠶᠢᠨ ᠪᠣᠳᠣᠯᠭ᠎ᠠ ᠲᠣᠭᠲᠠᠭᠠᠬᠤ ᠳᠠᠭᠠᠨ ᠵᠢᠮ᠎ᠡ ᠶᠣᠰᠣ ᠶᠢ ᠵᠢᠷᠤᠮᠯᠠᠨ᠂ | ᠬᠠᠮᠲᠤ ᠶᠢᠨ ᠲᠠᠨᠢᠯᠲᠠ ᠶᠢ ᠥᠷᠭᠡᠨ ᠢᠶᠠᠷ ᠲᠥᠪᠯᠡᠷᠡᠭᠦᠯᠵᠦ᠂ ᠬᠠᠤᠯᠢ ᠴᠠᠭᠠᠵᠠ ᠶᠢᠨ ᠦᠨᠳᠦᠰᠦᠯᠡᠯ ᠲᠠᠢ ᠪᠠᠶᠢᠬᠤ ᠬᠡᠷᠡᠭᠲᠡᠢ᠃ ᠵᠠᠰᠠᠭ ᠤᠨ ᠶᠠᠪᠤᠳᠠᠯ ᠢ ᠢᠯᠡ | ᠪᠤᠯᠭᠠᠬᠤ ᠳᠦᠷᠢᠮ ᠢ ᠲᠡᠭᠦᠯᠳᠡᠷᠵᠢᠭᠦᠯᠦᠨ᠎ᠡ᠃ ᠬᠠᠤᠯᠢ ᠶᠢ ᠴᠢᠩᠭ᠎ᠠ ᠵᠢᠷᠤᠮᠵᠢᠭᠤᠨ ᠭᠤᠤᠯᠴᠢ ᠪᠣᠯᠪᠠᠰᠤᠨ ᠢᠶᠠᠷ ᠬᠡᠷᠡᠭᠵᠢᠭᠦᠯᠬᠦ ᠶᠢ ᠪᠦᠭᠦ ᠲᠠᠯ᠎ᠠ ᠪᠠᠷ ᠠᠬᠢᠭᠤᠯᠤᠨ᠎ᠠ᠃ | ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭᠠᠲᠤ ᠬᠤᠷᠠᠯ ᠵᠡᠷᠭᠡ ᠤᠯᠠᠨ ᠲᠦᠮᠡᠨ ᠤ ᠪᠦᠯᠭᠦᠮ ᠤᠨ ᠵᠣᠬᠢᠶᠠᠨ | ᠪᠠᠶᠢᠭᠤᠯᠤᠯᠲᠠ ᠶᠢᠨ ᠦᠢᠯᠡᠳᠦᠯ ᠢᠶᠠᠨ ᠨᠡᠩ ᠰᠠᠶᠢᠨ ᠪᠠᠳᠠᠷᠠᠭᠤᠯᠬᠤ ᠶᠢ ᠳᠡᠮᠵᠢᠨ᠎ᠡ᠃ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠵᠣᠷᠢᠭ ᠰᠠᠨᠠᠭ᠎ᠠ ᠶᠢ ᠪᠠᠳᠠᠷᠠᠭᠤᠯᠵᠤ | ᠂ ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠬᠤ ᠪᠠ ᠢᠯᠵᠢᠷᠡᠯ ᠢ ᠡᠰᠡᠷᠭᠦᠴᠡᠬᠦ ᠶᠢ ᠰᠢᠨᠲᠠᠷᠠᠰᠢ ᠦᠭᠡᠢ ᠪᠠᠷᠢᠮᠲᠠᠯᠠᠨ᠂ ᠨᠠᠮ ᠤᠨ ᠰᠤᠷᠲᠠᠯ ᠤᠨ ᠪᠠ | ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠣᠨ ᠢᠯᠵᠢᠷᠡᠯ ᠢ ᠡᠰᠡᠷᠭᠦᠴᠡᠬᠦ ᠲᠡᠮᠡᠴᠡᠯ ᠢ ᠭᠦᠨᠵᠡᠭᠡᠶᠢᠷᠡᠭᠦᠯᠦᠨ ᠠᠬᠢᠭᠤᠯᠤᠨ᠎ᠠ᠃ ᠵᠠᠰᠠᠭ ᠤᠨ | ᠣᠷᠳᠣᠨ ᠤ ᠠᠵᠢᠯᠲᠠᠳ ᠬᠠᠤᠯᠢ ᠴᠠᠭᠠᠵᠠ ᠰᠠᠬᠢᠯᠭ᠎ᠠ ᠪᠠᠲᠤ ᠶᠢ ᠰᠠᠬᠢᠵᠤ᠂ ᠠᠷᠢᠭᠤᠨ ᠴᠢᠬᠡᠴᠢ ᠪᠠᠷ ᠪᠡᠶ᠎ᠡ ᠪᠠᠨ ᠵᠠᠰᠠᠵᠤ᠂ ᠠᠵᠢᠯᠴᠢ ᠬᠢᠴᠢᠶᠡᠩᠭᠦᠢ | ᠬᠠᠷᠢᠭᠤᠴᠠᠯᠭ᠎ᠠ ᠪᠠᠨ ᠭᠦᠢᠴᠡᠳᠬᠡᠨ᠂ ᠴᠡᠪᠡᠷ ᠴᠢᠬᠡᠴᠢ ᠪᠠᠷ ᠠᠷᠠᠳ ᠲᠦᠮᠡᠨ ᠤ ᠲᠥᠯᠥᠭᠡ ᠠᠵᠢᠯᠯᠠᠬᠤ ᠬᠡᠷᠡᠭᠲᠡᠢ᠃ | ᠵᠠᠰᠠᠭ ᠵᠠᠬᠢᠷᠭᠠᠨ ᠤ ᠦᠢᠯᠡᠳᠦᠯ ᠴᠢᠳᠠᠪᠤᠷᠢ ᠶᠢ ᠪᠦᠭᠦ ᠲᠠᠯ᠎ᠠ ᠪᠠᠷ ᠳᠡᠭᠡᠭᠰᠢᠯᠡᠭᠦᠯᠦᠨ᠎ᠡ᠃ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ | ᠪᠠᠶᠢᠷᠢᠯᠠᠭᠤᠯᠤᠯᠲᠠ ᠶᠢ ᠰᠠᠶᠢᠲᠤᠷ ᠲᠤᠭᠤᠰᠢᠯᠠᠭᠤᠯᠬᠤ᠂ ᠰᠠᠶᠢᠲᠤᠷ ᠨᠠᠶᠢᠳᠠᠪᠤᠷᠢᠵᠢᠭᠤᠯᠬᠤ ᠲᠠᠢ ᠤᠶᠠᠯᠳᠤᠭᠤᠯᠤᠨ᠂ ᠰᠢᠯᠢᠳᠡᠭᠵᠢᠭᠦᠯᠬᠦ ᠬᠠᠮᠵᠢᠯᠴᠠᠭᠤᠯᠬᠤ ᠥᠨᠳᠥᠷ | ᠪᠦᠲᠦᠮᠵᠢᠲᠡᠶ ᠪᠠᠶᠢᠯᠭᠠᠬᠤ ᠶᠢ ᠪᠠᠷᠢᠮᠲᠠᠯᠠᠵᠤ᠂ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢᠨ ᠬᠤᠪᠢᠷᠠᠭᠤᠯᠤᠯᠲᠠ ᠶᠢ ᠭᠦᠨᠵᠡᠭᠡᠢ ᠠᠬᠢᠭᠤᠯᠵᠤ᠂ ᠵᠠᠰᠠᠭ ᠤᠨ | ᠣᠷᠳᠣᠨ ᠤ ᠭᠦᠢᠴᠡᠳᠬᠡᠬᠦ ᠬᠦᠴᠦᠨ ᠪᠠ ᠤᠯᠠᠨ ᠨᠡᠶᠢᠲᠡ ᠶᠢ ᠢᠲᠡᠭᠡᠭᠦᠯᠬᠦ ᠬᠦᠴᠦᠨ ᠢ ᠲᠠᠰᠤᠷᠠᠯᠳᠠ ᠦᠭᠡᠢ ᠳᠡᠭᠡᠭᠰᠢᠯᠡᠭᠦᠯᠭᠦ ᠬᠡᠷᠡᠭᠲᠡᠢ᠃ ᠵᠥᠪ ᠣᠨᠣᠪᠴᠢᠲᠠᠶ | ᠰᠡᠳᠬᠢᠬᠦ ᠠᠷᠭ᠎ᠠ ᠪᠠ ᠠᠵᠢᠯᠯᠠᠬᠤ ᠠᠷᠭ᠎ᠠ ᠶᠢ ᠪᠠᠷᠢᠮᠲᠠᠯᠠᠵᠤ᠂ ᠰᠡᠳᠬᠢᠬᠦᠢ ᠶᠢᠨ ᠲᠣᠭᠲᠠᠮᠠᠯ ᠬᠡᠪᠰᠢᠯ ᠪᠠ ᠠᠷᠭ᠎ᠠ ᠵᠠᠮ ᠳᠤ ᠲᠦᠰᠢᠭᠯᠡᠬᠦ ᠶᠢ ᠵᠣᠷᠢᠭᠲᠠᠢ ᠡᠪᠳᠡᠵᠦ᠂ | ᠬᠥᠲᠥᠯᠥᠮᠵᠢ ᠶᠢᠨ ᠴᠢᠨᠠᠷ᠂ ᠬᠥᠰᠢᠵᠦ ᠬᠥᠳᠡᠯᠭᠡᠬᠦ ᠴᠢᠨᠠᠷ ᠢᠶᠠᠷ ᠴᠢᠩᠭ᠎ᠠ ᠠᠵᠢᠯ ᠤᠨ ᠭᠠᠷᠳᠠᠴᠠ ᠶᠢ ᠢᠳᠡᠪᠬᠢᠲᠡᠢ ᠤᠬᠠᠭᠠᠯᠠᠨ ᠲᠥᠯᠥᠪᠯᠡᠵᠦ ᠰᠠᠶᠢᠲᠤᠷ ᠬᠡᠷᠡᠭᠯᠡᠨ᠂ | ᠨᠠᠶᠢᠳᠠᠪᠤᠷᠢᠵᠢᠭᠤᠯᠤᠯᠲᠠ ᠶᠢ ᠠᠳᠬᠤᠬᠤ ᠲᠠᠯ᠎ᠠ ᠪᠠᠷ ᠲᠡᠷᠡ ᠶᠣᠰᠣᠭᠠᠷ ᠨᠢ᠂ ᠱᠠᠯᠠᠮᠠᠭᠠᠢ ᠰᠢᠭᠤᠷᠬᠠᠢ᠂ ᠦᠨᠡᠨ ᠢ ᠪᠠᠷᠢᠮᠲᠠᠯᠠᠵᠤ ᠪᠣᠳᠠᠲᠠᠢ ᠶᠢ ᠡᠷᠭᠢᠮᠯᠡᠭᠦ᠂ ᠵᠣᠷᠢᠭᠲᠠᠢ | ᠬᠢᠵᠦ ᠴᠢᠳᠠᠮᠠᠭᠠᠢ ᠠᠵᠢᠯᠯᠠᠬᠤ ᠶᠢ ᠦᠨᠡᠨ ᠬᠦ ᠪᠡᠶᠡᠯᠡᠭᠦᠯᠵᠦ᠂ ᠡᠴᠦᠰ ᠤᠨ ᠦᠷ᠎ᠡ ᠪᠦᠲᠦᠮᠵᠢ ᠶᠢ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ | ᠵᠣᠷᠢᠯᠲᠠ ᠳᠤ ᠨᠡᠶᠢᠴᠡᠭᠦᠯᠬᠦ᠂ ᠠᠷᠠᠳ ᠤᠯᠠᠨ ᠤ ᠬᠦᠰᠡᠯ ᠡᠷᠡᠮᠡᠯᠵᠡᠯ ᠳᠤ ᠨᠡᠶᠢᠴᠡᠭᠦᠯᠬᠦ ᠶᠢ ᠦᠨᠡᠨ ᠬᠦ ᠪᠠᠲᠤᠯᠠᠨ᠎ᠠ᠃ ᠭᠤᠣᠯ ᠰᠡᠳᠦᠪᠲᠦ ᠬᠥᠮᠦᠵᠢᠯ ᠤᠨ ᠦᠷ᠎ᠡ | ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠪᠠᠶᠢᠴᠠᠭᠠᠨ ᠰᠤᠳᠤᠯᠤᠯᠲᠠ ᠶᠢ ᠶᠡᠭᠡ ᠪᠠᠷ ᠥᠷᠨᠢᠭᠦᠯᠦᠨ᠂ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ | ᠳᠦᠷᠢᠮ ᠢ ᠨᠠᠶᠢᠳᠠᠪᠤᠷᠢᠵᠢᠭᠤᠯᠤᠨ᠎ᠠ᠃ ᠳ᠋ᠢᠵᠢᠲ᠋ᠠᠯ ᠵᠠᠰᠠᠭ ᠤᠨ ᠣᠷᠳᠣᠨ ᠤ ᠪᠠᠶᠢᠭᠤᠯᠤᠯᠲᠠ ᠶᠢ ᠲᠦᠷᠭᠡᠳᠬᠡᠨ᠎ᠡ᠃ ︽ᠥᠨᠳᠥᠷ ᠪᠦᠲᠦᠮᠵᠢᠲᠡᠶ ᠪᠠᠷ ᠨᠢᠭᠡ ᠤᠴᠢᠷ | ᠶᠠᠪᠤᠳᠠᠯ ᠢ ᠪᠦᠲᠦᠭᠡᠬᠦ︾ ᠶᠢ ᠠᠬᠢᠭᠤᠯᠬᠤ ᠪᠠᠷ ᠬᠥᠲᠥᠯᠥᠮᠵᠢ ᠪᠤᠯᠭᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠦᠨ᠎ᠡ᠃ | ᠭᠡᠯᠪᠡᠷᠢ ᠶᠢᠨ ᠦᠵᠡᠯ᠂ ᠨᠣᠶᠠᠨᠴᠢ ᠰᠤᠷᠲᠠᠯ ᠢ ᠡᠷᠡᠰ ᠵᠠᠯᠠᠷᠠᠭᠤᠯᠤᠨ᠂ ᠪᠢᠴᠢᠭ ᠮᠠᠲ᠋ᠧᠷᠢᠶᠠᠯ ᠪᠠ ᠬᠤᠷᠠᠯ ᠢ ᠤᠯᠠᠮ ᠨᠢᠭᠡ ᠠᠯᠬᠤᠮ ᠴᠣᠮᠬᠠᠳᠬᠠᠵᠤ᠂ ᠰᠢᠪᠠᠳᠠᠨ | ᠪᠠᠶᠢᠴᠠᠭᠠᠯᠲᠠ ᠪᠠᠶᠢᠴᠠᠭᠠᠯᠲᠠ ᠬᠢᠨᠠᠨ ᠰᠢᠯᠭᠠᠯᠲᠠ ᠶᠢ ᠲᠡᠭᠦᠯᠳᠡᠷᠵᠢᠭᠦᠯᠵᠦ᠂ ᠦᠨᠳᠦᠰᠦᠨ ᠱᠠᠲᠤ ᠪᠠ ᠠᠵᠤ ᠠᠬᠤᠶᠢᠯᠠᠯ ᠤᠨ ᠳᠠᠷᠤᠭᠠᠰᠤ ᠶᠢ ᠦᠷᠭᠦᠯᠵᠢᠯᠡᠨ | ᠬᠥᠩᠭᠡᠷᠡᠭᠦᠯᠦᠨ᠎ᠡ᠃ ︽ᠭᠤᠷᠪᠠ ᠶᠢ ᠢᠯᠭᠠᠵᠤ ᠦᠵᠡᠬᠦ︾ ᠶᠢ ᠨᠠᠶᠢᠳᠠᠪᠤᠷᠢᠵᠢᠭᠤᠯᠵᠤ᠂ ᠺᠠᠳ᠋ᠷᠴᠤᠳ ᠤᠨ ᠬᠠᠷᠢᠭᠤᠴᠠᠯᠭ᠎ᠠ ᠡᠭᠦᠷᠭᠡᠯᠡᠨ ᠴᠢᠷᠮᠠᠶᠢᠨ ᠠᠵᠢᠯᠯᠠᠬᠤ ᠶᠢ | ᠤᠷᠮᠠᠰᠢᠭᠤᠯᠤᠨ ᠵᠣᠷᠢᠭᠵᠢᠭᠤᠯᠬᠤ ᠪᠠ ᠬᠠᠮᠠᠭᠠᠯᠠᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠥᠷᠭᠡᠨ ᠣᠯᠠᠨ ᠺᠠᠳ᠋ᠷᠴᠤᠳ ︽ᠴᠠᠭ ᠢᠮᠠᠭᠲᠠ ᠰᠠᠨᠠᠭ᠎ᠠ ᠠᠮᠤᠷ | ᠦᠭᠡᠢ ᠪᠠᠶᠢᠬᠤ︾ ᠬᠠᠷᠢᠭᠤᠴᠠᠯᠭᠠᠲᠤ ᠰᠡᠳᠬᠢᠯᠭᠡ ᠪᠠᠨ ᠴᠢᠩᠭᠠᠳᠬᠠᠬᠤ ᠶᠢᠨ ᠬᠠᠮᠲᠤ ᠡᠭᠦᠨ ᠢ ︽ᠶᠠᠪᠤᠳᠠᠯ ᠪᠣᠯᠭᠠᠨ ᠳᠤ ᠳᠣᠲᠣᠷ᠎ᠠ ᠪᠠᠨ ᠲᠤᠭ᠎ᠠ ᠲᠠᠢ ᠪᠠᠶᠢᠬᠤ︾ | ᠠᠵᠢᠯᠯᠠᠭᠠᠨ ᠤ ᠴᠢᠳᠠᠪᠤᠷᠢ ᠪᠣᠯᠭᠠᠨ ᠦᠨᠡᠨ ᠬᠦ ᠬᠤᠪᠢᠷᠠᠭᠤᠯᠵᠤ᠂ ᠠᠵᠢᠯ ᠬᠢᠵᠦ ᠦᠢᠯᠡᠰ ᠴᠣᠭᠴᠠᠯᠠᠬᠤ ᠴᠤᠭ ᠰᠦᠯᠳᠡ ᠪᠠᠨ ᠪᠠᠳᠠᠷᠠᠭᠤᠯᠵᠤ᠂ ᠦᠨᠡᠨ ᠬᠦ ᠠᠳᠬᠤᠨ | ᠪᠣᠳᠠᠲᠠᠢ ᠪᠠᠷ ᠬᠢᠵᠦ᠂ ᠰᠢᠷᠭᠠᠭᠤ ᠬᠠᠲᠠᠭᠤᠵᠢᠯᠲᠠᠢ ᠠᠵᠢᠯᠯᠠᠵᠤ᠂ ᠴᠢᠳᠠᠮᠠᠭᠠᠢ ᠬᠢᠵᠦ ᠴᠢᠳᠠᠮᠠᠭᠠᠢ ᠪᠦᠲᠦᠭᠡᠨ᠂ ᠴᠠᠭ ᠦᠶ᠎ᠡ ᠪᠠ ᠠᠷᠠᠳ ᠲᠦᠮᠡᠨ ᠳᠤ ᠦᠯᠦ | ᠣᠰᠣᠯᠳᠠᠬᠤ ᠰᠢᠨ᠎ᠡ ᠠᠮᠵᠢᠯᠲᠠ ᠪᠦᠲᠦᠮᠵᠢ ᠶᠢ ᠴᠢᠷᠮᠠᠶᠢᠨ ᠡᠭᠦᠳᠬᠦ ᠬᠡᠷᠡᠭᠲᠡᠢ᠃ | ᠲᠥᠯᠥᠭᠡᠯᠡᠭᠴᠢᠳ ᠠ᠋︕ | ᠪᠢᠳᠡ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠤᠢ ᠪᠤᠯᠭᠠᠬᠤ ᠪᠠᠷ ᠭᠤᠣᠯ ᠰᠢᠵᠢᠮ ᠪᠤᠯᠭᠠᠵᠤ᠂ ᠦᠨᠳᠦᠰᠦᠲᠡᠨ ᠤ | ᠣᠷᠣᠨ ᠤ ᠥᠪᠡᠷᠲᠡᠭᠡᠨ ᠵᠠᠰᠠᠬᠤ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠵᠦ᠂ ᠦᠨᠳᠦᠰᠦᠲᠡᠨ ᠨᠦᠭᠦᠳ ᠤᠨ ᠥᠷᠭᠡᠨ ᠳᠡᠯᠭᠡᠷ ᠶᠠᠪᠤᠯᠴᠠᠭ᠎ᠠ ᠰᠣᠯᠢᠯᠴᠠᠭ᠎ᠠ | ᠠᠭᠤᠰᠤᠯᠴᠠᠭ᠎ᠠ ᠶᠢ ᠠᠬᠢᠭᠤᠯᠵᠤ᠂ ᠦᠨᠳᠦᠰᠦᠲᠡᠨ ᠤ ᠭᠠᠵᠠᠷ ᠣᠷᠣᠨ ᠤ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠠᠯᠬᠤᠴᠠ ᠪᠠᠨ ᠲᠦᠷᠭᠡᠳᠬᠡᠬᠦ ᠶᠢ | ᠠᠬᠢᠭᠤᠯᠬᠤ ᠬᠡᠷᠡᠭᠲᠡᠢ᠃ ᠨᠠᠮ ᠤᠨ ᠱᠠᠰᠢᠨ ᠰᠤᠷᠲᠠᠬᠤᠨ ᠤ ᠠᠵᠢᠯ ᠤᠨ ᠦᠨᠳᠦᠰᠦᠨ ᠴᠢᠭᠯᠡᠯᠲᠡ ᠶᠢ ᠪᠠᠷᠢᠮᠲᠠᠯᠠᠵᠤ᠂ ᠮᠠᠨ ᠤ ᠤᠯᠤᠰ ᠤᠨ ᠱᠠᠰᠢᠨ ᠰᠤᠷᠲᠠᠬᠤᠨ ᠤ | ᠳᠤᠮᠳᠠᠳᠤ ᠤᠯᠤᠰᠴᠢᠯᠠᠯᠲᠠ ᠶᠢ ᠭᠦᠨᠵᠡᠭᠡᠢ ᠠᠬᠢᠭᠤᠯᠵᠤ᠂ ᠱᠠᠰᠢᠨ ᠰᠤᠷᠲᠠᠬᠤᠨ ᠢ ᠢᠳᠡᠪᠬᠢᠲᠡᠢ ᠬᠥᠲᠥᠯᠥᠨ ᠵᠢᠯᠤᠭᠤᠳᠴᠤ ᠪᠠᠶᠢᠭᠠᠳ ᠨᠡᠶᠢᠭᠡᠮ ᠵᠢᠷᠤᠮᠲᠤ ᠨᠡᠶᠢᠭᠡᠮ | ᠯᠦᠭᠡ ᠵᠣᠬᠢᠴᠠᠭᠤᠯᠤᠨ᠎ᠠ᠃ ᠬᠠᠷᠢᠶᠠᠲᠤ ᠨᠠᠷ ᠤᠨ ᠶᠠᠪᠤᠳᠠᠯ ᠤᠨ ᠠᠵᠢᠯ ᠢ ᠴᠢᠩᠭᠠᠳᠬᠠᠨ ᠰᠠᠶᠢᠵᠢᠷᠠᠭᠤᠯᠵᠤ᠂ ᠭᠠᠳᠠᠭᠠᠳᠤ ᠳᠤ ᠰᠠᠭᠤᠭ᠎ᠠ ᠬᠠᠷᠢᠶᠠᠲᠤ ᠠᠬ᠎ᠠ ᠳᠡᠭᠦᠦ | ᠨᠠᠷ ᠪᠠ ᠤᠯᠤᠰ ᠲᠠᠭᠠᠨ ᠪᠤᠴᠠᠵᠤ ᠢᠷᠡᠭᠰᠡᠨ ᠬᠠᠷᠢᠶᠠᠲᠤ ᠨᠠᠷ ᠪᠣᠯᠣᠨ ᠬᠠᠷᠢᠶᠠᠲᠤ ᠨᠠᠷ ᠤᠨ ᠭᠡᠷ ᠪᠦᠯᠢ ᠶᠢᠨ ᠬᠢᠨ ᠤ ᠬᠠᠤᠯᠢ ᠶᠣᠰᠣᠨ ᠤ ᠡᠷᠬᠡ ᠠᠰᠢᠭ ᠢ | ᠬᠠᠮᠠᠭᠠᠯᠠᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠳᠤᠮᠳᠠᠳᠤ ᠶᠢᠨ ᠬᠥᠪᠡᠭᠦᠳ ᠥᠬᠢᠳ ᠤᠨ ᠦᠨᠳᠦᠰᠦᠲᠡᠨ ᠤ ᠰᠡᠷᠭᠦᠨ ᠮᠠᠨᠳᠤᠯᠲᠠ ᠶᠢᠨ ᠲᠥᠯᠥᠭᠡ | ᠬᠠᠮᠲᠤ ᠪᠠᠷ ᠴᠢᠷᠮᠠᠶᠢᠨ ᠵᠢᠳᠬᠦᠬᠦ ᠰᠦᠷ ᠳᠠᠯᠠᠶᠢᠴᠠᠲᠠᠢ ᠬᠦᠴᠦᠨ ᠴᠢᠳᠠᠯ ᠢ ᠨᠢᠭᠲᠠᠷᠠᠭᠤᠯᠤᠨ᠎ᠠ᠃ | ᠥᠩᠭᠡᠷᠡᠭᠰᠡᠨ ᠨᠢᠭᠡ ᠵᠢᠯ ᠳᠤ᠂ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠪᠦᠲᠦᠭᠡᠨ ᠪᠠᠶᠢᠭᠤᠯᠤᠯᠲᠠ ᠰᠢᠨ᠎ᠡ ᠠᠮᠵᠢᠯᠲᠠ ᠪᠦᠲᠦᠮᠵᠢ ᠪᠠ | ᠲᠠᠪᠰᠢᠯᠳᠠ ᠲᠠᠢ ᠪᠣᠯᠵᠤ᠂ ᠠᠷᠠᠳ ᠤᠨ ᠴᠡᠷᠢᠭ ᠠᠩᠭᠢ ᠡᠭᠦᠷᠭᠡᠯᠡᠵᠦ ᠪᠠᠶᠢᠭ᠎ᠠ ᠡᠭᠦᠷᠭᠡ ᠬᠠᠷᠢᠭᠤᠴᠠᠯᠭ᠎ᠠ ᠪᠠᠨ ᠠᠮᠵᠢᠯᠲᠠ ᠲᠠᠢ ᠪᠡᠶᠡᠯᠡᠭᠦᠯᠪᠡ᠃ ᠰᠢᠨ᠎ᠡ ᠨᠢᠭᠡ ᠵᠢᠯ ᠳᠤ | ᠂ ᠰᠢ ᠶᠢᠨ ᠫᠢᠩ ᠤᠨ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ᠂ ᠰᠢᠨ᠎ᠡ ᠴᠠᠭ ᠦᠶ᠎ᠡ ᠶᠢᠨ ᠴᠡᠷᠢᠭ ᠤᠨ ᠶᠠᠪᠤᠳᠠᠯ ᠤᠨ | ᠪᠠᠶᠢᠯᠳᠤᠬᠤ ᠪᠣᠳᠣᠯᠭ᠎ᠠ ᠶᠢᠨ ᠴᠢᠭᠯᠡᠯᠲᠡ ᠶᠢ ᠲᠤᠭᠤᠰᠢᠯᠠᠭᠤᠯᠵᠤ᠂ ᠠᠷᠠᠳ ᠤᠨ ᠴᠡᠷᠢᠭ ᠠᠩᠭᠢ ᠳᠠᠬᠢ ᠨᠠᠮ ᠤᠨ ᠬᠠᠷᠢᠴᠠᠯᠠᠰᠢ ᠦᠭᠡᠢ ᠤᠳᠤᠷᠢᠳᠤᠯᠭ᠎ᠠ ᠶᠢ | ᠪᠠᠷᠢᠮᠲᠠᠯᠠᠵᠤ᠂ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠬᠠᠷᠢᠭᠤᠴᠠᠬᠤ ᠳᠦᠷᠢᠮ ᠢ ᠪᠦᠭᠦ ᠲᠠᠯ᠎ᠠ ᠪᠠᠷ ᠭᠦᠨᠵᠡᠭᠡᠢ ᠲᠤᠭᠤᠰᠢᠯᠠᠭᠤᠯᠵᠤ᠂ ᠴᠡᠷᠢᠭ | ᠪᠠᠶᠢᠭᠤᠯᠤᠭᠳᠠᠭᠰᠠᠨ ᠵᠠᠭᠤᠨ ᠵᠢᠯ ᠤᠨ ᠲᠡᠮᠡᠴᠡᠯ ᠤᠨ ᠬᠠᠷᠠᠯᠲᠠ ᠶᠢ ᠪᠡᠶᠡᠯᠡᠭᠦᠯᠬᠦ ᠪᠡᠷᠬᠡ ᠰᠡᠳᠦᠪ ᠢ ᠰᠢᠢᠳᠪᠦᠷᠢᠯᠡᠬᠦ ᠳᠠᠶᠢᠨ ᠢ ᠰᠠᠶᠢᠲᠤᠷ ᠬᠢᠬᠦ ᠬᠡᠷᠡᠭᠲᠡᠢ᠃ ᠴᠡᠷᠢᠭ | ᠪᠤᠯᠪᠠᠰᠤᠷᠠᠭᠤᠯᠵᠤ ᠲᠠᠶᠢᠨ ᠳᠤ ᠪᠡᠯᠡᠳᠬᠡᠬᠦ ᠶᠢ ᠪᠦᠭᠦ ᠲᠠᠯ᠎ᠠ ᠪᠠᠷ ᠴᠢᠩᠭᠠᠳᠬᠠᠵᠤ᠂ ᠴᠡᠷᠢᠭ ᠳᠠᠶᠢᠨ ᠤ ᠲᠡᠮᠡᠴᠡᠯ ᠤᠨ ᠪᠡᠯᠡᠳᠬᠡᠯ ᠢ ᠨᠢᠭᠡᠳᠦᠯᠲᠡᠢ ᠲᠥᠯᠥᠪᠯᠡᠨ | ᠠᠬᠢᠭᠤᠯᠵᠤ᠂ ᠪᠣᠳᠠᠲᠤ ᠳᠠᠶᠢᠨ ᠤ ᠮᠠᠶ᠋ᠢᠭ ᠤᠨ ᠴᠡᠷᠢᠭ ᠤᠨ ᠰᠤᠷᠭᠠᠭᠤᠯᠢᠯᠠᠯ ᠢ ᠰᠠᠶᠢᠲᠤᠷ ᠠᠳᠬᠤᠵᠤ᠂ ᠤᠯᠤᠰ ᠤᠨ ᠡᠷᠬᠡ ᠮᠡᠳᠡᠯ᠂ ᠠᠮᠤᠷ ᠲᠦᠪᠰᠢᠨ᠂ | ᠬᠥᠭᠵᠢᠯᠲᠡ ᠶᠢᠨ ᠠᠰᠢᠭ ᠲᠤᠰᠠ ᠶᠢ ᠡᠷᠡᠰ ᠬᠠᠮᠠᠭᠠᠯᠠᠨ᠎ᠠ᠃ ᠣᠳᠣ ᠦᠶ᠎ᠡ ᠶᠢᠨ ᠴᠡᠷᠢᠭ ᠤᠨ ᠶᠠᠪᠤᠳᠠᠯ ᠤᠨ ᠵᠠᠰᠠᠯᠲᠠ ᠶᠢᠨ ᠰᠢᠰᠲ᠋ᠧᠮ ᠢ ᠪᠠᠶᠢᠭᠤᠯᠵᠤ᠂ ᠴᠡᠷᠢᠭ | ᠠᠩᠭᠢ ᠶᠢᠨ ᠪᠦᠲᠦᠭᠡᠨ ᠪᠠᠶᠢᠭᠤᠯᠤᠯᠲᠠ ᠶᠢᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢ ᠬᠡᠷᠡᠭᠵᠢᠭᠦᠯᠬᠦ ᠶᠢ ᠰᠠᠶᠢᠲᠤᠷ ᠠᠳᠬᠤᠵᠤ᠂ | ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠭᠵᠢᠯᠲᠡ ᠶᠢᠨ ᠴᠢᠬᠤᠯᠠ ᠶᠡᠭᠡ ᠢᠨᠵᠧᠨᠧᠷᠢᠩ ᠢ ᠲᠦᠷᠭᠡᠯᠡᠨ ᠬᠡᠷᠡᠭᠵᠢᠭᠦᠯᠦᠨ᠎ᠡ᠃ ᠨᠢᠭᠡ ᠴᠣᠭᠴᠠᠵᠢᠭᠰᠠᠨ ᠤᠯᠤᠰ ᠤᠨ | ᠪᠠᠶᠢᠯᠳᠤᠬᠤ ᠪᠣᠳᠣᠯᠭ᠎ᠠ ᠶᠢᠨ ᠰᠢᠰᠲ᠋ᠧᠮ ᠪᠠ ᠴᠢᠳᠠᠪᠤᠷᠢ ᠶᠢ ᠪᠠᠬᠢᠵᠢᠭᠦᠯᠦᠨ ᠳᠡᠭᠡᠭᠰᠢᠯᠡᠭᠦᠯᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ | ᠮᠡᠷᠭᠡᠵᠢᠯ ᠤᠨ ᠠᠵᠤ ᠦᠢᠯᠡᠳᠪᠦᠷᠢ ᠶᠢᠨ ᠰᠢᠰᠲ᠋ᠧᠮ ᠪᠠ ᠪᠠᠶᠢᠷᠢᠰᠢᠯ ᠢ ᠰᠢᠯᠢᠳᠡᠭᠵᠢᠭᠦᠯᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ᠂ ᠤᠯᠤᠰ ᠤᠨ | ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠪᠠ ᠪᠡᠯᠡᠳᠬᠡᠯ ᠬᠦᠴᠦᠨ ᠤ ᠪᠠᠶᠢᠭᠤᠯᠤᠯᠲᠠ ᠶᠢ ᠴᠢᠩᠭᠠᠳᠬᠠᠨ᠎ᠠ᠃ ᠡᠯ᠎ᠡ ᠱᠠᠲᠤᠨ ᠤ ᠵᠠᠰᠠᠭ ᠤᠨ ᠣᠷᠳᠣᠨ ᠤᠯᠤᠰ ᠤᠨ | ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠪᠦᠲᠦᠭᠡᠨ ᠪᠠᠶᠢᠭᠤᠯᠤᠯᠲᠠ ᠶᠢ ᠶᠡᠭᠡ ᠪᠠᠷ ᠳᠠᠮᠵᠢᠵᠤ᠂ ︽ᠬᠤᠶᠠᠷ ᠢ ᠬᠦᠷᠢᠶᠡᠯᠡᠬᠦ︾ ᠠᠵᠢᠯ ᠢ ᠭᠦᠨᠵᠡᠭᠡᠢ | ᠥᠷᠨᠢᠭᠦᠯᠵᠦ᠂ ᠴᠡᠷᠢᠭ ᠵᠠᠰᠠᠭ ᠴᠡᠷᠢᠭ ᠠᠷᠠᠳ ᠤᠨ ᠪᠦᠯᠬᠦᠮᠳᠡᠯ ᠢ ᠪᠠᠬᠢᠵᠢᠭᠦᠯᠦᠨ ᠬᠥᠭᠵᠢᠭᠦᠯᠬᠦ ᠬᠡᠷᠡᠭᠲᠡᠢ᠃ | ᠪᠢᠳᠡ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾᠂ ︽ᠰᠢᠶᠠᠩᠭᠠᠩ ᠤᠨ ᠬᠥᠮᠥᠨ ᠢᠶᠠᠷ ᠰᠢᠶᠠᠩᠭᠠᠩ ᠢ ᠵᠠᠰᠠᠭᠤᠯᠬᠤ︾᠂ ︽ᠣᠣᠮᠧᠨ ᠤ | ᠬᠥᠮᠥᠨ ᠢᠶᠠᠷ ᠣᠣᠮᠧᠨ ᠢ ᠵᠠᠰᠠᠭᠤᠯᠬᠤ︾᠂ ᠳᠡᠭᠡᠳᠦ ᠬᠡᠮᠵᠢᠶ᠎ᠡ ᠪᠠᠷ ᠥᠪᠡᠷᠲᠡᠭᠡᠨ ᠵᠠᠰᠠᠬᠤ ᠴᠢᠭᠯᠡᠯᠲᠡ ᠶᠢ ᠦᠷᠭᠦᠯᠵᠢᠯᠡᠨ ᠪᠦᠭᠦ ᠲᠠᠯ᠎ᠠ ᠪᠠᠷ ᠣᠨᠣᠪᠴᠢᠲᠠᠶ᠂ ᠡᠷᠡᠰ | ᠭᠤᠶᠢᠪᠢᠰᠢ ᠦᠭᠡᠢ ᠲᠤᠭᠤᠰᠢᠯᠠᠭᠤᠯᠵᠤ᠂ ᠬᠠᠤᠯᠢ ᠶᠣᠰᠣᠭᠠᠷ ᠰᠢᠶᠠᠩᠭᠠᠩ ᠢ ᠵᠠᠰᠠᠬᠤ ᠣᠣᠮᠧᠨ ᠢ ᠵᠠᠰᠠᠬᠤ ᠶᠢ ᠪᠠᠷᠢᠮᠲᠠᠯᠠᠵᠤ᠂ ︽ᠡᠬᠡ ᠣᠷᠣᠨᠴᠢ ᠬᠥᠮᠥᠰ ᠢᠶᠠᠷ | ᠰᠢᠶᠠᠩᠭᠠᠩ ᠢ ᠵᠠᠰᠠᠭᠤᠯᠬᠤ︾᠂ ︽ᠡᠬᠡ ᠣᠷᠣᠨᠴᠢ ᠬᠥᠮᠥᠰ ᠢᠶᠠᠷ ᠣᠣᠮᠧᠨ ᠢ ᠵᠠᠰᠠᠭᠤᠯᠬᠤ︾ ᠵᠠᠷᠴᠢᠮ ᠢ ᠨᠠᠶᠢᠳᠠᠪᠤᠷᠢᠵᠢᠭᠤᠯᠬᠤ ᠬᠡᠷᠡᠭᠲᠡᠢ᠃ ᠰᠢᠶᠠᠩᠭᠠᠩ᠂ | ᠣᠣᠮᠧᠨ ᠤ ᠠᠵᠤ ᠠᠬᠤᠢ ᠪᠠᠨ ᠬᠥᠭᠵᠢᠭᠦᠯᠦᠨ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ ᠲᠤᠰ ᠪᠡᠶ᠎ᠡ ᠶᠢᠨ ᠳᠠᠪᠠᠭᠤᠯᠢᠭ ᠪᠠ ᠣᠨᠴᠠᠯᠢᠭ ᠢᠶᠠᠨ ᠪᠠᠳᠠᠷᠠᠭᠤᠯᠬᠤ᠂ | ᠭᠤᠸᠠᠩᠳᠦ᠋ᠩ ᠰᠢᠶᠠᠩᠭᠠᠩ ᠣᠣᠮᠧᠨ ᠤ ᠲᠣᠮᠣ ᠪᠤᠯᠤᠩ ᠤᠨ ᠣᠷᠣᠨ ᠤ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠣᠷᠤᠯᠴᠠᠬᠤ᠂ ᠤᠯᠤᠰ ᠤᠨ ᠬᠥᠭᠵᠢᠯᠲᠡ ᠶᠢᠨ | ᠶᠡᠭᠡ ᠲᠠᠯ᠎ᠠ ᠳᠤ ᠨᠡᠩ ᠰᠠᠶᠢᠨ ᠠᠭᠤᠰᠤᠨ ᠣᠷᠣᠬᠤ ᠶᠢ ᠳᠡᠮᠵᠢᠵᠦ᠂ ᠰᠢᠶᠠᠩᠭᠠᠩ᠂ ᠣᠣᠮᠧᠨ ᠤ ᠤᠷᠳᠤ ᠬᠤᠭᠤᠴᠠᠭᠠᠨ ᠤ ᠴᠡᠴᠡᠭᠯᠡᠯ ᠬᠥᠭᠵᠢᠯ ᠪᠠ ᠲᠣᠭᠲᠠᠭᠤᠨ | ᠪᠠᠶᠢᠳᠠᠯ ᠢ ᠪᠠᠲᠤᠯᠠᠨ᠎ᠠ᠃ | ᠪᠢᠳᠡ ᠰᠢᠨ᠎ᠡ ᠴᠠᠭ ᠦᠶ᠎ᠡ ᠶᠢᠨ ᠨᠠᠮ ᠤᠨ ᠲᠠᠶᠢᠸᠠᠨ ᠤ ᠠᠰᠠᠭᠤᠳᠠᠯ ᠢ ᠰᠢᠢᠳᠪᠦᠷᠢᠯᠡᠬᠦ ᠶᠡᠷᠦᠩᠬᠡᠢ ᠠᠷᠭ᠎ᠠ ᠪᠣᠳᠣᠯᠭ᠎ᠠ ᠶᠢ ᠪᠠᠷᠢᠮᠲᠠᠯᠠᠨ ᠲᠤᠭᠤᠰᠢᠯᠠᠭᠤᠯᠵᠤ᠂ | ᠨᠢᠭᠡ ᠯᠡ ᠳᠤᠮᠳᠠᠳᠤ ᠤᠯᠤᠰ ᠪᠠᠶᠢᠬᠤ ᠵᠠᠷᠴᠢᠮ ᠪᠠ ︽ᠶᠡᠷᠡᠨ ᠬᠤᠶᠠᠷ ᠣᠨ ᠤ ᠬᠠᠮᠲᠤ ᠶᠢᠨ ᠲᠠᠨᠢᠯᠲᠠ︾ ᠶᠢ ᠪᠠᠷᠢᠮᠲᠠᠯᠠᠵᠤ᠂ ︽ᠲᠠᠶᠢᠸᠠᠨ ᠢ ᠲᠤᠰᠠᠭᠠᠷ | ᠲᠣᠭᠲᠠᠨᠢᠭᠤᠯᠬᠤ︾ ᠬᠠᠭᠠᠴᠠᠭᠤᠯᠤᠯ ᠪᠠ ᠭᠠᠳᠠᠨᠠᠬᠢ ᠶᠢᠨ ᠭᠠᠷ ᠳᠦᠷᠦᠯᠲᠡ ᠶᠢ ᠡᠷᠡᠰ ᠡᠰᠡᠷᠭᠦᠴᠡᠵᠦ᠂ ᠲᠠᠶᠢᠸᠠᠨ ᠬᠤᠭᠤᠯᠠᠢ ᠶᠢᠨ ᠬᠤᠶᠠᠷ ᠲᠠᠯ᠎ᠠ ᠶᠢᠨ | ᠬᠠᠷᠢᠴᠠᠭ᠎ᠠ ᠶᠢᠨ ᠨᠠᠶᠢᠷᠠᠮᠳᠠᠯ ᠢᠶᠠᠷ ᠬᠥᠭᠵᠢᠬᠦ ᠶᠢ ᠠᠬᠢᠭᠤᠯᠤᠨ᠂ ᠡᠬᠡ ᠤᠯᠤᠰ ᠢᠶᠠᠨ ᠨᠢᠭᠡᠳᠬᠡᠬᠦ ᠶᠡᠭᠡ ᠦᠢᠯᠡᠰ ᠢ ᠡᠷᠡᠰ ᠭᠤᠶᠢᠪᠢᠰᠢ ᠦᠭᠡᠢ ᠠᠬᠢᠭᠤᠯᠵᠤ᠂ | ᠳᠤᠮᠳᠠᠳᠤ ᠶᠢᠨ ᠦᠨᠳᠦᠰᠦᠲᠡᠨ ᠤ ᠦᠨᠳᠦᠰᠦᠨ ᠠᠰᠢᠭ ᠲᠤᠰᠠ ᠶᠢ ᠬᠠᠮᠠᠭᠠᠯᠠᠬᠤ ᠬᠡᠷᠡᠭᠲᠡᠢ᠃ ᠲᠠᠶᠢᠸᠠᠨ ᠬᠤᠭᠤᠯᠠᠢ ᠶᠢᠨ ᠬᠤᠶᠠᠷ ᠲᠠᠯ᠎ᠠ ᠶᠢᠨ ᠠᠭᠤᠰᠤᠯᠴᠠᠨ | ᠬᠥᠭᠵᠢᠬᠦ ᠶᠢ ᠭᠦᠨᠵᠡᠭᠡᠶᠢᠷᠡᠭᠦᠯᠦᠨ᠂ ᠲᠠᠶᠢᠸᠠᠨ ᠬᠤᠭᠤᠯᠠᠢ ᠶᠢᠨ ᠬᠤᠶᠠᠷ ᠲᠠᠯ᠎ᠠ ᠶᠢᠨ ᠠᠬ᠎ᠠ ᠳᠡᠭᠦᠦ ᠨᠠᠷ ᠤᠨ ᠠᠵᠠ ᠵᠢᠷᠭᠠᠯ ᠢ ᠨᠡᠮᠡᠭᠳᠡᠭᠦᠯᠵᠦ᠂ ᠦᠨᠳᠦᠰᠦᠲᠡᠨ ᠤ | ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠰᠡᠳᠬᠢᠯ ᠨᠢᠭᠡᠳᠦᠨ ᠬᠠᠮᠲᠤ ᠪᠠᠷ ᠴᠣᠭᠴᠠᠯᠠᠬᠤ ᠬᠡᠷᠡᠭᠲᠡᠢ᠃ | ᠪᠢᠳᠡ ᠪᠡᠶ᠎ᠡ ᠪᠠᠨ ᠳᠠᠭᠠᠭᠠᠵᠤ ᠡᠵᠡᠨ ᠮᠡᠳᠡᠬᠦ ᠨᠠᠶᠢᠷᠠᠮᠳᠠᠯ ᠤᠨ ᠭᠠᠳᠠᠭᠠᠳᠤ ᠬᠠᠷᠢᠯᠴᠠᠭᠠᠨ ᠤ ᠲᠥᠷᠥ ᠶᠢᠨ ᠪᠣᠳᠣᠯᠭ᠎ᠠ ᠶᠢ ᠪᠠᠷᠢᠮᠲᠠᠯᠠᠵᠤ᠂ ᠡᠩᠬᠡ ᠲᠠᠶᠢᠪᠤᠩ | ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠪᠠᠷᠢᠮᠲᠠᠯᠠᠨ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ ᠨᠡᠭᠡᠭᠡᠯᠲᠡᠲᠤ ᠪᠠᠶᠢᠯᠳᠤᠬᠤ ᠪᠣᠳᠣᠯᠭ᠎ᠠ ᠶᠢ ᠡᠷᠡᠰ | ᠬᠡᠷᠡᠭᠵᠢᠭᠦᠯᠵᠦ᠂ ᠡᠷᠬᠡ ᠲᠡᠭᠰᠢ ᠪᠥᠭᠡᠳ ᠡᠮᠬᠢ ᠵᠢᠷᠤᠮ ᠲᠠᠢ ᠳᠡᠯᠡᠬᠡᠢ ᠶᠢᠨ ᠣᠯᠠᠨ ᠲᠤᠶᠢᠯᠰᠢᠷᠠᠯᠲᠠ ᠪᠠ ᠲᠦᠭᠡᠮᠡᠯ ᠬᠠᠷᠠᠭᠠᠯᠵᠠᠯ ᠲᠠᠢ ᠪᠥᠭᠡᠳ ᠪᠠᠭᠲᠠᠭᠠᠮᠵᠢᠲᠠᠢ ᠠᠵᠤ | ᠠᠬᠤᠢ ᠶᠢᠨ ᠳᠡᠯᠡᠬᠡᠶᠢᠴᠢᠯᠡᠯᠲᠡ ᠶᠢ ᠰᠠᠨᠠᠭᠠᠴᠢᠯᠠᠨ᠂ ᠰᠢᠨ᠎ᠡ ᠭᠡᠯᠪᠡᠷᠢ ᠶᠢᠨ ᠣᠯᠠᠨ ᠤᠯᠤᠰ ᠤᠨ ᠬᠠᠷᠢᠴᠠᠭ᠎ᠠ ᠶᠢ ᠪᠠᠶᠢᠭᠤᠯᠬᠤ ᠶᠢ ᠠᠬᠢᠭᠤᠯᠵᠤ᠂ ᠡᠵᠡᠷᠬᠡᠭᠯᠡᠬᠦ | ᠡᠵᠡᠷᠬᠡᠭᠯᠡᠨ ᠬᠠᠷᠭᠢᠰᠯᠠᠬᠤ ᠡᠵᠡᠷᠬᠡᠭᠯᠡᠨ ᠳᠠᠷᠤᠯᠠᠬᠤ ᠠᠵᠢᠯᠯᠠᠭ᠎ᠠ ᠶᠢ ᠡᠰᠡᠷᠭᠦᠴᠡᠵᠦ᠂ ᠤᠯᠠᠨ ᠤᠯᠤᠰ ᠤᠨ ᠲᠥᠪ ᠭᠤᠤᠯᠴᠢ ᠰᠢᠳᠤᠷᠭᠤ ᠶᠣᠰᠣ ᠶᠢ ᠬᠠᠮᠠᠭᠠᠯᠠᠬᠤ | ᠬᠡᠷᠡᠭᠲᠡᠢ᠃ ᠳᠤᠮᠳᠠᠳᠤ ᠤᠯᠤᠰ ᠳᠤᠷᠠᠲᠠᠶ᠎ᠠ ᠳᠡᠯᠡᠬᠡᠢ ᠨᠡᠶᠢᠲᠡ ᠲᠠᠢ ᠬᠠᠮᠲᠤ ᠪᠠᠷ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ | ᠠᠮᠤᠷ ᠲᠦᠪᠰᠢᠨ ᠤ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ ᠨᠠᠶᠢᠳᠠᠪᠤᠷᠢᠵᠢᠭᠤᠯᠤᠨ᠂ ᠪᠦᠭᠦ ᠬᠥᠮᠥᠨ ᠲᠥᠷᠥᠯᠬᠢᠲᠡᠨ ᠤ | ᠬᠠᠮᠲᠤ ᠶᠢᠨ ᠥᠷᠲᠡᠭ ᠢ ᠪᠠᠳᠠᠷᠠᠭᠤᠯᠵᠤ᠂ ᠪᠦᠭᠦ ᠪᠥᠮᠪᠥᠷᠴᠡᠭ ᠤᠨ ᠵᠠᠰᠠᠯᠲᠠ ᠶᠢᠨ ᠰᠢᠰᠲ᠋ᠧᠮ ᠤᠨ ᠬᠤᠪᠢᠰᠤᠯᠲᠠ ᠶᠢ ᠠᠬᠢᠭᠤᠯᠵᠤ᠂ ᠬᠥᠮᠥᠨ ᠲᠥᠷᠥᠯᠬᠢᠲᠡᠨ ᠤ | ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠤᠨ᠎ᠠ᠃ | ᠲᠥᠯᠥᠭᠡᠯᠡᠭᠴᠢᠳ ᠠ᠋︕ | ᠬᠠᠷᠢᠭᠤᠴᠠᠯᠭ᠎ᠠ ᠶᠢᠨ ᠵᠠᠩᠭᠢᠯᠠᠭ᠎ᠠ ᠨᠢ ᠡᠭᠦᠷᠭᠡᠯᠡᠬᠦ ᠳᠤ ᠪᠠᠶᠢᠵᠤ᠂ ᠲᠡᠮᠡᠴᠡᠯ ᠢᠶᠠᠷ ᠢᠷᠡᠭᠡᠳᠦᠢ ᠶᠢ ᠡᠭᠦᠳᠦᠨ ᠪᠦᠲᠦᠭᠡᠳᠡᠭ᠃ ᠪᠢᠳᠡ ᠰᠢ ᠶᠢᠨ ᠫᠢᠩ | ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠠᠩ ᠢᠯᠡᠭᠦᠦ ᠨᠢᠭᠲᠠᠷᠠᠨ ᠪᠦᠯᠬᠦᠮᠳᠡᠵᠦ᠂ ᠳᠤᠮᠳᠠᠳᠤ ᠤᠯᠤᠰ ᠤᠨ ᠣᠨᠴᠠᠯᠢᠭ | ᠪᠦᠬᠦᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ ᠮᠠᠨᠳᠤᠭᠤᠯᠤᠨ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ | ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ᠂ ᠢᠲᠡᠭᠡᠯ ᠵᠣᠷᠢᠭ ᠢᠶᠠᠨ ᠪᠠᠲᠤᠳᠬᠠᠵᠤ᠂ ᠵᠠᠮ ᠨᠡᠭᠡᠭᠡᠨ ᠤᠷᠤᠭᠰᠢᠯᠠᠵᠤ᠂ ᠪᠦᠭᠦ | ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠡᠭᠦᠷᠭᠡ ᠪᠠᠨ ᠴᠢᠷᠮᠠᠶᠢᠨ ᠪᠡᠶᠡᠯᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ | ᠠᠬᠢᠭᠤᠯᠬᠤ ᠶᠢᠨ ᠲᠥᠯᠥᠭᠡ ᠴᠥᠬᠦᠷᠡᠰᠢ ᠦᠭᠡᠢ ᠲᠡᠮᠡᠴᠡᠵᠡᠭᠡᠶ᠎ᠡ︕ | | | ︵ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 12 ᠤᠨ ᠴᠠᠭᠢᠯᠭᠠᠨ ᠮᠡᠳᠡᠭᠡ︶ | ︵ᠲᠤᠮᠳᠠᠳᠤ ᠤᠯᠤᠰ ᠤᠨ ᠦᠨᠳᠦᠰᠦᠲᠡᠨ ᠪ᠊ ᠬᠡᠯᠡᠨ ᠪ᠊ ᠣᠷᠴᠢᠭᠤᠯᠭ᠎ᠠ ᠶᠢᠨ ᠲᠣᠪᠴᠢᠶ᠎ᠠ ᠣᠷᠴᠢᠭᠤᠯᠪᠠ︶ | |