ᠪᠣᠭᠳᠠᠠᠭᠤᠯᠠ ᠰᠤᠮᠤ ᠣᠶ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠤᠨᠲᠠᠷᠠᠭᠠᠬᠤ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/3/19
      ᠣᠶ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠤᠨᠲᠠᠷᠠᠭᠠᠬᠤ ᠠᠵᠢᠯ ᠢ ᠴᠢᠨᠠᠭᠰᠢᠳᠠ ᠴᠢᠩᠭᠠᠳᠬᠠᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠠ ᠣᠶ ᠰᠢᠭᠤᠢ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠠᠮᠤᠷ ᠲᠦᠪᠰᠢᠨ ᠢ ᠦᠨᠡᠨᠬᠦ ᠪᠠᠲᠤᠯᠠᠬᠤ ᠶᠢᠨ ᠲᠥᠯᠥᠭᠡ᠂ 3 ᠰᠠᠷ᠎ᠠ ᠶᠢᠨ 18 ᠤ ᠡᠳᠦᠷ᠂ ᠪᠣᠭᠳᠠᠠᠭᠤᠯᠠ ᠰᠤᠮᠤ ᠬᠠᠪᠤᠷ ᠤᠨ ᠤᠯᠠᠷᠢᠯ ᠤᠨ ᠣᠶ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠤᠨᠲᠠᠷᠠᠭᠠᠬᠤ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠰᠤᠮᠤᠨ ᠤ ᠭᠤᠣᠯ ᠤᠳᠤᠷᠢᠳᠤᠯᠭ᠎ᠠ᠂ ᠬᠤᠪᠢᠳᠠᠨ ᠬᠠᠮᠢᠶᠠᠷᠬᠤ ᠤᠳᠤᠷᠢᠳᠤᠯᠭ᠎ᠠ᠂ ᠭᠠᠴᠠᠭ᠎ᠠ ᠨᠡᠶᠢᠭᠡᠮ ᠲᠣᠭᠤᠷᠢᠭ ᠤᠨ ᠱᠦᠵᠢ᠂ ᠺᠠᠳ᠋ᠷ ᠠᠵᠢᠯᠲᠠᠳ ᠬᠤᠷᠠᠯ ᠳᠤ ᠣᠷᠣᠯᠴᠠᠪᠠ᠃
3.19宝东1.jpg
      ᠬᠤᠷᠠᠯ ᠳᠤ᠂ ᠰᠤᠮᠤ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠣᠮᠣᠨ ᠳᠠᠷᠤᠭ᠎ᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ 2024 ᠣᠨ ᠤ ᠣᠶ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠤᠨᠲᠠᠷᠠᠭᠠᠬᠤ ᠵᠠᠷᠯᠢᠭ ︵ᠥᠪᠥᠷ ᠵᠠᠰᠠᠭ ᠴᠠᠬᠢᠯᠭᠠᠨ ᠮᠡᠳᠡᠭᠡ  ﹇2024﹈ 1 ᠳ᠋ᠦ᠋ᠭᠡᠷ ᠲᠣᠭᠠᠲᠤ︶ ᠤᠨ ᠵᠠᠷᠯᠢᠭ ᠢ ᠤᠯᠠᠮᠵᠢᠯᠠᠪᠠ᠃       ᠬᠤᠷᠠᠯ ᠠᠴᠠ᠂ ᠮᠠᠨ ᠤ ᠬᠤᠰᠢᠭᠤ 3 ᠰᠠᠷ᠎ᠠ ᠶᠢᠨ 15 ᠤ ᠡᠳᠦᠷ ᠠᠴᠠ ᠡᠬᠢᠯᠡᠨ ᠬᠠᠪᠤᠷ ᠤᠨ ᠤᠯᠠᠷᠢᠯ ᠤᠨ ᠤᠢ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠬᠤᠭᠤᠴᠠᠭᠠᠨ ᠳᠤ ᠣᠷᠣᠪᠠ᠃ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠪᠠᠶᠢᠳᠠᠯ ᠤᠯᠠᠮ ᠢᠶᠠᠷ ᠬᠡᠴᠡᠭᠦᠳᠡᠵᠦ᠂ ᠰᠤᠮᠤ ᠳᠠᠶᠠᠭᠠᠷ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠦᠳᠲᠡᠷ ᠲᠦᠷᠭᠡᠨ ᠬᠥᠳᠡᠯᠦᠯᠴᠡᠵᠦ᠂ ᠳᠡᠭᠡᠳᠦ ᠱᠠᠲᠤᠨ ᠤ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ ᠡᠯ᠎ᠡ ᠵᠦᠢᠯ ᠤᠨ ᠭᠠᠯ ᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠴᠢᠨᠠᠭᠰᠢᠳᠠ ᠨᠠᠶᠢᠳᠠᠪᠤᠷᠢᠵᠢᠭᠤᠯᠤᠨ᠂ ᠣᠶ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠠᠵᠢᠯ ᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠦᠵᠡᠯ ᠰᠠᠨᠠᠭ᠎ᠠ᠂ ᠬᠠᠷᠢᠭᠤᠴᠠᠯᠭ᠎ᠠ᠂ ᠤᠬᠠᠭᠤᠯᠭ᠎ᠠ᠂ ᠪᠠᠶᠢᠴᠠᠭᠠᠯᠲᠠ᠂ ᠡᠩᠨᠡᠭᠡ᠂ ᠡᠳ᠋ ᠪᠣᠳᠠᠰ ᠵᠢᠷᠭᠤᠭ᠎ᠠ ᠶᠢ ᠪᠣᠳᠠᠲᠠᠶᠢᠵᠢᠭᠤᠯᠵᠤ᠂ ᠬᠠᠪᠤᠷ ᠤᠨ ᠤᠯᠠᠷᠢᠯ ᠤᠨ ᠣᠶ ᠰᠢᠭᠤᠢ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠠᠮᠤᠷ ᠲᠦᠪᠰᠢᠨ ᠢ ᠦᠨᠡᠨᠬᠦ ᠪᠠᠲᠤᠯᠠᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃
3.19宝东2.jpg
      ᠬᠤᠷᠠᠯ ᠠᠴᠠ᠂ ᠨᠢᠭᠡ ᠳᠤ ᠤᠬᠠᠭᠤᠯᠵᠤ ᠬᠥᠲᠥᠯᠥᠨ ᠵᠢᠯᠤᠭᠤᠳᠬᠤ ᠶᠢ ᠴᠢᠩᠭᠠᠳᠬᠠᠬᠤ ᠬᠡᠷᠡᠭᠲᠡᠢ᠃ ᠰᠦᠯᠵᠢᠶᠡᠨ ᠳᠡᠭᠡᠷᠡᠬᠢ ᠪᠠ ᠰᠦᠯᠵᠢᠶᠡᠨ ᠤ ᠭᠠᠳᠠᠨᠠᠬᠢ ᠬᠡᠯᠪᠡᠷᠢ ᠪᠠᠷ ᠸᠢᠴᠠᠲ ᠣᠯᠠᠨ ᠨᠡᠶᠢᠲᠡ ᠶᠢᠨ ᠲᠠᠪᠴᠠᠩ᠂ ᠸᠢᠴᠠᠲ ᠬᠤᠯᠪᠣᠭ᠎ᠠ ᠵᠡᠷᠭᠡ ᠲᠠᠪᠴᠠᠩ ᠳᠡᠭᠡᠷ᠎ᠡ ᠣᠶ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠮᠡᠳᠡᠯᠭᠡ ᠨᠡᠶᠢᠲᠡᠯᠡᠬᠦ᠂ ᠬᠥᠮᠥᠨ ᠣᠯᠠᠨ ᠨᠢᠭᠲᠠᠷᠠᠭᠰᠠᠨ ᠣᠷᠣᠨ ᠪᠦᠰᠡ ᠳᠤ ᠰᠦᠯᠵᠢᠶᠡᠨ ᠤ ᠭᠠᠳᠠᠨ᠎ᠠ ᠤᠬᠠᠭᠤᠯᠭ᠎ᠠ ᠬᠢᠵᠦ ᠤᠷᠢᠶ᠎ᠠ ᠯᠣᠽᠦ᠋ᠩ ᠨᠠᠭᠠᠬᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠳᠦᠷᠢᠮ︾ ᠢ ᠲᠠᠷᠬᠠᠭᠠᠬᠤ ᠵᠡᠷᠭᠡ ᠬᠡᠯᠪᠡᠷᠢ ᠪᠠᠷ ᠬᠠᠷᠢᠶ᠎ᠠ ᠣᠷᠣᠨ ᠳᠠᠬᠢ ᠣᠯᠠᠨ ᠲᠦᠮᠡᠨ ᠳᠤ ᠣᠶ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠮᠡᠳᠡᠯᠭᠡ ᠶᠢᠨ ᠤᠬᠠᠭᠤᠯᠭ᠎ᠠ ᠬᠢᠵᠦ᠂ ᠬᠠᠷᠢᠶ᠎ᠠ ᠣᠷᠣᠨ ᠳᠠᠬᠢ ᠠᠷᠠᠳ ᠣᠯᠠᠨ ᠤ ᠭᠠᠯ ᠢ ᠰᠡᠷᠭᠡᠶᠢᠯᠡᠬᠦ ᠤᠬᠠᠮᠰᠠᠷ ᠢ ᠳᠡᠭᠡᠭᠰᠢᠯᠡᠭᠦᠯᠬᠦ ᠬᠡᠷᠡᠭᠲᠡᠢ᠃ ᠬᠤᠶᠠᠷ ᠲᠤ ᠭᠠᠯ ᠢ ᠰᠡᠷᠭᠡᠶᠢᠯᠡᠬᠦ ᠨᠡᠶᠢᠲᠡ ᠶᠢᠨ ᠭᠡᠷ᠎ᠡ ᠳᠤ ᠭᠠᠷ ᠤᠨ ᠦᠰᠦᠭ ᠵᠢᠷᠤᠬᠤ ᠠᠵᠢᠯ ᠢ ᠠᠬᠢᠭᠤᠯᠬᠤ ᠬᠡᠷᠡᠭᠲᠡᠢ᠃ ᠡᠯ᠎ᠡ ᠭᠠᠴᠠᠭ᠎ᠠ ᠨᠡᠶᠢᠭᠡᠮ ᠲᠣᠭᠤᠷᠢᠭ ᠬᠠᠷᠢᠶ᠎ᠠ ᠣᠷᠣᠨ ᠳᠠᠬᠢ ᠮᠠᠯᠴᠢᠨ ᠲᠦᠮᠡᠨ ᠲᠠᠢ ᠭᠠᠯ ᠢ ᠰᠡᠷᠭᠡᠶᠢᠯᠡᠬᠦ ᠨᠡᠶᠢᠲᠡ ᠶᠢᠨ ᠭᠡᠷ᠎ᠡ ᠲᠣᠭᠲᠠᠬᠤ ᠶᠢ ᠱᠠᠯᠠᠪᠳᠠᠨ ᠬᠢᠵᠦ᠂ ᠭᠠᠯ ᠢ ᠰᠡᠷᠭᠡᠶᠢᠯᠡᠬᠦ ᠠᠵᠢᠯ ᠳᠤ ᠬᠥᠮᠥᠨ ᠪᠦᠬᠦᠨ ᠣᠷᠣᠯᠴᠠᠵᠤ ᠬᠥᠮᠥᠨ ᠪᠦᠬᠦᠨ ᠬᠠᠷᠢᠭᠤᠴᠠᠯᠭ᠎ᠠ ᠲᠠᠢ ᠪᠠᠶᠢᠬᠤ ᠦᠵᠡᠯ ᠤᠬᠠᠮᠰᠠᠷ ᠢ ᠴᠢᠩᠭᠠᠷᠠᠭᠤᠯᠬᠤ ᠬᠡᠷᠡᠭᠲᠡᠢ᠃ ᠭᠤᠷᠪᠠ ᠳᠤ ᠭᠠᠯ ᠤᠨ ᠢᠷᠡᠯᠲᠡ ᠶᠢ ᠴᠢᠩᠭ᠎ᠠ ᠬᠢᠵᠠᠭᠠᠷᠯᠠᠵᠤ᠂ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ᠃ ᠭᠠᠯ ᠢ ᠰᠡᠷᠭᠡᠶᠢᠯᠡᠬᠦ ᠴᠢᠩᠭ᠎ᠠ ᠰᠡᠷᠭᠡᠶᠢᠯᠡᠯᠲᠡ ᠶᠢᠨ ᠬᠤᠭᠤᠴᠠᠭᠠᠨ ᠳᠤ᠂ ᠴᠢᠩᠭ᠎ᠠ ᠰᠡᠷᠭᠡᠶᠢᠯᠡᠯᠲᠡ ᠶᠢᠨ ᠣᠷᠣᠨ ᠳᠤ ᠬᠡᠭᠡᠷ᠎ᠡ ᠭᠠᠳᠠᠨ᠎ᠠ ᠲᠠᠮᠠᠬᠢ ᠲᠠᠲᠠᠬᠤ᠂ ᠬᠡᠭᠡᠷ᠎ᠡ ᠬᠤᠭᠤᠯᠠᠯᠠᠬᠤ᠂ ᠴᠠᠭᠠᠰᠤ ᠰᠢᠲᠠᠭᠠᠬᠤ᠂ ᠫᠤᠤᠵᠢᠩ ᠲᠠᠯᠪᠢᠬᠤ᠂ ᠠᠮᠢᠳᠤᠷᠠᠯ ᠤᠨ ᠳᠤᠯᠠᠭᠠᠯᠠᠭ᠎ᠠ ᠬᠢᠬᠦ᠂ ᠬᠤᠭ ᠨᠣᠪᠰᠢ ᠰᠢᠲᠠᠭᠠᠬᠤ ᠵᠡᠷᠭᠡ ᠦᠢᠯᠡᠳᠪᠦᠷᠢᠯᠡᠯ ᠤᠨ ᠪᠤᠰᠤ ᠭᠠᠯ ᠬᠡᠷᠡᠭᠯᠡᠬᠦ ᠶᠢ ᠴᠢᠩᠭ᠎ᠠ ᠴᠠᠭᠠᠵᠠᠯᠠᠵᠤ᠂ ᠬᠡᠭᠡᠷ᠎ᠡ ᠭᠠᠳᠠᠨ᠎ᠠ ᠭᠠᠯ ᠬᠡᠷᠡᠭᠯᠡᠬᠦ ᠳᠤ ᠤᠢ ᠰᠢᠭᠤᠢ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠢᠶᠠᠷ ᠬᠢᠨᠠᠨ ᠪᠠᠶᠢᠴᠠᠭᠠᠯᠭᠠᠵᠤ ᠵᠥᠪᠰᠢᠶᠡᠷᠡᠭᠦᠯᠦᠭᠰᠡᠨ ᠤ ᠲᠠᠷᠠᠭ᠎ᠠ ᠰᠠᠶ᠋ᠢ ᠬᠡᠷᠡᠭᠵᠢᠭᠦᠯᠵᠦ ᠪᠣᠯᠣᠨ᠎ᠠ᠃ ᠳᠥᠷᠪᠡ ᠳᠤ ᠲᠣᠭᠤᠷᠢᠨ ᠪᠠᠶᠢᠴᠠᠭᠠᠵᠤ ᠬᠠᠮᠠᠭᠠᠯᠠᠬᠤ ᠪᠠ ᠬᠢᠨᠠᠨ ᠬᠡᠮᠵᠢᠬᠦ ᠨᠢᠭᠲᠠᠴᠠ ᠶᠢ ᠨᠡᠮᠡᠭᠳᠡᠭᠦᠯᠬᠦ ᠬᠡᠷᠡᠭᠲᠡᠢ᠃ ᠭᠤᠣᠯᠳᠠᠯᠭ᠎ᠠ ᠲᠠᠢ ᠬᠡᠰᠡᠭ᠂ ᠭᠤᠣᠯᠳᠠᠯᠭ᠎ᠠ ᠲᠠᠢ ᠴᠠᠭ ᠬᠤᠭᠤᠴᠠᠭ᠎ᠠ ᠶᠢᠨ ᠲᠣᠭᠤᠷᠢᠨ ᠪᠠᠶᠢᠴᠠᠭᠠᠵᠤ ᠬᠠᠮᠠᠭᠠᠯᠠᠬᠤ ᠡᠷᠴᠢᠮ ᠢ ᠴᠢᠩᠭᠠᠷᠠᠭᠤᠯᠵᠤ᠂ ᠭᠠᠯ ᠤᠨᠲᠠᠷᠠᠭᠠᠬᠤ ᠮᠠᠰᠢᠨ ᠪᠠᠭᠠᠵᠢ ᠶᠢᠨ ᠪᠦᠷᠢᠨ ᠪᠦᠲᠦᠨ᠂ ᠴᠢᠮᠡᠭᠡ ᠬᠤᠯᠪᠣᠭ᠎ᠠ᠂ ᠵᠠᠮ ᠬᠠᠷᠢᠯᠴᠠᠭ᠎ᠠ ᠶᠢᠨ ᠰᠠᠭᠠᠳ ᠦᠭᠡᠢ ᠨᠡᠪᠲᠡᠷᠡᠬᠦ ᠶᠢ ᠦᠨᠡᠨᠬᠦ ᠪᠠᠲᠤᠯᠠᠵᠤ᠂ ᠭᠡᠨᠡᠳᠲᠡ ᠶᠢᠨ ᠭᠠᠯ ᠤᠨ ᠠᠶᠤᠯ ᠳᠤ ᠦᠳᠲᠡᠷ ᠲᠦᠷᠭᠡᠨ ᠴᠣᠬᠢᠯᠲᠠ ᠥᠭᠴᠦ᠂ ᠥᠨᠳᠥᠷ ᠪᠦᠲᠦᠮᠵᠢᠲᠡᠶ ᠪᠠᠷ ᠰᠢᠢᠳᠪᠦᠷᠢᠯᠡᠨ᠂ ᠲᠣᠰ ᠪᠡᠶ᠎ᠡ ᠶᠢᠨ ᠠᠮᠤᠷ ᠲᠦᠪᠰᠢᠨ ᠢ ᠪᠠᠲᠤᠯᠠᠭᠰᠠᠨ ᠤᠷᠢᠲᠠᠯ ᠳᠣᠣᠷ᠎ᠠ ︽ᠡᠷᠲᠡ ᠠᠴᠠ ᠴᠣᠬᠢᠯᠲᠠ ᠥᠭᠬᠦ᠂ ᠪᠠᠭ᠎ᠠ ᠪᠠᠶᠢᠬᠤ ᠳᠤᠨᠢ ᠴᠣᠬᠢᠯᠲᠠ ᠥᠭᠬᠦ᠂ ᠴᠣᠬᠢᠯᠲᠠ ᠥᠭᠴᠦ ᠳᠡᠶᠢᠯᠬᠦ︾ ᠶᠢ ᠪᠡᠶᠡᠯᠡᠭᠦᠯᠬᠦ ᠬᠡᠷᠡᠭᠲᠡᠢ᠃ ᠲᠠᠪᠤ ᠳᠤ ᠵᠢᠵᠢᠭᠦᠷᠯᠡᠨ ᠰᠠᠬᠢᠬᠤ ᠠᠵᠢᠯ ᠢ ᠴᠢᠩᠭᠠᠳᠬᠠᠬᠤ ᠬᠡᠷᠡᠭᠲᠡᠢ᠃ ᠣᠶ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠬᠤᠭᠤᠴᠠᠭᠠᠨ ᠳᠤ᠂ 24 ᠴᠠᠭ ᠢᠶᠠᠷ ᠵᠢᠵᠢᠭᠦᠷᠯᠡᠬᠦ ᠪᠠ ᠤᠳᠤᠷᠢᠳᠤᠯᠭ᠎ᠠ ᠳᠠᠭᠠᠭᠤᠯᠤᠨ ᠵᠢᠵᠢᠭᠦᠷᠯᠡᠬᠦ ᠳᠦᠷᠢᠮ ᠢ ᠴᠢᠩᠭ᠎ᠠ ᠬᠡᠷᠡᠭᠵᠢᠭᠦᠯᠵᠦ᠂ ᠨᠤᠲᠤᠭ ᠪᠡᠯᠴᠢᠭᠡᠷ ᠤᠨ ᠭᠠᠯ ᠤᠨ ᠪᠠᠶᠢᠳᠠᠯ ᠤᠨ ᠮᠡᠳᠡᠭᠡ ᠵᠠᠩᠭᠢ ᠶᠢᠨ ᠰᠠᠭᠠᠳ ᠦᠭᠡᠢ ᠨᠡᠪᠲᠡᠷᠡᠬᠦ ᠶᠢ ᠦᠨᠡᠨᠬᠦ ᠪᠠᠲᠤᠯᠠᠵᠤ᠂ ᠬᠠᠷᠢᠶ᠎ᠠ ᠣᠷᠣᠨ ᠳᠠᠬᠢ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠪᠠ ᠣᠶ ᠰᠢᠭᠤᠢ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠠᠮᠤᠷ ᠲᠦᠪᠰᠢᠨ ᠢ ᠬᠠᠮᠠᠭᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ