ᠠᠷᠤᠬᠠᠰᠢᠶᠠᠲᠦ ᠪᠠᠯᠭᠠᠰᠤ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠬᠠᠷᠢᠭᠤᠴᠠᠯᠭ᠎ᠠ ᠶᠢᠨ ᠪᠢᠴᠢᠭ ᠲᠤ ᠭᠠᠷ ᠤᠨ ᠥᠰᠥᠭ ᠵᠢᠷᠤᠵᠤ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠬᠡᠷᠡᠮ ᠢ ᠬᠠᠮᠲᠤ ᠪᠠᠷ ᠴᠣᠭᠴᠠᠯᠠᠪᠠ
ᠨᠡᠶᠢᠲᠡᠯᠡᠭᠰᠡᠨ ᠴᠠᠭ᠄
2024/3/19
      ᠨᠢᠭᠡ᠂ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠪᠣᠳᠠᠲᠠᠶᠢᠵᠢᠭᠤᠯᠵᠤ᠂ ᠬᠠᠷᠢᠭᠤᠴᠠᠯᠭ᠎ᠠ ᠶᠢ ᠳᠠᠬᠢᠨ ᠪᠣᠳᠠᠲᠠᠶᠢᠵᠢᠭᠤᠯᠪᠠ      2024 ᠣᠨ ᠤ ᠬᠠᠪᠤᠷ ᠤᠨ ᠤᠯᠠᠷᠢᠯ ᠤᠨ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠬᠤᠭᠤᠴᠠᠭᠠᠨ ᠳᠤ ᠣᠷᠣᠭᠰᠠᠨ ᠤ ᠳᠠᠷᠠᠭ᠎ᠠ᠂ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠡᠯ᠎ᠡ ᠵᠦᠢᠯ ᠤᠨ ᠠᠵᠢᠯ ᠢ ᠦᠨᠡᠨᠬᠦ ᠴᠢᠩᠭ᠎ᠠ ᠪᠦᠭᠡᠳ ᠪᠣᠳᠠᠲᠠᠢ ᠠᠳᠬᠤᠵᠤ᠂ ᠮᠠᠯᠴᠢᠨ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ 3 ᠰᠠᠷ᠎ᠠ ᠶᠢᠨ 18  ᠤ ᠡᠳᠦᠷ᠂ ᠠᠷᠤᠬᠠᠰᠢᠶᠠᠲᠤ ᠪᠠᠯᠭᠠᠰᠤ 2024 ᠣᠨ ᠤ ᠬᠠᠪᠤᠷ ᠤᠨ ᠤᠯᠠᠷᠢᠯ ᠤᠨ ᠭᠠᠯ ᠢ ᠰᠡᠷᠭᠡᠶᠢᠯᠡᠨ ᠤᠨᠲᠠᠷᠠᠭᠠᠬᠤ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠬᠠᠪᠤᠷ ᠤᠨ ᠤᠯᠠᠷᠢᠯ ᠤᠨ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠤᠨᠲᠠᠷᠠᠭᠠᠬᠤ ᠡᠯ᠎ᠡ ᠵᠦᠢᠯ ᠤᠨ ᠠᠵᠢᠯ ᠢ ᠨᠠᠷᠢᠨ ᠨᠢᠭᠲᠠ ᠲᠣᠬᠢᠷᠠᠭᠤᠯᠤᠨ ᠪᠠᠶᠢᠷᠢᠯᠠᠭᠤᠯᠵᠤ᠂ ᠬᠠᠷᠢᠭᠤᠴᠠᠯᠭ᠎ᠠ ᠶᠢ ᠪᠠᠯᠭᠠᠰᠤ᠂ ᠭᠠᠴᠠᠭ᠎ᠠ ᠨᠡᠶᠢᠭᠡᠮ ᠲᠣᠭᠤᠷᠢᠭ᠂ ᠴᠡᠷᠢᠭ ᠠᠩᠭᠢ ᠵᠢᠴᠢ ᠠᠵᠤ ᠠᠬᠤᠶᠢᠯᠠᠯ ᠳᠤ ᠬᠦᠷᠲᠡᠯ᠎ᠡ ᠨᠠᠶᠢᠳᠠᠪᠤᠷᠢᠵᠢᠭᠤᠯᠵᠤ᠂ ᠭᠠᠯ ᠢ ᠰᠡᠷᠭᠡᠶᠢᠯᠡᠨ ᠤᠨᠲᠠᠷᠠᠭᠠᠬᠤ ᠠᠵᠢᠯ ᠤᠨ ᠬᠠᠷᠢᠭᠤᠴᠠᠯᠭ᠎ᠠ ᠶᠢ ᠬᠥᠮᠥᠨ ᠨᠢᠭᠡᠪᠦᠷᠢ᠂ ᠠᠵᠢᠯ ᠤᠨ ᠪᠠᠶᠢᠷᠢ ᠪᠦᠷᠢ ᠳᠤ ᠬᠦᠷᠲᠡᠯ᠎ᠡ ᠨᠠᠶᠢᠳᠠᠪᠤᠷᠢᠵᠢᠭᠤᠯᠬᠤ ᠶᠢ ᠪᠠᠲᠤᠯᠠᠪᠠ᠃ ᠳᠠᠷᠠᠭ᠎ᠠ ᠨᠢ᠂ ᠬᠠᠷᠢᠶ᠎ᠠ ᠣᠷᠣᠨ ᠤ ᠬᠠᠮᠢᠶᠠᠷᠤᠯᠲᠠ ᠶᠢᠨ ᠵᠠᠷᠴᠢᠮ ᠶᠣᠰᠣᠭᠠᠷ᠂ ᠠᠷᠤᠬᠠᠰᠢᠶᠠᠲᠤ ᠪᠠᠯᠭᠠᠰᠤ ᠡᠯ᠎ᠡ ᠭᠠᠴᠠᠭ᠎ᠠ ᠨᠡᠶᠢᠭᠡᠮ ᠲᠣᠭᠤᠷᠢᠭ᠂ ᠬᠠᠷᠢᠶ᠎ᠠ ᠣᠷᠣᠨ ᠳᠠᠬᠢ ᠠᠭᠤᠷᠬᠠᠢ ᠶᠢᠨ ᠠᠵᠤ ᠠᠬᠤᠶᠢᠯᠠᠯ᠂ ᠬᠢᠯᠢ ᠶᠢᠨ ᠬᠠᠮᠠᠭᠠᠯᠠᠯᠲᠠ ᠶᠢᠨ ᠴᠡᠷᠢᠭ ᠠᠩᠭᠢ ᠲᠠᠢ ︽ᠠᠷᠤᠬᠠᠰᠢᠶᠠᠲᠦ ᠪᠠᠯᠭᠠᠰᠤ ᠶᠢᠨ 2024 ᠣᠨ ᠤ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠠᠵᠢᠯ ᠤᠨ ᠬᠠᠷᠢᠭᠤᠴᠠᠯᠭ᠎ᠠ ᠶᠢᠨ ᠪᠢᠴᠢᠭ︾ ︽ᠠᠷᠤᠬᠠᠰᠢᠶᠠᠲᠦ ᠪᠠᠯᠭᠠᠰᠤ ᠶᠢᠨ 2024 ᠣᠨ ᠤ ᠠᠶᠤᠯᠭᠦᠢ ᠦᠢᠯᠡᠳᠪᠦᠷᠢᠯᠡᠯ ᠤᠨ ᠠᠵᠢᠯ ᠤᠨ ᠬᠠᠷᠢᠭᠤᠴᠠᠯᠭ᠎ᠠ ᠶᠢᠨ ᠪᠢᠴᠢᠭ︾ ᠵᠢᠴᠢ ︽ᠠᠷᠤᠬᠠᠰᠢᠶᠠᠲᠦ ᠪᠠᠯᠭᠠᠰᠤ ᠶᠢᠨ 2024 ᠣᠨ ᠤ ᠭᠠᠯ ᠤᠨᠲᠠᠷᠠᠭᠠᠬᠤ ᠠᠵᠢᠯ ᠤᠨ ᠬᠠᠷᠢᠭᠤᠴᠠᠯᠭ᠎ᠠ ᠶᠢᠨ ᠪᠢᠴᠢᠭ︾ ᠲᠤ ᠭᠠᠷ ᠤᠨ ᠥᠰᠥᠭ ᠵᠢᠷᠤᠵᠤ᠂ ᠭᠠᠯ ᠢ ᠰᠡᠷᠭᠡᠶᠢᠯᠡᠬᠦ ᠬᠠᠷᠢᠭᠤᠴᠠᠯᠭ᠎ᠠ ᠶᠢ ᠱᠠᠲᠤ ᠱᠠᠲᠤ ᠪᠠᠷ ᠨᠠᠶᠢᠳᠠᠪᠤᠷᠢᠵᠢᠭᠤᠯᠵᠤ᠂ ᠨᠤᠲᠤᠭ ᠪᠡᠯᠴᠢᠭᠡᠷ ᠢ ᠬᠠᠮᠠᠭᠠᠯᠠᠬᠤ ᠬᠥᠮᠥᠨ ᠲᠠᠢ᠂ ᠭᠠᠯ ᠤᠨ ᠡᠬᠢ ᠢᠷᠡᠯᠲᠡ ᠶᠢ ᠪᠠᠶᠢᠴᠠᠭᠠᠬᠤ ᠬᠥᠮᠥᠨ ᠲᠠᠢ᠂ ᠬᠠᠷᠢᠭᠤᠴᠠᠯᠭ᠎ᠠ ᠶᠢ ᠡᠭᠦᠷᠭᠡᠯᠡᠬᠦ ᠬᠥᠮᠥᠨ ᠲᠠᠢ ᠪᠣᠯᠭᠠᠪᠠ᠃
3.19口岸1.jpg
      ᠬᠤᠶᠠᠷ᠂ ᠤᠬᠠᠭᠤᠯᠤᠨ ᠳᠠᠶᠢᠴᠢᠯᠠᠬᠤ ᠶᠢ ᠪᠣᠳᠠᠲᠠᠶᠢᠵᠢᠭᠤᠯᠵᠤ᠂ ᠦᠵᠡᠯ ᠤᠬᠠᠮᠰᠠᠷ ᠢ ᠳᠡᠭᠡᠭᠰᠢᠯᠡᠭᠦᠯᠪᠡ      ᠠᠷᠤᠬᠠᠰᠢᠶᠠᠲᠤ ᠪᠠᠯᠭᠠᠰᠤ ᠶᠢᠨ ᠤᠳᠤᠷᠢᠳᠬᠤ ᠪᠠᠭ ᠤᠨ ᠪᠦᠷᠢᠯᠳᠦᠭᠦᠨ ᠪᠦᠯᠬᠦᠮ ᠳᠠᠭᠠᠭᠤᠯᠤᠨ ᠬᠠᠷᠢᠶ᠎ᠠ ᠣᠷᠣᠨ ᠳᠠᠬᠢ ᠠᠭᠤᠷᠬᠠᠢ ᠶᠢᠨ ᠠᠵᠤ ᠠᠬᠤᠶᠢᠯᠠᠯ᠂ ᠮᠠᠯᠵᠢᠬᠤ ᠡᠷᠦᠬᠡ ᠳᠤ ᠭᠦᠨᠵᠡᠭᠡᠶᠢᠷᠡᠵᠦ᠂ ᠭᠠᠯ ᠢ ᠰᠡᠷᠭᠡᠶᠢᠯᠡᠬᠦ ᠤᠬᠠᠭᠤᠯᠭ᠎ᠠ ᠦᠷᠨᠢᠭᠦᠯᠪᠡ᠃ ᠡᠭᠦᠨ ᠤ ᠬᠠᠮᠲᠤ᠂ ᠸᠢᠴᠠᠲ ᠣᠯᠠᠨ ᠨᠡᠶᠢᠲᠡ ᠶᠢᠨ ᠲᠠᠪᠴᠠᠩ᠂ ᠸᠢᠴᠠᠲ ᠬᠤᠯᠪᠣᠭ᠎ᠠ ᠵᠡᠷᠭᠡ ᠲᠠᠪᠴᠠᠩ ᠢᠶᠠᠷ ᠳᠠᠮᠵᠢᠭᠤᠯᠤᠨ᠂ ᠭᠠᠯ ᠢ ᠰᠡᠷᠭᠡᠶᠢᠯᠡᠬᠦ ᠶᠡᠷᠦ ᠶᠢᠨ ᠮᠡᠳᠡᠯᠭᠡ᠂ ᠤᠬᠠᠭᠤᠯᠭ᠎ᠠ ᠶᠢᠨ ᠹᠢᠯᠢᠮ᠂ ᠬᠠᠤᠯᠢ ᠴᠠᠭᠠᠵᠠ ᠬᠠᠤᠯᠢ ᠲᠣᠭᠲᠠᠭᠠᠯ ᠢ ᠢᠳᠡᠪᠬᠢᠲᠡᠢ ᠪᠠᠷ ᠳᠠᠮᠵᠢᠭᠤᠯᠤᠨ ᠲᠠᠷᠬᠠᠭᠠᠪᠠ᠃ ᠰᠦᠯᠵᠢᠶᠡᠨ ᠳᠡᠭᠡᠷ᠎ᠡ ᠪᠠ ᠰᠦᠯᠵᠢᠶᠡᠨ ᠤ ᠭᠠᠳᠠᠨ᠎ᠠ ᠬᠠᠮᠲᠤᠷᠠᠨ ᠬᠥᠳᠡᠯᠦᠯᠴᠡᠬᠦ ᠠᠷᠭ᠎ᠠ ᠮᠠᠶ᠋ᠢᠭ ᠢᠶᠠᠷ ᠳᠠᠮᠵᠢᠨ ᠣᠯᠠᠨ ᠲᠦᠮᠡᠨ ᠳᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ ᠪᠡᠯᠴᠢᠭᠡᠷ ᠤᠨ ᠬᠠᠤᠯᠢ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠤᠲᠤᠭ ᠪᠡᠯᠴᠢᠭᠡᠷ ᠤᠨ ᠬᠠᠮᠢᠶᠠᠷᠤᠯᠲᠠ ᠶᠢᠨ ᠳᠦᠷᠢᠮ ᠢ ᠬᠡᠷᠡᠭᠵᠢᠭᠦᠯᠬᠦ ᠨᠠᠷᠢᠨ ᠳᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠳᠦᠷᠢᠮ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠪᠠ ᠭᠠᠯ ᠢ ᠰᠡᠷᠭᠡᠶᠢᠯᠡᠨ ᠤᠨᠲᠠᠷᠠᠭᠠᠬᠤ ᠮᠡᠳᠡᠯᠭᠡ ᠶᠢ ᠤᠬᠠᠭᠤᠯᠵᠤ᠂ ᠨᠤᠲᠤᠭ ᠪᠡᠯᠴᠢᠭᠡᠷ ᠤᠨ ᠭᠠᠯ ᠤᠨ ᠠᠶᠤᠯ ᠡᠭᠦᠰᠦᠭᠰᠡᠨ ᠰᠢᠯᠲᠠᠭᠠᠨ᠂ ᠬᠤᠣᠷ ᠬᠥᠨᠥᠭᠡᠯ᠂ ᠣᠨᠴᠠᠯᠢᠭ᠂ ᠭᠠᠯ ᠤᠨ ᠠᠶᠤᠯ ᠭᠠᠷᠤᠭᠰᠠᠨ ᠭᠠᠵᠠᠷ ᠠᠴᠠ ᠬᠡᠷᠬᠢᠨ ᠪᠠᠴᠢᠮ ᠵᠠᠶᠢᠯᠠᠬᠤ᠂ ᠭᠠᠯ ᠤᠨ ᠠᠶᠤᠯ ᠭᠠᠷᠤᠭᠰᠠᠨ ᠭᠠᠵᠠᠷ ᠲᠤ ᠬᠡᠷᠬᠢᠨ ᠠᠪᠤᠷᠠᠨ ᠲᠤᠰᠠᠯᠠᠬᠤ ᠪᠠ ᠥᠪᠡᠷ  ᠢ ᠪᠠᠨ ᠠᠪᠤᠷᠠᠬᠤ ᠵᠡᠷᠭᠡ ᠠᠭᠤᠯᠭ᠎ᠠ ᠶᠢ ᠨᠠᠷᠢᠯᠢᠭ ᠲᠠᠶᠢᠯᠪᠤᠷᠢᠯᠠᠪᠠ᠃
3.19口岸2.jpg
      ᠭᠤᠷᠪᠠ᠂ ᠲᠣᠭᠤᠷᠢᠨ ᠪᠠᠶᠢᠴᠠᠭᠠᠬᠤ ᠵᠢᠵᠢᠭᠦᠷᠯᠡᠨ ᠰᠠᠬᠢᠬᠤ ᠶᠢ ᠪᠣᠳᠠᠲᠠᠶᠢᠵᠢᠭᠤᠯᠵᠤ᠂ ᠠᠮᠤᠷ ᠲᠦᠪᠰᠢᠨ ᠤ ᠪᠠᠲᠤᠯᠠᠭ᠎ᠠ ᠲᠠᠢ ᠪᠣᠯᠭᠠᠪᠠ      ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠤᠨᠲᠠᠷᠠᠭᠠᠬᠤ ᠡᠯ᠎ᠡ ᠵᠦᠢᠯ ᠤᠨ ᠠᠵᠢᠯ ᠢ ᠦᠨᠡᠨᠬᠦ ᠰᠠᠶᠢᠲᠤᠷ ᠬᠢᠬᠦ ᠶᠢᠨ ᠲᠦᠯᠦᠭᠡ᠂ ᠠᠷᠤᠬᠠᠰᠢᠶᠠᠲᠦ ᠪᠠᠯᠭᠠᠰᠤ ᠭᠤᠣᠯᠳᠠᠯᠭ᠎ᠠ ᠲᠠᠢ ᠪᠠᠶᠢᠴᠠᠭᠠᠬᠤ᠂ ᠦᠷᠭᠦᠯᠵᠢᠯᠡᠨ ᠪᠠᠶᠢᠴᠠᠭᠠᠬᠤ᠂ ᠳᠠᠬᠢᠨ ᠳᠠᠪᠲᠠᠨ ᠪᠠᠶᠢᠴᠠᠭᠠᠬᠤ ᠵᠡᠷᠭᠡ ᠠᠵᠢᠯ ᠤᠨ ᠠᠷᠭ᠎ᠠ ᠬᠡᠮᠵᠢᠶ᠎ᠡ ᠠᠪᠴᠤ᠂ ᠡᠯ᠎ᠡ ᠭᠠᠴᠠᠭ᠎ᠠ ᠪᠠᠷ ᠬᠤᠪᠢᠶᠠᠷᠢᠯᠠᠯ ᠪᠣᠯᠭᠠᠨ᠂ ᠴᠡᠭ ᠲᠣᠭᠲᠠᠭᠠᠨ ᠪᠠᠶᠢᠴᠠᠭᠠᠬᠤ᠂ ᠬᠥᠳᠡᠯᠦᠩᠭᠦᠢ ᠪᠠᠷ ᠲᠣᠭᠤᠷᠢᠨ ᠪᠠᠶᠢᠴᠠᠭᠠᠬᠤ ᠬᠡᠯᠪᠡᠷᠢ ᠪᠠᠷ ᠵᠢᠭᠰᠠᠭᠠᠨ ᠪᠠᠶᠢᠴᠠᠭᠠᠬᠤ ᠪᠠᠷ ᠳᠠᠮᠵᠢᠨ᠂ ᠬᠡᠭᠡᠷ᠎ᠡ ᠭᠠᠳᠠᠨ᠎ᠠ ᠭᠠᠯ ᠬᠡᠷᠡᠭᠯᠡᠬᠦ᠂ ᠵᠠᠳᠠᠭᠠᠢ ᠪᠠᠷ ᠰᠢᠲᠠᠭᠠᠬᠤ ᠵᠡᠷᠭᠡ ᠦᠵᠡᠭᠳᠡᠯ ᠢ ᠴᠡᠭᠴᠡᠯᠡᠨ ᠵᠠᠰᠠᠵᠤ᠂ ᠠᠮᠤᠷ ᠲᠦᠪᠰᠢᠨ ᠤ ᠳᠠᠯᠳᠠ ᠬᠡᠮ ᠢ ᠬᠠᠮᠤᠭ ᠤᠨ ᠳᠣᠣᠷ᠎ᠠ ᠬᠡᠮᠵᠢᠶᠡᠨ ᠳᠤ ᠬᠦᠷᠲᠡᠯ᠎ᠡ ᠪᠠᠭᠤᠷᠠᠭᠤᠯᠬᠤ ᠶᠢ ᠦᠨᠡᠨᠬᠦ ᠪᠠᠲᠤᠯᠠᠪᠠ᠃ ᠡᠭᠦᠨ ᠤ ᠬᠠᠮᠲᠤ ᠤᠳᠤᠷᠢᠳᠬᠤ ᠺᠠᠳ᠋ᠷ ᠤᠨ ᠡᠭᠡᠯᠵᠢ ᠳᠠᠭᠠᠭᠤᠯᠤᠨ ᠵᠢᠵᠢᠭᠦᠷᠯᠡᠬᠦ ᠪᠠ 24 ᠴᠠᠭ ᠢᠶᠠᠷ ᠵᠢᠵᠢᠭᠦᠷᠯᠡᠵᠦ ᠠᠵᠢᠯ ᠤᠨ ᠪᠠᠶᠢᠷᠢ ᠳᠤ ᠪᠠᠶᠢᠬᠤ ᠳᠦᠷᠢᠮ ᠢ ᠴᠢᠩᠭ᠎ᠠ ᠬᠡᠷᠡᠭᠵᠢᠭᠦᠯᠵᠦ᠂ ᠠᠵᠢᠯ ᠤᠨ ᠪᠠᠶᠢᠷᠢ ᠠᠴᠠ ᠬᠤᠴᠣᠷᠬᠤ ᠦᠭᠡᠢ᠂ ᠠᠵᠢᠯ ᠤᠨ ᠪᠠᠶᠢᠷᠢ ᠠᠴᠠ ᠰᠠᠯᠬᠤ ᠦᠭᠡᠢ ᠪᠠᠶᠢᠬᠤ ᠶᠢ ᠪᠠᠲᠤᠯᠠᠵᠤ᠂ ᠵᠢᠵᠢᠭᠦᠷᠯᠡᠬᠦ ᠤᠲᠠᠰᠤ ᠶᠢ ᠰᠠᠶᠢᠲᠤᠷ ᠰᠠᠬᠢᠵᠤ᠂ ᠮᠡᠳᠡᠭᠡ ᠬᠤᠯᠪᠣᠭ᠎ᠠ ᠬᠠᠷᠢᠯᠴᠠᠭ᠎ᠠ ᠪᠠ ᠮᠡᠳᠡᠭᠡ ᠵᠠᠩᠭᠢ ᠶᠢᠨ ᠠᠷᠭ᠎ᠠ ᠵᠠᠮ ᠤᠨ ᠰᠠᠭᠠᠳ ᠦᠭᠡᠢ ᠨᠡᠪᠲᠡᠷᠡᠬᠦ ᠶᠢ ᠪᠠᠲᠤᠯᠠᠨ᠂ ᠬᠠᠭᠠᠰ ᠲᠤᠰᠬᠠᠢ ᠮᠡᠷᠭᠡᠵᠢᠯ ᠤᠨ ᠭᠠᠯ ᠤᠨᠲᠠᠷᠠᠭᠠᠬᠤ ᠪᠠᠴᠢᠮ ᠪᠠᠶᠢᠳᠠᠯ ᠢ ᠠᠷᠭᠠᠴᠠᠬᠤ ᠡᠩᠨᠡᠭᠡ ᠶᠢ ᠵᠣᠬᠢᠰᠲᠠᠢ ᠲᠣᠬᠢᠷᠠᠭᠤᠯᠵᠤ᠂ ᠴᠠᠭ ᠢᠮᠠᠭᠲᠠ ᠪᠠᠶᠢᠯᠳᠤᠭᠠᠨ ᠤ ᠪᠠᠶᠢᠳᠠᠯ ᠢ ᠪᠠᠲᠤᠯᠠᠵᠤ᠂ ᠭᠡᠨᠡᠳᠲᠡ ᠶᠢᠨ ᠬᠡᠷᠡᠭ ᠲᠣᠬᠢᠶᠠᠯᠳᠤᠪᠠᠯ ᠲᠡᠷᠡ ᠳᠠᠷᠤᠢ ᠳᠤᠨᠢ ᠲᠤᠬᠠᠢ ᠶᠢᠨ ᠲᠠᠯᠠᠪᠤᠷ ᠲᠤ ᠬᠦᠷᠴᠦ ᠰᠢᠢᠳᠪᠦᠷᠢᠯᠡᠬᠦ ᠶᠢ ᠪᠠᠲᠤᠯᠠᠪᠠ᠃
ᠢᠷᠡᠯᠲᠡ᠄ ᠲᠣᠲᠣᠷᠬᠠᠢ ᠦᠭᠡᠢ